︽ᠨᠠᠮ ᠤᠨ ᠰᠢᠨ᠎ᠡ ᠴᠠᠭ ᠦᠶ᠎ᠡ ᠳᠠᠬᠢ ᠢᠲᠡᠭᠡᠯ ᠬᠦᠨᠳᠦ ᠲᠠᠢ ᠠᠵᠢᠯᠯᠠᠭ᠎ᠠ︾ | ᠲᠥᠪ ᠬᠤᠷᠢᠶᠠᠨ ᠤ ᠨᠠᠢᠮᠠᠨ ᠵᠣᠷᠪᠤᠰ ᠲᠣᠭᠲᠠᠭᠠᠯ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠨᠢ ᠡᠨᠡ ᠬᠦ ᠳᠡᠯᠡᠬᠡᠢ ᠳᠡᠭᠡᠷᠡᠬᠢ | ᠬᠠᠮᠤᠭ ᠤᠨ ᠲᠤᠮᠤ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠪᠤᠯᠤᠨ᠎ᠠ ᠬᠡᠳᠡᠭ ᠢ ᠤᠶᠢᠯᠠᠭᠠᠨ ᠡᠵᠡᠮᠳᠡᠬᠦ ︽ᠲᠦᠯᠬᠢᠭᠦᠷ︾ ᠪᠣᠯᠬᠤ ᠨᠢ ᠳᠠᠮᠵᠢᠭ ᠦᠭᠡᠢ | ᠶᠤᠮ᠃ | ︽ᠲᠥᠪ ᠤᠨ ᠨᠠᠶᠮᠠᠨ ᠵᠤᠷᠪᠤᠰ ᠲᠣᠭᠲᠠᠭᠠᠯ ᠢ ᠲᠣᠭᠲᠠᠭᠠᠨ ᠬᠡᠷᠡᠭᠵᠢᠭᠦᠯᠦᠭᠰᠡᠨ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠳᠠᠬᠢ ᠢᠲᠡᠭᠡᠯ ᠬᠦᠨᠳᠦ ᠲᠠᠢ | ᠠᠵᠢᠯᠯᠠᠭ᠎ᠠ ᠮᠥᠨ᠂ ᠡᠷᠬᠡᠪᠰᠢ ᠴᠥᠬᠦᠷᠡᠰᠢ ᠥᠬᠡᠶ ᠪᠠᠶᠢᠩᠭᠤ ᠠᠳᠬᠤᠵᠤ᠂ ᠠᠷᠪᠠᠨ ᠵᠢᠯ ᠬᠥᠷᠬᠦ ᠥᠬᠡᠶ ᠪᠣᠯ ᠬᠤᠷᠢᠨ ᠵᠢᠯ᠂ ᠬᠤᠷᠢᠨ ᠵᠢᠯ ᠬᠥᠷᠬᠦ ᠥᠬᠡᠶ ᠪᠣᠯ | ᠭᠤᠴᠢᠨ ᠵᠢᠯ᠂ ᠴᠢᠨᠠᠭᠰᠢᠯᠠᠪᠠᠯ ᠨᠡᠩ ᠤᠷᠲᠦ ᠬᠤᠭᠤᠴᠠᠭ᠎ᠠ ᠪᠠᠷ ᠪᠠᠷᠢᠮᠲᠠᠯᠠᠨ ᠬᠡᠪ ᠰᠤᠷᠲᠠᠯ ᠢ ᠦᠨᠡᠨ ᠬᠦ ᠬᠤᠪᠢᠷᠠᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ | ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠤᠨ᠎ᠠ ᠃︾ ᠭᠡᠵᠦ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠶᠠᠷᠢᠭᠰᠠᠨ ᠡᠨᠡ ᠬᠦ ᠦᠭᠡ ᠨᠢ ︽ ᠲᠣᠮᠤ ᠨᠠᠮ ᠳᠤ ᠯᠠ | ᠲᠤᠬᠢᠶᠠᠯᠳᠤᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠲᠠᠨᠢᠯᠳᠠ ᠪᠠ ᠪᠠᠲᠤ ᠢᠲᠡᠬᠡᠯ ︾ ᠢ ᠬᠠᠷᠠᠭᠤᠯᠵᠦ ᠪᠤᠢ ᠪᠦᠭᠡᠳ ᠨᠡᠩ ᠴᠤ ︽ᠰᠤᠷᠲᠠᠯ ᠤᠨ | ᠪᠠᠶᠢᠭᠤᠯᠤᠯᠲᠠ ᠡᠭᠦᠷᠢᠳᠡ ᠵᠤᠬᠰᠤᠰᠢ ᠦᠭᠡᠢ︾ ᠪᠠᠶᠢᠬᠤ ᠠᠮᠢᠳᠤᠯᠢᠭ ᠲᠤᠩᠬᠠᠭᠯᠠᠯ ᠪᠣᠯᠣᠨ᠎ᠠ᠃ | ᠰᠤᠷᠲᠠᠯ ᠤᠨ ᠪᠠᠶᠢᠭᠤᠯᠤᠯᠲᠠ ᠨᠢ ᠢᠳᠡᠬᠡᠯ ᠬᠦᠨᠳᠦ ᠲᠠᠢ ᠪᠠᠶᠢᠳᠠᠭ ᠤᠨ ᠤᠳᠬ᠎ᠠ ᠤᠴᠢᠷ ᠨᠢ ᠡᠳᠦᠷ ᠪᠦᠷᠢ ᠥᠪᠡᠷ ᠤᠨ ᠪᠡᠶ᠎ᠡ ᠪᠠᠨ ᠭᠤᠷᠪᠠᠨᠲᠠ | ᠬᠢᠨᠠᠬᠤ ᠪᠠᠷ ᠪᠠᠷᠠᠬᠤ ᠦᠭᠡᠢ ᠂ ︽ᠨᠢᠭᠡ ᠰᠦᠬᠦᠮ ᠴᠤ ᠠᠯᠳᠠᠯ ᠦᠭᠡᠢ ︾᠂ ︽ᠨᠢᠭᠡ ᠲᠤᠰᠤᠯ ᠴᠤ ᠣᠷᠬᠢᠳᠠᠭᠤᠯᠤᠯ ᠦᠭᠡᠢ︾ ᠢᠶᠠᠷ ᠨᠡᠩ ᠥᠷᠭᠡᠨ ᠳᠡᠯᠭᠡᠷ | ᠬᠦᠴᠦᠨ ᠴᠢᠳᠠᠯ ᠢ ᠨᠢᠭᠲᠠᠷᠠᠭᠤᠯᠤᠨ ᠵᠤᠷᠢᠯᠲᠠ ᠬᠠᠷᠠᠯᠳᠠ ᠠᠳᠠᠯᠢ ᠬᠠᠮᠳᠤ ᠤᠯᠠᠨ ᠤ ᠡᠩᠨᠡᠭᠡ ᠳᠤ ᠤᠷᠤᠭᠤᠯᠵᠦ ᠵᠡᠷᠭᠡᠴᠡᠨ ᠤᠷᠤᠭᠰᠢᠯᠠᠬᠤ ᠳᠤ ᠪᠤᠢ ᠃ | ︽ᠬᠥᠮᠦᠨ ᠪᠦᠬᠦᠨ ᠴᠥᠮ ᠭᠤᠣᠯ ᠲᠦᠷᠢ ᠲᠤᠯᠠ ᠲᠡᠳᠡᠨ ᠤ ᠬᠤᠪᠢ ᠨᠡᠮᠡᠷᠢ ᠨᠢ ᠴᠥᠮ ᠡᠷᠬᠢᠮ ᠨᠠᠨᠳᠢᠨ ᠪᠠᠶᠢᠵᠤ᠂ ᠬᠡᠷᠡᠯ ᠪᠤᠯᠵᠦ ᠭᠢᠯᠪᠠᠭ᠎ᠠ | ᠰᠠᠴᠤᠷᠠᠭᠤᠯᠤᠨ᠎ᠠ᠃︾ | | | |