ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ 2025 ᠣᠨ ᠤ ᠰᠣᠶᠣᠯ ᠤᠬᠠᠭᠤᠯᠭ᠎ᠠ ᠶᠢᠨ | ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠲᠠᠷᠬᠠᠭᠠᠵᠤ᠂ 2025 ᠣᠨ ᠤ ᠰᠣᠶᠣᠯ ᠤᠬᠠᠭᠤᠯᠭ᠎ᠠ ᠶᠢᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ︽ᠭᠤᠣᠯᠳᠠᠯᠭ᠎ᠠ︾ ᠳᠤ ᠲᠤᠳᠤᠷᠬᠠᠶᠢᠯᠠᠭᠰᠠᠨ ᠨᠢ᠂ ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠵᠦ ᠰᠦᠭ ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠳᠠᠯᠠᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠦᠨᠳᠦᠰᠦᠲᠡᠨ ᠤ ᠠᠵᠢᠯ ᠤᠨ ᠠᠮᠵᠢᠯᠲᠠ ᠪᠦᠲᠦᠮᠵᠢ ᠶᠢᠨ ᠤᠬᠠᠭᠤᠯᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ᠎ᠠ᠂ ᠥᠪᠡᠷᠲᠡᠭᠡᠨ ᠵᠠᠰᠠᠬᠤ | ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠭᠡᠷᠡᠭᠵᠢᠬᠦᠯᠵᠦ᠂ ︽ᠵᠢᠷᠭᠤᠭᠠᠨ | ᠠᠵᠢᠯᠯᠠᠭ᠎ᠠ︾ ᠶᠢᠨ ᠤᠬᠠᠭᠤᠯᠭ᠎ᠠ ᠶᠢ ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠲᠡᠴᠢ ᠦᠵᠡᠯ᠂ ᠡᠵᠡᠨ | ᠬᠥᠮᠦᠨ ᠤ ᠤᠬᠠᠮᠰᠠᠷ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠠᠲᠤ ᠪᠣᠶ | ᠪᠤᠯᠭᠠᠨ᠎ᠠ᠃ ᠬᠤᠶᠠᠷ ᠲᠤ᠂ ᠨᠠᠮ ᠪᠠ ᠤᠯᠤᠰ ᠤᠨ ᠦᠨᠳᠦᠰᠦᠲᠡᠨ ᠤ ᠠᠵᠢᠯ ᠳᠤ ᠬᠤᠯᠪᠣᠭᠳᠠᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠠ᠃ ︽ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ︾ | ᠤᠨ ᠰᠢᠯᠢᠳᠡᠭ ᠬᠡᠷᠡᠯ ᠵᠢᠷᠤᠭ ᠤᠨ ᠪᠦᠳᠦᠭᠡᠯ ᠡᠯᠰᠡᠬᠦ ᠤᠷᠤᠯᠳᠤᠭᠠᠨ ᠢ ᠶᠠᠪᠤᠭᠳᠠᠭᠤᠯᠤᠨ᠎ᠠ᠃ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾᠂ ︽ᠢᠷᠭᠡᠨ ᠤ | ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾᠂ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠵᠡᠷᠭᠡ ᠪᠠᠷ ᠠᠴᠢᠶᠠᠯᠠᠪᠤᠷᠢ | ᠪᠣᠯᠭᠠᠵᠤ᠂ ᠤᠯᠠᠨ ᠲᠦᠮᠡᠨᠴᠢ ᠴᠢᠨᠠᠷᠲᠠᠢ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠨᠦᠭᠦᠳ | ᠤᠨ ᠤᠯᠠᠨ ᠲᠦᠮᠡᠨ ᠤ ᠤᠯᠤᠰ ᠤᠨ ᠤᠬᠠᠮᠰᠠᠷ᠂ ᠢᠷᠭᠡᠨ ᠤ ᠤᠬᠠᠮᠰᠠᠷ᠂ ᠬᠠᠤᠯᠢᠵᠢᠯ ᠤᠨ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠨ᠎ᠠ᠃ ᠭᠤᠷᠪᠠ ᠳᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ | ᠤᠨ ᠡᠬᠢ ᠪᠠᠶᠠᠯᠢᠭ ᠢ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠬᠦ ᠶᠢ ᠴᠢᠩᠭᠠᠳᠬᠠᠵᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢᠨ ᠰᠤᠳᠤᠯᠭᠠᠨ ᠢ ᠠᠬᠢᠭᠤᠯᠵᠤ᠂ ᠰᠠᠭᠤᠷᠢᠨ ᠭᠠᠵᠠᠷ ᠤᠨ ᠲᠠᠶᠢᠯᠪᠤᠷᠢᠯᠠᠭᠴᠢ ᠶᠢᠨ ᠲᠤᠰᠬᠠᠶ ᠰᠡᠳᠦᠪᠲᠦ ᠪᠤᠯᠪᠠᠰᠤᠷᠠᠯ ᠪᠠ | ᠤᠷᠤᠯᠳᠤᠭᠠᠨ ᠤ ᠠᠵᠢᠯᠯᠠᠭ᠎ᠠ ᠶᠢ ᠦᠷᠨᠢᠬᠦᠯᠵᠦ᠂ ᠰᠠᠭᠤᠷᠢᠨ ᠭᠠᠵᠠᠷ ᠤᠨ ᠳᠡᠯᠭᠡᠨ ᠦᠵᠡᠭᠦᠯᠬᠦ ᠬᠦᠳᠦᠯᠪᠤᠷᠢ ᠪᠠ ᠲᠠᠶᠢᠯᠪᠤᠷᠢᠯᠠᠯ ᠢ ᠰᠢᠯᠢᠳᠡᠭᠵᠢᠭᠦᠯᠵᠦ᠂ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠨᠡᠩ ᠣᠨᠴᠠᠯᠢᠭ ᠲᠠᠢ᠂ ᠨᠡᠩ ᠦᠷ᠎ᠡ ᠪᠦᠲᠦᠮᠵᠢ ᠲᠠᠢ ᠪᠤᠯᠭᠠᠬᠤ ᠶᠢ ᠠᠬᠢᠭᠤᠯᠤᠨ᠎ᠠ᠃ ᠣᠷᠣᠨ ᠤ ᠳᠣᠲᠣᠷᠠᠬᠢ ᠶᠡᠭᠡ ᠳᠡᠭᠡᠳᠦ | ᠰᠤᠷᠭᠠᠭᠤᠯᠢ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠣ︾ ᠶᠢᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ ᠶᠢ | ᠰᠠᠶᠢᠲᠤᠷ ᠰᠤᠷᠴᠤ ᠬᠡᠷᠡᠭᠯᠡᠬᠦ ᠶᠢ ᠵᠢᠯᠣᠭᠤᠳᠤᠨ ᠠᠬᠢᠭᠤᠯᠤᠨ᠎ᠠ᠃ ᠳᠥᠷᠪᠡ ᠳᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠭᠦᠨᠵᠡᠭᠡᠶ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ ᠶᠢ ᠦᠷᠭᠦᠯᠵᠢᠯᠡᠨ ᠠᠬᠢᠭᠤᠯᠤᠨ᠎ᠠ᠃ ︽ᠭᠤᠷᠪᠠᠨ ᠲᠦᠷᠦᠯ ᠤᠨ ᠲᠥᠯᠥᠪᠯᠡᠭᠡ︾ ᠶᠢ ᠭᠦᠨᠵᠡᠭᠡᠶ ᠬᠡᠷᠡᠭᠵᠢᠭᠦᠯᠵᠦ᠂ ᠥᠪᠥᠷ ᠮᠣᠩᠭᠤᠯ ᠤᠨ ᠣᠨᠴᠠᠯᠢᠭ ᠲᠠᠢ | ︽ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ︾ ᠶᠢᠨ ᠨᠡᠷᠡᠳᠤ ᠲᠡᠮᠳᠡᠭ ᠢ ᠬᠦᠴᠦᠯᠡᠨ ᠡᠬᠦᠳᠦᠨ᠎ᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ | ᠰᠣᠯᠢᠯᠴᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠣᠷᠣᠨ ᠤ ᠳᠤᠲᠤᠨᠠᠬᠢ ᠭᠠᠳᠠᠨᠠᠬᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠷᠣᠨ | ᠨᠤᠳᠤᠭ ᠠᠯᠤᠰᠯᠠᠭᠰᠠᠨ ᠪᠠᠶᠢᠩᠭᠤᠵᠢᠠᠠᠰᠠᠨ ᠰᠣᠯᠢᠯᠴᠠᠭ᠎ᠠ ᠪᠠ ᠦᠨᠳᠦᠰᠦᠲᠡᠨ ᠨᠦᠭᠦᠳ ᠤᠨ ᠵᠠᠯᠠᠭᠤᠴᠤᠳ ᠤᠨ ᠭᠤᠤᠯ ᠰᠡᠳᠦᠪᠲᠦ ᠲᠥᠷᠥᠯ ᠠᠩᠬᠢᠯᠡᠯ ᠲᠠᠢ | ᠰᠤᠳᠤᠯᠤᠨ ᠰᠤᠷᠤᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠬᠦ ᠶᠢ ᠠᠬᠢᠭᠤᠯᠤᠨ᠎ᠠ᠃ ᠦᠨᠳᠦᠰᠦᠨ ᠱᠠᠲᠤᠨ ᠳᠤ ᠬᠠᠨᠳᠤᠭᠤᠯᠤᠭᠰᠠᠨ ︽ᠭᠤᠷᠪᠠᠨ ᠲᠦᠷᠦᠯ ᠤᠨ | ᠲᠥᠯᠥᠪᠯᠡᠭᠡ︾ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠡᠭᠦᠳᠦᠨ ᠪᠠᠶᠢᠭᠤᠯᠬᠤ ᠪᠠ ᠠᠭᠤᠳᠠᠯᠬᠤ ᠲᠠᠯ᠎ᠠ ᠪᠠᠷ ᠬᠢ ᠵᠢᠯᠣᠭᠤᠳᠤᠯᠭ᠎ᠠ ᠪᠠᠨ ᠴᠢᠩᠭᠠᠳᠬᠠᠵᠤ᠂ 100 | ᠰᠢᠯᠢᠳᠡᠭ ᠲᠥᠷᠥᠯ ᠵᠦᠢᠯ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ︽ᠤᠮᠠᠷᠠᠲᠤ ᠬᠢᠵᠠᠭᠠᠷ ᠲᠤ ᠠᠭᠤᠰᠤᠯᠴᠠᠭᠤᠯᠬᠤ︾ ᠨᠡᠷᠡᠳᠤ ᠲᠡᠮᠳᠡᠭ ᠤᠨ ᠪᠠᠶᠢᠭᠤᠯᠤᠯᠲᠠ ᠶᠢ | ᠪᠦᠬᠦ ᠴᠠᠷᠠᠭ᠎ᠠ ᠬᠦᠷᠢᠶᠡᠨ ᠳᠤ ᠪᠦᠬᠦ ᠲᠠᠯ᠎ᠠ ᠪᠠᠷ ᠠᠬᠢᠭᠤᠯᠤᠨ᠎ᠠ᠃ ᠲᠠᠪᠤ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ | ᠪᠠᠶᠢᠭᠤᠯᠤᠯᠲᠠ ᠶᠢ ᠲᠠᠰᠤᠷᠠᠯᠳᠠ ᠦᠭᠡᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ | ᠪᠠᠶᠢᠭᠤᠯᠤᠯᠲᠠ ᠶᠢᠨ ᠭᠤᠣᠯ ᠰᠡᠳᠦᠪᠲᠦ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠠᠶᠢᠮᠠᠭ ᠬᠤᠲᠠ ᠶᠢᠨ ᠬᠢᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠬᠤ ᠲᠤᠬᠠᠶ ᠨᠠᠮ ᠤᠨ ᠲᠥᠪ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ ᠶᠢ ᠲᠤᠬᠠᠶ ᠶᠢᠨ ᠭᠠᠵᠠᠷ ᠤᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠬᠤ ᠶᠢ ᠵᠢᠯᠤᠭᠤᠳᠤᠨ᠎ᠠ᠃ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ 28 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ | ᠳᠡᠯᠭᠡᠷᠡᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ | ᠢ ᠰᠠᠶᠢᠲᠤᠷ ᠰᠤᠷᠴᠤ ᠬᠡᠷᠡᠭᠯᠡᠬᠦ ᠰᠠᠶᠢᠨ ᠰᠠᠶᠢᠬᠠᠨ ᠠᠬᠤᠢ ᠨᠦᠬᠦᠴᠡᠯ ᠢ ᠪᠣᠶ ᠪᠣᠯᠭᠠᠨ᠎ᠠ᠃ ᠵᠢᠷᠭᠤᠭ᠎ᠠ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ | ᠡᠷᠡᠰ ᠬᠠᠮᠠᠭᠠᠯᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠦᠵᠡᠯ ᠤᠬᠠᠮᠰᠠᠷ | ᠤᠨ ᠬᠡᠯᠪᠡᠷᠢ ᠶᠢᠨ ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠵᠤ᠂ ᠭᠤᠣᠯᠯᠠᠨ ᠬᠠᠮᠢᠶᠠᠷᠬᠤ ᠬᠠᠷᠢᠭᠤᠴᠠᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠳᠣᠯᠤᠭ᠎ᠠ ᠳᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠎ᠠ᠃ ᠪᠥᠬᠦ ᠣᠷᠣᠨ ᠤ ᠦᠨᠳᠦᠰᠦᠲᠡᠨ | ᠤ ᠵᠥᠪᠯᠡᠯ ᠤᠨ ᠰᠢᠰᠲ᠋ᠧᠮ ᠤᠨ ᠺᠠᠳ᠋ᠷᠴᠤᠳ ᠤᠨ ᠡᠩᠨᠡᠭᠡᠨ ᠤ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠰᠢ | ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠭᠤᠤᠯ ᠠᠭᠤᠯᠭ᠎ᠠ ᠪᠠ | ᠦᠶᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠦᠨᠳᠦᠰᠦᠲᠡᠨ ᠤ ᠰᠣᠶᠣᠯ ᠤᠨ ᠤᠬᠠᠭᠤᠯᠭ᠎ᠠ ᠶᠢᠨ ᠠᠵᠢᠯ ᠢ ᠦᠨᠡᠨ ᠬᠦ ᠵᠢᠯᠤᠭᠤᠳᠤᠭᠤᠯᠤᠨ᠎ᠠ᠃ | ᠥᠪᠥᠷ ᠮᠣᠩᠭᠤᠯ ᠤᠨ ᠺᠠᠳ᠋ᠷ ᠤᠨ ᠰᠦᠯᠵᠢᠶᠡᠨ ᠤ ᠳᠡᠭᠡᠳᠦ ᠰᠤᠷᠭᠠᠭᠤᠯᠢ ᠪᠠ ᠤᠯᠤᠰ ᠤᠨ ᠦᠨᠳᠦᠰᠦᠲᠡᠨ ᠤ ᠵᠥᠪᠯᠡᠯ ᠤᠨ ︽ᠲᠤᠮᠳᠠᠳᠤ ᠶᠢ ᠦᠬᠦᠯᠡᠬᠦᠢ︾ ᠶᠠᠷᠢᠶᠠᠨ | ᠤ ᠲᠠᠩᠬᠢᠮ ᠢ ᠰᠠᠶᠢᠲᠤᠷ ᠠᠰᠢᠭᠯᠠᠵᠤ᠂ ᠲᠤᠰᠬᠠᠶ ᠰᠡᠳᠦᠪᠲᠦ ᠮᠠᠶ᠋ᠢᠭ ᠤᠨ ᠥᠪᠡᠷᠮᠢᠴᠡ ᠣᠨᠴᠠᠯᠢᠭ ᠲᠠᠢ ᠪᠤᠯᠪᠠᠰᠤᠷᠠᠯ ᠢ ᠥᠷᠨᠢᠭᠦᠯᠦᠨ᠎ᠡ᠃ | ︽ᠭᠤᠤᠯᠳᠠᠯᠭ᠎ᠠ︾ ᠳᠤ ᠪᠠᠰᠠ 2025 ᠣᠨ ᠳᠤ ᠡᠷᠭᠢᠯᠡᠬᠦ ᠪᠠᠷ ᠪᠠᠶᠢᠭ᠎ᠠ ︽ᠡᠶ᠎ᠡ ᠵᠤᠬᠢᠴᠠᠯᠳᠤ ᠤᠮᠠᠷᠠᠲᠤ ᠬᠢᠵᠠᠭᠠᠷ· ᠰᠠᠬᠢᠨ ᠪᠡᠷᠡᠯᠡᠵᠦ ᠬᠠᠷᠢᠯᠴᠠᠨ | ᠬᠠᠪᠰᠤᠷᠤᠯᠴᠠᠬᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠨᠳᠦᠰᠦᠨ ᠱᠠᠲᠤᠨ ᠤ ᠠᠶᠠᠯᠠᠯ᠂ ︽ᠠᠭᠤᠰᠤᠯᠴᠠᠯ | ᠤᠨ ᠵᠠᠮ ᠢ ᠬᠠᠶᠢᠨ ᠰᠤᠷᠪᠤᠯᠵᠢᠯᠠᠬᠤ︾ ᠰᠢᠨ᠎ᠡ ᠵᠠᠭᠤᠴᠢᠯᠠᠭᠤᠷ ᠤᠨ ᠵᠠᠯᠠᠭᠤᠴᠤᠳ ᠤᠨ ᠬᠠᠷᠢᠯᠴᠠᠨ ᠰᠤᠷᠤᠯᠴᠠᠨ ᠰᠤᠯᠢᠯᠴᠠᠬᠤ ᠠᠵᠢᠯᠯᠠᠭ᠎ᠠ᠂ ︽ᠰᠣᠩᠭᠤᠳᠠᠭ | ᠳᠠᠭᠤᠤ ᠶᠢ ᠬᠠᠩᠬᠢᠨᠠᠭᠤᠯᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ︾ ᠣᠷᠳᠣ ᠶᠢᠨ ᠲᠠᠭᠤᠨ ᠤ ᠲᠤᠠᠠᠯᠠᠯᠳᠠ ᠵᠡᠷᠭᠡ 12 ᠵᠦᠶᠯ ᠤᠨ | ᠭᠤᠤᠯᠳᠠᠯᠭ᠎ᠠ ᠲᠠᠢ ᠠᠵᠢᠯᠯᠠᠭ᠎ᠠ ᠶᠢ ᠳᠤᠷᠠᠳᠴᠠᠶ᠃ | |