ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ︽ᠬᠤᠶᠠᠷ ᠲᠣᠭᠲᠠᠴᠠ︾ ᠶᠢᠨ ᠪᠦᠷᠢᠯᠳᠦᠭᠦᠨ ︵ᠬᠤᠯᠪᠣᠭᠠᠴᠢᠨ︶ ᠤ ᠪᠣᠯᠪᠠᠰᠤᠷᠠᠯ ᠤᠨ ᠠᠩᠭᠢ ᠵᠦᠩ  ᠨᠡᠨ ᠦᠨᠳᠦᠰᠦᠲᠡᠨ ᠤ ᠶᠡᠭᠡ ᠰᠤᠷᠭᠠᠭᠤᠯᠢ ᠳᠤ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2025/4/27
      ᠰᠢ ᠶᠢᠨ ᠫᠢᠩ ᠶᠡᠷᠦᠩᠬᠡᠢ ᠱᠦᠵᠢ  ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ︽ᠬᠤᠶᠠᠷ ᠲᠣᠭᠲᠠᠴᠠ︾ ᠶᠢᠨ ᠳᠠᠪᠠᠭᠤᠯᠢᠭ ᠪᠠ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠲᠡᠨ ᠤ ᠵᠥᠪᠯᠡᠯ ᠤᠨ ᠲᠤᠰᠢᠶᠠᠯ ᠬᠠᠪᠰᠤᠷᠭᠠᠭᠰᠠᠨ ᠭᠡᠰᠢᠭᠦᠨ ︵ᠪᠦᠷᠢᠯᠳᠦᠭᠦᠨ︶ ᠪᠣᠯᠣᠨ ᠬᠤᠯᠪᠣᠭᠠᠴᠢᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠴᠢᠳᠠᠪᠤᠷᠢ ᠪᠣᠯᠣᠨ ᠬᠡᠪ  ᠪᠤᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠨᠠᠶᠢᠯᠡᠮᠡᠯ ᠬᠦᠴᠦᠨ ᠢ ᠨᠢᠬᠳᠠᠷᠠᠭᠤᠯᠵᠦ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠳᠤ ᠪᠠᠷ ᠣᠷᠣᠯᠴᠠᠬᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠭᠦᠨᠵᠡᠭᠡᠶᠢᠷᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠶᠢᠨ ᠲᠦᠯᠦᠭᠡ᠂ 2025 ᠣᠨ ᠤ 4 ᠳ᠋ᠦ᠋ᠭᠡᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ᠭᠤᠣᠯᠯᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ︽ᠬᠤᠶᠠᠷ ᠲᠣᠭᠲᠠᠴᠠ︾ ᠶᠢᠨ ᠪᠦᠷᠢᠯᠳᠦᠭᠦᠨ ︵ᠬᠤᠯᠪᠣᠭᠠᠴᠢᠨ︶ ᠤ ᠪᠣᠯᠪᠠᠰᠤᠷᠠᠯ ᠤᠨ ᠠᠩᠭᠢ  ᠵᠦᠩ ᠨᠡᠨ ᠦᠨᠳᠦᠰᠦᠲᠡᠨ ᠤ ᠶᠡᠭᠡ ᠰᠤᠷᠭᠠᠭᠤᠯᠢ ᠳᠤ ᠠᠮᠵᠢᠯᠲᠠ ᠲᠠᠢ ᠬᠢᠴᠢᠶᠡᠯ ᠡᠬᠢᠯᠡᠪᠡ᠃ᠬᠢᠴᠢᠶᠡᠯ ᠡᠬᠢᠯᠡᠬᠦ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠰᠦᠨ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠦᠩ ᠨᠡᠨ ᠦᠨᠳᠦᠰᠦᠲᠡᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠵᠠᠬᠢᠷᠤᠯ ᠮᠠ ᠢᠦᠢ ᠲᠠᠩ ᠪᠠᠶᠠᠷ ᠤᠨ ᠦᠭᠡ ᠬᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠤᠰᠬᠠᠢ ᠲᠤᠰᠢᠶᠠᠯᠲᠤ ᠭᠡᠰᠢᠭᠦᠨ᠂ ᠬᠤᠶᠠᠳᠤᠭᠠᠷ ᠳᠡᠰ  ᠤᠨ ᠲᠣᠭᠤᠷᠢᠨ ᠪᠠᠶᠢᠴᠠᠭᠠᠭᠴᠢ ᠠᠯᠳᠠ ᠬᠤᠷᠠᠯ ᠡᠷᠭᠢᠯᠡᠪᠡ᠃ 
     图片1.png
      ᠲᠤᠰ ᠤᠳᠠᠭᠠᠨ ᠤ ᠪᠣᠯᠪᠠᠰᠤᠷᠠᠯ 4 ᠡᠳᠦᠷ ᠶᠠᠪᠤᠠᠠᠳᠠᠬᠤ ᠮᠦᠷᠳᠡᠭᠡᠨ ᠲᠤᠰᠬᠠᠢ ᠮᠡᠷᠭᠡᠵᠢᠯᠲᠡᠨ ᠲᠠᠶᠢᠯᠤᠮᠵᠢ ᠬᠢᠬᠦ᠂ ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ ᠵᠡᠷᠭᠡ ᠬᠡᠯᠪᠡᠷᠢ  ᠪᠠᠷ ︽ᠰᠢ ᠶᠢᠨ ᠫᠢᠩ ᠶᠡᠷᠦᠩᠬᠡᠢ ᠱᠦᠵᠢ  ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠬᠤ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠵᠢᠴᠢ ᠦᠢᠯᠡᠳᠦᠯᠭᠡ ᠶᠢᠨ ᠱᠠᠭᠠᠷᠳᠠᠯᠭ᠎ᠠ︾᠂ ︽︿ᠬᠤᠶᠠᠷ ᠲᠣᠭᠲᠠᠴᠠ﹀  ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠦ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾᠂ ︽ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢ ᠡᠵᠡᠮᠳᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠬᠤ ᠴᠢᠳᠠᠪᠤᠷᠢ ᠶᠢ ᠳᠡᠭᠡᠭᠰᠢᠯᠡᠭᠦᠯᠬᠦ︾᠂ ︽ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠤᠰᠤ ᠪᠠᠷ ᠵᠠᠰᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾᠂ ︽ᠰᠣᠶᠣᠯ ᠤᠨ ᠥᠪ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠯᠢᠭᠡᠷ ᠢ ᠰᠠᠶᠢᠲᠤᠷ ᠶᠠᠷᠢᠬᠤ︾ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠨ  ᠰᠤᠯᠢᠯᠴᠠᠬᠤ ᠪᠤᠯᠤᠨ᠎ᠠ᠃ 
图片2.png
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠪᠦᠷᠢᠯᠳᠦᠭᠦᠨ ︵ᠬᠤᠯᠪᠣᠭᠠᠴᠢᠨ︶᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠲᠤᠰᠢᠶᠠᠯ ᠬᠠᠪᠰᠤᠷᠭᠠᠭᠰᠠᠨ ᠭᠡᠰᠢᠭᠦᠨ ︵ᠬᠤᠯᠪᠣᠭᠠᠴᠢᠨ︶ ᠵᠢᠴᠢ ᠬᠤᠯᠪᠤᠬᠳᠠᠯ ᠪᠦᠬᠦᠢ ᠠᠵᠢᠯᠲᠠᠨ 50 ᠰᠢᠬᠠᠮ ᠬᠥᠮᠥᠨ ᠪᠣᠯᠪᠠᠰᠤᠷᠠᠯ ᠳᠤ ᠣᠷᠣᠯᠴᠠᠵᠠᠢ᠃        
ᠢᠷᠡᠯᠲᠡ᠄ ᠵᠤᠬᠢᠴᠠᠭᠤᠯᠤᠨ ᠠᠬᠢᠭᠤᠯᠬᠤ ᠭᠠᠵᠠᠷ