ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠢᠨ᠎ᠡ ᠠᠷᠭ᠎ᠠ ᠬᠡᠮᠵᠢᠶ᠎ᠡ ᠵᠡᠷᠭᠡ ᠵᠢ ᠨᠡᠶ᠋ᠢᠲᠡᠯᠡᠪᠡ
ᠨᠡᠶᠢᠲᠡᠯᠡᠭᠰᠡᠨ ᠴᠠᠭ᠄ 2021-04-02

      ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
      ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠨᠡᠩ ᠶᠡᠬᠡᠪᠡᠷ ᠬᠥᠭᠵᠢᠭᠡᠬᠦ ᠪᠠ ᠬᠥᠭᠵᠢᠯᠲᠡ ᠵᠢᠨ ᠨᠥᠭᠡᠴᠡ ᠬᠦᠴᠦᠨ᠎ᠢ ᠨᠡᠮᠡᠭᠳᠡᠭᠦᠯᠬᠦ ᠵᠢᠨ ᠲᠣᠭᠣᠷᠢᠨ᠎ᠳᠤ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠢᠨ᠎ᠡ ᠠᠷᠭ᠎ᠠ ᠬᠡᠮᠵᠢᠶ᠎ᠡ ᠵᠢ ᠨᠡᠢ᠌ᠲᠡᠯᠡᠪᠡ
      ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠵᠢ ᠠᠬᠢᠭᠤᠯᠬᠤ ᠪᠠ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠡᠷᠭᠡ ᠵᠢᠨ ᠭᠠᠶ᠋ᠢᠯᠢ ᠵᠢ ᠬᠥᠩᠭᠡᠯᠡᠬᠦ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠤᠨ ᠰᠢᠯᠢᠳᠡᠭᠵᠢᠭᠦᠯᠬᠦ ᠵᠢ ᠪᠠᠢ᠌ᠷᠢᠯᠠᠭᠤᠯᠪᠠ

      ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ 3 ᠳ᠋ᠤᠭ᠋ᠠᠷ ᠰᠠᠷ᠎ᠠ ᠵᠢᠨ 31᠎ᠤ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠨᠡᠩ ᠶᠡᠬᠡᠪᠡᠷ ᠬᠥᠭᠵᠢᠭᠡᠬᠦ ᠪᠠ ᠬᠥᠭᠵᠢᠯᠲᠡ ᠵᠢᠨ ᠨᠥᠭᠡᠴᠡ ᠬᠦᠴᠦᠨ᠎ᠢ ᠨᠡᠮᠡᠭᠳᠡᠭᠦᠯᠬᠦ ᠵᠢᠨ ᠲᠣᠭᠣᠷᠢᠨ᠎ᠳᠤ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠢᠨ᠎ᠡ ᠠᠷᠭ᠎ᠠ ᠬᠡᠮᠵᠢᠶ᠎ᠡ ᠵᠢ ᠨᠡᠢ᠌ᠲᠡᠯᠡᠪᠡ; ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠵᠢ ᠠᠬᠢᠭᠤᠯᠬᠤ ᠪᠠ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠡᠷᠭᠡ ᠵᠢᠨ ᠭᠠᠶ᠋ᠢᠯᠢ ᠵᠢ ᠬᠥᠩᠭᠡᠯᠡᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ ᠰᠢᠯᠢᠳᠡᠭᠵᠢᠭᠦᠯᠬᠦ ᠵᠢ ᠪᠠᠢ᠌ᠷᠢᠯᠠᠭᠤᠯᠪᠠ᠃
      ᠬᠤᠷᠠᠯ᠎ᠠᠴᠠ ᠵᠢᠭ᠋ᠠᠬᠤ᠎ᠳᠤ᠎ᠪᠠᠨ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ᠎ᠳᠤ᠂ ᠡᠷᠬᠡᠪᠰᠢ ᠣᠳᠣᠬᠠᠨ᠎ᠤ ᠠᠵᠤ ᠠᠬᠤᠢ ᠵᠢᠨ ᠪᠠᠶ᠋ᠢᠳᠠᠯ᠎ᠢ ᠰᠢᠨᠵᠢᠯᠡᠬᠦ ᠤᠬᠠᠭ᠋ᠠᠨᠴᠢ᠎ᠪᠠᠷ ᠵᠠᠳᠠᠯᠤᠨ ᠨᠢᠭᠲᠠᠯᠠᠵᠤ᠂ ᠲᠠᠷᠢᠬᠢ ᠲᠣᠯᠣᠭ᠋ᠠᠢ᠎ᠪᠠᠨ ᠰᠡᠷᠭᠡᠭ ᠪᠠᠶ᠋ᠢᠯᠭ᠋ᠠᠵᠤ᠂ 《ᠪᠠᠲᠤᠯᠠᠬᠤ》 ᠠᠷᠭ᠎ᠠ ᠬᠡᠮᠵᠢᠶ᠎ᠡ ᠵᠢ ᠤᠯᠠᠮ ᠴᠢᠨᠠᠭᠰᠢᠳᠠ ᠪᠣᠳᠠᠲᠠᠶ᠋ᠢᠵᠢᠭᠤᠯᠵᠤ᠂ 《ᠲᠣᠭᠲᠠᠭᠤᠨ》᠎ᠤ ᠰᠠᠭᠤᠷᠢ ᠵᠢ ᠪᠡᠬᠢᠵᠢᠭᠦᠯᠵᠦ᠂ ᠠᠵᠤ ᠠᠬᠤᠢ ᠵᠢᠨ ᠲᠣᠭᠲᠠᠭᠤᠨ ᠵᠶ᠋ᠠᠷ ᠠᠵᠢᠯᠯᠠᠬᠤ ᠪᠠ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ ᠭᠡᠪᠡ᠃
      ᠬᠤᠷᠠᠯ᠎ᠠᠴᠠ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠨᠡᠩ ᠶᠡᠬᠡᠪᠡᠷ ᠬᠥᠭᠵᠢᠭᠡᠬᠦ᠂ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠨ ᠠᠷᠠᠳ᠎ᠤᠨ ᠠᠮᠢᠳᠤᠷᠠᠯ᠎ᠢ ᠪᠠᠲᠤᠯᠠᠬᠤ ᠵᠢ ᠠᠬᠢᠭᠤᠯᠬᠤ ᠲᠣᠭᠣᠷᠢᠨ᠎ᠳᠤ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠣᠳᠠᠲᠠᠢ ᠠᠷᠭ᠎ᠠ ᠬᠡᠮᠵᠢᠶ᠎ᠡ ᠵᠢ ᠲᠣᠭᠲᠠᠭ᠋ᠠᠪᠠ᠃ ᠨᠢᠭᠡ᠎ᠳᠤ᠂ ᠠᠵᠢᠯ ᠣᠯᠭᠣᠬᠤ ᠣᠷᠴᠢᠨ ᠨᠥᠬᠥᠴᠡᠯ᠎ᠢ ᠰᠠᠢ᠌ᠵᠢᠷᠠᠭᠤᠯᠬᠤ ᠬᠡᠷᠡᠭᠲᠡᠢ᠃ ᠵᠥᠪᠰᠢᠶᠡᠷᠡᠨ ᠣᠷᠣᠭᠤᠯᠬᠤ ᠲᠦᠷᠦᠯ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠲᠣᠭ᠎ᠠ ᠬᠡᠮᠵᠢᠶ᠎ᠡ ᠵᠢ ᠪᠠᠭ᠋ᠠᠰᠬᠠᠨ᠂ ᠨᠡᠶ᠋ᠢᠭᠡᠮᠴᠢᠯᠡᠭᠰᠡᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠠᠬᠢᠭᠤᠯᠬᠤ ᠬᠡᠷᠡᠭᠲᠡᠢ᠃ ᠰᠢᠨ᠎ᠡ ᠠᠵᠢᠯ ᠣᠯᠭᠣᠯᠲᠠ ᠵᠢᠨ ᠬᠡᠯᠪᠡᠷᠢ ᠵᠢᠨ ᠡᠷᠡᠭᠦᠯ ᠵᠶ᠋ᠠᠷ ᠬᠥᠭᠵᠢᠬᠦ ᠵᠢ ᠳᠡᠮᠵᠢᠬᠦ ᠬᠡᠷᠡᠭᠲᠡᠢ᠃ ᠠᠮᠢᠳᠤᠯᠢᠭ ᠵᠶ᠋ᠠᠷ ᠠᠵᠢᠯ ᠣᠯᠭᠣᠬᠤ ᠪᠠ ᠠᠵᠢᠯ ᠮᠡᠷᠭᠡᠵᠢᠯ᠎ᠤᠨ ᠭᠡᠮᠲᠦᠯ᠎ᠤᠨ ᠪᠠᠲᠤᠯᠠᠭ᠎ᠠ ᠵᠢᠨ ᠲᠤᠷᠰᠢᠯᠲᠠ ᠵᠢ ᠠᠬᠢᠭᠤᠯᠵᠤ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠢ᠃ ᠬᠣᠶᠠᠷ᠎ᠲᠤ᠂ ᠠᠵᠤ ᠠᠬᠤᠶ᠋ᠢᠯᠠᠯ᠎ᠳᠤ ᠬᠣᠯᠪᠣᠭᠳᠠᠬᠤ ᠬᠢᠨᠠᠨ ᠵᠥᠪᠰᠢᠶᠡᠷᠡᠯ᠎ᠤᠨ ᠭᠣᠭᠴᠣᠭ᠎ᠠ ᠵᠢ ᠪᠠᠭ᠋ᠠᠰᠬᠠᠬᠤ᠂ ᠮᠠᠲ᠋ᠧᠷᠢᠶᠠᠯ᠎ᠢ ᠪᠠᠭ᠋ᠠᠰᠬᠠᠬᠤ᠂ ᠴᠠᠭ᠎ᠤᠨ ᠬᠢᠵᠠᠭ᠋ᠠᠷ᠎ᠢ ᠪᠠᠭ᠋ᠠᠰᠬᠠᠬᠤ᠂ ᠵᠠᠷᠤᠳᠠᠯ᠎ᠢ ᠪᠠᠭ᠋ᠠᠰᠬᠠᠬᠤ ᠵᠢ ᠠᠬᠢᠭᠤᠯᠬᠤ ᠬᠡᠷᠡᠭᠲᠡᠢ᠃ ᠲᠠᠸᠠᠷ᠎ᠤᠨ ᠲᠡᠮᠳᠡᠭ᠎ᠤᠨ ᠲᠤᠰᠬᠠᠶ ᠠᠰᠢᠭ ᠳᠠᠩᠰᠠᠯᠠᠭᠤᠯᠬᠤ ᠭᠤᠶᠤᠴᠢᠯᠠᠯ᠎ᠤᠨ ᠪᠥᠬᠥ ᠶᠠᠪᠤᠴᠠ ᠵᠢ ᠡᠯᠸᠺᠲᠷᠤᠨᠴᠢᠯᠡᠬᠦ ᠵᠢ ᠲᠥᠷᠭᠡᠳᠬᠡᠬᠦ ᠬᠡᠷᠡᠭᠲᠡᠢ᠃ ᠬᠠᠤᠯᠢ ᠵᠢ ᠰᠠᠬᠢᠵᠤ ᠲᠣᠭᠲᠠᠭ᠋ᠠᠯ᠎ᠳᠤ ᠨᠡᠶ᠋ᠢᠴᠡᠭᠰᠡᠨ ᠠᠵᠤ ᠠᠬᠤᠶ᠋ᠢᠯᠠᠯ ᠪᠠ ᠲᠦᠭᠰᠢᠭᠦᠷᠢ ᠳᠣᠣᠷ᠎ᠠ ᠲᠠᠸᠠᠷ᠎ᠤᠨ ᠪᠣᠭᠣᠮᠲᠠ᠎ᠪᠠᠷ ᠥᠩᠭᠡᠷᠡᠬᠦ ᠵᠢ ᠪᠠᠶ᠋ᠢᠴᠠᠭ᠋ᠠᠨ ᠰᠢᠯᠭ᠋ᠠᠬᠤ ᠨᠤᠷᠮ᠎ᠠ ᠵᠢ ᠪᠠᠭᠤᠷᠠᠭᠤᠯᠬᠤ ᠬᠡᠷᠡᠭᠲᠡᠢ᠃ ᠭᠠᠷᠠᠮ᠎ᠤᠨ ᠬᠤᠷᠢᠶᠠᠬᠤ ᠰᠦᠢ᠍ᠳᠬᠡᠯ᠎ᠢ ᠬᠠᠰᠤᠬᠤ ᠪᠠ ᠨᠡᠢ᠌ᠯᠡᠭᠦᠯᠬᠦ ᠬᠡᠷᠡᠭᠲᠡᠢ᠃ ᠭᠤᠷᠪᠠ᠎ᠳᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠵᠢ ᠳᠡᠮᠵᠢᠬᠦ ᠬᠡᠷᠡᠭᠲᠡᠢ᠃ ᠲᠣᠭᠲᠠᠭ᠋ᠠᠯ᠎ᠢ ᠵᠥᠷᠢᠴᠡᠨ ᠲᠣᠬᠢᠷᠠᠭᠤᠯᠤᠭᠰᠠᠨ ᠭᠠᠷ ᠳᠠᠮᠵᠢᠭᠰᠠᠨ ᠮᠠᠰᠢᠨ ᠲᠡᠷᠭᠡᠨ᠎ᠤ ᠨᠡᠭᠦᠵᠦ ᠣᠷᠣᠬᠤ ᠬᠢᠵᠠᠭ᠋ᠠᠷᠯᠠᠯ᠎ᠢ ᠦᠭᠡᠢ᠌ᠰᠬᠡᠵᠦ᠂ ᠵᠢᠭᠤᠯᠴᠢᠯᠠᠯ᠎ᠤᠨ ᠣᠷᠣᠨ᠎ᠤ ᠠᠷᠠᠳ᠎ᠤᠨ ᠣᠷᠣᠨ ᠰᠠᠭᠤᠴᠠ ᠵᠡᠷᠭᠡ ᠵᠢᠨ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠢ ᠵᠣᠬᠢᠰᠲᠠᠶ ᠠᠭᠤᠵᠢᠭᠤ ᠲᠠᠯᠪᠢᠬᠤ ᠬᠡᠷᠡᠭᠲᠡᠢ᠃ ᠲᠦᠷᠪᠡ᠎ᠳᠤ᠂ ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡ ᠬᠠᠩᠭ᠋ᠠᠯᠭ᠎ᠠ ᠵᠢ ᠰᠢᠯᠢᠳᠡᠭᠵᠢᠭᠦᠯᠬᠦ ᠬᠡᠷᠡᠭᠲᠡᠢ᠃ ᠠᠷᠠᠳ᠎ᠤᠨ ᠠᠮᠢᠳᠤᠷᠠᠯ᠎ᠳᠤ ᠬᠣᠯᠪᠣᠭᠳᠠᠬᠤ ᠨᠡᠩ ᠤᠯᠠᠨ ᠦᠢ᠍ᠯᠡᠴᠢᠯᠡᠭᠡᠨ᠎ᠤ ᠵᠦᠢ᠍ᠯᠡᠰ᠎ᠢ 《ᠮᠤᠵᠢ ᠠᠯᠤᠰᠯᠠᠨ ᠨᠡᠶ᠋ᠢᠳᠡᠮ ᠭᠦᠢ᠍ᠴᠡᠳᠬᠡᠬᠦ》 ᠵᠢ ᠠᠬᠢᠭᠤᠯᠬᠤ ᠬᠡᠷᠡᠭᠲᠡᠢ᠃ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠬᠥᠭᠵᠢᠯᠲᠡ ᠵᠢ ᠠᠬᠢᠭᠤᠯᠵᠤ᠂ ᠨᠡᠶ᠋ᠢᠭᠡᠮ᠎ᠤᠨ ᠬᠦᠴᠦᠨ᠎ᠢ ᠲᠠᠲᠠᠵᠤ ᠴᠢᠳᠠᠪᠤᠷᠢ ᠵᠢ᠎ᠨᠢ ᠥᠷᠭᠡᠳᠬᠡᠵᠦ᠂ ᠡᠵᠡᠩᠨᠡᠯᠲᠡ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ᠎ᠨᠢ ᠳᠡᠭᠡᠭᠰᠢᠯᠡᠭᠦᠯᠬᠦ ᠬᠡᠷᠡᠭᠲᠡᠢ᠃ ᠲᠠᠪᠤ᠎ᠳᠤ᠂ ᠲᠥᠪ ᠭᠣᠣᠯᠴᠢ᠎ᠪᠠᠷ ᠬᠢᠨᠠᠨ ᠬᠠᠮᠢᠶᠠᠷᠬᠤ ᠵᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ᠃ ᠲᠠᠯᠪᠢᠬᠤ ᠪᠠ ᠬᠠᠮᠢᠶᠠᠷᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠲᠥᠪ ᠭᠣᠤᠯᠴᠢ᠎ᠪᠠᠷ ᠬᠢᠨᠠᠨ ᠬᠠᠮᠢᠶᠠᠷᠬᠤ ᠵᠢ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠵᠢᠨ ᠴᠢᠬᠤᠯᠠ ᠪᠥᠬᠥᠶ ᠪᠠᠲᠤᠯᠠᠭ᠎ᠠ ᠪᠣᠯᠭ᠋ᠠᠵᠤ᠂ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠬᠢᠨᠠᠨ ᠬᠠᠮᠢᠶᠠᠷᠬᠤ ᠲᠦᠷᠢᠮ ᠪᠠ ᠪᠠᠷᠢᠮᠵᠢᠶ᠎ᠠ ᠵᠢ ᠪᠦᠷᠢᠨᠰᠢᠭᠦᠯᠵᠦ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠲᠦᠷᠢᠮ᠎ᠢ ᠪᠠᠶ᠋ᠢᠭᠤᠯᠤᠨ᠂ ᠤᠴᠢᠷ ᠶᠠᠪᠤᠳᠠᠯ᠎ᠤᠨ ᠳᠤᠮᠳᠠ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠨ ᠬᠠᠮᠢᠶᠠᠷᠤᠯᠲᠠ᠎ᠳᠤ ᠰᠢᠨ᠎ᠡ ᠵᠢ ᠡᠭᠦᠳᠬᠦ ᠪᠠ ᠴᠢᠩᠭ᠋ᠠᠳᠬᠠᠵᠤ᠂ ᠣᠯᠠᠨ ᠲᠦᠮᠡᠨ᠎ᠤ ᠠᠮᠢ ᠨᠠᠰᠤ ᠡᠷᠡᠭᠦᠯ ᠮᠡᠨᠳᠦ ᠪᠠ ᠣᠯᠠᠨ ᠨᠡᠶ᠋ᠢᠲᠡ ᠵᠢᠨ ᠠᠮᠤᠷ ᠲᠦᠪᠰᠢᠨ᠎ᠳᠤ ᠬᠣᠯᠪᠣᠭᠳᠠᠬᠤ ᠵᠦᠢ᠍ᠯ᠎ᠢ ᠴᠢᠩᠭ᠎ᠠ ᠬᠢᠨᠠᠨ ᠬᠠᠮᠢᠶᠠᠷᠬᠤ ᠬᠡᠷᠡᠭᠲᠡᠶ᠃ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠳᠠᠮᠵᠢᠭᠤᠯᠤᠨ᠂ ᠠᠮᠢᠵᠢᠷᠠᠯ᠎ᠤᠨ ᠬᠦᠴᠦᠨ᠎ᠢ ᠴᠢᠯᠦᠭᠡᠯᠡᠵᠦ᠂ ᠭᠣᠣᠯᠴᠢ᠎ᠪᠠᠷ ᠬᠠᠮᠢᠶᠠᠷᠴᠤ᠂ ᠦᠷ᠎ᠡ ᠪᠦᠲᠦᠮᠵᠢ᠎ᠲᠠᠢ ᠦᠢ᠍ᠯᠡᠴᠢᠯᠡᠬᠦ ᠬᠡᠷᠡᠭᠲᠡᠢ᠃
      ᠬᠤᠷᠠᠯ᠎ᠠᠴᠠ ᠵᠢᠭ᠋ᠠᠬᠤ᠎ᠳᠤ᠎ᠪᠠᠨ᠂ ᠡᠨᠡ ᠵᠢᠯ ᠵᠠᠷᠢᠮ ᠱᠠᠲᠤ ᠦᠶ᠎ᠡ ᠵᠢᠨ ᠴᠢᠨᠠᠷᠲᠠᠶ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ ᠵᠢᠨ ᠵᠡᠷᠭᠡ᠎ᠳᠤ 《ᠪᠠᠴᠢᠮ ᠡᠷᠭᠢᠯᠲᠡ》 ᠭᠠᠷᠭ᠋ᠠᠬᠤ ᠦᠭᠡᠶ᠂ ᠲᠤᠯᠭ᠋ᠠᠨ ᠬᠠᠷᠢᠴᠠᠭᠤᠯᠬᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠬᠠᠪᠰᠤᠷᠤᠨ ᠬᠦᠴᠦ ᠲᠠᠮᠢᠷ᠎ᠢ᠎ᠨᠢ ᠰᠡᠷᠭᠦᠭᠡᠵᠦ᠂ ᠠᠵᠤ ᠠᠬᠤᠶ ᠵᠢᠨ ᠰᠡᠷᠭᠦᠯᠲᠡ ᠵᠢᠨ ᠰᠠᠭᠤᠷᠢ ᠵᠢ ᠪᠡᠬᠢᠵᠢᠭᠦᠯᠬᠦ ᠬᠡᠷᠡᠭᠲᠡᠢ ᠭᠡᠵᠡᠢ᠃ ᠬᠤᠷᠠᠯ᠎ᠠᠴᠠ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠪᠣᠯᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠳᠡᠮᠵᠢᠬᠦ᠎ᠪᠠᠷ ᠲᠣᠭᠲᠠᠭ᠋ᠠᠵᠠᠶ᠃ ᠨᠢᠭᠡ᠎ᠳᠤ᠂ ᠵᠢᠵᠢᠭ ᠪᠢᠴᠢᠯ ᠠᠵᠤ ᠠᠬᠤᠶ᠋ᠢᠯᠠᠯ᠎ᠤᠨ ᠠᠰᠢᠭ ᠣᠷᠣᠯᠭ᠎ᠠ ᠵᠢᠨ ᠭᠠᠶ᠋ᠢᠯᠢ ᠵᠢᠨ ᠬᠠᠷᠠᠭ᠋ᠠᠯᠵᠠᠯ᠎ᠤᠨ ᠡᠷᠴᠢᠮ᠎ᠢ ᠴᠢᠩᠭ᠋ᠠᠷᠠᠭᠤᠯᠬᠤ ᠵᠢᠨ ᠬᠠᠮᠲᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠣᠷᠣᠭᠤᠯᠵᠤ᠂ ᠡᠨᠡ ᠵᠢᠯ᠎ᠤᠨ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠳᠠᠷᠠᠭ᠎ᠠ ᠵᠢᠯ᠎ᠤᠨ ᠡᠴᠦᠰ ᠪᠣᠯᠲᠠᠯ᠎ᠠ᠂ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠵᠢᠯ᠎ᠤᠨ ᠲᠤᠰᠢᠶᠠᠬᠤ ᠶᠣᠰᠣᠲᠠᠶ ᠠᠰᠢᠭ ᠣᠷᠣᠯᠭ᠎ᠠ ᠵᠢᠨ ᠲᠣᠭ᠎ᠠ᠎ᠨᠢ 100 ᠲᠦᠮᠡᠨ ᠲᠥᠭᠥᠷᠢᠭ ᠬᠥᠷᠬᠥ ᠥᠬᠡᠶ ᠬᠡᠰᠡᠭ᠎ᠠᠴᠠ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠰᠠᠭᠤᠷᠢᠨ ᠳᠡᠭᠡᠷ᠎ᠡ ᠠᠰᠢᠭ ᠣᠷᠣᠯᠭ᠎ᠠ ᠵᠢᠨ ᠭᠠᠶ᠋ᠢᠯᠢ ᠵᠢ ᠳᠠᠬᠢᠨ ᠬᠠᠭ᠋ᠠᠰ ᠵᠶ᠋ᠠᠷ ᠬᠠᠰᠤᠵᠤ᠂ ᠪᠣᠳᠠᠲᠠᠶ ᠭᠠᠶ᠋ᠢᠯᠢ ᠵᠢᠨ ᠳᠠᠷᠤᠭ᠋ᠠᠰᠤ ᠵᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠢ᠃ ᠬᠣᠶᠠᠷ᠎ᠲᠤ᠂ ᠡᠨᠡ ᠵᠢᠯ᠎ᠤᠨ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠳᠠᠷᠠᠭ᠎ᠠ ᠵᠢᠯ᠎ᠤᠨ ᠡᠴᠦᠰ ᠪᠣᠯᠲᠠᠯ᠎ᠠ᠂ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠡᠷᠭᠡ ᠪᠠᠭ᠎ᠠ ᠬᠡᠪᠴᠢᠶᠡᠨ᠎ᠤ ᠭᠠᠶ᠋ᠢᠯᠢ ᠲᠤᠰᠢᠶᠠᠭᠴᠢᠳ᠎ᠤᠨ ᠥᠷᠲᠡᠭ᠎ᠤᠨ ᠨᠡᠮᠡᠭᠳᠡᠯ᠎ᠤᠨ ᠭᠠᠶ᠋ᠢᠯᠢ ᠵᠢᠨ ᠡᠬᠢᠯᠡᠵᠦ ᠲᠠᠲᠠᠪᠤᠷᠢᠯᠠᠬᠤ ᠴᠡᠭ᠎ᠢ ᠣᠲᠣ ᠵᠢᠨ ᠬᠡᠷᠡᠭᠵᠢᠭᠦᠯᠵᠦ ᠪᠠᠶ᠋ᠢᠭ᠎ᠠ ᠰᠠᠷ᠎ᠠ ᠵᠢᠨ ᠪᠣᠷᠣᠯᠠᠭᠤᠯᠭ᠎ᠠ 10 ᠲᠦᠮᠡᠨ ᠲᠥᠭᠥᠷᠢᠭ᠎ᠠᠴᠠ 15 ᠲᠦᠮᠡᠨ ᠲᠥᠭᠥᠷᠢᠭ ᠪᠣᠯᠭ᠋ᠠᠨ ᠳᠡᠭᠡᠭᠰᠢᠯᠡᠭᠦᠯᠬᠦ ᠬᠡᠷᠡᠭᠲᠡᠢ᠃ ᠭᠤᠷᠪᠠ᠎ᠳᠤ᠂ ᠡᠨᠡ ᠵᠢᠯ᠎ᠤᠨ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠲᠡᠭᠡᠭᠡᠪᠦᠷᠢ ᠵᠢᠨ ᠲᠥᠬᠥᠭᠡᠷᠦᠮᠵᠢ᠂ ᠴᠠᠬᠢᠯᠭ᠋ᠠᠨ᠎ᠤ ᠮᠧᠬᠠᠨᠢᠭ ᠲᠥᠬᠥᠭᠡᠷᠦᠮᠵᠢ᠂ ᠬᠡᠮᠵᠢᠭᠦᠷ ᠪᠠᠭ᠋ᠠᠵᠢ᠂ ᠡᠮ ᠡᠮᠨᠡᠯᠭᠡ᠂ ᠬᠢᠮᠢ ᠵᠢᠨ ᠰᠢᠷᠬᠡᠭᠯᠢᠭ ᠵᠡᠷᠭᠡ ᠦᠢ᠍ᠯᠡᠳᠬᠦ ᠦᠢ᠍ᠯᠡᠰ᠎ᠤᠨ ᠠᠵᠤ ᠠᠬᠤᠶ᠋ᠢᠯᠠᠯ᠎ᠢ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠠᠵᠤ ᠠᠬᠤᠶ᠋ᠢᠯᠠᠯ᠎ᠤᠨ ᠥᠷᠲᠡᠭ᠎ᠤᠨ ᠨᠡᠮᠡᠭᠳᠡᠯ᠎ᠤᠨ ᠭᠠᠶ᠋ᠢᠯᠢ ᠵᠢᠨ ᠦᠯᠡᠳᠡᠭᠡᠯ᠎ᠢ ᠪᠤᠴᠠᠭ᠋ᠠᠬᠤ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠣᠷᠣᠭᠤᠯᠵᠤ᠂ ᠰᠠᠷ᠎ᠠ᠎ᠪᠠᠷ ᠨᠢᠭᠡᠴᠢ ᠪᠣᠯᠭ᠋ᠠᠨ ᠨᠡᠮᠡᠭᠳᠡᠯ᠎ᠤᠨ ᠬᠡᠮᠵᠢᠶ᠎ᠡ ᠵᠢᠨ ᠦᠯᠡᠳᠡᠭᠡᠯ ᠭᠠᠢ᠌ᠯᠢ ᠵᠢ ᠪᠦᠬᠦᠨ᠎ᠢ ᠪᠤᠴᠠᠭ᠋ᠠᠬᠤ ᠵᠢ ᠬᠡᠷᠡᠭᠵᠢᠭᠦᠯᠬᠦ ᠬᠡᠷᠡᠭᠲᠡᠢ᠃ ᠳᠡᠭᠡᠷ᠎ᠡ ᠳᠤᠷᠠᠳᠤᠭᠰᠠᠨ ᠲᠦᠷᠦ ᠵᠢᠨ ᠪᠤᠳᠤᠯᠭ᠎ᠠ ᠵᠢᠨ ᠳᠡᠭᠡᠷ᠎ᠡ ᠨᠢᠭᠡᠨᠲᠡ ᠨᠡᠶ᠋ᠢᠲᠡᠯᠡᠭᠰᠡᠨ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯᠳᠤ ᠲᠦᠷᠦ ᠵᠢᠨ ᠪᠤᠳᠤᠯᠭ᠎ᠠ ᠵᠢ ᠨᠡᠮᠡᠪᠡᠯ᠂ ᠵᠢᠱ᠌ᠢᠯᠲᠡ᠎ᠪᠠᠷ ᠪᠦᠬᠦ ᠵᠢᠯ᠎ᠳᠤ ᠰᠢᠨ᠎ᠡ᠎ᠪᠠᠷ 5500 ᠭᠠᠷᠤᠢ ᠳ᠋ᠦᠩᠰᠢᠭᠤᠷ ᠲᠥᠭᠥᠷᠢᠭ ᠭᠠᠢ᠌ᠯᠢ ᠬᠥᠩᠭᠡᠯᠡᠬᠦ ᠪᠣᠯᠤᠨ᠎ᠠ᠃ ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠭᠠᠶ᠋ᠢᠯᠢ ᠬᠥᠩᠭᠡᠯᠡᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢᠨ ᠵᠡᠷᠭᠡ᠎ᠳᠤ ᠭᠠᠶ᠋ᠢᠯᠢ ᠵᠢᠨ ᠪᠤᠰᠤ ᠣᠷᠣᠯᠭ᠎ᠠ ᠵᠢ ᠡᠮᠬᠢ ᠵᠢᠷᠤᠮ᠎ᠲᠠᠢ ᠪᠥᠭᠡᠳ ᠵᠦᠢ ᠵᠣᠬᠢᠰᠲᠠᠶ᠎ᠪᠠᠷ ᠬᠠᠰᠤᠬᠤ ᠬᠡᠷᠡᠭᠲᠡᠢ᠂ ᠡᠯᠳᠡᠪ ᠵᠦᠢ᠍ᠯ᠎ᠤᠨ ᠨᠡᠷ᠎ᠡ᠎ᠪᠠᠷ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠵᠤ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠨᠡᠮᠡᠭᠳᠡᠭᠦᠯᠵᠦ ᠣᠭᠲᠣ ᠪᠣᠯᠬᠤ ᠦᠭᠡᠢ ᠭᠡᠵᠡᠢ᠃ ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠲᠥᠪ ᠭᠣᠣᠯᠴᠢ ᠪᠠ ᠲᠦᠭᠡᠮᠡᠯ ᠬᠠᠷᠠᠭ᠋ᠠᠯᠵᠠᠯᠲᠤ ᠲᠦᠷᠦ ᠵᠢᠨ ᠪᠤᠳᠤᠯᠭ᠎ᠠ ᠪᠣᠯᠤᠨ ᠥᠭᠡᠷᠡᠴᠢᠯᠡᠯᠲᠡ ᠵᠢᠨ ᠠᠷᠭ᠎ᠠ ᠵᠢ ᠢᠯᠡᠭᠦᠬᠡᠨ ᠬᠡᠷᠡᠭᠯᠡᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠨᠡᠩ ᠶᠡᠬᠡ ᠠᠰᠢᠭ ᠬᠦᠷᠲᠡᠭᠡᠵᠦ᠂ ᠢᠳᠡᠪᠬᠢᠵᠢᠯ᠎ᠤᠨ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ ᠭᠡᠵᠡᠢ᠃ ᠡᠭᠦᠨ᠎ᠤ ᠵᠡᠷᠭᠡ᠎ᠪᠠᠷ ᠣᠷᠣᠨ ᠨᠤᠲᠤᠭ᠎ᠤᠨ᠎ᠬᠢᠨ᠎ᠢ ᠳᠠᠭ᠋ᠠᠭᠤᠯᠤᠨ ᠵᠢᠯᠣᠭᠣᠳᠴᠤ ᠪᠠᠶ᠋ᠢᠭ᠋ᠠᠳ ᠡᠳ᠋᠎ᠤᠨ ᠵᠠᠰᠠᠭ᠎ᠤᠨ ᠣᠷᠣᠯᠭ᠎ᠠ ᠵᠢᠨ ᠰᠡᠷᠭᠦᠯᠲᠡ ᠵᠢᠨ ᠴᠢᠨᠠᠷᠲᠠᠶ ᠨᠡᠮᠡᠭᠳᠡᠯ᠎ᠢ ᠠᠰᠢᠭᠯᠠᠨ ᠵᠠᠰᠠᠭ᠎ᠤᠨ ᠣᠷᠳᠣᠨ᠎ᠤ ᠬᠦᠰᠢᠬᠦᠷᠭᠡ ᠵᠢᠨ ᠨᠤᠷᠮ᠎ᠠ ᠵᠢ ᠵᠣᠬᠢᠰᠲᠠᠶ᠎ᠪᠠᠷ ᠪᠠᠭᠤᠷᠠᠭᠤᠯᠵᠤ᠂ ᠰᠣᠬᠣᠷ ᠪᠠᠯᠠᠶ᠎ᠪᠠᠷ ᠰᠢᠨ᠎ᠡ ᠵᠦᠢ᠍ᠯ᠎ᠢ ᠭᠠᠷᠭ᠋ᠠᠬᠤ ᠵᠢ ᠰᠡᠷᠭᠡᠶ᠋ᠢᠯᠡᠵᠦ᠂ ᠡᠳ᠋᠎ᠤᠨ ᠵᠠᠰᠠᠭ᠎ᠤᠨ ᠦᠷᠭᠦᠯᠵᠢᠯᠡᠬᠦᠢ᠌ᠴᠡ ᠴᠢᠨᠠᠷ᠎ᠢ ᠨᠡᠮᠡᠭᠳᠡᠭᠦᠯᠬᠦ ᠬᠡᠷᠡᠭᠲᠡᠢ ᠭᠡᠵᠡᠢ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠤᠷ ᠮᠤᠡᠭᠭᠤᠯ᠎ᠤᠨ ᠠᠷᠠᠳ᠎ᠤᠨ ᠵᠠᠰᠠᠭ᠎ᠤᠨ ᠤᠷᠳᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠡᠭ ᠬᠤᠪᠢᠰᠬᠠᠯ᠎ᠤᠨ ᠲᠡᠤᠬᠡᠨ ᠲᠤᠷᠠᠰᠬᠠᠯᠳᠤ ᠵᠦᠢ᠍ᠯᠡᠰ᠎ᠤᠨ ᠠᠵᠢᠯ᠎ᠳᠤ ᠴᠢᠬᠤᠯᠨ ᠵᠢᠭ᠋ᠠᠪᠤᠷᠢ ᠦᠭᠭᠦ᠎ᠳᠤ᠎ᠪᠠᠨ ᠴᠢᠬᠤᠯᠠᠴᠢᠯᠠᠬᠰᠠᠨᠨ᠎ᠨᠢ ᠄ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠢ ᠦᠨᠡᠨ ᠬᠦ᠌ ᠰᠠᠢ᠌ᠳᠤᠷ ᠬᠠᠮᠢᠶᠠᠷᠴᠤ ᠰᠠᠢ᠌ᠳᠤᠷ ᠬᠠᠮᠢᠶᠠᠷᠤᠨ ᠰᠠᠢ᠌ᠳᠤᠷ ᠬᠡᠷᠡᠭᠯᠡᠵᠤ ᠦᠷᠬᠡᠨ ᠤᠯᠠᠨ ᠺᠠᠳ᠋ᠷ ᠤᠯᠠᠨ ᠲᠦᠮᠡᠨ᠎ᠤ ᠤᠶᠤᠨ ᠰᠠᠨᠠᠭ᠋ᠠᠨ᠎ᠤ ᠬᠦᠴᠤᠨ ᠴᠢᠳᠠᠯ᠎ᠢ ᠪᠠᠳᠠᠷᠠᠭᠤᠯᠬᠤ ᠬᠡᠷᠡᠭᠳᠡᠢ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠰᠦᠯᠵᠢᠶᠡᠨ᠎ᠤ ᠬᠤᠷᠳᠤᠴᠠ ᠵᠢ ᠦᠷᠭᠦᠯᠵᠢᠯᠡᠨ ᠳᠡᠭᠡᠭᠰᠢᠯᠡᠭᠦᠯᠵᠦ ᠰᠦᠢ᠍ᠳᠬᠡᠯ᠎ᠢ ᠪᠠᠭᠤᠷᠠᠭᠤᠯᠬᠤ ᠵᠡᠷᠭᠡ ᠵᠢ ᠪᠠᠢ᠌ᠷᠢᠯᠠᠭᠤᠯᠪᠠ
ᠯᠢ ᠺᠸ ᠴᠢᠶᠠᠡᠭ ᠲᠦᠷᠤ ᠵᠢᠨ ᠶᠠᠪᠤᠳᠠᠯ᠎ᠤᠨ ᠬᠤᠷᠢᠶᠠᠨ᠎ᠤ ᠪᠠᠢ᠌ᠡᠭᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠵᠠᠬ᠎ᠠ ᠲᠡᠯᠬᠡᠬᠦᠷ᠎ᠤᠨ ᠭᠤᠤᠯ ᠴᠤᠬ᠍ᠴᠨ ᠵᠢ ᠲᠠᠡᠭᠰᠠᠯᠠᠵᠤ ᠬᠠᠮᠢᠶᠠᠷᠬᠤ ᠲᠦᠷᠢᠮ (ᠲᠦᠰᠤᠯ)》᠎ᠢ ᠪᠠᠳᠤᠯᠠᠪᠠ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠳ᠋᠎ᠤᠨ ᠵᠠᠰᠠᠭ᠎ᠤᠨ ᠪᠠᠯᠠ ᠮᠥᠩᠭᠥ ᠵᠢ ᠰᠢᠭᠤᠳ ᠬᠦᠷᠭᠡᠬᠦ ᠪᠠᠢ᠌ᠩᠭᠤᠵᠢᠭᠰᠠᠨ ᠲᠣᠭᠲᠠᠴᠠ ᠵᠢ ᠤᠯᠠᠮ ᠰᠠᠢ᠌ᠲᠤᠷ ᠬᠡᠷᠡᠭᠵᠢᠭᠦᠯᠬᠦ ᠲᠤᠬᠠᠶ ᠪᠠᠢ᠌ᠷᠢᠯᠠᠭᠤᠯᠪᠠ
ᠰᠢ ᠵᠢᠨ ᠫᠢᠩ᠎ᠤᠨ 《ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ》 ᠳᠡᠭᠡᠷᠡᠬᠢ ᠶᠠᠷᠢᠶ᠎ᠠ
 
            