ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠳ᠋᠎ᠤᠨ ᠵᠠᠰᠠᠭ᠎ᠤᠨ ᠪᠠᠯᠠ ᠮᠥᠩᠭᠥ ᠵᠢ ᠰᠢᠭᠤᠳ ᠬᠦᠷᠭᠡᠬᠦ ᠪᠠᠢ᠌ᠩᠭᠤᠵᠢᠭᠰᠠᠨ ᠲᠣᠭᠲᠠᠴᠠ ᠵᠢ ᠤᠯᠠᠮ ᠰᠠᠢ᠌ᠲᠤᠷ ᠬᠡᠷᠡᠭᠵᠢᠭᠦᠯᠬᠦ ᠲᠤᠬᠠᠶ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2021-04-23

ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠳ᠋᠎ᠤᠨ ᠵᠠᠰᠠᠭ᠎ᠤᠨ ᠪᠠᠯᠠ ᠮᠥᠩᠭᠥ ᠵᠢ ᠰᠢᠭᠤᠳ ᠬᠦᠷᠭᠡᠬᠦ ᠪᠠᠢ᠌ᠩᠭᠤᠵᠢᠭᠰᠠᠨ ᠲᠣᠭᠲᠠᠴᠠ ᠵᠢ ᠤᠯᠠᠮ ᠰᠠᠢ᠌ᠲᠤᠷ ᠬᠡᠷᠡᠭᠵᠢᠭᠦᠯᠬᠦ ᠲᠤᠬᠠᠶ ᠪᠠᠢ᠌ᠷᠢᠯᠠᠭᠤᠯᠪᠠ
      ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠪᠠ
      ᠡᠳ᠋᠎ᠤᠨ ᠵᠠᠰᠠᠭ᠎ᠤᠨ ᠪᠠᠯᠠ ᠮᠥᠩᠭᠥ ᠵᠢ ᠰᠢᠭᠤᠳ ᠬᠦᠷᠭᠡᠬᠦ ᠪᠠᠢ᠌ᠩᠭᠤᠵᠢᠭᠰᠠᠨ ᠲᠣᠭᠲᠠᠴᠠ ᠵᠢ ᠤᠯᠠᠮ ᠨᠢᠭᠡ ᠠᠯᠬᠤᠮ ᠰᠠᠢ᠌ᠲᠤᠷ ᠬᠡᠷᠡᠭᠵᠢᠭᠦᠯᠬᠦ ᠲᠤᠬᠠᠶ ᠪᠠᠢ᠌ᠷᠢᠯᠠᠭᠤᠯᠵᠤ ᠡᠳ᠋᠎ᠤᠨ ᠵᠠᠰᠠᠭ᠎ᠤᠨ ᠪᠠᠯᠠ ᠮᠥᠩᠭᠥ ᠵᠢᠨ ᠠᠵᠤ ᠠᠬᠤᠢ᠌ᠯᠠᠯ ᠪᠠ ᠠᠷᠠᠳ᠎ᠲᠤ ᠠᠰᠢᠭ ᠬᠦᠷᠲᠡᠭᠡᠬᠦ ᠦᠢᠯᠡᠳᠦᠯ᠎ᠢ ᠨᠠᠩ ᠰᠠᠢ᠌ᠲᠤᠷ ᠪᠠᠳᠠᠷᠠᠭᠤᠯᠪᠠ
     《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ ᠵᠢ ᠬᠡᠷᠡᠭᠵᠢᠭᠦᠯᠬᠦ ᠲᠦᠷᠢᠮ (ᠵᠠᠰᠠᠪᠤᠷᠢ ᠣᠷᠣᠭᠤᠯᠬᠤ ᠲᠥᠰᠦᠯ)》᠎ᠢ ᠪᠠᠲᠤᠯᠠᠪᠠ

      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠢ᠌ᠳ ᠯᠢ ᠺᠧ ᠴᠢᠶᠠᠩ 4 ᠳ᠋ᠦ᠍ᠭᠡᠷ ᠰᠠᠷ᠎ᠠ ᠵᠢᠨ 21᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠡᠳ᠋᠎ᠤᠨ ᠵᠠᠰᠠᠭ᠎ᠤᠨ ᠪᠠᠯᠠ ᠮᠥᠩᠭᠥ ᠵᠢ ᠰᠢᠭᠤᠳ ᠬᠦᠷᠭᠡᠬᠦ ᠪᠠᠢ᠌ᠩᠭᠤᠵᠢᠭᠰᠠᠨ ᠲᠣᠭᠲᠠᠴᠠ ᠵᠢ ᠤᠯᠠᠮ ᠨᠢᠭᠡ ᠠᠯᠬᠤᠮ ᠰᠠᠢ᠌ᠲᠤᠷ ᠬᠡᠷᠡᠭᠵᠢᠭᠦᠯᠵᠦ᠂ ᠡᠳ᠋᠎ᠤᠨ ᠵᠠᠰᠠᠭ᠎ᠤᠨ ᠪᠠᠯᠠ ᠮᠥᠩᠭᠥ ᠵᠢᠨ ᠠᠵᠤ ᠠᠬᠤᠢ᠌ᠯᠠᠯ ᠪᠠ ᠠᠷᠠᠳ᠎ᠲᠤ ᠠᠰᠢᠭ ᠬᠦᠷᠲᠡᠭᠡᠬᠦ ᠦᠢᠯᠡᠳᠦᠯ᠎ᠢ ᠨᠠᠩ ᠰᠠᠢ᠌ᠲᠤᠷ ᠪᠠᠳᠠᠷᠠᠭᠤᠯᠬᠤ ᠲᠤᠬᠠᠶ ᠪᠠᠢ᠌ᠷᠢᠯᠠᠭᠤᠯᠪᠠ; 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ ᠵᠢ ᠬᠡᠷᠡᠭᠵᠢᠭᠦᠯᠬᠦ ᠲᠦᠷᠢᠮ (ᠵᠠᠰᠠᠪᠤᠷᠢ ᠣᠷᠣᠭᠤᠯᠬᠤ ᠲᠥᠰᠦᠯ)》᠎ᠢ ᠪᠠᠲᠤᠯᠠᠵᠠᠢ᠃
      ᠬᠤᠷᠠᠯ᠎ᠳᠤ ᠵᠢᠭ᠋ᠠᠨ ᠭᠠᠷᠭ᠋ᠠᠬᠤ᠎ᠳᠤ᠎ᠪᠠᠨ᠂ ᠡᠳ᠋᠎ᠤᠨ ᠵᠠᠰᠠᠭ᠎ᠤᠨ ᠪᠡᠯᠡ ᠮᠥᠩᠭᠥ ᠵᠢ ᠰᠢᠭᠤᠳ ᠬᠦᠷᠭᠡᠬᠦ ᠲᠣᠭᠲᠠᠴᠠ ᠵᠢ ᠬᠡᠷᠡᠭᠵᠢᠭᠦᠯᠬᠦ ᠪᠣᠯ ᠬᠣᠷᠸ᠎ᠠ ᠡᠵᠡᠮᠰᠢᠯ ᠲᠤᠬᠢᠷᠠᠭᠤᠯᠭ᠎ᠠ ᠵᠢᠨ ᠰᠢᠨ᠎ᠡ ᠵᠢ ᠡᠭᠦᠳᠬᠦ ᠴᠢᠬᠤᠯᠠ ᠶᠡᠬᠡ ᠠᠷᠭ᠎ᠠ ᠬᠡᠮᠵᠢᠶ᠎ᠡ ᠮᠥᠨ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠯᠲᠠ ᠶᠣᠰᠣᠭ᠋ᠠᠷ᠂ ᠨᠢᠳᠤᠨᠤᠨ ᠲᠥᠪ᠎ᠤᠨ ᠡᠳ᠋᠎ᠤᠨ ᠵᠠᠰᠠᠭ ᠰᠢᠭᠤᠳ ᠬᠦᠷᠭᠡᠬᠦ ᠪᠠᠯᠠ ᠮᠥᠩᠭᠥ 1.7 ᠲᠦᠮᠡᠨ ᠳ᠋ᠦᠩᠰᠢᠭᠤᠷ ᠲᠥᠭᠥᠷᠢᠭ ᠪᠠᠭᠤᠯᠭ᠋ᠠᠵᠤ᠂ ᠬᠣᠲᠠ ᠰᠢᠶᠠᠨ᠎ᠤ ᠦᠨᠳᠦᠰᠦᠨ ᠱᠠᠲᠤᠨ᠎ᠤ ᠭᠠᠢ᠌ᠯᠢ ᠵᠢ ᠬᠥᠩᠭᠡᠯᠡᠵᠦ ᠰᠦᠢᠳᠬᠡᠯ᠎ᠢ ᠪᠠᠭᠤᠷᠠᠭᠤᠯᠬᠤ᠎ᠳᠤ 《ᠳᠠᠭ᠋ᠠᠷᠠᠭᠰᠠᠨ ᠬᠥᠮᠦᠨ᠎ᠳᠤ ᠳᠠᠬᠤ ᠬᠦᠷᠭᠡᠬᠦ》 ᠦᠢᠯᠡᠳᠦᠯ ᠪᠠᠳᠠᠷᠠᠭᠤᠯᠵᠤ᠂ ᠠᠵᠤ ᠠᠬᠤᠶ ᠵᠢᠨ ᠦᠨᠳᠦᠰᠦᠨ ᠪᠠᠢ᠌ᠳᠠᠯ᠎ᠢ ᠲᠣᠭᠲᠠᠪᠤᠷᠢᠵᠢᠭᠤᠯᠬᠤ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠨᠡ ᠵᠢᠯ ᠰᠢᠭᠤᠳ ᠬᠦᠷᠭᠡᠬᠦ ᠲᠣᠭᠲᠠᠴᠠ ᠵᠢ ᠪᠠᠢ᠌ᠩᠭᠤᠵᠢᠭᠤᠯᠬᠤ᠎ᠨᠢ ᠨᠢᠳᠤᠨᠤᠨ᠎ᠤ ᠰᠢᠭᠤᠳ ᠬᠦᠷᠭᠡᠬᠦ ᠪᠡᠯᠡ ᠮᠥᠩᠭᠥ ᠵᠢ ᠪᠦᠬᠦᠨ᠎ᠢ ᠨᠡᠮᠡᠭᠳᠡᠯ ᠪᠡᠯᠡ ᠮᠥᠩᠭᠥ ᠪᠣᠯᠭ᠋ᠠᠭᠰᠠᠨ᠎ᠲᠠᠢ ᠠᠳᠠᠯᠢ ᠦᠭᠡᠢ᠂ ᠡᠨᠡ ᠵᠢᠯ ᠭᠣᠣᠯᠳᠠᠭᠤ ᠦᠯᠡᠳᠡᠭᠡᠯ ᠪᠡᠯᠡ ᠮᠥᠩᠭᠥ ᠪᠣᠯᠭ᠋ᠠᠨ᠎ᠠ᠂ ᠪᠡᠯᠡ ᠮᠥᠩᠭᠥ ᠵᠢᠨ ᠬᠤᠪᠢᠶᠠᠷᠢᠯᠠᠯᠲᠠ ᠵᠢᠨ ᠠᠰᠢᠭ ᠲᠤᠰᠠ ᠵᠢᠨ ᠪᠠᠢ᠌ᠷᠢᠰᠢᠯ᠎ᠢ ᠥᠭᠡᠷᠡᠴᠢᠯᠡᠨ ᠲᠣᠬᠢᠷᠠᠭᠤᠯᠬᠤ᠎ᠪᠠᠷ ᠳᠠᠮᠵᠢᠭᠤᠯᠤᠨ᠂ ᠲᠥᠪ᠎ᠤᠨ ᠡᠳ᠋᠎ᠤᠨ ᠵᠠᠰᠠᠭ᠎ᠤᠨ ᠠᠷᠠᠳ᠎ᠤᠨ ᠠᠮᠢᠳᠤᠷᠠᠯ᠎ᠤᠨ ᠨᠥᠬᠥᠪᠥᠷᠢ ᠵᠢᠨ ᠡᠯ᠎ᠡ ᠵᠦᠢ᠍ᠯ᠎ᠤᠨ ᠪᠡᠯᠡ ᠮᠥᠩᠭᠥ ᠵᠢ ᠪᠦᠬᠦᠨ᠎ᠢ᠎ᠨᠢ ᠰᠢᠭᠤᠳ ᠬᠦᠷᠭᠡᠬᠦ ᠬᠡᠪᠴᠢᠶᠡᠨ᠎ᠳᠤ ᠣᠷᠣᠭᠤᠯᠵᠤ᠂ ᠪᠡᠯᠡ ᠮᠥᠩᠭᠥ ᠵᠢᠨ ᠶᠡᠷᠦᠩᠬᠡᠶ ᠬᠡᠮᠵᠢᠶ᠎ᠡ ᠵᠢ 2.8 ᠲᠦᠮᠡᠨ ᠳ᠋ᠦᠩᠰᠢᠭᠤᠷ ᠲᠥᠭᠥᠷᠢᠭ᠎ᠲᠤ ᠬᠦᠷᠦᠭᠦᠯᠦᠨ᠎ᠡ᠃ ᠣᠳᠣᠬᠠᠨ᠎ᠳᠤ ᠲᠥᠪ᠎ᠤᠨ ᠡᠳ᠋᠎ᠤᠨ ᠵᠠᠰᠠᠭ᠎ᠠᠴᠠ ᠰᠢᠭᠤᠳ ᠪᠠᠭᠤᠯᠭ᠋ᠠᠭᠰᠠᠨ ᠪᠠᠯᠠ ᠮᠥᠩᠭᠥ 2.6 ᠲᠦᠮᠡᠨ ᠳ᠋ᠦᠩᠰᠢᠭᠤᠷ ᠲᠥᠭᠥᠷᠢᠭ ᠪᠠᠢ᠌ᠵᠤ᠂ ᠡᠭᠦᠨ᠎ᠳᠤ 2.2 ᠲᠦᠮᠡᠨ ᠳ᠋ᠦᠩᠰᠢᠭᠤᠷ ᠭᠠᠷᠤᠢ ᠲᠥᠭᠥᠷᠢᠭ᠎ᠢ ᠨᠢᠭᠡᠨᠲᠡ ᠪᠠᠯᠠ ᠮᠥᠩᠭᠥ ᠬᠡᠷᠡᠭᠯᠡᠬᠦ ᠨᠢᠭᠡᠴᠢ᠎ᠳᠤ ᠪᠠᠭᠤᠯᠭ᠋ᠠᠭᠰᠠᠨ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ᠂ ᠨᠢᠭᠡ᠎ᠳᠤ᠂ ᠰᠢᠭᠤᠳ ᠬᠦᠷᠭᠡᠬᠦ ᠪᠠᠯᠠ ᠮᠥᠩᠭᠥ ᠵᠢᠨ ᠬᠡᠷᠡᠭᠯᠡᠯᠲᠡ ᠵᠢᠨ ᠭᠣᠤᠯᠳᠠᠯᠭ᠎ᠠ ᠵᠢ ᠳᠣᠪᠣᠢ᠌ᠯᠭ᠋ᠠᠨ᠎ᠠ᠃ ᠠᠵᠤ ᠠᠬᠤᠶ ᠵᠢ ᠲᠣᠭᠲᠠᠭᠤᠨ ᠪᠠᠢ᠌ᠯᠭ᠋ᠠᠬᠤ ᠵᠢᠨ ᠳᠠᠭ᠋ᠠᠤ ᠪᠡᠬᠢᠵᠢᠭᠦᠯᠬᠦ ᠵᠢ ᠠᠬᠢᠭᠤᠯᠬᠤ ᠲᠠᠯ᠎ᠠ᠎ᠠᠴᠠ ᠪᠣᠳᠣᠯᠬᠢᠯᠠᠨ᠂ ᠰᠢᠭᠤᠳ ᠬᠦᠷᠭᠡᠬᠦ ᠪᠠᠯᠠ ᠮᠥᠩᠭᠥ ᠵᠢ ᠬᠡᠰᠡᠭ ᠱᠠᠲᠤ ᠦᠶᠡᠴᠢ ᠴᠢᠨᠠᠷᠲᠠᠶ ᠲᠥᠷᠥ ᠵᠢᠨ ᠪᠣᠳᠣᠯᠭ᠎ᠠ ᠵᠢᠨ 《ᠪᠠᠭᠤᠷᠠᠯᠲᠠ》 ᠵᠢᠨ ᠨᠥᠯᠥᠭᠡ ᠵᠢ ᠠᠷᠢᠯᠭ᠋ᠠᠬᠤ ᠴᠢᠬᠤᠯᠠ ᠠᠷᠭ᠎ᠠ ᠪᠠᠷᠢᠯ᠎ᠤᠨ ᠨᠢᠭᠡ᠎ᠨᠢ ᠪᠣᠯᠭ᠋ᠠᠵᠤ᠂ ᠲᠠᠭᠦᠨ᠎ᠢ ᠭᠣᠤᠯᠳᠠᠭᠤ ᠠᠵᠢᠯ ᠣᠯᠭᠣᠯᠲᠠ ᠵᠢ ᠪᠠᠲᠤᠯᠠᠬᠤ ᠠᠷᠠᠳ᠎ᠤᠨ ᠠᠮᠢᠳᠤᠷᠠᠯ᠎ᠢ ᠪᠠᠲᠤᠯᠠᠬᠤ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠪᠠᠲᠤᠯᠠᠬᠤ ᠵᠢ ᠳᠡᠮᠵᠢᠬᠦ᠎ᠳᠤ ᠦᠷᠭᠦᠯᠵᠢᠯᠡᠨ ᠬᠡᠷᠡᠭᠯᠡᠵᠦ᠂ ᠪᠠᠯᠠ ᠮᠥᠩᠭᠥ ᠵᠢ ᠣᠯᠠᠨ ᠲᠦᠮᠡᠨ᠎ᠤ ᠬᠦᠰᠡᠯ ᠡᠷᠡᠮᠡᠯᠵᠡᠯ᠂ ᠠᠵᠤ ᠠᠬᠤᠢ᠌ᠯᠠᠯ᠎ᠤᠨ ᠬᠦᠰᠡᠵᠦ ᠪᠠᠢ᠌ᠭ᠎ᠠ ᠴᠢᠭᠯᠡᠯ ᠪᠠ ᠬᠦᠷᠢᠶ᠎ᠡ ᠵᠢᠴᠢ ᠦᠨᠳᠦᠰᠦᠨ ᠱᠠᠲᠤᠨ᠎ᠤ ᠴᠠᠯᠢᠩ᠎ᠢ ᠪᠠᠲᠤᠯᠠᠬᠤ ᠪᠠ ᠡᠷᠭᠢᠯᠲᠡ ᠵᠢ ᠪᠠᠲᠤᠯᠠᠬᠤ᠎ᠳᠤ ᠬᠡᠷᠡᠭᠯᠡᠨ᠂ ᠨᠠᠩ ᠣᠯᠠᠨ ᠡᠳ᠋᠎ᠤᠨ ᠬᠦᠴᠦᠨ᠎ᠢ ᠲᠥᠪᠯᠡᠷᠡᠭᠦᠯᠦᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠦᠨᠳᠦᠰᠦᠨ ᠡᠮᠴᠢᠯᠡᠭᠡ᠂ ᠦᠨᠳᠦᠰᠦᠨ ᠣᠷᠣᠨ ᠰᠠᠭᠤᠴᠠ ᠵᠡᠷᠭᠡ ᠠᠷᠠᠳ᠎ᠤᠨ ᠦᠨᠳᠦᠰᠦᠨ ᠠᠮᠢᠳᠤᠷᠠᠯ᠎ᠤᠨ ᠣᠷᠣᠭᠤᠯᠤᠯᠲᠠ ᠵᠢ ᠨᠡᠮᠡᠭᠳᠡᠭᠦᠯᠵᠦ᠂ ᠲᠠᠷᠢᠶᠠᠯᠠᠩ ᠤᠰᠤᠨ ᠠᠰᠢᠭᠯᠠᠯᠲᠠ ᠵᠢᠨ ᠪᠥᠲᠥᠭᠡᠨ ᠪᠠᠢ᠌ᠭᠤᠯᠤᠯᠲᠠ ᠵᠢ ᠳᠡᠮᠵᠢᠨ᠎ᠡ᠃ ᠬᠣᠶᠠᠷ᠎ᠲᠤ᠂ ᠣᠷᠣᠨ ᠨᠤᠲᠤᠭ᠎ᠢ ᠰᠢᠪᠠᠳᠠᠵᠤ ᠪᠠᠢ᠌ᠭ᠋ᠠᠳ ᠦᠯᠡᠳᠡᠭᠳᠡᠯ ᠰᠢᠭᠤᠳ ᠬᠦᠷᠭᠡᠬᠦ ᠪᠡᠯᠡ ᠮᠥᠩᠭᠥ ᠵᠢ ᠪᠠᠭᠤᠯᠭ᠋ᠠᠬᠤ ᠪᠠ ᠬᠡᠷᠡᠭᠯᠡᠬᠦ ᠠᠵᠢᠯ᠎ᠢ ᠰᠠᠢ᠌ᠲᠤᠷ ᠬᠢᠯᠭᠡᠵᠦ᠂ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢ ᠴᠠᠭ ᠲᠤᠬᠠᠢ᠎ᠳᠤ᠎ᠨᠢ ᠨᠠᠢ᠌ᠳᠠᠪᠤᠷᠢᠵᠢᠭᠤᠯᠤᠨ ᠪᠣᠲᠠᠲᠠᠢ᠌ᠵᠢᠭᠤᠯᠬᠤ ᠵᠢ ᠪᠠᠲᠤᠯᠠᠨ᠎ᠠ᠃ ᠣᠷᠣᠨ ᠨᠤᠲᠤᠭ᠎ᠢ ᠵᠢᠯᠣᠭᠣᠳᠴᠤ ᠪᠠᠢ᠌ᠭ᠋ᠠᠳ ᠲᠥᠪ᠎ᠤᠨ ᠰᠢᠭᠤᠳ ᠬᠦᠷᠭᠡᠬᠦ ᠪᠡᠯᠡ ᠮᠥᠩᠭᠥ ᠵᠢᠨ ᠰᠠᠭᠤᠷᠢᠨ ᠳᠡᠭᠡᠷ᠎ᠡ᠂ ᠲᠤᠬᠠᠶ ᠵᠢᠨ ᠭᠠᠵᠠᠷ ᠣᠷᠣᠨ᠎ᠤ ᠪᠠᠢ᠌ᠳᠠᠯ᠎ᠳᠤ ᠲᠣᠬᠢᠷᠠᠭᠤᠯᠤᠨ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠰᠢᠭᠤᠳ ᠬᠦᠷᠬᠦ ᠬᠡᠪᠴᠢᠶ᠎ᠡ ᠵᠢ ᠥᠷᠭᠡᠳᠬᠡᠨ᠎ᠡ᠃ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ ᠦᠷᠭᠦᠯᠵᠢᠯᠡᠨ 《ᠵᠠᠮ᠎ᠤᠨ ᠨᠠᠮᠰᠠᠷᠠᠢ ᠪᠤᠷᠬᠠᠨ》 ᠪᠣᠯᠬᠤ᠎ᠠᠴᠠ ᠪᠢᠰᠢ 《ᠨᠢᠷᠤᠭᠤ᠎ᠪᠠᠨ ᠡᠭᠦᠷᠦᠭᠰᠡᠨ ᠨᠣᠶᠠᠨ》 ᠪᠣᠯᠵᠤ ᠪᠣᠯᠬᠤ ᠦᠭᠡᠢ᠂ ᠨᠠᠩ ᠣᠯᠠᠨ ᠡᠳ᠋᠎ᠤᠨ ᠬᠦᠴᠦᠨ ᠵᠶ᠋ᠡᠨ ᠳᠣᠷᠣᠭᠰᠢ ᠪᠠᠭᠤᠯᠭ᠋ᠠᠵᠤ᠂ ᠦᠨᠳᠦᠰᠦᠨ ᠱᠠᠲᠤᠨ᠎ᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠠᠳᠬᠤᠬᠤ ᠴᠢᠳᠠᠪᠤᠷᠢ ᠵᠢ᠎ᠨᠢ ᠴᠢᠩᠭ᠋ᠠᠷᠠᠭᠤᠯᠬᠤ ᠬᠡᠷᠡᠭᠲᠡᠶ᠃ ᠭᠤᠷᠪᠠ᠎ᠳᠤ᠂ ᠰᠢᠭᠤᠳ ᠬᠦᠷᠭᠡᠬᠦ ᠪᠡᠯᠡ ᠮᠥᠩᠭᠥᠨ᠎ᠤ ᠬᠢᠨᠠᠯᠲᠠ ᠬᠠᠮᠢᠶᠠᠷᠤᠯᠲᠠ᠎ᠪᠠᠨ ᠴᠢᠩᠳᠠᠯᠠᠨ᠎ᠠ᠃ ᠡᠳ᠋᠎ᠤᠨ ᠵᠠᠰᠠᠭ᠂ ᠬᠢᠨᠠᠨ ᠪᠤᠳᠤᠯᠲᠠ ᠵᠢᠴᠢ ᠬᠠᠮᠢᠶ᠎ᠠ ᠪᠥᠬᠥᠶ ᠰᠠᠯᠠᠭ᠎ᠠ ᠮᠥᠴᠢᠷ᠎ᠤᠳ ᠴᠥᠮ ᠬᠢᠨᠠᠯᠲᠠ᠎ᠪᠠᠨ ᠴᠢᠩᠭ᠋ᠠᠳᠬᠠᠵᠤ᠂ ᠣᠷᠣᠨ ᠨᠤᠲᠤᠭ᠎ᠤᠨ ᠪᠠᠯᠠ ᠮᠥᠩᠭᠥ ᠬᠤᠪᠢᠶᠠᠷᠢᠯᠠᠭᠰᠠᠨ᠂ ᠰᠠᠯᠭ᠋ᠠᠨ ᠥᠭᠭᠦᠭᠰᠡᠨ ᠪᠠ ᠬᠡᠷᠡᠭᠯᠡᠭᠰᠡᠨ ᠪᠠᠢ᠌ᠳᠠᠯ᠎ᠢ ᠬᠥᠳᠡᠯᠦᠩᠭᠦᠶ᠎ᠪᠠᠷ ᠮᠥᠷᠳᠡᠵᠦ᠂ ᠣᠷᠣᠰᠢᠵᠤ ᠪᠠᠢ᠌ᠭ᠎ᠠ ᠠᠰᠠᠭᠤᠳᠠᠯ᠎ᠢ ᠴᠠᠭ ᠲᠤᠬᠠᠶ᠎ᠳᠤ᠎ᠨᠢ ᠢᠯᠡᠷᠡᠭᠦᠯᠬᠦ ᠪᠠ ᠵᠠᠯᠠᠷᠠᠭᠤᠯᠵᠤ᠂ ᠬᠠᠮᠢᠶ᠎ᠠ ᠪᠥᠬᠥᠶ ᠣᠷᠣᠨ ᠨᠤᠲᠤᠭ ᠵᠢᠴᠢ ᠬᠠᠷᠢᠭᠤᠴᠠᠯᠭ᠋ᠠᠲᠠᠳ᠎ᠲᠠᠢ ᠪᠠᠢ᠌ᠳᠠᠯ᠎ᠢ᠎ᠨᠢ ᠦᠵᠡᠵᠦ ᠨᠡᠪᠲᠡᠷᠡᠭᠦᠯᠬᠦ ᠪᠠ ᠪᠣᠯᠵᠣᠨ ᠶᠠᠷᠢᠯᠴᠠᠵᠤ᠂ ᠬᠤᠳᠠᠯ ᠵᠶ᠋ᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ ᠳᠤᠮᠳᠠ᠎ᠠᠴᠠ᠎ᠨᠢ ᠦᠯᠡᠳᠡᠭᠡᠵᠦ ᠨᠡᠭᠦᠯᠭᠡᠨ ᠬᠡᠷᠡᠭᠯᠡᠭᠰᠡᠨ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠨᠤᠭᠤᠳ᠎ᠢ ᠨᠢᠭᠡ ᠵᠢ ᠣᠯᠵᠤ ᠮᠡᠳᠡᠪᠡᠯ ᠨᠢᠭᠡ ᠵᠢ ᠲᠤᠢ᠌ᠯᠪᠤᠷᠢᠲᠠᠶ ᠪᠠᠢ᠌ᠴᠠᠭ᠋ᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭ᠋ᠠᠵᠤ᠂ ᠰᠢᠭᠤᠳ ᠪᠠᠯᠠ ᠮᠥᠩᠭᠥ ᠵᠢ ᠣᠨᠢᠨ ᠳᠡᠭᠡᠷ᠎ᠡ᠎ᠨᠢ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠠᠵᠤ ᠠᠬᠤᠢ᠌ᠯᠠᠯ ᠪᠠ ᠠᠷᠠᠳ᠎ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠵᠢ ᠨᠠᠩ ᠰᠠᠢ᠌ᠨ ᠪᠠᠳᠠᠷᠠᠭᠤᠯᠬᠤ ᠬᠡᠷᠡᠭᠲᠡᠶ ᠭᠡᠵᠡᠢ᠃
      ᠬᠤᠷᠠᠯ᠎ᠳᠤ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ ᠵᠢ ᠬᠡᠷᠡᠭᠵᠢᠭᠦᠯᠬᠦ ᠲᠦᠷᠢᠮ (ᠵᠠᠰᠠᠪᠤᠷᠢ ᠣᠷᠣᠭᠤᠯᠬᠤ ᠲᠥᠰᠦᠯ)》᠎ᠢ ᠪᠠᠲᠤᠯᠠᠪᠠ᠃ ᠲᠥᠰᠦᠯ᠎ᠳᠤ ᠲᠠᠷᠢᠶᠠᠨ ᠭᠠᠵᠠᠷ ᠢᠯᠠᠩᠭᠤᠶ᠎ᠠ ᠦᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠲᠠᠷᠢᠶᠠᠯᠠᠩ᠎ᠳᠤ ᠬᠡᠷᠡᠭᠯᠡᠬᠦ ᠭᠠᠵᠠᠷ ᠢᠯᠠᠩᠭᠤᠶ᠎ᠠ ᠲᠠᠷᠢᠶᠠᠨ ᠭᠠᠵᠠᠷ᠎ᠢ ᠪᠥᠲᠥᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠴᠢᠩᠭ᠎ᠠ ᠬᠢᠵᠠᠭ᠋ᠠᠷᠯᠠᠬᠤ ᠵᠢᠨ ᠬᠠᠮᠲᠤ᠂ ᠲᠠᠷᠢᠶᠠᠨ ᠭᠠᠵᠠᠷ᠎ᠢ ᠣᠢ᠌ᠲᠤ ᠭᠠᠵᠠᠷ᠂ ᠡᠪᠡᠰᠦᠲᠦ ᠭᠠᠵᠠᠷ ᠵᠡᠷᠭᠡ ᠪᠤᠰᠤᠳ ᠲᠠᠷᠢᠶᠠᠯᠠᠩ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠤᠯᠠᠮ ᠨᠢᠭᠡ ᠠᠯᠬᠤᠮ ᠲᠣᠳᠣᠷᠬᠠᠶ ᠬᠢᠵᠠᠭ᠋ᠠᠷᠯᠠᠵᠤ᠂ ᠲᠠᠷᠢᠶᠠᠨ ᠭᠠᠵᠠᠷ᠎ᠤᠨ 《ᠡᠵᠡᠯᠡᠬᠦ ᠨᠥᠬᠥᠪᠥᠷᠢᠯᠡᠬᠦ ᠵᠢ ᠲᠡᠩᠴᠡᠭᠦᠷᠢᠲᠡᠶ ᠪᠠᠢ᠌ᠯᠭ᠋ᠠᠬᠤ》 ᠲᠦᠷᠢᠮ᠎ᠢ ᠴᠢᠩᠭ᠎ᠠ ᠬᠡᠷᠡᠭᠵᠢᠭᠦᠯᠪᠡ᠃ ᠲᠥᠰᠦᠯ᠎ᠨᠢ ᠭᠠᠵᠠᠷ ᠰᠢᠷᠣᠶ ᠲᠠᠲᠠᠪᠤᠷᠢᠯᠠᠬᠤ ᠳᠡᠰ ᠳᠠᠷᠠᠭ᠋ᠠᠯᠠᠯ᠎ᠢ ᠨᠠᠷᠢᠯᠢᠭᠵᠢᠭᠤᠯᠵᠤ᠂ ᠭᠠᠵᠠᠷ ᠰᠢᠷᠣᠶ ᠲᠠᠲᠠᠪᠤᠷᠢᠯᠠᠬᠤ ᠵᠢ ᠤᠷᠢᠳᠴᠢᠯᠠᠨ ᠵᠠᠷᠯᠠᠬᠤ ᠳᠦᠷᠢᠮ᠎ᠢ ᠲᠣᠭᠲᠠᠭ᠋ᠠᠵᠤ᠂ ᠲᠠᠲᠠᠪᠤᠷᠢᠯᠠᠯᠲᠠ ᠵᠢᠨ ᠨᠥᠬᠥᠪᠥᠷᠢ ᠵᠢ ᠵᠢᠷᠤᠮᠵᠢᠭᠤᠯᠵᠤ᠂ ᠬᠣᠯᠪᠣᠭᠳᠠᠯ ᠪᠦᠬᠦᠢ ᠵᠠᠷᠤᠳᠠᠯ᠎ᠢ ᠭᠦᠢ᠍ᠴᠡᠳ ᠲᠣᠭ᠎ᠠ᠎ᠪᠠᠷ ᠪᠣᠳᠠᠲᠠᠢ᠌ᠵᠢᠭᠤᠯᠤᠭᠰᠠᠨ ᠦᠭᠡᠶ ᠪᠣᠯ ᠭᠠᠵᠠᠷ ᠰᠢᠷᠣᠶ ᠲᠠᠲᠠᠪᠤᠷᠢᠯᠠᠬᠤ ᠵᠢ ᠵᠥᠪᠰᠢᠶᠡᠷᠡᠵᠦ ᠪᠣᠯᠬᠤ ᠦᠭᠡᠶ ᠭᠡᠵᠦ ᠲᠣᠭᠲᠠᠭ᠋ᠠᠨ᠂ ᠭᠠᠵᠠᠷ ᠵᠶ᠋ᠠᠨ ᠲᠠᠲᠠᠪᠤᠷᠢᠯᠠᠭᠤᠯᠤᠭᠰᠠᠨ ᠲᠠᠷᠢᠶᠠᠴᠢᠳ᠎ᠤᠨ ᠪᠠᠢ᠌ᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠵᠢ ᠪᠠᠲᠤᠯᠠᠵᠠᠢ᠃ ᠲᠥᠰᠦᠯ᠎ᠳᠤ ᠲᠠᠷᠢᠶᠠᠴᠢᠳ᠎ᠤᠨ ᠵᠦᠢ ᠵᠣᠬᠢᠰᠲᠠᠢ ᠣᠷᠣᠨ ᠰᠠᠭᠤᠴᠠ ᠵᠢᠨ ᠭᠠᠵᠠᠷ᠎ᠤᠨ ᠬᠡᠷᠡᠭᠴᠡᠭᠡ ᠵᠢ ᠪᠠᠲᠤᠯᠠᠵᠤ᠂ ᠣᠷᠣᠨ ᠰᠠᠭᠤᠴᠠ ᠵᠢᠨ ᠭᠠᠵᠠᠷ᠎ᠤᠨ ᠬᠠᠮᠢᠶᠠᠷᠤᠯᠲᠠ ᠵᠢ ᠵᠢᠷᠤᠮᠵᠢᠭᠤᠯᠤᠨ᠂ ᠲᠠᠷᠢᠶᠠᠴᠢᠳ᠎ᠤᠨ ᠬᠠᠤᠯᠢ ᠶᠣᠰᠣᠭ᠋ᠠᠷ ᠣᠯᠤᠭᠰᠠᠨ ᠣᠷᠣᠨ ᠰᠠᠭᠤᠴᠠ ᠵᠢᠨ ᠭᠠᠵᠠᠷ᠎ᠤᠨ ᠡᠷᠬᠡ ᠠᠰᠢᠭ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠰᠦᠯ᠎ᠳᠤ ᠪᠠᠰᠠ ᠭᠠᠵᠠᠷ ᠰᠢᠷᠣᠶ ᠵᠢ ᠰᠢᠪᠠᠳᠠᠨ ᠪᠠᠢ᠌ᠴᠠᠭ᠋ᠠᠬᠤ ᠲᠦᠷᠢᠮ᠎ᠢ ᠨᠠᠷᠢᠯᠢᠬ᠍ᠵᠢᠭᠤᠯᠵᠤ᠂ ᠬᠢᠨᠠᠯᠲᠠ ᠲᠠᠯᠪᠢᠵᠤ ᠪᠠᠢ᠌ᠴᠠᠭ᠋ᠠᠬᠤ ᠠᠷᠭ᠎ᠠ ᠬᠡᠮᠵᠢᠶ᠎ᠡ ᠵᠢ ᠴᠢᠩᠭ᠋ᠠᠳᠬᠠᠨ᠂ ᠬᠥᠳᠡᠯᠦᠩᠭᠦᠶ ᠲᠣᠭᠣᠷᠢᠨ ᠪᠠᠢ᠌ᠴᠠᠭ᠋ᠠᠬᠤ ᠵᠡᠷᠭᠡ ᠲᠣᠭᠲᠠᠴᠠ ᠵᠢ ᠪᠠᠢ᠌ᠭᠤᠯᠬᠤ ᠵᠢᠨ ᠵᠡᠷᠭᠡᠴᠡᠭᠡ ᠲᠠᠷᠢᠶᠠᠨ ᠭᠠᠵᠠᠷ᠎ᠢ ᠡᠪᠳᠡᠬᠦ᠂ ᠭᠠᠵᠠᠷ ᠰᠢᠷᠣᠶ ᠵᠢ ᠬᠠᠤᠯᠢ ᠪᠤᠰᠤ᠎ᠪᠠᠷ ᠡᠵᠡᠯᠡᠬᠦ᠂ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠡᠭᠦᠷᠭᠡ᠎ᠪᠠᠨ ᠭᠦᠢᠴᠡᠳᠬᠡᠬᠦ ᠵᠢ ᠲᠡᠪᠴᠢᠬᠦ ᠵᠡᠷᠭᠡ ᠬᠠᠤᠯᠢ ᠵᠢ ᠵᠥᠷᠢᠴᠡᠭᠰᠡᠨ ᠦᠢᠯᠡ ᠠᠵᠢᠯᠯᠠᠭ᠎ᠠ᠎ᠨᠤᠭᠤᠳ᠎ᠢ ᠰᠢᠢ᠍ᠳᠭᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠢᠢ᠍ᠳᠭᠡᠬᠦ ᠲᠤᠬᠠᠶ ᠲᠣᠭᠲᠠᠭ᠋ᠠᠯ ᠨᠡᠮᠡᠭᠰᠡᠨ ᠪᠠᠢ᠌ᠨ᠎ᠠ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ᠎ᠤᠨ 《ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ》 ᠳᠡᠭᠡᠷᠡᠬᠢ ᠶᠠᠷᠢᠶ᠎ᠠ
ᠰᠢ ᠵᠢᠨ ᠫᠢᠩ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ ᠎ᠤᠨ ᠠᠵᠢᠯ ᠎ᠳᠤ ᠴᠢᠬᠤᠯᠠ ᠵᠢᠭ᠋ᠠᠪᠤᠷᠢ ᠦᠭᠴᠤ ᠴᠢᠬᠤᠯᠠᠴᠢᠯᠠᠬᠰᠠᠨ᠎ᠨᠢ ᠤᠳᠤᠭᠢᠴᠢᠯᠠᠭᠰᠠᠨ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠰᠢᠰᠲᠸᠮ᠎ᠢ ᠲᠠᠷᠤᠢ ᠲᠦᠷᠭᠡᠨ ᠪᠠᠢ᠌ᠭᠤᠯᠵᠤ᠂ ᠴᠢᠨᠠᠷ ᠴᠢᠨᠰᠠᠭ᠎ᠠ᠎ᠨᠢ ᠦᠨᠳᠤᠷ ᠮᠡᠷᠭᠡᠵᠢᠯ᠎ᠲᠠᠢ ᠴᠢᠳᠠᠪᠤᠷᠢᠳᠠᠨ ᠤᠷᠠᠨ ᠴᠢᠳᠠᠪᠤᠷᠢᠳᠠᠨ ᠶᠡᠭᠡ ᠤᠯᠤᠰ᠎ᠤᠨ ᠤᠷᠠᠨ ᠲᠠᠷᠬᠠᠨ᠎ᠢ ᠨᠡᠩ ᠤᠯᠠᠨ ᠬᠦᠮᠤᠵᠢᠬᠦᠯᠬᠦ ᠭᠡᠷᠡᠭᠳᠡᠢ
ᠯᠢ ᠺᠸ ᠴᠢᠶᠠᠡᠭ ᠲᠦᠷᠤ ᠵᠢᠨ ᠶᠠᠪᠤᠳᠠᠯ᠎ᠤᠨ ᠬᠤᠷᠢᠶᠠᠨ᠎ᠤ ᠪᠠᠢ᠌ᠡᠭᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠦᠢ᠍ᠯᠡᠰ᠎ᠤᠨ ᠰᠢᠰᠲᠸᠮ᠎ᠤᠨ ᠪᠠᠢ᠌ᠭᠤᠯᠤᠯᠳᠠ ᠵᠡᠷᠬᠡ ᠵᠢ ᠪᠠᠢ᠌ᠷᠢᠯᠠᠭᠤᠯᠪᠠ
ᠰᠢ ᠵᠢᠨ ᠫᠢᠩ ᠭᠤᠸᠠᠩᠰᠢ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠦᠵᠡᠯ ᠰᠠᠨᠠᠭ᠎ᠠ᠎ᠪᠠᠨ ᠴᠢᠯᠥᠭᠡᠯᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠦᠷᠯᠢᠭ ᠰᠠᠶ᠋ᠢᠬᠠᠨ ᠭᠤᠸᠠᠩᠰᠢ ᠵᠢ ᠪᠦᠳᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠳᠤᠮᠳᠠᠳᠤ ᠤᠯᠤᠰ᠎ᠤᠨ ᠣᠭᠲᠠᠷᠭᠤᠢ ᠵᠢᠨ ᠦᠷᠳᠡᠬᠡ ᠵᠢᠨ ᠲᠢᠶᠠᠠ ᠡᡁᠸ ᠭᠣᠣᠯ ᠦᠷᠦᠬᠡ ᠵᠢ ᠬᠠᠷᠪᠤᠬᠤ ᠡᠭᠦᠷᠭᠡ ᠠᠮᠵᠢᠯᠲᠠ᠎ᠲᠠᠢ ᠶᠠᠪᠤᠭᠳᠠᠪᠠ
 
            