ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ᠎ᠤᠨ 《ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ》 ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄ 2021-04-28

ᠰᠢ ᠵᠢᠨ ᠫᠢᠩ᠎ᠤᠨ 《ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ》 ᠳᠡᠭᠡᠷᠡᠬᠢ ᠶᠠᠷᠢᠶ᠎ᠠ
      ᠬᠥᠮᠦᠨ ᠪᠠ ᠪᠠᠶ᠋ᠢᠭ᠋ᠠᠯᠢ ᠵᠢᠨ ᠠᠮᠢ ᠨᠠᠰᠤᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠪᠠᠶ᠋ᠢᠭᠤᠯᠤᠶ᠎ᠠ
          — 《ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ》 ᠳᠡᠭᠡᠷᠡᠬᠢ ᠶᠠᠷᠢᠶ᠎ᠠ
            (2021 ᠣᠨ᠎ᠤ 4 ᠳ᠋ᠦ᠍ᠭᠡᠷ ᠰᠠᠷ᠎ᠠ ᠵᠢᠨ 22᠎ᠤᠨ ᠡᠳᠦᠷ᠂ ᠪᠡᠭᠡᠵᠢᠩ)
          ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ   ᠰᠢ ᠵᠢᠨ ᠫᠢᠩ
ᠬᠦᠨᠳᠦᠲᠦ ᠶᠡᠷᠦᠩᠬᠡᠶ᠋ᠢᠯᠡᠭᠴᠢ ᠪᠠᠶ᠋ᠢᠳ᠋ᠸᠨ᠂
ᠬᠦᠨᠳᠦᠲᠦ ᠬᠠᠮᠲᠤ ᠠᠵᠢᠯᠯᠠᠭᠰᠠᠳ ᠡ᠄
     《ᠳᠡᠯᠡᠬᠡᠢ ᠵᠢᠨ ᠪᠥᠮᠪᠥᠷᠴᠡᠭ᠎ᠤᠨ ᠡᠳᠦᠷ》 ᠬᠦᠷᠴᠦ ᠢᠷᠡᠬᠦ ᠲᠠᠰᠢᠷᠠᠮ ᠵᠶ᠋ᠠᠷ ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ᠎ᠳᠤ ᠣᠷᠣᠯᠴᠠᠬᠤ ᠪᠣᠯᠤᠭᠰᠠᠨ᠎ᠳᠤ᠎ᠪᠠᠨ ᠮᠠᠰᠢ ᠪᠠᠶᠠᠷ᠎ᠲᠠᠢ ᠪᠠᠶ᠋ᠢᠨ᠎ᠠ᠂ ᠡᠭᠦᠨ᠎ᠳᠤ ᠶᠡᠷᠦᠩᠬᠡᠶ᠋ᠢᠯᠡᠭᠴᠢ ᠪᠠᠶ᠋ᠢᠳ᠋ᠸᠨ᠎ᠤ ᠤᠷᠢᠯᠭ᠎ᠠ᠎ᠳᠤ ᠭᠦᠨ ᠲᠠᠯᠠᠷᠬᠠᠵᠤ ᠪᠠᠶ᠋ᠢᠨ᠎ᠠ᠃ ᠡᠨᠡ ᠲᠠᠰᠢᠷᠠᠮ ᠵᠶ᠋ᠠᠷ᠂ ᠪᠢ ᠳᠤᠷᠠᠲᠠᠶ᠎ᠠ ᠲᠠ ᠤᠯᠠᠨ᠎ᠲᠠᠢ ᠬᠠᠮᠲᠤ ᠠᠭᠤᠷ ᠠᠮᠢᠰᠬᠤᠯ᠎ᠤᠨ ᠬᠤᠪᠢᠷᠠᠯᠲᠠ ᠵᠢᠨ ᠠᠰᠠᠭᠤᠳᠠᠯ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠥᠷᠢᠰᠥᠯᠳᠦᠭᠡᠨ᠎ᠢ ᠠᠷᠭ᠋ᠠᠴᠠᠭ᠋ᠠᠬᠤ ᠠᠷᠭ᠎ᠠ ᠪᠤᠳᠤᠯᠭ᠎ᠠ ᠵᠢ ᠬᠠᠮᠲᠤ᠎ᠪᠠᠷ ᠵᠥᠪᠳᠡᠯᠴᠡᠵᠦ᠂ ᠬᠥᠮᠦᠨ ᠪᠠ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠠᠮ᠎ᠢ ᠬᠠᠮᠲᠤ᠎ᠪᠠᠷ ᠰᠦᠪᠡᠭᠴᠢᠯᠡᠨ᠎ᠡ᠃
      ᠬᠥᠮᠦᠨ ᠲᠥᠷᠥᠯᠬᠢᠲᠡᠨ ᠠᠵᠤ ᠦᠢ᠍ᠯᠡᠳᠪᠦᠷᠢ ᠵᠢᠨ ᠪᠣᠯᠪᠠᠰᠤᠨ᠎ᠤ ᠴᠠᠭ ᠦᠶ᠎ᠡ᠎ᠳᠤ ᠤᠷᠤᠭᠰᠠᠨ᠎ᠠᠴᠠ ᠨᠠᠭ᠋ᠠᠰᠢ᠂ ᠯᠤᠲᠤ ᠶᠡᠬᠡ ᠪᠣᠳᠠᠰ᠎ᠤᠨ ᠡᠳ᠋ ᠪᠠᠶᠠᠯᠢᠭ᠎ᠢ ᠡᠭᠦᠳᠦᠨ ᠪᠦᠲᠦᠭᠡᠭᠰᠡᠨ᠎ᠤ ᠬᠠᠮᠲᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠴᠦᠯᠪᠡᠨ ᠠᠪᠬᠤ ᠶᠠᠪᠤᠳᠠᠯ᠎ᠢ ᠲᠦᠷᠭᠡᠳᠬᠡᠵᠦ᠂ ᠳᠡᠯᠡᠬᠡᠶ ᠵᠢᠨ ᠪᠥᠮᠪᠥᠷᠴᠡᠭ᠎ᠤᠨ ᠠᠮᠢ ᠠᠬᠤᠶ ᠵᠢᠨ ᠰᠢᠰᠲ᠋ᠧᠮ᠎ᠤᠨ ᠲᠡᠩᠴᠡᠭᠦᠷᠢ ᠵᠢ ᠡᠪᠳᠡᠵᠦ᠂ ᠬᠥᠮᠦᠨ ᠪᠠ ᠪᠠᠶ᠋ᠢᠭ᠋ᠠᠯᠢ ᠵᠢᠨ ᠭᠦᠨ ᠳᠠᠪᠬᠤᠷᠭ᠎ᠠ ᠵᠢᠨ ᠵᠥᠷᠢᠴᠡᠯ ᠡᠳᠦᠷ ᠢᠷᠡᠬᠦᠶ᠎ᠡ ᠢᠯᠡᠷᠬᠡᠢ ᠪᠣᠯᠵᠤ ᠪᠣᠢ᠃ ᠤᠢ᠍ᠢ᠍ᠷ᠎ᠠ ᠵᠢᠨ ᠵᠢᠯ᠎ᠤᠳ᠎ᠲᠤ᠂ ᠠᠭᠤᠷ ᠠᠮᠢᠰᠬᠤᠯ ᠬᠣᠪᠢᠷᠠᠵᠤ᠂ ᠠᠮᠢᠳᠤ ᠪᠣᠳᠠᠰ ᠤᠯᠠᠨ ᠶᠠᠩᠵᠤᠲᠤ ᠴᠢᠨᠠᠷ ᠵᠶ᠋ᠠᠨ ᠠᠯᠳᠠᠵᠤ᠂ ᠴᠦᠯᠡᠷᠬᠡᠭᠵᠢᠯ ᠶᠠᠪᠤᠬᠤ ᠳᠤᠲᠤᠮ ᠰᠢᠷᠦᠭᠦᠰᠴᠦ᠂ ᠲᠤᠶ᠋ᠢᠯ᠎ᠤᠨ ᠠᠭᠤᠷ ᠠᠮᠢᠰᠬᠤᠯ᠎ᠤᠨ ᠬᠡᠷᠡᠭ ᠣᠯᠠᠨᠲᠠ ᠡᠭᠦᠰᠴᠦ᠂ ᠬᠥᠮᠦᠨ ᠲᠥᠷᠥᠯᠬᠢᠲᠡᠨ᠎ᠤ ᠣᠷᠣᠰᠢᠨ ᠲᠣᠭᠲᠠᠨᠢᠬᠤ ᠪᠠ ᠬᠥᠭᠵᠢᠬᠦ᠎ᠳᠤ ᠬᠦᠨᠳᠦ ᠬᠡᠴᠡᠭᠦᠦ ᠥᠷᠢᠰᠥᠯᠳᠦᠭᠡᠨ᠎ᠢ ᠠᠪᠴᠢᠷᠠᠭᠰᠠᠨ ᠪᠠᠶ᠋ᠢᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠦᠷᠭᠦᠯᠵᠢᠯᠡᠨ ᠥᠷᠪᠢᠰᠦᠨ ᠳᠡᠯᠭᠡᠷᠡᠵᠦ᠂ ᠡᠯ᠎ᠡ ᠤᠯᠤᠰ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠤᠯᠠᠮ ᠬᠡᠴᠡᠭᠦᠳᠡᠭᠦᠯᠵᠦ ᠪᠠᠢ᠌ᠨ᠎ᠠ᠃ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠵᠠᠰᠠᠯᠲᠠ ᠵᠢᠨ ᠤᠷᠢᠳᠤ ᠡᠮᠦᠨ᠎ᠡ ᠪᠠᠶ᠋ᠢᠭ᠎ᠠ ᠦᠭᠡᠢ ᠬᠦᠴᠢᠷ ᠪᠡᠷᠬᠡᠰᠢᠶᠡᠯ᠎ᠤᠨ ᠡᠮᠦᠨ᠎ᠡ᠂ ᠳᠡᠯᠡᠬᠡᠢ ᠨᠡᠶ᠋ᠢᠭᠡᠮ ᠵᠶ᠋ᠠᠷ ᠵᠶ᠋ᠠᠨ ᠤᠷᠢᠳᠤ ᠡᠮᠦᠨ᠎ᠡ ᠪᠠᠶ᠋ᠢᠭ᠎ᠠ ᠦᠭᠡᠢ ᠠᠤᠭ᠎ᠠ ᠵᠣᠷᠢᠭ ᠪᠣᠯᠤᠨ ᠦᠢ᠍ᠯᠡ ᠠᠵᠢᠯᠯᠠᠭ᠎ᠠ᠎ᠪᠠᠷ ᠵᠶ᠋ᠠᠨ ᠬᠠᠷᠢᠭᠤᠴᠠᠯᠭ᠎ᠠ ᠵᠢ ᠵᠣᠷᠢᠭᠲᠠᠢ ᠡᠭᠦᠷᠭᠡᠯᠡᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠥᠮᠦᠨ ᠪᠠ ᠪᠠᠶ᠋ᠢᠭ᠋ᠠᠯᠢ ᠵᠢᠨ ᠠᠮᠢ ᠨᠠᠰᠤᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠪᠠᠢ᠌ᠭᠤᠯᠪᠠᠯ ᠵᠣᠬᠢᠨ᠎ᠠ᠃
     — ᠬᠥᠮᠦᠨ ᠪᠠ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠪᠠᠷᠢᠮᠲᠠᠯᠠᠶ᠎ᠠ᠃ 《ᠲᠦᠮᠡᠨ ᠪᠣᠳᠠᠰ ᠥᠪᠡᠷ ᠥᠪᠡᠷ᠎ᠤᠨ ᠡᠶ᠎ᠡ ᠵᠤᠬᠢᠴᠠᠯ᠎ᠲᠠᠢ᠂ ᠥᠪᠡᠷ ᠥᠪᠡᠷ᠎ᠤᠨ ᠰᠢᠮ᠎ᠡ ᠬᠦᠷᠳᠡᠭᠡᠯ᠎ᠲᠠᠢ》᠃ ᠡᠬᠡ ᠪᠠᠶ᠋ᠢᠭ᠋ᠠᠯᠢ ᠪᠣᠯ ᠬᠥᠮᠦᠨ ᠲᠥᠷᠥᠯᠬᠢᠲᠡᠨ᠎ᠢ ᠪᠠᠭᠲᠠᠭ᠋ᠠᠭᠰᠠᠨ ᠠᠯᠢᠪᠠ ᠠᠮᠢᠳᠤ ᠪᠣᠳᠠᠰ᠎ᠤᠨ ᠥᠯᠥᠭᠡᠶ ᠮᠥᠨ᠂ ᠬᠥᠮᠦᠨ ᠲᠥᠷᠥᠯᠬᠢᠲᠡᠨ᠎ᠤ ᠣᠷᠣᠰᠢᠨ ᠲᠣᠭᠲᠠᠨᠢᠵᠤ ᠬᠥᠭᠵᠢᠬᠦ ᠵᠢᠨ ᠦᠨᠳᠦᠰᠦᠨ ᠨᠥᠬᠥᠴᠡᠯ ᠮᠥᠨ᠃ ᠡᠬᠡ ᠪᠠᠶ᠋ᠢᠭ᠋ᠠᠯᠢ ᠬᠥᠮᠦᠨ ᠲᠥᠷᠥᠯᠬᠢᠲᠡᠨ᠎ᠢ ᠪᠣᠶ᠋ᠢᠵᠢᠭᠤᠯᠤᠨ ᠲᠡᠵᠢᠭᠡᠵᠦ ᠪᠠᠶ᠋ᠢᠭ᠎ᠠ ᠪᠣᠯᠬᠣᠷ ᠬᠥᠮᠦᠨ ᠲᠥᠷᠥᠯᠬᠢᠲᠡᠨ ᠪᠠᠶ᠋ᠢᠭ᠋ᠠᠯᠢ᠎ᠪᠠᠷ ᠦᠨᠳᠦᠰᠦ ᠪᠣᠯᠭ᠋ᠠᠨ᠂ ᠪᠠᠶ᠋ᠢᠭ᠋ᠠᠯᠢ ᠵᠢ ᠬᠦᠨᠳᠦᠳᠬᠡᠵᠦ᠂ ᠪᠠᠶ᠋ᠢᠭ᠋ᠠᠯᠢ᠎ᠲᠠᠢ ᠵᠣᠬᠢᠴᠠᠵᠤ᠂ ᠪᠠᠶ᠋ᠢᠭ᠋ᠠᠯᠢ ᠵᠢ ᠬᠠᠮᠠᠭ᠋ᠠᠯᠠᠪᠠᠯ ᠵᠣᠬᠢᠨ᠎ᠠ᠃ ᠪᠠᠶ᠋ᠢᠭ᠋ᠠᠯᠢ ᠵᠢ ᠬᠦᠨᠳᠦᠳᠬᠡᠬᠦ ᠦᠭᠡᠢ᠂ ᠪᠠᠶ᠋ᠢᠭ᠋ᠠᠯᠢ ᠵᠢᠨ ᠵᠢᠮ᠎ᠡ ᠶᠣᠰᠣ᠎ᠠᠴᠠ ᠵᠥᠷᠢᠴᠡᠪᠡᠯ ᠠᠶᠠᠨᠳᠠᠭ᠋ᠠᠨ ᠪᠠᠢ᠌ᠭ᠋ᠠᠯᠢ ᠶᠢᠷᠲᠢᠨᠴᠦ ᠵᠢᠨ ᠰᠢᠢ᠍ᠳᠬᠡᠯ᠎ᠢ ᠣᠯᠣᠨ᠎ᠠ᠃ ᠪᠠᠶ᠋ᠢᠭ᠋ᠠᠯᠢ ᠬᠡᠷᠪᠡ ᠰᠢᠰᠲ᠋ᠧᠮ᠎ᠤᠨ ᠴᠢᠨᠠᠷᠲᠠᠶ ᠡᠪᠳᠡᠯᠡᠭᠡ᠎ᠳᠤ ᠤᠴᠠᠷᠠᠪᠠᠯ᠂ ᠬᠥᠮᠦᠨ ᠲᠥᠷᠥᠯᠬᠢᠲᠡᠨ᠎ᠤ ᠣᠷᠣᠰᠢᠨ ᠲᠣᠭᠲᠠᠨᠢᠵᠤ ᠬᠥᠭᠵᠢᠬᠦ᠎ᠨᠢ ᠳᠠᠷᠤᠶ ᠡᠬᠢ ᠦᠭᠡᠢ ᠤᠰᠤ᠂ ᠦᠨᠳᠦᠰᠦ ᠦᠭᠡᠢ ᠮᠣᠳᠣ ᠪᠣᠯᠤᠭᠰᠠᠨ᠎ᠲᠠᠢ ᠠᠳᠠᠯᠢ ᠪᠣᠯᠳᠠᠭ᠃ ᠪᠢᠳᠡ ᠨᠢᠳᠦᠨ᠎ᠤ ᠴᠡᠴᠡᠭᠡᠢ᠎ᠪᠠᠨ ᠬᠠᠮᠠᠭ᠋ᠠᠯᠠᠬᠤ᠎ᠲᠠᠢ ᠠᠳᠠᠯᠢ᠎ᠪᠠᠷ ᠪᠠᠶ᠋ᠢᠭ᠋ᠠᠯᠢ ᠪᠣᠯᠤᠨ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠵᠤ᠂ ᠬᠥᠮᠦᠨ ᠪᠠ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠰᠢᠨ᠎ᠡ ᠪᠠᠶ᠋ᠢᠷᠢᠰᠢᠯ᠎ᠢ ᠪᠦᠷᠢᠯᠳᠦᠭᠦᠯᠬᠦ ᠵᠢ ᠠᠬᠢᠭᠤᠯᠬᠤ ᠬᠡᠷᠡᠭᠲᠡᠢ᠃
     — ᠪᠣᠬᠢᠷᠲᠤᠯ ᠦᠭᠡᠢ ᠬᠥᠭᠵᠢᠯᠲᠡ ᠵᠢ ᠪᠠᠷᠢᠮᠲᠠᠯᠠᠶ᠎ᠠ᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠳᠠ ᠮᠥᠩᠭᠥᠨ ᠠᠭᠤᠯᠠ ᠮᠥᠨ᠃ ᠠᠮᠢ ᠠᠬᠤᠶ ᠵᠢᠨ ᠣᠷᠴᠢᠨ ᠲᠤᠭᠤᠷᠢᠨ᠎ᠢ ᠬᠠᠮᠠᠭ᠋ᠠᠯᠠᠬᠤ ᠪᠣᠯ ᠳᠠᠷᠤᠶ ᠦᠢ᠍ᠯᠡᠳᠪᠦᠷᠢᠯᠡᠯ᠎ᠤᠨ ᠬᠦᠴᠦᠨ᠎ᠢ ᠬᠠᠮᠠᠭ᠋ᠠᠯᠠᠵᠤ ᠪᠠᠶ᠋ᠢᠭ᠎ᠠ ᠶᠠᠪᠤᠳᠠᠯ ᠮᠥᠨ᠂ ᠠᠮᠢ ᠠᠬᠤᠶ ᠵᠢᠨ ᠣᠷᠴᠢᠨ ᠲᠣᠭᠣᠷᠢᠨ᠎ᠢ ᠰᠠᠶ᠋ᠢᠵᠢᠷᠠᠭᠤᠯᠬᠤ ᠪᠣᠯ ᠳᠠᠷᠤᠶ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ ᠪᠠᠶ᠋ᠢᠭ᠎ᠠ ᠶᠠᠪᠤᠳᠠᠯ ᠮᠥᠨ᠂ ᠡᠨᠡ ᠪᠣᠯ ᠪᠣᠷᠣᠭᠵᠢᠭᠤᠨ ᠦᠨᠡᠨ ᠶᠣᠰᠣ ᠮᠥᠨ᠃ ᠪᠢᠳᠡ ᠠᠮᠢ ᠠᠬᠤᠢ ᠵᠢᠨ ᠣᠷᠴᠢᠨ ᠲᠣᠭᠣᠷᠢᠨ᠎ᠢ ᠬᠣᠬᠢᠷᠠᠭᠤᠯᠬᠤ ᠴᠢᠨᠠᠭᠰᠢᠯᠠᠪᠠᠯ ᠡᠪᠳᠡᠬᠦ ᠬᠥᠭᠵᠢᠯᠲᠡ ᠵᠢᠨ ᠵᠠᠭᠪᠤᠷ᠎ᠢ ᠲᠠᠶᠠᠭᠳᠠᠵᠤ᠂ ᠣᠷᠴᠢᠨ ᠲᠣᠭᠣᠷᠢᠨ᠎ᠢ ᠦᠷᠡᠭᠳᠡᠭᠦᠯᠵᠦ ᠪᠠᠶ᠋ᠢᠭ᠋ᠠᠳ ᠨᠢᠭᠡ ᠴᠠᠭ᠎ᠤᠨ ᠬᠥᠭᠵᠢᠯᠲᠡ ᠵᠢ ᠰᠣᠯᠢᠬᠤ ᠣᠬᠣᠷ ᠪᠣᠳᠣᠯ ᠬᠢᠳᠡᠯ᠎ᠢ ᠲᠠᠶᠠᠭᠳᠠᠬᠤ ᠬᠡᠷᠡᠭᠲᠡᠢ᠃ ᠤᠳᠤ ᠦᠶ᠎ᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢᠰᠬᠠᠯ ᠪᠣᠯᠤᠨ ᠠᠵᠤ ᠦᠢ᠍ᠯᠡᠰ᠎ᠤᠨ ᠬᠤᠪᠢᠰᠤᠯᠲᠠ ᠵᠢᠨ ᠶᠡᠬᠡ ᠴᠢᠭᠯᠡᠯ᠎ᠳᠤ ᠵᠣᠬᠢᠴᠠᠭᠤᠯᠵᠤ᠂ ᠪᠣᠬᠢᠷᠲᠤᠯ ᠦᠭᠡᠢ ᠬᠡᠯᠪᠡᠷᠢ ᠬᠣᠪᠢᠷᠠᠭᠤᠯᠤᠯᠲᠠ ᠵᠢᠨ ᠠᠪᠴᠢᠷᠠᠭᠰᠠᠨ ᠯᠤᠲᠤ ᠶᠡᠬᠡ ᠬᠥᠭᠵᠢᠯᠲᠡ ᠵᠢᠨ ᠠᠵᠠ ᠲᠣᠬᠢᠶᠠᠯ᠎ᠢ ᠡᠵᠡᠮᠳᠡᠵᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠵᠤ᠂ ᠠᠵᠤ ᠠᠬᠤᠢ᠂ ᠡᠨᠧᠷᠭᠢ᠂ ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠶᠡᠬᠡ᠎ᠪᠠᠷ ᠠᠬᠢᠭᠤᠯᠵᠤ᠂ ᠰᠠᠢ᠍ᠢ᠍ᠨ ᠰᠠᠶ᠋ᠢᠬᠠᠨ ᠠᠮᠢ ᠠᠬᠤᠢ ᠵᠢᠨ ᠣᠷᠴᠢᠨ ᠲᠣᠭᠣᠷᠢᠨ ᠵᠶ᠋ᠡᠷ ᠪᠦᠬᠦ ᠪᠥᠮᠪᠥᠷᠴᠡᠭ᠎ᠤᠨ ᠠᠵᠤ ᠠᠬᠤᠢ ᠨᠡᠶ᠋ᠢᠭᠡᠮ᠎ᠤᠨ ᠦᠷᠭᠦᠯᠵᠢᠯᠡᠬᠦᠢ᠌ᠴᠡ ᠬᠥᠭᠵᠢᠯᠲᠡ ᠵᠢᠨ ᠲᠤᠯᠭ᠋ᠠᠭᠤᠷᠢᠯᠠᠯ ᠪᠣᠯᠭ᠋ᠠᠬᠤ ᠬᠡᠷᠡᠭᠲᠡᠢ᠃
     — ᠰᠢᠰᠲ᠋ᠧᠮ᠎ᠲᠠᠢ᠎ᠪᠠᠷ ᠵᠠᠰᠠᠬᠤ ᠵᠢ ᠪᠠᠷᠢᠮᠲᠠᠯᠠᠶ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠪᠣᠯ ᠰᠠᠯᠵᠤ ᠪᠣᠯᠤᠰᠢ ᠦᠬᠡᠢ ᠠᠮᠢ ᠠᠬᠤᠶ ᠵᠢᠨ ᠰᠢᠰᠲ᠋ᠧᠮ ᠮᠥᠨ᠃ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ᠎ᠳᠤ ᠲᠣᠯᠣᠭ᠋ᠠᠶ ᠡᠪᠡᠳᠪᠡᠯ ᠲᠣᠯᠣᠭ᠋ᠠᠶ ᠵᠢ᠎ᠨᠢ ᠡᠮᠨᠡᠵᠦ᠂ ᠬᠦᠯ ᠡᠪᠡᠳᠪᠡᠯ ᠬᠦᠯ᠎ᠢ᠎ᠨᠢ ᠡᠮᠨᠡᠬᠦ ᠠᠷᠭ᠎ᠠ ᠵᠢ ᠬᠡᠷᠡᠭᠯᠡᠵᠦ ᠪᠣᠯᠬᠤ ᠦᠭᠡᠢ᠃ ᠪᠢᠳᠡ ᠠᠮᠢ ᠠᠬᠤᠶ ᠵᠢᠨ ᠰᠢᠰᠲ᠋ᠧᠮ᠎ᠤᠨ ᠳᠣᠲᠣᠭ᠋ᠠᠳᠤ ᠵᠢᠮ᠎ᠡ ᠶᠣᠰᠣ ᠵᠢ ᠦᠨᠳᠦᠰᠦᠯᠡᠨ᠂ ᠪᠠᠶ᠋ᠢᠭ᠋ᠠᠯᠢ ᠠᠮᠢ ᠠᠬᠤᠶ ᠵᠢᠨ ᠡᠯ᠎ᠡ ᠴᠢᠬᠤᠯᠠ ᠬᠦᠴᠦᠨ ᠵᠦᠢ᠍ᠯ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠡᠭᠦᠨ᠎ᠤ ᠤᠯᠠᠮ᠎ᠠᠴᠠ ᠠᠮᠢ ᠠᠬᠤᠶ ᠵᠢᠨ ᠰᠢᠰᠲ᠋ᠧᠮ᠎ᠤᠨ ᠣᠷᠴᠢᠯ᠎ᠤᠨ ᠴᠢᠳᠠᠪᠤᠷᠢ ᠵᠢ ᠨᠡᠮᠡᠭᠳᠡᠭᠦᠯᠬᠦ ᠪᠠ ᠠᠮᠢ ᠠᠬᠤᠶ ᠵᠢᠨ ᠲᠡᠩᠴᠡᠭᠦᠷᠢ ᠵᠢ ᠬᠠᠮᠠᠭ᠋ᠠᠯᠠᠬᠤ ᠬᠠᠷᠠᠯᠲᠠ᠎ᠳᠤ ᠬᠦᠷᠬᠦ ᠬᠡᠷᠡᠭᠲᠡᠶ᠃
     — ᠬᠥᠮᠦᠨ ᠵᠶ᠋ᠠᠷ ᠦᠨᠳᠦᠰᠦ ᠪᠣᠯᠭ᠋ᠠᠬᠤ ᠵᠢ ᠪᠠᠷᠢᠮᠲᠠᠯᠠᠶ᠎ᠠ᠃ ᠠᠮᠢ ᠠᠬᠤᠶ ᠵᠢᠨ ᠣᠷᠴᠢᠨ ᠲᠣᠭᠣᠷᠢᠨ᠎ᠨᠢ ᠡᠯ᠎ᠡ ᠤᠯᠤᠰ᠎ᠤᠨ ᠠᠷᠠᠳ ᠲᠦᠮᠡᠨ᠎ᠤ ᠪᠤᠶᠠᠨ ᠵᠢᠷᠭ᠋ᠠᠯ᠎ᠲᠠᠢ ᠬᠣᠯᠪᠣᠭᠳᠠᠵᠤ᠂ ᠪᠢᠳᠡ ᠡᠷᠬᠡᠪᠰᠢ ᠡᠯ᠎ᠡ ᠤᠯᠤᠰ᠎ᠤᠨ ᠠᠷᠠᠳ ᠲᠦᠮᠡᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠂ ᠰᠢᠯᠢᠳᠡᠭ ᠰᠠᠢ᠍ᠢ᠍ᠨ ᠣᠷᠴᠢᠨ ᠲᠣᠭᠣᠷᠢᠨ᠎ᠤ ᠲᠤᠬᠠᠢ ᠬᠦᠰᠡᠯ ᠡᠷᠡᠮᠡᠯᠵᠡᠯ᠂ ᠦᠷ᠎ᠡ ᠬᠣᠶ᠋ᠢᠴᠢᠰ᠎ᠲᠤ᠎ᠪᠠᠨ ᠬᠠᠷᠢᠭᠤᠴᠠᠬᠤ ᠬᠠᠷᠢᠭᠤᠴᠠᠯᠭ᠎ᠠ ᠵᠢ ᠭᠦᠢ᠍ᠴᠡᠳ ᠪᠣᠳᠣᠯᠬᠢᠯᠠᠵᠤ᠂ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠠᠵᠤ ᠠᠬᠤᠢ ᠵᠢ ᠬᠥᠭᠵᠢᠭᠦᠯᠬᠦ᠂ ᠠᠵᠢᠯ ᠣᠯᠭᠣᠬᠤ ᠨᠥᠬᠥᠴᠡᠯ᠎ᠢ ᠡᠭᠦᠳᠬᠦ᠂ ᠶᠠᠳᠠᠭᠤ ᠬᠦᠴᠢᠷᠳᠡᠯ᠎ᠢ ᠠᠷᠢᠯᠭ᠋ᠠᠬᠤ ᠵᠡᠷᠭᠡ ᠵᠢ ᠵᠣᠬᠢᠴᠠᠭᠤᠯᠤᠨ ᠦᠷ᠎ᠡ ᠠᠰᠢᠭ᠎ᠤᠨ ᠨᠡᠮᠡᠭᠳᠡᠯ᠎ᠢ ᠰᠦᠪᠡᠭᠴᠢᠯᠡᠵᠦ᠂ ᠪᠣᠬᠢᠷᠲᠤᠯ ᠦᠭᠡᠢ᠎ᠪᠠᠷ ᠬᠡᠯᠪᠡᠷᠢ ᠵᠶ᠋ᠠᠨ ᠬᠤᠪᠢᠷᠠᠭᠤᠯᠬᠤ ᠶᠠᠪᠤᠴᠠ᠎ᠳᠤ ᠨᠡᠶ᠋ᠢᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠴᠢᠷᠮᠠᠶ᠋ᠢᠨ ᠪᠡᠶᠡᠯᠡᠭᠦᠯᠵᠦ᠂ ᠡᠯ᠎ᠡ ᠤᠯᠤᠰ᠎ᠤᠨ ᠠᠷᠠᠳ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠨᠡᠮᠡᠭᠳᠡᠭᠦᠯᠬᠦ ᠬᠡᠷᠡᠭᠲᠡᠢ᠃
     — ᠤᠯᠠᠨ ᠲᠠᠯᠠᠲᠤ ᠦᠵᠡᠯ᠎ᠢ ᠪᠠᠷᠢᠮᠲᠠᠯᠠᠶ᠎ᠠ᠃ ᠪᠢᠳᠡ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭ᠋ᠠᠬᠤ᠂ ᠲᠥᠪ ᠭᠣᠣᠯᠴᠢ ᠰᠢᠳᠤᠷᠭᠤ ᠶᠣᠰᠣ᠎ᠪᠠᠷ ᠭᠣᠣᠯ ᠵᠣᠷᠢᠯᠲᠠ ᠪᠣᠯᠭ᠋ᠠᠬᠤ᠂ ᠪᠦᠲᠦᠮᠵᠢᠲᠡᠢ ᠠᠵᠢᠯᠯᠠᠭ᠎ᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠎ᠪᠠᠷ ᠭᠣᠣᠯ ᠪᠣᠯᠭ᠋ᠠᠭᠰᠠᠨ ᠤᠯᠠᠨ ᠤᠯᠤᠰ᠎ᠤᠨ ᠲᠣᠭᠲᠠᠯᠴᠠᠭ᠎ᠠ ᠵᠢ ᠬᠠᠮᠠᠭ᠋ᠠᠯᠠᠨ᠂ 《ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠳᠦᠭᠦᠪᠴᠢ ᠨᠡᠶ᠋ᠢᠲᠡ ᠵᠢᠨ ᠭᠡᠷ᠎ᠡ》 ᠵᠢᠴᠢ 《ᠫᠠᠷᠢᠰ᠎ᠤᠨ ᠬᠡᠯᠡᠯᠴᠡᠭᠡᠷ》᠎ᠤᠨ ᠬᠠᠷᠠᠯᠲᠠ ᠪᠠ ᠵᠠᠷᠴᠢᠮ᠎ᠢ ᠵᠢᠷᠤᠮᠯᠠᠵᠤ᠂ 2030 ᠣᠨ᠎ᠤ ᠦᠷᠭᠦᠯᠵᠢᠯᠡᠬᠦᠢ᠌ᠴᠡ ᠬᠥᠭᠵᠢᠯᠲᠡ ᠵᠢᠨ ᠵᠥᠪᠯᠡᠬᠦ ᠵᠦᠢ᠍ᠯ᠎ᠢ ᠴᠢᠷᠮᠠᠶ᠋ᠢᠨ ᠨᠠᠶ᠋ᠢᠳᠠᠪᠤᠷᠢᠵᠢᠭᠤᠯᠬᠤ ᠬᠡᠷᠡᠭᠲᠡᠢ; ᠲᠤᠰ ᠪᠡᠶ᠎ᠡ ᠵᠢᠨ ᠠᠵᠢᠯᠯᠠᠭ᠎ᠠ᠎ᠪᠠᠨ ᠴᠢᠩᠭ᠋ᠠᠳᠬᠠᠵᠤ᠂ ᠬᠠᠨᠢᠲᠠᠨ᠎ᠤ ᠬᠠᠷᠢᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠠᠮᠲᠤᠷᠠᠯᠴᠠᠬᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠵᠦ᠂ ᠪᠦᠬᠦ ᠪᠥᠮᠪᠥᠷᠴᠡᠭ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠠᠭ᠋ᠠᠷᠮᠠᠭᠵᠢᠭᠤᠯᠬᠤ ᠵᠢ ᠪᠡᠶᠡᠯᠡᠭᠦᠯᠬᠦ   ᠰᠢᠨ᠎ᠡ ᠠᠶᠠᠨ ᠵᠠᠮ᠎ᠳᠤ ᠬᠠᠷᠢᠯᠴᠠᠨ ᠰᠤᠷᠤᠯᠴᠠᠨ ᠬᠠᠷᠢᠯᠴᠠᠨ ᠲᠤᠯᠢ ᠪᠣᠯᠭ᠋ᠠᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠲᠡᠶ᠎ᠡ᠃ ᠭᠠᠷ ᠭᠠᠷ ᠵᠶ᠋ᠠᠨ ᠬᠣᠯᠪᠣᠯᠴᠠᠨ ᠬᠠᠮᠲᠤᠷᠠᠯᠴᠠᠵᠤ᠂ ᠬᠠᠷᠢᠯᠴᠠᠨ ᠵᠢᠮᠡᠯᠡᠨ ᠪᠤᠷᠤᠭᠤᠰᠢᠶᠠᠬᠤ ᠦᠬᠡᠢ; ᠤᠷᠲᠤ ᠬᠤᠭᠤᠴᠠᠭ᠎ᠠ᠎ᠪᠠᠷ ᠴᠦᠬᠦᠷᠡᠰᠢ ᠦᠭᠡᠢ ᠪᠠᠷᠢᠮᠲᠠᠯᠠᠵᠤ᠂ ᠬᠠᠷᠠᠯᠲᠠ ᠵᠣᠷᠢᠯᠲᠠ᠎ᠪᠠᠨ ᠪᠠᠶ᠋ᠢᠨ ᠳᠠᠬᠢᠨ ᠬᠣᠪᠢᠷᠠᠭᠤᠯᠵᠤ ᠪᠣᠯᠬᠤ ᠦᠭᠡᠢ; ᠠᠮᠠᠯᠳᠠᠭᠰᠠᠨ᠎ᠳᠤ᠎ᠪᠠᠨ ᠬᠦᠷᠴᠦ᠂ ᠬᠡᠯᠡᠭᠰᠡᠨ᠎ᠳᠤ᠎ᠪᠠᠨ ᠰᠠᠭᠤᠬᠤ ᠦᠭᠡᠢ ᠪᠠᠶ᠋ᠢᠵᠤ ᠪᠣᠯᠬᠤ ᠦᠭᠡᠢ᠃
      ᠠᠮᠧᠷᠢᠺᠠ ᠵᠢᠨ ᠲᠠᠯ᠎ᠠ ᠵᠢᠨ᠎ᠬᠢᠨ᠎ᠤ ᠤᠯᠠᠨ ᠲᠠᠯᠠᠲᠤ ᠠᠭᠤᠷ ᠠᠮᠢᠰᠬᠤᠯ᠎ᠤᠨ ᠵᠠᠰᠠᠯᠲᠠ ᠵᠢᠨ ᠠᠬᠢᠴᠠ᠎ᠳᠤ ᠪᠤᠴᠠᠨ ᠢᠷᠡᠭᠰᠡᠨ᠎ᠢ ᠳᠤᠮᠳᠠᠳᠤ ᠵᠢᠨ᠎ᠬᠢᠨ ᠪᠠᠶᠠᠷᠯᠠᠨ ᠤᠭᠲᠤᠵᠤ ᠪᠠᠢ᠌ᠨ᠎ᠠ᠃ ᠳᠤᠮᠳᠠᠳᠤ ᠠᠮᠧᠷᠢᠺᠠ ᠰᠠᠶᠢᠬᠠᠨ 《ᠠᠭᠤᠷ ᠠᠮᠢᠰᠬᠤᠯ᠎ᠤᠨ ᠬᠢᠮᠤᠷᠠᠯ᠎ᠢ ᠠᠷᠭ᠋ᠠᠴᠠᠭ᠋ᠠᠬᠤ ᠬᠠᠮᠲᠤᠷᠠᠭᠰᠠᠨ ᠢᠯᠡᠷᠬᠡᠶ᠋ᠢᠯᠡᠯᠲᠡ》 ᠵᠢ ᠬᠠᠮᠲᠤ᠎ᠪᠠᠷ ᠨᠡᠶ᠋ᠢᠲᠡᠯᠡᠪᠡ᠂ ᠠᠮᠧᠷᠢᠺᠠ ᠵᠢ ᠪᠠᠭᠲᠠᠭ᠋ᠠᠭᠰᠠᠨ ᠳᠡᠯᠡᠬᠡᠢ ᠨᠡᠶ᠋ᠢᠭᠡᠮ᠎ᠲᠠᠢ ᠬᠠᠮᠲᠤ᠎ᠪᠠᠷ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠵᠠᠰᠠᠯᠲᠠ ᠵᠢ ᠠᠬᠢᠭᠤᠯᠬᠤ ᠵᠢᠨ ᠲᠥᠯᠥᠭᠡ ᠴᠢᠷᠮᠠᠶ᠋ᠢᠬᠤ ᠵᠢ ᠳᠤᠮᠳᠠᠳᠤ ᠵᠢᠨ᠎ᠬᠢᠨ ᠬᠦᠰᠡᠵᠦ ᠪᠠᠶ᠋ᠢᠨ᠎ᠠ᠃
     — ᠬᠠᠮᠲᠤ ᠵᠢᠨ ᠪᠣᠯᠪᠠᠴᠤ ᠢᠯᠭ᠋ᠠᠭ᠎ᠠ᠎ᠲᠠᠢ ᠪᠠᠶ᠋ᠢᠬᠤ ᠬᠠᠷᠢᠭᠤᠴᠠᠯᠭ᠎ᠠ ᠵᠢᠨ ᠵᠠᠷᠴᠢᠮ᠎ᠢ ᠪᠠᠷᠢᠮᠲᠠᠯᠠᠶ᠎ᠠ᠃ ᠬᠠᠮᠲᠤ ᠵᠢᠨ ᠪᠣᠯᠪᠠᠴᠤ ᠢᠯᠭ᠋ᠠᠭ᠎ᠠ᠎ᠲᠠᠢ ᠪᠠᠢ᠌ᠬᠤ ᠬᠠᠷᠢᠭᠤᠴᠠᠯᠭ᠎ᠠ ᠵᠢᠨ ᠵᠠᠷᠴᠢᠮ ᠪᠣᠯ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠰᠠᠭᠤᠷᠢ ᠮᠥᠨ᠃ ᠬᠥᠭᠵᠢᠵᠦ ᠪᠠᠶ᠋ᠢᠭ᠎ᠠ ᠤᠯᠤᠰ᠎ᠤᠳ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ᠂ ᠠᠵᠤ ᠠᠬᠤᠶ᠎ᠪᠠᠨ ᠬᠥᠭᠵᠢᠭᠦᠯᠬᠦ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠡᠷᠭᠡ ᠤᠯᠠᠨ ᠳᠠᠪᠬᠤᠷ ᠥᠷᠢᠰᠦᠯᠳᠦᠭᠡᠨ᠎ᠳᠤ ᠲᠤᠯᠭ᠋ᠠᠷᠠᠵᠤ ᠪᠠᠶ᠋ᠢᠨ᠎ᠠ᠃ ᠪᠢᠳᠡ ᠬᠥᠭᠵᠢᠵᠦ ᠪᠠᠶ᠋ᠢᠭ᠎ᠠ ᠤᠯᠤᠰ᠎ᠤᠳ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠳᠤ ᠦᠵᠡᠭᠦᠯᠦᠭᠰᠡᠨ ᠬᠤᠪᠢ ᠨᠡᠮᠡᠷᠢ ᠵᠢ ᠭᠦᠢ᠍ᠴᠡᠳ ᠨᠤᠲᠠᠯᠠᠵᠤ᠂ ᠲᠡᠳᠡᠨ᠎ᠤ ᠣᠨᠴᠠᠭ᠋ᠠᠶ ᠬᠦᠴᠢᠷᠳᠡᠯ ᠪᠠ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠢ ᠬᠠᠷᠠᠭ᠋ᠠᠯᠵᠠᠬᠤ ᠬᠡᠷᠡᠭᠲᠡᠶ᠃ ᠬᠥᠭᠵᠢᠭᠰᠡᠨ ᠤᠯᠤᠰ᠎ᠤᠳ ᠨᠡᠩ ᠶᠡᠬᠡ ᠠᠤᠭ᠎ᠠ ᠵᠣᠷᠢᠭ ᠪᠠ ᠦᠢ᠍ᠯᠡ ᠠᠵᠢᠯᠯᠠᠭ᠎ᠠ᠎ᠪᠠᠨ ᠢᠯᠡᠷᠡᠭᠦᠯᠬᠦ ᠵᠢᠨ ᠬᠠᠮᠲᠤ ᠬᠥᠭᠵᠢᠵᠦ ᠪᠠᠶ᠋ᠢᠭ᠎ᠠ ᠤᠯᠤᠰ᠎ᠤᠳ᠎ᠢ ᠦᠨᠡᠨ ᠬᠦ᠌ ᠬᠠᠪᠰᠤᠷᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠴᠢᠳᠠᠪᠤᠷᠢ ᠪᠠ ᠤᠶᠠᠨ ᠬᠠᠳᠠᠨ ᠴᠢᠨᠠᠷ᠎ᠢ᠎ᠨᠢ ᠳᠡᠭᠡᠭᠰᠢᠯᠡᠭᠦᠯᠵᠦ᠂ ᠬᠥᠭᠵᠢᠵᠦ ᠪᠠᠶ᠋ᠢᠭ᠎ᠠ ᠤᠯᠤᠰ᠎ᠤᠳ᠎ᠲᠤ ᠪᠡᠯᠡ ᠮᠥᠩᠭᠥ᠂ ᠮᠡᠷᠭᠡᠵᠢᠯ᠂ ᠴᠢᠳᠠᠪᠤᠷᠢ ᠵᠢᠨ ᠪᠠᠶ᠋ᠢᠭᠤᠯᠤᠯᠲᠠ ᠵᠡᠷᠭᠡ ᠲᠠᠯ᠎ᠠ ᠵᠢᠨ ᠳᠡᠮᠵᠢᠯᠭᠡ ᠬᠠᠩᠭ᠋ᠠᠵᠤ᠂ ᠰᠠᠭ᠋ᠠᠳ ᠦᠭᠡᠢ ᠠᠷᠠᠯᠵᠢᠶᠠᠨ᠎ᠤ ᠪᠡᠬᠢᠯᠡᠯᠲᠡ ᠲᠣᠬᠢᠷᠠᠭᠤᠯᠬᠤ᠎ᠠᠴᠠ ᠵᠠᠶ᠋ᠢᠯᠠᠰᠬᠢᠵᠦ᠂ ᠲᠡᠳᠡᠨ᠎ᠢ ᠬᠠᠪᠰᠤᠷᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠬᠡᠯᠪᠡᠷᠢ ᠲᠡᠢ᠌ᠰᠢ ᠬᠤᠪᠢᠷᠠᠭᠤᠯᠬᠤ ᠵᠢ ᠲᠦᠷᠭᠡᠳᠬᠡᠬᠦ ᠬᠡᠷᠡᠭᠲᠡᠶ᠃
      ᠬᠠᠮᠲᠤ ᠠᠵᠢᠯᠯᠠᠭᠰᠠᠳ ᠡ!
      ᠳᠤᠮᠳᠠᠳᠤ ᠵᠢᠨ ᠰᠣᠶᠣᠯ ᠪᠣᠯᠪᠠᠰᠤᠨ᠎ᠨᠢ ᠲᠡᠦᠬᠡᠨ᠎ᠠᠴᠠ ᠠᠪᠤᠭ᠋ᠠᠳ ᠬᠥᠮᠥᠨ ᠪᠠᠢ᠌ᠭ᠋ᠠᠯᠢ ᠵᠢᠨ ᠨᠢᠭᠡᠲᠦᠯ᠂ ᠵᠦᠢ ᠶᠣᠰᠣ ᠪᠠ ᠪᠠᠶ᠋ᠢᠭ᠋ᠠᠯᠢ ᠵᠢᠨ ᠨᠢᠭᠡᠳᠦᠯ᠎ᠢ ᠡᠷᠬᠢᠮᠯᠡᠵᠦ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠡᠷᠬᠢᠮᠯᠡᠨ ᠬᠥᠭᠡᠭᠡᠴᠡᠯᠳᠦᠭᠰᠡᠭᠡᠷ ᠢᠷᠡᠭᠰᠡᠨ ᠶᠤᠮ᠃ ᠳᠤᠮᠳᠠᠳᠤ ᠤᠯᠤᠰ ᠠᠮᠢ ᠠᠬᠤᠶ ᠵᠢᠨ ᠪᠣᠯᠪᠠᠰᠤᠨ᠎ᠤ ᠣᠨᠣᠯᠵᠢᠬᠤᠨ ᠪᠠ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》᠎ᠳᠤ᠎ᠪᠠᠨ ᠪᠢᠴᠢᠨ ᠣᠷᠣᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠶᠡᠷᠦᠩᠬᠡᠶ ᠪᠠᠶ᠋ᠢᠷᠢᠯᠠᠭᠤᠯᠤᠯᠲᠠ᠎ᠳᠤ ᠣᠷᠣᠭᠤᠯᠪᠠ᠃ ᠳᠤᠮᠳᠠᠳᠤ ᠤᠯᠤᠰ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠣᠭᠣᠰᠢᠯᠠᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ ᠵᠢ ᠪᠣᠬᠢᠷᠲᠤᠯ ᠦᠭᠡᠢ᠎ᠪᠠᠷ ᠬᠡᠯᠪᠡᠷᠢ ᠬᠤᠪᠢᠷᠠᠭᠤᠯᠬᠤ᠎ᠪᠠᠷ ᠵᠢᠯᠤᠭᠤᠳᠤᠮᠵᠢ ᠪᠣᠯᠭ᠋ᠠᠵᠤ᠂ ᠪᠣᠬᠢᠷᠲᠤᠯ ᠦᠭᠡᠢ ᠡᠨᠧᠷᠭᠢ ᠵᠢᠨ ᠰᠤᠷᠪᠤᠯᠵᠢ ᠵᠢᠨ ᠳᠣᠣᠷ᠎ᠠ ᠨᠡᠭᠦᠷᠡᠰᠦᠳᠦ᠋ᠷᠦᠭᠴᠢᠲᠦ ᠬᠥᠭᠵᠢᠯᠲᠡ᠎ᠪᠠᠷ ᠵᠠᠩᠭᠢᠯᠠᠭ᠎ᠠ ᠪᠣᠯᠭ᠋ᠠᠵᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠨ᠂ ᠪᠣᠬᠢᠷᠲᠤᠯ ᠦᠭᠡᠢ ᠪᠥᠭᠡᠳ ᠳᠣᠣᠷ᠎ᠠ ᠨᠡᠭᠦᠷᠡᠰᠦᠳᠦ᠋ᠷᠦᠭᠴᠢᠲᠦ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ ᠪᠠᠢ᠌ᠨ᠎ᠠ᠃
      ᠨᠢᠳᠤᠨᠤᠨ ᠪᠢ ᠳᠤᠮᠳᠠᠳᠤ ᠤᠯᠤᠰ 2030 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠤᠷᠬᠢᠯ ᠬᠡᠮᠵᠢᠭᠳᠡᠯ᠎ᠠᠴᠠ ᠪᠠᠭᠤᠷᠠᠭᠤᠯᠬᠤ ᠵᠢ ᠪᠡᠶᠡᠯᠡᠭᠦᠯᠵᠦ᠂ 2060 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠠᠭ᠋ᠠᠷᠮᠠᠭᠵᠢᠭᠤᠯᠤᠨ ᠦᠭᠡᠢ᠌ᠰᠬᠡᠬᠦ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ ᠭᠡᠵᠦ ᠠᠯᠪᠠᠨ ᠶᠣᠰᠣ᠎ᠪᠠᠷ ᠨᠡᠶ᠋ᠢᠲᠡᠯᠡᠪᠡ᠃ ᠡᠨᠡ ᠪᠣᠯ ᠳᠤᠮᠳᠠᠳᠤ ᠤᠯᠤᠰ᠎ᠤᠨ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠬᠠᠷᠢᠭᠤᠴᠠᠯᠭ᠎ᠠ ᠡᠭᠦᠷᠭᠡᠯᠡᠯ ᠪᠣᠯᠤᠨ ᠦᠷᠭᠦᠯᠵᠢᠯᠡᠬᠦᠢ᠌ᠴᠡ ᠬᠥᠭᠵᠢᠯᠲᠡ ᠵᠢ ᠪᠡᠶᠡᠯᠡᠭᠦᠯᠬᠦ ᠳᠣᠲᠣᠭ᠋ᠠᠳᠤ ᠱᠠᠭ᠋ᠠᠷᠳᠠᠯᠭ᠎ᠠ᠎ᠳᠤ ᠰᠠᠭᠤᠷᠢᠯᠠᠵᠤ ᠲᠣᠭᠲᠠᠭ᠋ᠠᠭᠰᠠᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠰᠢᠢ᠍ᠳᠪᠦᠷᠢᠲᠦ ᠪᠤᠳᠤᠯᠭ᠎ᠠ ᠪᠣᠯᠤᠨ᠎ᠠ᠃ ᠳᠤᠮᠳᠠᠳᠤ ᠤᠯᠤᠰ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠤᠷᠬᠢᠯ ᠬᠡᠮᠵᠢᠭᠳᠡᠯ᠎ᠠᠴᠠ ᠪᠠᠭᠤᠷᠠᠭᠤᠯᠬᠤ᠎ᠠᠴᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠠᠭ᠋ᠠᠷᠮᠠᠭᠵᠢᠭᠤᠯᠤᠨ ᠦᠭᠡᠢ᠌ᠰᠬᠡᠬᠦ ᠵᠢ ᠪᠡᠶᠡᠯᠡᠭᠦᠯᠬᠦ᠎ᠪᠠᠷ ᠠᠮᠠᠯᠳᠠᠭᠰᠠᠨ ᠴᠠᠭ᠎ᠨᠢ ᠬᠥᠭᠵᠢᠭᠰᠡᠨ ᠤᠯᠤᠰ᠎ᠤᠨ ᠬᠡᠷᠡᠭᠯᠡᠭᠰᠡᠨ ᠴᠠᠭ᠎ᠠᠴᠠ ᠬᠤᠯᠠ ᠣᠬᠣᠷ ᠪᠠᠶ᠋ᠢᠵᠤ᠂ ᠡᠨᠡ᠎ᠨᠢ ᠳᠤᠮᠳᠠᠳᠤ ᠵᠢᠨ ᠲᠠᠯ᠎ᠠ ᠵᠢᠨ᠎ᠬᠢᠨ ᠰᠢᠷᠭ᠋ᠠᠭᠤ ᠬᠠᠲᠠᠭᠤᠵᠢᠯᠲᠠᠢ ᠴᠢᠷᠮᠠᠶ᠋ᠢᠯᠭ᠎ᠠ ᠭᠠᠷᠭ᠋ᠠᠬᠤ ᠵᠢ ᠱᠠᠭ᠋ᠠᠷᠳᠠᠵᠤ ᠪᠠᠢ᠌ᠨ᠎ᠠ᠃ ᠳᠤᠮᠳᠠᠳᠤ ᠤᠯᠤᠰ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠭᠠᠳᠠᠭᠰᠢᠯᠠᠭᠤᠯᠬᠤ ᠵᠢ ᠤᠷᠬᠢᠯ ᠬᠡᠮᠵᠢᠭᠳᠡᠯ᠎ᠠᠴᠠ ᠪᠠᠭᠤᠷᠠᠭᠤᠯᠬᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠠᠭ᠋ᠠᠷᠮᠠᠭᠵᠢᠭᠤᠯᠤᠨ ᠦᠭᠡᠢ᠌ᠰᠬᠡᠬᠦ ᠵᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠦᠬᠦᠯᠢ ᠴᠣᠭᠴᠠ ᠵᠢᠨ ᠪᠠᠶ᠋ᠢᠷᠢᠰᠢᠭᠤᠯᠤᠯᠲᠠ᠎ᠳᠤ ᠣᠷᠣᠭᠤᠯᠵᠤ᠂ ᠤᠳᠤ ᠶᠠᠭ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠤᠷᠬᠢᠯ ᠬᠡᠮᠵᠢᠭᠳᠡᠯ᠎ᠠᠴᠠ ᠪᠠᠭᠤᠷᠠᠭᠤᠯᠬᠤ ᠠᠵᠢᠯᠯᠠᠭ᠎ᠠ ᠵᠢᠨ ᠲᠥᠯᠥᠪᠯᠡᠭᠡ ᠵᠢ ᠲᠣᠭᠲᠠᠭ᠋ᠠᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠤᠷᠬᠢᠯ ᠬᠡᠮᠵᠢᠭᠳᠡᠯ᠎ᠠᠴᠠ ᠪᠠᠭᠤᠷᠠᠭᠤᠯᠬᠤ ᠠᠵᠢᠯᠯᠠᠭ᠎ᠠ ᠵᠢ ᠥᠷᠭᠡᠨ ᠭᠦᠨᠵᠡᠭᠡᠢ ᠥᠷᠨᠢᠭᠦᠯᠵᠦ᠂ ᠨᠥᠬᠥᠴᠡᠯ᠎ᠲᠠᠢ ᠭᠠᠵᠠᠷ ᠣᠷᠣᠨ ᠪᠠ ᠭᠣᠣᠯᠳᠠᠯᠭ᠎ᠠ᠎ᠲᠠᠢ ᠠᠵᠢᠯ ᠲᠦᠷᠦᠯ᠂ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠤᠷᠢᠳ ᠵᠶ᠋ᠠᠷ ᠤᠷᠬᠢᠯ ᠬᠡᠮᠵᠢᠭᠳᠡᠯ᠎ᠠᠴᠠ ᠪᠠᠭᠤᠷᠠᠭᠤᠯᠬᠤ ᠵᠢ ᠲᠡᠮᠵᠢᠨ᠎ᠠ᠃ ᠳᠤᠮᠳᠠᠳᠤ ᠤᠯᠤᠰ ᠨᠡᠭᠦᠷᠡᠰᠦᠨ ᠴᠠᠬᠢᠯᠭ᠋ᠠᠨ᠎ᠤ ᠲᠥᠷᠥᠯ ᠵᠦᠢ᠍ᠯ᠎ᠢ ᠴᠢᠩᠭ᠎ᠠ ᠬᠢᠵᠠᠭ᠋ᠠᠷᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠨᠡᠭᠦᠷᠡᠰᠦᠨ᠎ᠤ ᠬᠡᠷᠡᠭᠯᠡᠭᠡᠨ᠎ᠤ ᠨᠡᠮᠡᠭᠳᠡᠯ᠎ᠢ ᠴᠢᠩᠭ᠎ᠠ ᠬᠢᠵᠠᠭ᠋ᠠᠷᠯᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠠᠯᠬᠤᠮ ᠠᠯᠬᠤᠮ ᠵᠶ᠋ᠠᠷ ᠪᠠᠭ᠋ᠠᠰᠬᠠᠨ᠎ᠠ᠃ ᠡᠭᠦᠨ᠎ᠠᠴᠠ ᠭᠠᠳᠠᠨ᠎ᠠ᠂ ᠳᠤᠮᠳᠠᠳᠤ ᠤᠯᠤᠰ ᠨᠢᠭᠡᠨᠲᠡ 《〈ᠮᠣᠨᠲᠷᠸᠶᠠᠯ᠎ᠤᠨ ᠵᠥᠪᠯᠡᠨ ᠲᠣᠭᠲᠠᠭ᠋ᠠᠭᠰᠠᠨ ᠪᠢᠴᠢᠭ〉᠎ᠤᠨ ᠺᠢᠭ᠋ᠠᠯᠢ ᠵᠢᠨ ᠵᠠᠰᠠᠪᠤᠷᠢ ᠣᠷᠣᠭᠤᠯᠤᠭᠰᠠᠨ ᠲᠥᠰᠦᠯ》᠎ᠢ ᠭᠥᠯᠢᠶᠡᠨ ᠠᠪᠴᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠪᠤᠰᠤ ᠬᠦᠯᠡᠮᠵᠢ ᠵᠢᠨ ᠬᠡᠶ ᠪᠡᠶᠡᠲᠦ ᠵᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠵᠤ᠂ ᠪᠠᠰᠠ ᠪᠥᠬᠥ ᠤᠯᠤᠰ᠎ᠤᠨ ᠨᠡᠭᠦᠷᠡᠰᠦᠲᠥ᠋ᠷᠥᠭᠴᠢ ᠵᠢᠨ ᠵᠠᠬ᠎ᠠ ᠳᠡᠯᠭᠡᠭᠦᠷ᠎ᠤᠨ ᠰᠦᠯᠵᠢᠶᠡᠨ ᠠᠷᠠᠯᠵᠢᠶ᠎ᠠ ᠵᠢ ᠡᠬᠢᠯᠡᠭᠦᠯᠬᠦ᠎ᠪᠠᠷ ᠲᠣᠭᠲᠠᠪᠠ᠃
      ᠪᠦᠬᠦ ᠪᠥᠮᠪᠥᠷᠴᠡᠭ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ᠂ ᠬᠥᠲᠥᠯᠥᠨ ᠲᠠᠭ᠋ᠠᠭᠤᠯᠤᠭᠴᠢ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ ᠤᠯᠠᠨ ᠲᠠᠯᠠᠲᠤ ᠦᠵᠡᠯ᠎ᠢ ᠡᠷᠡᠰ ᠦᠢ᠍ᠯᠡᠳᠦᠯᠭᠡᠵᠢᠭᠦᠯᠵᠦ᠂ ᠲᠥᠪ ᠭᠣᠣᠯᠴᠢ ᠵᠦᠢ ᠵᠣᠬᠢᠰᠲᠠᠢ᠂ ᠬᠠᠷᠢᠯᠴᠠᠨ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠳᠡᠬᠦ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠵᠠᠰᠠᠯᠲᠠ ᠵᠢᠨ ᠲᠣᠭᠲᠠᠯᠴᠠᠭ᠎ᠠ ᠵᠢ ᠪᠠᠶ᠋ᠢᠭᠤᠯᠬᠤ᠎ᠪᠠᠷ ᠴᠢᠷᠮᠠᠶ᠋ᠢᠨ ᠠᠬᠢᠭᠤᠯᠵᠤ ᠪᠠᠢ᠌ᠨ᠎ᠠ᠃ ᠳᠤᠮᠳᠠᠳᠤ ᠵᠢᠨ ᠲᠠᠯ᠎ᠠ ᠵᠢᠨ᠎ᠬᠢᠨ ᠡᠨᠡ ᠵᠢᠯ᠎ᠤᠨ 10 ᠳ᠋ᠤᠭ᠋ᠠᠷ ᠰᠠᠷ᠎ᠠ᠎ᠳᠤ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠡᠶ᠋ᠢᠲᠡ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠎ᠢ ᠡᠷᠬᠢᠯᠡᠨ ᠬᠤᠷᠠᠯᠳᠤᠭᠤᠯᠵᠤ᠂ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ᠂ 《ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠳᠦᠭᠦᠪᠴᠢ ᠨᠡᠶ᠋ᠢᠲᠡ ᠵᠢᠨ ᠭᠡᠷ᠎ᠡ》 ᠵᠢᠨ ᠬᠣᠷᠢᠨ ᠵᠢᠷᠭᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠬᠤᠷᠠᠯ᠎ᠤᠨ ᠢᠳᠡᠪᠬᠢᠲᠡᠢ ᠦᠷ᠎ᠡ ᠪᠦᠲᠦᠭᠡᠯ ᠤᠯᠬᠤ ᠵᠢ ᠳᠡᠮᠵᠢᠬᠦ᠎ᠪᠠᠷ ᠪᠣᠢ᠃ ᠳᠤᠮᠳᠠᠳᠤ ᠵᠢᠨ ᠲᠠᠯ᠎ᠠ ᠵᠢᠨ᠎ᠬᠢᠨ 《ᠪᠤᠰᠤᠳ᠎ᠲᠤ ᠲᠤᠰᠠᠯᠠᠮᠵᠢ ᠬᠦᠷᠲᠡᠭᠡᠬᠦ》 ᠣᠨᠣᠯᠵᠢᠬᠤᠨ᠎ᠢ ᠪᠠᠷᠢᠮᠲᠠᠯᠠᠵᠤ᠂ ᠤᠯᠠᠨ ᠵᠦᠢ᠍ᠯ᠎ᠤᠨ ᠬᠡᠯᠪᠡᠷᠢ ᠵᠢᠨ ᠡᠮᠦᠨᠡᠲᠦ ᠡᠮᠦᠨᠡᠲᠦ ᠵᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠷ ᠳᠠᠮᠵᠢᠭᠤᠯᠵᠤ᠂ ᠬᠥᠭᠵᠢᠵᠦ ᠪᠠᠶ᠋ᠢᠭ᠎ᠠ ᠤᠯᠤᠰ᠎ᠤᠳ᠎ᠢ ᠴᠢᠳᠠᠯ᠎ᠤᠨ ᠬᠢᠷᠢ᠎ᠪᠠᠷ ᠵᠶ᠋ᠠᠨ ᠬᠠᠪᠰᠤᠷᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠠᠹᠷᠢᠺᠠ ᠲᠢᠪ᠎ᠤᠨ ᠠᠭᠤᠷ ᠠᠮᠢᠰᠬᠤᠯ᠎ᠤᠨ ᠠᠯᠤᠰ ᠰᠡᠷᠡᠯ᠎ᠤᠨ ᠳᠠᠭ᠋ᠠᠭᠤᠯᠢ ᠤᠳᠤ᠎ᠠᠴᠠ ᠵᠡᠭᠦᠨ ᠡᠮᠦᠨᠡᠲᠦ ᠠᠽᠢᠶ᠎ᠠ ᠵᠢᠨ ᠳᠣᠣᠷ᠎ᠠ ᠨᠡᠭᠦᠷᠡᠰᠦᠳᠦ᠋ᠷᠦᠭᠴᠢᠲᠦ ᠵᠢᠱ᠌ᠢᠶ᠎ᠡ ᠦᠵᠡᠭᠦᠯᠬᠦ ᠣᠷᠣᠨ ᠬᠦᠷᠲᠡᠯ᠎ᠡ᠂ ᠲᠠᠬᠢᠭ᠋ᠠᠳ ᠵᠢᠵᠢᠭ ᠠᠷᠠᠯ᠎ᠤᠨ ᠤᠯᠤᠰ᠎ᠤᠨ ᠡᠨᠧᠷᠭᠢ ᠠᠷᠪᠢᠯᠠᠬᠤ ᠳ᠋ᠧᠩ ᠬᠦᠷᠲᠡᠯ᠎ᠡ᠂ ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠡᠮᠦᠨᠡᠲᠦ ᠡᠮᠦᠨᠡᠲᠦ ᠵᠢᠨ ᠬᠠᠮᠲᠤᠷᠠᠯᠴᠠᠭ᠋ᠠᠨ᠎ᠳᠤ ᠦᠵᠡᠭᠦᠯᠦᠭᠰᠡᠨ ᠦᠷ᠎ᠡ ᠪᠦᠲᠦᠭᠡᠯ᠎ᠨᠢ ᠨᠢᠳᠤᠨ᠎ᠳᠤ ᠦᠵᠡᠭᠳᠡᠨ᠂ ᠭᠠᠷ᠎ᠲᠤ ᠪᠠᠷᠢᠭᠳᠠᠵᠤ᠂ ᠪᠣᠳᠠᠲᠤ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃ ᠳᠤᠮᠳᠠᠳᠤ ᠵᠢᠨ ᠲᠠᠯ᠎ᠠ ᠵᠢᠨ᠎ᠬᠢᠨ ᠪᠠᠰᠠ ᠠᠮᠢ ᠠᠬᠤᠢ ᠵᠢᠨ ᠪᠣᠯᠪᠠᠰᠤᠨ᠎ᠤ ᠬᠦᠷᠢᠶᠡᠨ᠎ᠳᠠᠬᠢ ᠬᠠᠮᠲᠤᠷᠠᠯᠴᠠᠭ᠎ᠠ ᠵᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠬᠡᠨ ᠪᠠᠶ᠋ᠢᠭᠤᠯᠬᠤ ᠭᠣᠣᠯᠳᠠᠯᠭ᠎ᠠ᠎ᠲᠠᠢ ᠠᠭᠤᠯᠭ᠎ᠠ ᠪᠣᠯᠭ᠋ᠠᠵᠤ᠂ ᠪᠣᠬᠢᠷᠲᠤᠯ ᠦᠬᠡᠢ ᠠᠵᠢᠯᠯᠠᠭ᠎ᠠ ᠵᠢᠨ ᠰᠢᠷᠢᠰ ᠰᠠᠨᠠᠭ᠋ᠠᠴᠢᠯᠠᠭ᠎ᠠ ᠵᠢ ᠰᠠᠨᠠᠭ᠋ᠠᠴᠢᠯᠠᠵᠤ᠂ ᠪᠣᠬᠢᠷᠲᠤᠯ ᠦᠬᠡᠢ ᠰᠠᠭᠤᠷᠢ ᠪᠦᠳᠦᠬᠡᠨ ᠪᠠᠶ᠋ᠢᠭᠤᠯᠤᠯᠲᠠ᠂ ᠪᠣᠬᠢᠷᠲᠤᠯ ᠦᠬᠡᠢ ᠡᠨᠧᠷᠭᠢ᠂ ᠪᠣᠬᠢᠷᠲᠤᠯ ᠦᠬᠡᠢ ᠵᠠᠮ ᠬᠠᠷᠢᠯᠴᠠᠭ᠎ᠠ᠂ ᠪᠣᠬᠢᠷᠲᠤᠯ ᠦᠬᠡᠢ ᠮᠥᠩᠭᠥᠨ ᠭᠦᠢ᠍ᠯᠭᠡᠭᠡ ᠵᠡᠷᠭᠡ ᠠᠯᠢ ᠤᠯᠠᠨ ᠠᠷᠭ᠎ᠠ ᠬᠡᠮᠵᠢᠶ᠎ᠡ ᠵᠢ ᠬᠡᠷᠡᠭᠯᠡᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠬᠡᠨ ᠪᠠᠶ᠋ᠢᠭᠤᠯᠬᠤ᠎ᠳᠤ ᠣᠷᠣᠯᠴᠠᠭᠰᠠᠨ ᠡᠯ᠎ᠡ ᠤᠯᠤᠰ᠎ᠤᠨ ᠠᠷᠠᠳ ᠲᠦᠮᠡᠨ᠎ᠳᠤ ᠦᠷᠭᠦᠯᠵᠢᠯᠡᠨ ᠪᠤᠶᠠᠨ ᠦᠢ᠍ᠯᠡᠳᠬᠦ᠎ᠪᠠᠷ ᠪᠣᠢ᠃
      ᠬᠠᠮᠲᠤ ᠠᠵᠢᠯᠯᠠᠭᠰᠠᠳ ᠡ!
     《ᠬᠣᠲᠠᠯᠠ ᠣᠯᠠᠨ ᠵᠶ᠋ᠠᠷ ᠵᠶ᠋ᠠᠨ ᠬᠦᠴᠦᠨ ᠵᠶ᠋ᠡᠨ ᠬᠠᠮᠲᠤᠳᠬᠠᠪᠠᠰᠤ᠂ ᠬᠣᠷᠸ᠎ᠠ ᠳᠡᠯᠡᠬᠡᠢ᠎ᠳᠤ ᠬᠦᠴᠢᠷ ᠶᠠᠪᠤᠳᠠᠯ ᠠᠯᠠᠭ᠎ᠠ》᠃ ᠠᠭᠤᠷ ᠠᠮᠢᠰᠬᠤᠯ᠎ᠤᠨ ᠬᠤᠪᠢᠷᠠᠯᠲᠠ ᠵᠢᠨ ᠬᠥᠮᠦᠨ ᠲᠥᠷᠥᠯᠬᠢᠲᠡᠨ᠎ᠳᠤ ᠠᠪᠴᠢᠷᠠᠭᠰᠠᠨ ᠥᠷᠢᠰᠥᠯᠳᠦᠭᠡᠨ ᠪᠣᠯ ᠦᠨᠡᠨ ᠪᠣᠳᠠᠲᠠᠶ᠂ ᠬᠠᠲᠠᠭᠤ ᠴᠢᠩᠭ᠎ᠠ᠂ ᠠᠯᠤᠰ ᠭᠡᠳᠤ ᠵᠢᠨ ᠪᠠᠢ᠌ᠳᠠᠭ᠃ ᠭᠡᠪᠡᠴᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠳᠠᠭ ᠯᠠ ᠶᠤᠮ ᠪᠣᠯ ᠬᠥᠮᠦᠨ ᠲᠥᠷᠥᠯᠬᠢᠲᠡᠨ ᠯᠠᠪᠳᠠᠶ ᠪᠦᠬᠦ ᠪᠥᠮᠪᠥᠷᠴᠡᠭ᠎ᠤᠨ ᠠᠭᠤᠷ ᠠᠮᠢᠰᠬᠤᠯ ᠣᠷᠴᠢᠨ ᠲᠣᠭᠣᠷᠢᠨ᠎ᠤ ᠥᠷᠢᠰᠥᠯᠳᠦᠭᠡᠨ᠎ᠢ ᠰᠠᠶ᠋ᠢᠲᠤᠷ ᠠᠷᠭ᠋ᠠᠴᠠᠭ᠋ᠠᠵᠤ᠂ ᠠᠷᠢᠭᠤᠨ ᠴᠡᠪᠡᠷ ᠦᠵᠡᠰᠬᠦᠯᠡᠩᠲᠦ ᠰᠠᠶ᠋ᠢᠬᠠᠨ ᠳᠡᠯᠡᠬᠡᠶ ᠶᠢᠷᠲᠢᠨᠴᠦ ᠵᠢ ᠦᠷ᠎ᠡ ᠬᠣᠶ᠋ᠢᠴᠢᠰ᠎ᠲᠤ᠎ᠪᠠᠨ ᠦᠯᠡᠳᠡᠭᠡᠨ ᠥᠭᠴᠦ ᠴᠢᠳᠠᠨ᠎ᠠ ᠭᠡᠳᠡᠭ᠎ᠲᠤ ᠪᠠᠲᠤ ᠢᠲᠡᠭᠡᠯ᠎ᠲᠠᠢ ᠪᠠᠶ᠋ᠢᠨ᠎ᠠ᠃
      ᠲᠠ ᠪᠦᠬᠦᠨ᠎ᠳᠤ ᠪᠠᠶᠠᠷᠯᠠᠯ᠎ᠠ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ ᠎ᠤᠨ ᠠᠵᠢᠯ ᠎ᠳᠤ ᠴᠢᠬᠤᠯᠠ ᠵᠢᠭ᠋ᠠᠪᠤᠷᠢ ᠦᠭᠴᠤ ᠴᠢᠬᠤᠯᠠᠴᠢᠯᠠᠬᠰᠠᠨ᠎ᠨᠢ ᠤᠳᠤᠭᠢᠴᠢᠯᠠᠭᠰᠠᠨ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠰᠢᠰᠲᠸᠮ᠎ᠢ ᠲᠠᠷᠤᠢ ᠲᠦᠷᠭᠡᠨ ᠪᠠᠢ᠌ᠭᠤᠯᠵᠤ᠂ ᠴᠢᠨᠠᠷ ᠴᠢᠨᠰᠠᠭ᠎ᠠ᠎ᠨᠢ ᠦᠨᠳᠤᠷ ᠮᠡᠷᠭᠡᠵᠢᠯ᠎ᠲᠠᠢ ᠴᠢᠳᠠᠪᠤᠷᠢᠳᠠᠨ ᠤᠷᠠᠨ ᠴᠢᠳᠠᠪᠤᠷᠢᠳᠠᠨ ᠶᠡᠭᠡ ᠤᠯᠤᠰ᠎ᠤᠨ ᠤᠷᠠᠨ ᠲᠠᠷᠬᠠᠨ᠎ᠢ ᠨᠡᠩ ᠤᠯᠠᠨ ᠬᠦᠮᠤᠵᠢᠬᠦᠯᠬᠦ ᠭᠡᠷᠡᠭᠳᠡᠢ
ᠯᠢ ᠺᠸ ᠴᠢᠶᠠᠡᠭ ᠲᠦᠷᠤ ᠵᠢᠨ ᠶᠠᠪᠤᠳᠠᠯ᠎ᠤᠨ ᠬᠤᠷᠢᠶᠠᠨ᠎ᠤ ᠪᠠᠢ᠌ᠡᠭᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠦᠢ᠍ᠯᠡᠰ᠎ᠤᠨ ᠰᠢᠰᠲᠸᠮ᠎ᠤᠨ ᠪᠠᠢ᠌ᠭᠤᠯᠤᠯᠳᠠ ᠵᠡᠷᠬᠡ ᠵᠢ ᠪᠠᠢ᠌ᠷᠢᠯᠠᠭᠤᠯᠪᠠ
ᠰᠢ ᠵᠢᠨ ᠫᠢᠩ ᠭᠤᠸᠠᠩᠰᠢ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠦᠵᠡᠯ ᠰᠠᠨᠠᠭ᠎ᠠ᠎ᠪᠠᠨ ᠴᠢᠯᠥᠭᠡᠯᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠦᠷᠯᠢᠭ ᠰᠠᠶ᠋ᠢᠬᠠᠨ ᠭᠤᠸᠠᠩᠰᠢ ᠵᠢ ᠪᠦᠳᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠳᠤᠮᠳᠠᠳᠤ ᠤᠯᠤᠰ᠎ᠤᠨ ᠣᠭᠲᠠᠷᠭᠤᠢ ᠵᠢᠨ ᠦᠷᠳᠡᠬᠡ ᠵᠢᠨ ᠲᠢᠶᠠᠠ ᠡᡁᠸ ᠭᠣᠣᠯ ᠦᠷᠦᠬᠡ ᠵᠢ ᠬᠠᠷᠪᠤᠬᠤ ᠡᠭᠦᠷᠭᠡ ᠠᠮᠵᠢᠯᠲᠠ᠎ᠲᠠᠢ ᠶᠠᠪᠤᠭᠳᠠᠪᠠ
ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠢ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ᠎ᠢ ᠪᠠᠲᠤᠯᠠᠵᠦ ᠬᠥᠮᠦᠨ ᠪᠤᠯᠤᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ ᠬᠠᠮᠲᠤ᠎ᠪᠠᠷ ᠣᠷᠣᠰᠢᠬᠤ ᠣᠳᠣᠬᠢᠴᠢᠯᠠᠯᠲᠠ ᠵᠢ ᠴᠢᠷᠮᠠᠶ᠋ᠢᠨ ᠪᠠᠶ᠋ᠢᠭᠤᠯᠬᠤ ᠭᠡᠷᠡᠭᠲᠡᠢ
 
            