ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ ᠎ᠤᠨ ᠠᠵᠢᠯ ᠎ᠳᠤ ᠴᠢᠬᠤᠯᠠ ᠵᠢᠭ᠋ᠠᠪᠤᠷᠢ ᠦᠭᠴᠤ ᠴᠢᠬᠤᠯᠠᠴᠢᠯᠠᠬᠰᠠᠨ᠎ᠨᠢ ᠤᠳᠤᠭᠢᠴᠢᠯᠠᠭᠰᠠᠨ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠰᠢᠰᠲᠸᠮ᠎ᠢ ᠲᠠᠷᠤᠢ ᠲᠦᠷᠭᠡᠨ ᠪᠠᠢ᠌ᠭᠤᠯᠵᠤ᠂ ᠴᠢᠨᠠᠷ ᠴᠢᠨᠰᠠᠭ᠎ᠠ᠎ᠨᠢ ᠦᠨᠳᠤᠷ ᠮᠡᠷᠭᠡᠵᠢᠯ᠎ᠲᠠᠢ ᠴᠢᠳᠠᠪᠤᠷᠢᠳᠠᠨ ᠤᠷᠠᠨ ᠴᠢᠳᠠᠪᠤᠷᠢᠳᠠᠨ ᠶᠡᠭᠡ ᠤᠯᠤᠰ᠎ᠤᠨ ᠤᠷᠠᠨ ᠲᠠᠷᠬᠠᠨ᠎ᠢ ᠨᠡᠩ ᠤᠯᠠᠨ ᠬᠦᠮᠤᠵᠢᠬᠦᠯᠬᠦ ᠭᠡᠷᠡᠭᠳᠡᠢ
ᠨᠡᠶᠢᠲᠡᠯᠡᠭᠰᠡᠨ ᠴᠠᠭ᠄ 2021-04-16

ᠰᠢ ᠵᠢᠨ ᠫᠢᠩ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ ᠎ᠤᠨ ᠠᠵᠢᠯ  ᠎ᠳᠤ   ᠴᠢᠬᠤᠯᠠ   ᠵᠢᠭ᠋ᠠᠪᠤᠷᠢ ᠦᠭᠴᠤ ᠴᠢᠬᠤᠯᠠᠴᠢᠯᠠᠬᠰᠠᠨ᠎ᠨᠢ   ᠤᠳᠤᠭᠢᠴᠢᠯᠠᠭᠰᠠᠨ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠰᠢᠰᠲᠸᠮ᠎ᠢ ᠲᠠᠷᠤᠢ ᠲᠦᠷᠭᠡᠨ ᠪᠠᠢ᠌ᠭᠤᠯᠵᠤ᠂ ᠴᠢᠨᠠᠷ ᠴᠢᠨᠰᠠᠭ᠎ᠠ᠎ᠨᠢ ᠦᠨᠳᠤᠷ ᠮᠡᠷᠭᠡᠵᠢᠯ᠎ᠲᠠᠢ ᠴᠢᠳᠠᠪᠤᠷᠢᠳᠠᠨ ᠤᠷᠠᠨ ᠴᠢᠳᠠᠪᠤᠷᠢᠳᠠᠨ ᠶᠡᠭᠡ   ᠤᠯᠤᠰ᠎ᠤᠨ ᠤᠷᠠᠨ ᠲᠠᠷᠬᠠᠨ᠎ᠢ ᠨᠡᠩ ᠤᠯᠠᠨ ᠬᠦᠮᠤᠵᠢᠬᠦᠯᠬᠦ   ᠭᠡᠷᠡᠭᠳᠡᠢ

ᠯᠢ ᠺᠸ ᠴᠢᠶᠠᠩ᠎ᠤᠨ ᠴᠤᠬᠤᠯᠠᠪᠤᠷᠢ
    ᠰᠢᠨᠬᠤᠸᠠ ᠬᠤᠷᠢᠶᠠᠨ᠎ᠤ   ᠪᠡᠭᠡᠵᠢᠩ᠎ᠤᠨ 4   ᠳ᠋ᠤᠭᠡᠷ   ᠰᠠᠷ᠎ᠠ ᠵᠢᠨ 13 ᠎ᠤ   ᠡᠳᠤᠷ᠎ᠤᠨ ᠴᠠᠭᠢᠯᠭ᠋ᠠᠨ ᠮᠡᠳᠡᠭᠡ᠄   ᠨᠠᠮ ᠎ᠤᠨ   ᠲᠥᠪ   ᠬᠤᠷᠢᠶᠠᠨ᠎ᠤ ᠶᠡᠷᠤᠩᠭᠡᠢ ᠱᠦᠵᠢ᠂ ᠤᠯᠤᠰ᠎ᠤᠨ ᠲᠡᠷᠢᠬᠦᠯᠡᠭᠴᠢ᠂   ᠲᠥᠪ᠎ᠤᠨ ᠴᠡᠷᠢᠭ᠎ᠤᠨ ᠶᠠᠪᠤᠳᠠᠯ ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠠᠵᠢᠯ᠎ᠳᠤ ᠴᠢᠬᠤᠯᠠ ᠵᠢᠭ᠋ᠠᠪᠤᠷᠢ ᠦᠭᠬᠦ᠎ᠳᠤ᠎ᠪᠠᠨ ᠴᠢᠬᠤᠯᠠᠴᠢᠯᠠᠭᠰᠠᠨ᠎ᠨᠢ᠂ ᠨᠠᠢ᠌ᠭᠡᠮ ᠵᠢᠷᠤᠮᠳᠤ ᠤᠳᠤᠭᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠠᠢ᠌ᠭᠤᠯᠬᠤ ᠰᠢᠨ᠎ᠡ ᠠᠶᠠᠯᠠᠯ᠎ᠤᠨ ᠶᠠᠪᠤᠴᠠ᠎ᠳᠤ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠨᠢ ᠦᠷᠬᠡᠨ ᠠᠭᠤᠳᠠᠮ ᠢᠷᠡᠭᠡᠳᠤᠢ᠎ᠲᠠᠢ᠂   ᠲᠤᠩ ᠶᠡᠭᠡ ᠦᠭᠡᠳᠡᠷᠭᠡᠭ ᠦᠢ᠍ᠯᠡᠰ ᠮᠦᠨ᠃   ᠨᠠᠮ᠎ᠤᠨ ᠤᠳᠤᠷᠢᠳᠤᠯᠭ᠎ᠠ ᠵᠢ ᠪᠠᠷᠢᠮᠳᠠᠯᠠᠵᠤ᠂   ᠰᠤᠷᠭ᠋ᠠᠭᠤᠯᠢ ᠡᠷᠭᠢᠯᠡᠬᠦ ᠵᠦᠪ ᠴᠢᠭᠯᠡᠯ᠎ᠢ ᠪᠠᠷᠢᠮᠳᠠᠯᠠᠵᠤ᠂   ᠶᠤᠰᠤ ᠮᠤᠷᠠᠯ᠎ᠲᠠᠢ ᠬᠦᠮᠤᠰ᠎ᠢ ᠬᠦᠮᠤᠵᠢᠬᠦᠯᠬᠦ ᠵᠢ ᠪᠠᠷᠢᠮᠳᠠᠯᠠᠵᠤ᠂   ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠲᠦᠷᠤᠯ ᠭᠡᠯᠪᠡᠷᠢ᠎ᠤᠨ ᠪᠠᠢ᠌ᠷᠢ ᠲᠤᠬᠳᠠᠭ᠋ᠠᠯᠳᠠ ᠵᠢ ᠰᠢᠯᠢᠳᠡᠭᠵᠢᠬᠦᠯᠵᠤ᠂ ᠦᠢ᠍ᠯᠡᠳᠪᠤᠷᠢᠯᠡᠯ ᠰᠤᠷᠭ᠋ᠠᠨ ᠬᠦᠮᠤᠵᠢᠯ᠎ᠤᠨ ᠤᠶᠠᠯᠳᠤᠯ᠎ᠢ ᠬᠦᠨᠵᠡᠭᠡᠢ᠌ᠷᠡᠬᠦᠯᠵᠤ᠂   ᠰᠤᠷᠭ᠋ᠠᠭᠤᠯᠢ ᠠᠵᠤ ᠠᠬᠤᠢ᠌ᠯᠠᠯ ᠬᠠᠮᠵᠢᠯᠴᠠᠵᠤ᠂ ᠬᠦᠮᠤᠨ᠎ᠢ ᠬᠦᠮᠤᠵᠢᠬᠦᠯᠬᠦ ᠭᠡᠯᠪᠡᠷᠢ᠂ ᠰᠤᠷᠭ᠋ᠠᠭᠤᠯᠢ ᠡᠷᠭᠢᠯᠡᠬᠦ ᠬᠡᠯᠪᠡᠷᠢ᠂ ᠬᠠᠮᠢᠶᠠᠷᠤᠯᠳᠠ ᠵᠢᠨ ᠲᠤᠬᠳᠠᠯᠴᠠᠭ᠎ᠠ᠂   ᠪᠠᠳᠤᠯᠠᠯᠳᠠ ᠵᠢᠨ ᠲᠤᠬᠳᠠᠯᠴᠠᠭ᠎ᠠ ᠵᠢᠨ ᠦᠭᠡᠷᠠᠴᠢᠯᠡᠯᠳᠠ ᠵᠢ ᠬᠦᠨᠵᠡᠭᠡᠢ᠌ᠷᠡᠬᠦᠯᠵᠤ᠂ ᠠᠵᠢᠯ ᠮᠡᠷᠭᠡᠵᠢᠯ᠎ᠤᠨ ᠵᠢᠩᠭᠢᠨᠢ ᠠᠩᠭᠢ ᠵᠢᠨ ᠰᠤᠷᠭ᠋ᠠᠨ ᠬᠦᠮᠤᠵᠢᠯ᠎ᠢ ᠲᠤᠭᠳᠠᠭᠤᠨ ᠵᠢᠨᠷ ᠬᠦᠭᠵᠢᠬᠦᠯᠵᠤ᠂ ᠦᠨᠳᠤᠷ ᠭᠢᠷᠢ ᠭᠡᠮᠵᠢᠶ᠎ᠡ᠎ᠲᠠᠢ ᠠᠵᠢᠯ ᠮᠡᠷᠭᠡᠵᠢᠯ᠎ᠤᠨ ᠲᠡᠭᠡᠳᠤ ᠰᠤᠷᠭ᠋ᠠᠭᠤᠯᠢ ᠪᠠ   ᠲᠤᠰᠬᠠᠢ ᠮᠡᠷᠭᠡᠵᠢᠯ᠎ᠢ ᠪᠠᠢ᠌ᠭᠤᠯᠵᠤ᠂ ᠠᠵᠢᠯ ᠮᠡᠷᠭᠡᠵᠢᠯ ᠪᠤᠯᠤᠨ ᠡᠡᠭ᠎ᠤᠨ ᠠᠩᠭᠢ ᠵᠢᠨ ᠤᠶᠠᠯᠳᠤᠯ᠎ᠢ ᠠᠭᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠲᠤᠭᠢᠷᠠᠯᠴᠠᠬᠤ ᠴᠢᠨᠠᠷ᠎ᠢ ᠨᠡᠮᠡᠭᠳᠡᠬᠦᠯᠵᠤ᠂ ᠤᠳᠤᠭᠢᠴᠢᠯᠠᠭᠰᠠᠨ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠰᠢᠰᠲᠸᠮ᠎ᠤᠨ   ᠪᠠᠢ᠌ᠭᠤᠯᠤᠯᠳᠠ ᠵᠢ   ᠲᠦᠷᠭᠡᠳᠭᠡᠵᠤ᠂   ᠨᠡᠩ ᠤᠯᠠᠨ ᠴᠢᠨᠠᠷ ᠴᠢᠨᠰᠠᠭ᠎ᠠ᠎ᠨᠢ ᠦᠨᠳᠤᠷ ᠮᠡᠷᠭᠡᠵᠢᠯ ᠎ᠲᠠᠢ ᠴᠢᠳᠠᠪᠤᠷᠢᠳᠠᠨ᠂ ᠤᠷᠠᠨ ᠴᠢᠳᠠᠪᠤᠷᠢᠳᠠᠨ᠂   ᠶᠡᠭᠡ ᠤᠯᠤᠰ᠎ᠤᠨ ᠤᠷᠠᠨ ᠲᠠᠷᠬᠠᠨ᠎ᠢ ᠬᠦᠮᠤᠵᠢᠬᠦᠯᠬᠦ ᠭᠡᠷᠡᠭᠳᠡᠢ᠃ ᠡᠯ᠎ᠡ ᠱᠠᠳᠤᠨ᠎ᠤ ᠨᠠᠮ᠎ᠤᠨ ᠬᠤᠷᠢᠶ᠎ᠠ ᠪᠤᠯᠤᠨ ᠵᠠᠰᠠᠭ᠎ᠤᠨ ᠤᠷᠳᠤᠨ᠎ᠨᠢ ᠲᠦᠷᠢᠮ ᠲᠤᠭᠳᠠᠭ᠋ᠠᠯ᠎ᠤᠨ   ᠰᠢᠨᠠᠴᠢᠯᠠᠯᠳᠠ᠂   ᠲᠦᠷᠤ ᠵᠢᠨ ᠪᠤᠳᠤᠯᠭ᠎ᠠ ᠵᠢᠨ ᠬᠠᠩᠭ᠋ᠠᠯᠭ᠎ᠠ᠂ ᠪᠡᠯᠡ ᠤᠷᠤᠭᠤᠯᠤᠯᠳᠠ ᠵᠢᠨ ᠬᠦᠴᠤᠯᠡᠴᠡ᠎ᠪᠠᠨ ᠴᠢᠩᠭ᠋ᠠᠳᠬᠠᠵᠤ᠂   ᠤᠷᠠᠨ ᠲᠠᠷᠬᠠᠨ᠎ᠤ ᠵᠤᠷᠢᠭ ᠰᠠᠨᠠᠭ᠎ᠠ ᠵᠢ ᠪᠠᠳᠠᠷᠠᠭᠤᠯᠵᠤ᠂ ᠮᠡᠷᠭᠡᠵᠢᠯ᠎ᠤᠨ ᠴᠢᠳᠠᠪᠤᠷᠢᠳᠠᠨ᠎ᠤ ᠨᠠᠢ᠌ᠭᠡᠮ᠎ᠤᠨ ᠪᠠᠢ᠌ᠷᠢ ᠰᠠᠭᠤᠷᠢ ᠵᠢ ᠲᠡᠭᠡᠭᠰᠢᠯᠡᠬᠦᠯᠵᠤ᠂   ᠨᠠᠢ᠌ᠭᠡᠮ ᠵᠢᠷᠤᠮᠳᠤ ᠤᠳᠤᠭᠢᠴᠢᠯᠠᠭᠰᠠᠨ ᠤᠯᠤᠰ᠎ᠢ   ᠪᠦᠬᠦ ᠲᠠᠯ᠎ᠠ᠎ᠪᠠᠷ ᠪᠠᠢ᠌ᠭᠤᠯᠵᠤ᠂ ᠲᠤᠮᠳᠠᠳᠤ   ᠵᠢᠨ ᠦᠨᠳᠤᠰᠤᠳᠠᠨ᠎ᠤ ᠠᠭᠤᠤ ᠶᠡᠭᠡ ᠰᠡᠷᠬᠦᠭᠡᠯᠳᠠ   ᠵᠢ ᠪᠠᠶᠠᠯᠠᠬᠦᠯᠬᠦ ᠲᠤᠮᠳᠠᠳᠤ ᠵᠢᠨ ᠵᠡᠬᠦᠳᠤ ᠵᠢ ᠲᠡᠷᠭᠡᠯᠰᠢᠬᠦᠯᠬᠦ᠎ᠳᠤ ᠴᠢᠳᠠᠪᠤᠷᠢᠳᠠᠨ ᠪᠤᠯᠤᠨ ᠤᠷ᠎ᠡ ᠮᠡᠷᠭᠡᠵᠢᠯ ᠬᠠᠩᠭ᠋ᠠᠬᠤ ᠭᠡᠷᠡᠭᠳᠠᠢ᠃
      ᠨᠠᠮ᠎ᠤᠨ ᠲᠦᠪ   ᠬᠤᠷᠢᠶᠠᠨ᠎ᠤ ᠤᠯᠤᠰ ᠲᠦᠷᠤ ᠵᠢᠨ ᠲᠤᠪᠴᠢᠶᠠᠨ᠎ᠤ ᠪᠠᠢ᠌ᠩᠭᠤ ᠵᠢᠨ ᠭᠡᠰᠢᠬᠦᠨ᠂   ᠲᠦᠷᠤ ᠵᠢᠨ ᠶᠠᠪᠤᠳᠠᠯ᠎ᠤᠨ ᠬᠤᠷᠢᠶᠠᠨ᠎ᠤ ᠶᠡᠷᠤᠩᠭᠡᠢ ᠰᠠᠢ᠌ᠤᠨ ᠯᠢ ᠺᠸ ᠴᠢᠶᠠᠩ ᠴᠢᠬᠤᠯᠠᠪᠤᠷᠢ ᠦᠭᠴᠤ ᠵᠢᠭ᠋ᠠᠵᠤ ᠭᠠᠷᠭ᠋ᠠᠭᠰᠠᠨ᠎ᠨᠢ᠂ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ   ᠪᠤᠯ ᠮᠡᠷᠭᠡᠵᠢᠯ᠎ᠲᠠᠢ ᠴᠢᠳᠠᠪᠤᠷᠢᠳᠠᠨ᠎ᠢ ᠬᠦᠮᠤᠵᠢᠬᠦᠯᠵᠤ᠂   ᠠᠵᠢᠯ ᠤᠯᠭᠤᠨ ᠦᠢ᠍ᠯᠡᠰ ᠪᠦᠳᠤᠭᠡᠵᠤ ᠰᠢᠨ᠎ᠠ ᠵᠢ ᠡᠬᠦᠳᠬᠦ ᠵᠢ ᠠᠭᠢᠭᠤᠯᠤᠨ᠂   ᠲᠤᠮᠳᠠᠳᠤ ᠵᠢᠨ ᠤᠯᠤᠰ᠎ᠤᠨ ᠦᠢ᠍ᠯᠡᠴᠢᠯᠡᠭᠡᠨ᠎ᠤ ᠦᠢ᠍ᠯᠡᠳᠪᠤᠷᠢᠯᠡᠯ ᠪᠠ   ᠦᠢ᠍ᠯᠡᠴᠢᠯᠡᠭᠡᠨ᠎ᠤ ᠭᠢᠷᠢ ᠭᠡᠮᠵᠢᠶ᠎ᠡ ᠵᠢ ᠲᠡᠭᠡᠭᠰᠢᠯᠡᠬᠦᠯᠬᠦ ᠰᠠᠭᠤᠷᠢ ᠮᠦᠨ᠃   ᠤᠢ᠌ᠷ᠎ᠡ ᠵᠢᠨ ᠵᠢᠯ᠎ᠳᠤ ᠡᠯ᠎ᠡ ᠭᠠᠵᠠᠷ ᠤᠷᠤᠨ ᠡᠯ᠎ᠡ   ᠭᠡᠮᠵᠢᠶ᠎ᠡ ᠪᠦᠬᠦᠢ ᠰᠠᠯᠠᠭ᠎ᠠ ᠮᠦᠴᠢᠷ᠎ᠤᠨ᠎ᠬᠢᠨ ᠨᠠᠮ᠎ᠤᠨ ᠲᠦᠪ ᠬᠤᠷᠢᠶ᠎ᠠ᠂   ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠰᠢᠳᠪᠤᠷᠢᠳᠤ ᠪᠤᠳᠤᠯᠭ᠎ᠠ ᠲᠤᠬᠢᠷᠠᠭᠤᠯᠤᠯᠳᠠ ᠵᠢ ᠨᠠᠷᠢᠨ ᠭᠢᠨᠠᠮᠠᠭ᠋ᠠᠢ ᠲᠤᠭᠤᠰᠢᠯᠠᠭᠤᠯᠵᠤ᠂ ᠠᠵᠢᠯ ᠮᠡᠷᠭᠡᠵᠢᠯ᠎ᠤᠨ   ᠰᠤᠷᠭ᠋ᠠᠨ ᠬᠦᠮᠤᠵᠢᠯ᠎ᠢ   ᠲᠦᠯᠭᠢᠨ ᠠᠭᠢᠭᠤᠯᠵᠤ ᠮᠡᠳᠡᠭᠳᠡᠮ᠎ᠡ ᠠᠮᠵᠢᠯᠳᠠ ᠤᠯᠪᠡ᠃   ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠲᠤᠮᠳᠠᠳᠤ ᠵᠢᠨ ᠤᠨᠴᠠᠯᠢᠭ ᠪᠦᠬᠦᠢ ᠨᠠᠢ᠌ᠭᠡᠮ ᠵᠢᠷᠤᠮ᠎ᠤᠨ ᠦᠵᠠᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠵᠤ᠂ ᠤᠯᠤᠰ᠎ᠤᠨ ᠤᠳᠤᠭᠢᠴᠢᠯᠠᠯᠳᠠ ᠵᠢᠨ ᠪᠦᠳᠤᠭᠡᠨ ᠪᠠᠢ᠌ᠭᠤᠯᠤᠯᠳᠠ᠎ᠳᠤ ᠦᠢ᠍ᠯᠡᠴᠢᠯᠠᠵᠤ᠂ ᠦᠨᠳᠤᠷ ᠴᠢᠨᠰᠠᠭ᠎ᠠ᠎ᠲᠠᠢ ᠬᠦᠭᠵᠢᠬᠦ ᠵᠢ ᠠᠭᠢᠭᠤᠯᠵᠤ᠂ ᠦᠭᠡᠷᠡᠴᠢᠯᠠᠯᠳᠠ ᠭᠢᠵᠤ ᠰᠢᠨ᠎ᠠ ᠵᠢ ᠡᠬᠦᠳᠬᠦ ᠵᠢ ᠲᠦᠯᠭᠢᠨ ᠠᠭᠢᠭᠤᠯᠵᠤ᠂   ᠲᠡᠷᠢᠬᠦᠨ᠎ᠤ ᠲᠤᠷᠰᠢᠯᠭ᠎ᠠ᠎ᠪᠠᠷ ᠲᠤᠯᠢ ᠪᠤᠯᠭ᠋ᠠᠵᠤ᠂ ᠦᠨᠳᠤᠷ ᠭᠢᠷᠢ ᠭᠡᠮᠵᠢᠶ᠎ᠡ᠎ᠲᠠᠢ᠂ ᠦᠨᠳᠤᠷ ᠲᠡᠰ᠎ᠤᠨ ᠮᠡᠷᠭᠡᠵᠢᠯ᠎ᠲᠠᠢ ᠴᠢᠳᠠᠪᠤᠷᠢᠳᠠᠨ᠎ᠢ   ᠬᠦᠮᠤᠵᠢᠬᠦᠯᠬᠦ   ᠰᠢᠰᠲᠸᠮ᠎ᠢ ᠴᠢᠷᠮᠠᠢ᠌ᠨ ᠪᠠᠢ᠌ᠭᠤᠯᠪᠡ᠃ ᠮᠡᠷᠭᠡᠵᠢᠯ᠎ᠤᠨ ᠬᠤᠪᠢᠰᠤᠯᠳᠠ ᠪᠠ ᠠᠵᠤ ᠦᠢ᠍ᠯᠡᠰ᠎ᠢ ᠰᠢᠯᠢᠳᠡᠭᠵᠢᠬᠦᠯᠵᠤ ᠲᠡᠰ ᠲᠡᠪᠰᠢᠬᠦᠯᠬᠦ ᠴᠢᠭᠯᠡᠯᠳᠠ ᠵᠢ ᠤᠨᠤᠪᠴᠢᠳᠠᠢ ᠪᠠᠷᠢᠮᠳᠠᠯᠠᠵᠤ᠂ ᠦᠢ᠍ᠯᠡᠳᠪᠤᠷᠢᠯᠠᠯ ᠰᠤᠷᠭ᠋ᠠᠨ ᠬᠦᠮᠤᠵᠢᠯ᠎ᠤᠨ ᠤᠶᠠᠯᠳᠤᠯ᠂ ᠰᠤᠷᠭ᠋ᠠᠭᠤᠯᠢ ᠠᠵᠤ ᠠᠬᠤᠢ᠌ᠯᠠᠯ᠎ᠤᠨ ᠬᠠᠮᠵᠢᠯᠴᠠᠭ᠎ᠠ ᠵᠢ ᠲᠦᠯᠭᠢᠨ ᠠᠭᠢᠭᠤᠯᠵᠤ᠂ ᠨᠡᠩ ᠤᠯᠠᠨ ᠵᠠᠯᠠᠭᠤᠴᠤᠤᠨ ᠠᠵᠢᠯ ᠮᠡᠷᠭᠡᠵᠢᠯ᠎ᠤᠨ   ᠰᠤᠷᠭ᠋ᠠᠨ ᠬᠦᠮᠤᠵᠢᠯ ᠬᠦᠷᠳᠡᠬᠦ   ᠪᠤᠯᠭ᠋ᠠᠵᠤ᠂   ᠰᠤᠷᠭ᠋ᠠᠨ ᠬᠦᠮᠤᠵᠢᠯ᠎ᠤᠨ ᠭᠡᠯᠭᠢᠶ᠎ᠡ᠂   ᠴᠢᠳᠠᠪᠤᠷᠢᠳᠠᠨ᠎ᠤ ᠭᠡᠯᠭᠢᠶ᠎ᠡ ᠪᠠ ᠠᠵᠤ ᠦᠢ᠍ᠯᠡᠰ᠎ᠤᠨ ᠭᠡᠯᠭᠢᠶ᠎ᠡ᠂ ᠰᠢᠨ᠎ᠠ ᠵᠢ ᠡᠬᠦᠳᠬᠦ ᠭᠡᠯᠭᠢᠶ᠎ᠡ ᠵᠢᠨ   ᠪᠦᠳᠤᠮᠵᠢᠳᠠᠢ ᠤᠶᠠᠯᠳᠤᠬᠤ ᠵᠢ ᠠᠭᠢᠭᠤᠯᠬᠤ ᠭᠡᠷᠡᠭᠳᠠᠢ᠃ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠠᠭᠰᠢ ᠵᠢᠨ   ᠡᠩᠨᠡᠭᠡ ᠪᠠ ᠰᠤᠷᠭ᠋ᠠᠭᠤᠯᠢ ᠡᠷᠭᠢᠯᠡᠬᠦ   ᠨᠦᠬᠦᠴᠡᠯ᠎ᠤᠨ ᠪᠠᠢ᠌ᠭᠤᠯᠤᠯᠳᠠ ᠵᠢ ᠴᠢᠩᠭ᠋ᠠᠳᠬᠠᠵᠤ᠂   ᠵᠢᠭ᠋ᠠᠬᠤ   ᠮᠠᠲᠸᠷᠢᠶᠠᠯ ᠪᠤᠯᠤᠨ ᠵᠢᠭ᠋ᠠᠨ ᠰᠤᠷᠭ᠋ᠠᠬᠤ   ᠭᠡᠯᠪᠡᠷᠢ᠎ᠪᠠᠨ ᠰᠢᠯᠢᠳᠡᠭᠵᠢᠬᠦᠯᠤᠨ ᠲᠡᠬᠦᠯᠳᠠᠷᠵᠢᠬᠦᠯᠵᠤ᠂   ᠲᠤᠮᠳᠠᠳᠤ ᠵᠢᠨ ᠤᠨᠴᠠᠯᠢᠭ ᠪᠦᠬᠦ ᠱᠠᠪᠢᠯᠠᠬᠤ ᠲᠦᠷᠢᠮ᠎ᠢ ᠡᠷᠢᠯᠭᠢᠯᠠᠵᠤ᠂ ᠰᠤᠷᠤᠭᠴᠢᠤᠨ᠎ᠢ ᠤᠷᠠᠨ ᠲᠠᠷᠬᠠᠨ  ᠎ᠤ ᠵᠤᠷᠢᠭ ᠰᠠᠨᠠᠭ᠎ᠠ ᠪᠠ ᠨᠢᠬᠳᠠ᠎ᠠᠴᠠ ᠨᠢᠬᠳᠠ ᠪᠠᠢ᠌ᠬᠤ ᠲᠠᠳᠬᠠᠯ᠎ᠲᠠᠢ ᠪᠤᠯᠭ᠋ᠠᠬᠤ ᠵᠢ ᠠᠩᠬᠠᠷᠴᠤ᠂ ᠲᠦᠭ ᠲᠦᠮᠠᠨ ᠦᠨᠳᠤᠷ ᠴᠢᠨᠠᠷ ᠴᠢᠨᠰᠠᠭ᠎ᠠ᠎ᠲᠠᠢ ᠮᠡᠷᠭᠡᠵᠢᠯ᠎ᠲᠠᠢ ᠴᠢᠳᠠᠪᠤᠷᠢᠳᠠᠨ᠎ᠢ ᠴᠢᠷᠮᠠᠢ᠌ᠨ ᠬᠦᠮᠤᠵᠢᠬᠦᠯᠵᠤ᠂ ᠨᠠᠢ᠌ᠭᠡᠮ ᠵᠢᠷᠤᠮᠳᠤ ᠤᠳᠤᠭᠢᠴᠢᠯᠠᠭᠰᠠᠨ ᠤᠯᠤᠰ᠎ᠢ   ᠪᠦᠬᠦ ᠲᠠᠯ᠎ᠠ᠎ᠪᠠᠷ ᠪᠠᠢ᠌ᠭᠤᠯᠬᠤ᠎ᠳᠤ ᠪᠠᠳᠤ ᠪᠡᠭᠢ ᠲᠤᠯᠭ᠋ᠠᠭᠤᠷ   ᠬᠠᠩᠭ᠋ᠠᠬᠤ ᠭᠡᠷᠡᠭᠳᠠᠢ᠃
        ᠪᠦᠬᠦ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠶᠡᠭᠡ ᠬᠤᠷᠠᠯ 4 ᠳ᠋ᠤᠬᠡᠷ   ᠰᠠᠷ᠎ᠠ ᠵᠢᠨ 12᠎ᠠᠴᠠ 13  ᠎ᠤ ᠡᠳᠤᠷ ᠪᠤᠯᠳᠠᠯ᠎ᠠ ᠪᠡᠭᠡᠵᠢᠩ᠎ᠳᠤ ᠬᠤᠷᠠᠯᠳᠤᠵᠤ᠂ ᠬᠤᠷᠠᠯ ᠲᠡᠭᠡᠷ᠎ᠠ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠪᠤᠯᠤᠨ ᠯᠢ ᠺᠸ ᠴᠢᠶᠠᠩ  ᠎ᠤᠨ   ᠴᠢᠬᠤᠯᠠᠪᠤᠷᠢ ᠵᠢ   ᠤᠯᠠᠮᠵᠢᠯᠠᠪᠠ᠃ ᠨᠠᠮ᠎ᠤᠨ   ᠲᠦᠪ   ᠬᠤᠷᠢᠶᠠᠨ᠎ᠤ   ᠤᠯᠤᠰ ᠲᠦᠷᠤ ᠵᠢᠨ ᠲᠤᠪᠴᠢᠶᠠᠨ᠎ᠤ   ᠭᠡᠰᠢᠬᠦᠨ᠂   ᠲᠦᠷᠤ ᠵᠢᠨ ᠶᠠᠪᠤᠳᠠᠯ᠎ᠤᠨ   ᠬᠤᠷᠢᠶᠠᠨ᠎ᠤ   ᠲᠡᠳ᠋   ᠶᠡᠷᠤᠩᠭᠡᠢ ᠰᠠᠢ᠌ᠤᠨ ᠰᠦᠨ ᠴᠦᠨ ᠯᠠᠨ ᠬᠤᠷᠠᠯ᠎ᠳᠤ ᠤᠷᠤᠯᠴᠠᠭᠰᠠᠨ ᠪᠦᠭᠡᠤᠨ ᠶᠠᠷᠢᠶ᠎ᠠ ᠲᠠᠯᠪᠢᠪᠡ᠃   ᠲᠠᠷᠠ ᠵᠢᠭ᠋ᠠᠵᠤ ᠭᠠᠷᠭ᠋ᠠᠭᠰᠠᠨ᠄   ᠰᠢ ᠵᠢᠨ ᠫᠢᠩ ᠶᠡᠷᠤᠩᠭᠡᠢ ᠱᠦᠵᠢ ᠵᠢᠨ ᠴᠢᠬᠤᠯᠠ   ᠵᠢᠭ᠋ᠠᠪᠤᠷᠢ ᠵᠢ ᠬᠦᠨᠵᠡᠭᠡᠢ ᠲᠤᠭᠤᠰᠢᠯᠠᠭᠤᠯᠵᠤ᠂   ᠯᠢ ᠺᠸ ᠴᠢᠶᠠᠩ ᠶᠡᠷᠤᠩᠭᠡᠢ ᠰᠠᠢ᠌ᠤᠨ᠎ᠤᠨ ᠴᠤᠬᠤᠯᠠᠪᠤᠷᠢ   ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠶᠤᠰᠤ   ᠮᠤᠷᠠᠯ᠎ᠲᠠᠢ ᠬᠦᠮᠤᠨ᠎ᠢ   ᠬᠦᠮᠤᠵᠢᠬᠦᠯᠬᠦ ᠵᠢ ᠪᠠᠷᠢᠮᠳᠠᠯᠠᠵᠤ᠂ ᠲᠦᠷᠤᠯ ᠵᠤᠢ᠌ᠯ ᠪᠠᠢ᠌ᠷᠢ ᠲᠤᠬᠳᠠᠭ᠋ᠠᠯᠳᠠ ᠵᠢ ᠰᠢᠯᠢᠳᠡᠭᠵᠢᠬᠦᠯᠵᠤ᠂ ᠤᠳᠤᠭᠢᠴᠢᠯᠠᠭᠰᠠᠨ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ   ᠰᠢᠰᠲᠸᠮ   ᠵᠢᠨ ᠪᠠᠢ᠌ᠭᠤᠯᠤᠯᠳᠠ ᠵᠢ ᠲᠦᠷᠭᠡᠳᠭᠡᠬᠦ ᠭᠡᠷᠡᠭᠳᠠᠢ᠃ ᠲᠤᠮᠳᠠ ᠵᠡᠷᠭᠡ᠂ ᠦᠨᠳᠤᠷ ᠵᠡᠷᠭᠡ᠂ ᠵᠢᠩᠭᠢᠨᠢ ᠠᠩᠭᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠰᠢᠰᠲᠸᠮ᠎ᠢ ᠨᠢᠭᠡᠳᠤᠯᠳᠠᠢ ᠲᠦᠯᠤᠪᠵᠢᠬᠦᠯᠵᠤ᠂ 《ᠭᠤᠷᠪᠡᠨ ᠰᠤᠷᠭ᠋ᠠᠨ ᠬᠦᠮᠤᠵᠢᠯ》᠎ᠤᠨ ᠦᠭᠡᠷᠡᠴᠢᠯᠠᠯᠳᠠ ᠵᠢ ᠠᠭᠢᠭᠤᠯᠵᠤ᠂   ᠬᠦᠮᠤᠨ᠎ᠢ ᠬᠦᠮᠤᠵᠢᠬᠦᠯᠬᠦ᠎ᠳᠤ᠎ᠪᠠᠨ 《ᠠᠵᠢᠯ᠎ᠤᠨ ᠪᠠᠢ᠌ᠷᠢ᠂   ᠭᠢᠴᠢᠶᠠᠯ᠎ᠤᠨ   ᠲᠦᠷᠤᠯ᠂   ᠰᠢᠯᠭ᠋ᠠᠷᠠᠭᠤᠯᠤᠯᠳᠠ᠂ ᠦᠨᠡᠯᠡᠮᠵᠢ》 ᠵᠡᠷᠭᠡ ᠪᠦᠬᠦ ᠲᠠᠯ᠎ᠠ᠎ᠪᠠᠷ ᠬᠦᠮᠤᠵᠢᠬᠦᠯᠵᠤ᠂ ᠰᠤᠷᠭ᠋ᠠᠨ ᠬᠦᠮᠤᠵᠢᠯ᠎ᠤᠨ ᠶᠠᠰᠤ ᠴᠢᠨᠠᠷ ᠵᠢᠨᠨ ᠲᠡᠭᠡᠭᠰᠢᠯᠡᠬᠦᠯᠬᠦ ᠭᠡᠷᠡᠭᠳᠠᠢ᠃ ᠤᠯᠠᠨ ᠭᠡᠯᠪᠡᠷᠢ ᠮᠠᠶᠢᠭ ᠵᠢᠨᠷ ᠰᠤᠷᠭ᠋ᠠᠭᠤᠯᠢ ᠡᠷᠭᠢᠯᠡᠬᠦ ᠪᠠᠢ᠌ᠳᠠᠯ᠎ᠢ ᠪᠤᠢ ᠪᠤᠯᠭ᠋ᠠᠵᠤ᠂ ᠦᠢ᠍ᠯᠡᠳᠪᠤᠷᠢᠯᠠᠯ ᠰᠤᠷᠭ᠋ᠠᠨ ᠬᠦᠮᠤᠵᠢᠯ᠎ᠤᠨ   ᠤᠶᠠᠯᠳᠤᠯ᠂ ᠰᠤᠷᠭ᠋ᠠᠭᠤᠯᠢ ᠠᠵᠤ ᠠᠬᠤᠢ᠌ᠯᠠᠯ᠎ᠤᠨ ᠬᠠᠮᠵᠢᠯᠴᠠᠬᠤ ᠲᠦᠷᠤ ᠵᠢᠨ ᠪᠤᠳᠤᠯᠭ᠎ᠠ ᠵᠢ ᠨᠠᠷᠢᠯᠢᠭᠵᠢᠭᠤᠯᠵᠤ᠂ ᠠᠵᠢᠯ ᠮᠡᠷᠭᠡᠵᠢᠯ᠎ᠤᠨ   ᠰᠤᠷᠭ᠋ᠠᠨ ᠬᠦᠮᠤᠵᠢᠯ᠎ᠤᠨ ᠤᠨᠴᠠᠯᠢᠭ᠎ᠲᠤ ᠲᠤᠭᠢᠷᠠᠭᠰᠠᠨ ᠦᠨᠠᠯᠠᠯᠳᠠ ᠵᠢᠨ ᠠᠷᠭ᠎ᠠ ᠭᠡᠮᠵᠢᠶ᠎ᠡ ᠵᠢ ᠡᠷᠢᠯᠭᠢᠯᠡᠬᠦ ᠭᠡᠷᠡᠭᠳᠠᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠤᠨ᠎ᠬᠢᠨ ᠪᠠᠳᠤᠯᠠᠭ᠎ᠠ ᠵᠢᠨ ᠬᠦᠴᠤᠯᠠᠴᠠ᠎ᠪᠠᠨ ᠨᠡᠮᠡᠭᠳᠡᠬᠦᠯᠵᠤ᠂ ᠮᠡᠷᠭᠡᠵᠢᠯ᠎ᠲᠠᠢ ᠴᠢᠳᠠᠪᠤᠷᠢᠳᠠᠨ᠎ᠤ ᠤᠯᠭᠤᠮᠵᠢ ᠵᠢ᠎ᠨᠢ ᠲᠡᠭᠡᠭᠰᠢᠯᠡᠬᠦᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ   ᠬᠦᠭᠵᠢᠯᠳᠠ ᠵᠢᠨ ᠬᠠᠷᠰᠢ ᠰᠠᠭ᠋ᠠᠤᠨ᠎ᠢ ᠠᠷᠢᠯᠭ᠋ᠠᠨ᠂ ᠠᠵᠢᠯ ᠮᠡᠷᠭᠡᠵᠢᠯ᠎ᠤᠨ   ᠰᠤᠷᠭ᠋ᠠᠨ ᠬᠦᠮᠤᠵᠢᠯ᠎ᠤᠨ   ᠲᠠᠨᠢᠯᠳᠠ ᠵᠢᠨ ᠭᠡᠮᠵᠢᠶ᠎ᠡ ᠪᠠ ᠲᠠᠳᠠᠬᠤ ᠬᠦᠴᠤᠨ᠎ᠢ   ᠨᠡᠮᠡᠭᠳᠡᠬᠦᠯᠬᠦ ᠭᠡᠷᠡᠭᠳᠠᠢ᠃
ᠲᠦᠷᠤ ᠵᠢᠨ ᠶᠠᠪᠤᠳᠠᠯ᠎ᠤᠨ ᠬᠤᠷᠢᠶᠠᠨ᠎ᠤ ᠭᠡᠰᠢᠬᠦᠨ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠨᠠᠷᠢᠨ ᠪᠢᠴᠢᠭ᠎ᠤᠨ ᠲᠠᠷᠤᠭ᠎ᠠ ᠬᠤᠷᠠᠯ ᠡᠷᠭᠢᠯᠡᠵᠡᠢ᠃ ᠤᠯᠤᠰ᠎ᠤᠨ ᠬᠦᠭᠵᠢᠯᠳᠠ ᠦᠭᠡᠷᠠᠴᠢᠯᠠᠯᠳᠠ ᠵᠢᠨ ᠵᠦᠪᠯᠠᠯ᠂ ᠡᠳ᠋᠎ᠤᠨ ᠵᠠᠰᠠᠭ᠎ᠤᠨ   ᠶᠠᠮᠤᠨ᠂ ᠬᠦᠮᠤᠨ᠎ᠤ ᠡᠬᠢ ᠪᠠᠶᠠᠯᠢᠭ ᠨᠠᠢ᠌ᠭᠡᠮ᠎ᠤᠨ ᠪᠠᠳᠤᠯᠠᠭ᠎ᠠ ᠵᠢᠨ ᠶᠠᠮᠤᠨ᠂ ᠱᠠᠨᠳᠤᠢ᠍ᠩ᠂ ᠵᠢᠶᠠᠩᠰᠤ᠂ ᠵᠢᠶᠠᠩᠰᠢ᠂ ᠭᠠᠨᠰᠤ᠂ ᠲᠤᠮᠳᠠᠳᠤ ᠵᠢᠨ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ   ᠬᠤᠷᠢᠶ᠎ᠠ᠂ ᠲᠤᠮᠳᠠᠳᠤ ᠵᠢᠨ ᠮᠠᠰᠢᠨ ᠲᠡᠷᠭᠡᠨ᠎ᠤ ᠪᠦᠯᠦᠭᠯᠡᠯ᠂ ᠬᠤᠸᠠ ᠸᠸᠢ   ᠮᠡᠷᠭᠡᠵᠢᠯ᠎ᠤᠨ ᠭᠢᠵᠠᠭ᠋ᠠᠷᠳᠤ ᠺᠤᠮᠫᠠᠨᠢ ᠵᠢᠨ ᠬᠠᠮᠢᠶ᠎ᠠ ᠪᠦᠬᠦᠢ ᠬᠠᠷᠢᠭᠤᠴᠠᠯᠭ᠋ᠠᠳᠠᠨ ᠬᠤᠷᠠᠯ ᠲᠡᠭᠡᠷ᠎ᠡ ᠦᠭᠡ ᠶᠠᠷᠢᠪᠠ᠃
    ᠡᠯ᠎ᠡ ᠮᠤᠵᠢ ᠤᠷᠤᠨ ᠪᠠ ᠲᠤᠰᠠᠭ᠋ᠠᠷ ᠲᠦᠯᠤᠪᠯᠡᠭᠡᠳᠤ ᠬᠤᠳᠠ᠂   ᠰᠢᠨᠵᠢᠶᠠᠩ  ᠎ᠤᠨ   ᠪᠦᠳᠤᠭᠡᠨ ᠪᠠᠢ᠌ᠭᠤᠯᠤᠯᠳᠠ ᠵᠢᠨ ᠨᠢᠬᠡᠳᠬᠡᠯ ᠴᠡᠷᠢᠭ ᠠᠩᠭᠢ
ᠵᠢᠨ ᠰᠤᠷᠭ᠋ᠠᠨ ᠬᠦᠮᠤᠵᠢᠯ᠎ᠢ ᠬᠤᠪᠢᠶᠠᠨ ᠬᠠᠷᠢᠭᠤᠴᠠᠵᠤ ᠪᠠᠢ᠌ᠭ᠎ᠠ ᠬᠠᠷᠢᠭᠤᠴᠠᠯᠭ᠋ᠠᠳᠠᠳ᠂ ᠨᠠᠮ᠎ᠤᠨ ᠲᠦᠪ ᠬᠤᠷᠢᠶ᠎ᠠ ᠪᠠ ᠤᠯᠤᠰ᠎ᠤᠨ   ᠪᠠᠢ᠌ᠭᠤᠯᠤᠯᠭ᠎ᠠ ᠵᠢᠨ ᠬᠠᠮᠢᠶ᠎ᠠ ᠪᠦᠬᠦᠢ ᠰᠠᠯᠠᠭ᠎ᠠ ᠮᠦᠴᠢᠷ᠂ ᠬᠠᠮᠢᠶ᠎ᠠ ᠪᠦᠬᠦᠢ ᠤᠯᠠᠨ ᠲᠦᠮᠠᠨ᠎ᠤ ᠰᠠᠯᠠᠭ᠎ᠠ ᠮᠦᠴᠢᠷ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠪᠠᠢ᠌ᠭᠤᠯᠭ᠎ᠠ ᠵᠢᠨ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠭᠡᠰᠡᠭ ᠠᠵᠢᠯ ᠦᠢ᠍ᠯᠡᠰ᠎ᠤᠨ ᠨᠠᠢ᠌ᠭᠡᠮᠯᠢᠭ᠂ ᠠᠵᠤ ᠠᠬᠤᠢ᠌ᠯᠠᠯ᠂ ᠶᠡᠭᠡ ᠰᠤᠷᠭ᠋ᠠᠭᠤᠯᠢ᠂ ᠠᠵᠢᠯ ᠮᠡᠷᠭᠡᠵᠢᠯ᠎ᠤᠨ ᠲᠡᠭᠡᠳᠤ ᠰᠤᠷᠭ᠋ᠠᠭᠤᠯᠢ ᠵᠢᠨ ᠬᠠᠷᠢᠭᠤᠴᠠᠯᠭ᠋ᠠᠳᠠᠳ ᠬᠤᠷᠠᠯ᠎ᠳᠤ ᠤᠷᠤᠯᠴᠠᠪᠠ᠃


 

ᠢᠷᠡᠯᠲᠡ᠄ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠡᠭ ᠲᠦᠷᠤ ᠵᠢᠨ ᠶᠠᠪᠤᠳᠠᠯ᠎ᠤᠨ ᠬᠤᠷᠢᠶᠠᠨ᠎ᠤ ᠪᠠᠢ᠌ᠡᠭᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠦᠢ᠍ᠯᠡᠰ᠎ᠤᠨ ᠰᠢᠰᠲᠸᠮ᠎ᠤᠨ ᠪᠠᠢ᠌ᠭᠤᠯᠤᠯᠳᠠ ᠵᠡᠷᠬᠡ ᠵᠢ ᠪᠠᠢ᠌ᠷᠢᠯᠠᠭᠤᠯᠪᠠ
ᠰᠢ ᠵᠢᠨ ᠫᠢᠩ ᠭᠤᠸᠠᠩᠰᠢ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠦᠵᠡᠯ ᠰᠠᠨᠠᠭ᠎ᠠ᠎ᠪᠠᠨ ᠴᠢᠯᠥᠭᠡᠯᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠦᠷᠯᠢᠭ ᠰᠠᠶ᠋ᠢᠬᠠᠨ ᠭᠤᠸᠠᠩᠰᠢ ᠵᠢ ᠪᠦᠳᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠳᠤᠮᠳᠠᠳᠤ ᠤᠯᠤᠰ᠎ᠤᠨ ᠣᠭᠲᠠᠷᠭᠤᠢ ᠵᠢᠨ ᠦᠷᠳᠡᠬᠡ ᠵᠢᠨ ᠲᠢᠶᠠᠠ ᠡᡁᠸ ᠭᠣᠣᠯ ᠦᠷᠦᠬᠡ ᠵᠢ ᠬᠠᠷᠪᠤᠬᠤ ᠡᠭᠦᠷᠭᠡ ᠠᠮᠵᠢᠯᠲᠠ᠎ᠲᠠᠢ ᠶᠠᠪᠤᠭᠳᠠᠪᠠ
ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠢ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ᠎ᠢ ᠪᠠᠲᠤᠯᠠᠵᠦ ᠬᠥᠮᠦᠨ ᠪᠤᠯᠤᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ ᠬᠠᠮᠲᠤ᠎ᠪᠠᠷ ᠣᠷᠣᠰᠢᠬᠤ ᠣᠳᠣᠬᠢᠴᠢᠯᠠᠯᠲᠠ ᠵᠢ ᠴᠢᠷᠮᠠᠶ᠋ᠢᠨ ᠪᠠᠶ᠋ᠢᠭᠤᠯᠬᠤ ᠭᠡᠷᠡᠭᠲᠡᠢ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠣᠭᠲᠠᠭᠤᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠵᠡᠷᠭᠡ ᠠᠵᠢᠯ᠎ᠢ ᠪᠠᠢ᠌ᠷᠢᠯᠠᠭᠤᠯᠪᠠ
 
            