
4 ᠰᠠᠷ᠎ᠠ ᠵᠢᠨ 25᠎ᠤ ᠡᠳᠦᠷ᠎ᠠᠴᠠ 27᠎ᠤ ᠡᠳᠦᠷ ᠪᠤᠯᠳᠠᠯ᠎ᠠ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠭᠤᠸᠠᠩᠰᠢ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠤᠯ 27᠎ᠤ ᠦᠳᠡ ᠵᠢᠨ ᠡᠮᠦᠨ᠎ᠠ᠂ ᠰᠢ ᠵᠢᠨ ᠫᠢᠩ ᠨᠠᠨᠨᠢᠩ ᠬᠤᠲᠠ ᠵᠢᠨ ᠭᠤᠸᠠᠩᠰᠢ ᠵᠢᠨ ᠦᠨᠳᠦᠰᠦᠲᠡᠨ᠎ᠤ ᠮᠦᠽᠧᠢ ᠵᠢᠨ ᠭᠠᠳᠠᠨ᠎ᠠ᠂ ᠭᠤᠷᠪᠠᠨ ᠰᠠᠷ᠎ᠠ ᠵᠢᠨ ᠭᠤᠷᠪᠠᠨ᠎ᠤ 《ᠳᠠᠭᠤᠤ ᠵᠢᠨ ᠨᠠᠢ᠍ᠢ᠍ᠷ》᠎ᠤᠨ ᠦᠨᠳᠦᠰᠦᠳᠡᠨ᠎ᠤ ᠰᠤᠶᠤᠯ᠎ᠤᠨ ᠠᠵᠢᠯᠯᠠᠭ᠎ᠠ᠎ᠳᠤ ᠤᠷᠤᠯᠴᠠᠵᠤ ᠪᠠᠢ᠍ᠢ᠍ᠭ᠎ᠠ ᠡᠯ᠎ᠠ ᠦᠨᠳᠦᠰᠦᠳᠡᠨ᠎ᠤ ᠤᠯᠠᠨ ᠲᠦᠮᠡᠨ᠎ᠲᠠᠢ ᠲᠤᠳᠤᠨᠤ᠎ᠪᠠᠷ ᠶᠠᠷᠢᠯᠴᠠᠵᠦ ᠪᠠᠢ᠍ᠢ᠍ᠭ᠎ᠠ᠎ᠨᠢ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠸ ᠬᠤᠸᠠᠨ ᠊ᠤᠤᠢ ᠰᠡᠭᠦᠳᠡᠷᠯᠡᠪᠡ

4 ᠰᠠᠷ᠎ᠠ ᠵᠢᠨ 25᠎ᠤ ᠡᠳᠦᠷ᠎ᠠᠴᠠ 27᠎ᠤ ᠡᠳᠦᠷ ᠪᠤᠯᠳᠠᠯ᠎ᠠ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠭᠤᠸᠠᠩᠰᠢ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠤᠯ 26᠎ᠤ ᠦᠳᠡ ᠵᠢᠨ ᠬᠤᠢ᠍ᠢ᠍ᠨ᠎ᠠ᠂ ᠰᠢ ᠵᠢᠨ ᠫᠢᠩ ᠭᠤᠸᠠᠩᠰᠢ ᠵᠢᠨ ᠯᠢᠦ ᠭᠦᠩ ᠪᠦᠯᠦᠭᠯᠡᠯ ᠺᠣᠮᠫᠠᠨᠢ᠎ᠳᠤ ᠦᠢ᠍ᠯᠡᠳᠬᠦᠨ᠎ᠤ ᠦᠵᠡᠭᠦᠯᠭᠡ ᠵᠢ ᠪᠠᠶ᠋ᠢᠴᠠᠭ᠋ᠠᠨ ᠦᠵᠡᠵᠤ ᠪᠠᠢ᠍ᠢ᠍ᠭ᠎ᠠ᠎ᠨᠢ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠤᠢ ᠫᠸᠩ ᠰᠡᠭᠦᠳᠡᠷᠯᠡᠪᠡ
ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠤᠢ᠍ᠢ᠍ᠷ᠎ᠠ᠎ᠳᠤ ᠭᠤᠸᠠᠩᠰᠢ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠵᠥ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠵᠥ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ ᠦᠵᠡᠯ ᠰᠠᠨᠠᠭ᠎ᠠ᠎ᠪᠠᠨ ᠴᠢᠯᠥᠭᠡᠯᠡᠨ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠤᠨ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠬᠦᠯᠵᠥ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠰᠢᠨ᠎ᠡ ᠵᠠᠮ᠎ᠢ ᠨᠡᠭᠡᠭᠡᠵᠥ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠲᠠᠯ᠎ᠠ᠎ᠪᠠᠷ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠨ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠰᠢᠨ᠎ᠡ ᠠᠯᠬᠤᠮ᠎ᠢ ᠠᠯᠬᠤᠵᠤ᠂ ᠦᠨᠳᠦᠰᠦᠲᠡᠨ᠎ᠤ ᠪᠦᠯᠬᠦᠮᠳᠡᠯ᠂ ᠨᠡᠶ᠋ᠢᠭᠡᠮ᠎ᠤᠨ ᠲᠣᠭᠲᠠᠭᠤᠨ᠂ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠪᠡᠬᠢᠵᠢᠭᠦᠯᠦᠨ ᠬᠥᠭᠵᠢᠭᠦᠯᠬᠦ ᠲᠠᠯ᠎ᠠ᠎ᠪᠠᠷ ᠰᠢᠨ᠎ᠡ ᠡᠭᠦᠷᠭᠡᠯᠡᠯ ᠵᠶ᠋ᠠᠨ ᠢᠯᠡᠷᠡᠬᠦᠯᠵᠥ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠦᠷᠯᠢᠭ ᠰᠠᠶ᠋ᠢᠬᠠᠨ ᠭᠤᠸᠠᠩᠰᠢ ᠵᠢ ᠪᠦᠲᠦᠭᠡᠨ ᠪᠠᠶ᠋ᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃
4 ᠰᠠᠷ᠎ᠠ ᠵᠢᠨ 25᠎ᠠᠴᠠ 27᠎ᠤ ᠡᠳᠦᠷ ᠪᠣᠯᠲᠠᠯ᠎ᠠ᠂ ᠰᠢ ᠵᠢᠨ ᠫᠢᠩ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠯᠦ᠍ ᠰᠢᠨ ᠱᠧ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠯᠠᠨ ᠲᠢᠶᠠᠨ ᠯᠢ ᠵᠢᠨ ᠪᠠᠷ᠎ᠠ ᠪᠤᠯᠤᠯᠭ᠎ᠠ᠎ᠲᠠᠢ᠎ᠪᠠᠷ᠂ ᠤᠷᠢᠳ ᠬᠣᠵᠢᠳ ᠭᠦᠢ᠍ᠯᠢᠨ᠂ ᠯᠢᠦᠵᠧᠦ᠂ ᠨᠠᠨᠨᠢᠩ ᠵᠡᠷᠭᠡ ᠭᠠᠵᠠᠷ᠎ᠲᠤ ᠬᠦᠷᠴᠦ᠂ ᠬᠤᠪᠢᠰᠬᠠᠯ᠎ᠤᠨ ᠳᠤᠷᠠᠰᠬᠠᠯ᠎ᠤᠨ ᠣᠷᠳᠣᠨ᠂ ᠬᠥᠳᠡᠭᠡ ᠲᠣᠰᠬᠣᠨ᠂ ᠠᠵᠤ ᠠᠬᠤᠶ᠋ᠢᠯᠠᠯ᠂ ᠦᠨᠳᠦᠰᠦᠲᠡᠨ᠎ᠤ ᠮᠦᠽᠧᠢ ᠵᠡᠷᠬᠡ᠎ᠳᠤ ᠭᠦᠨᠵᠡᠭᠡᠶ᠋ᠢᠷᠡᠨ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠬᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠠᠢ᠍ᠢ᠍ᠨ ᠡᠬᠢᠯᠡᠯᠳᠡ᠎ᠲᠠᠢ ᠪᠠᠢ᠍ᠢ᠍ᠬᠤ ᠵᠢ ᠠᠬᠢᠭᠤᠯᠬᠤ ᠵᠡᠷᠭᠡ ᠵᠢᠨ ᠲᠤᠬᠠᠢ ᠪᠠᠶ᠋ᠢᠴᠠᠭ᠋ᠠᠨ ᠰᠤᠳᠤᠯᠪᠠ᠃
25᠎ᠤ ᠦᠳᠡ ᠵᠢᠨ ᠡᠮᠦᠨ᠎ᠡ᠂ ᠰᠢ ᠵᠢᠨ ᠫᠢᠩ ᠭᠦᠢ᠍ᠯᠢᠨ ᠬᠤᠳᠠ ᠵᠢᠨ ᠴᠢᠤᠸᠠᠨᠵᠧᠦ ᠰᠢᠶᠠᠨ᠎ᠤ ᠼᠠᠢ ᠸᠠᠨ ᠪᠠᠯᠭ᠋ᠠᠰᠤᠨ᠎ᠳᠤ ᠪᠠᠶ᠋ᠢᠷᠢᠯᠠᠭᠠ ᠤᠯᠠᠭ᠋ᠠᠨ ᠴᠡᠷᠢᠭ᠎ᠤᠨ ᠤᠷᠳᠤ ᠵᠠᠮ᠎ᠤᠨ ᠠᠶᠠᠨ ᠲᠠᠢ᠍ᠢ᠍ᠨ᠎ᠤ ᠰᠢᠶᠠᠩᠵᠢᠶᠠᠩ᠎ᠤᠨ ᠳᠠᠶ᠋ᠢᠯᠠᠯᠳᠤᠭ᠋ᠠᠨ᠎ᠤ ᠳᠤᠷᠠᠰᠬᠠᠯ᠎ᠤᠨ ᠬᠦᠷᠢᠶᠡᠯᠡᠩ᠎ᠳᠤ ᠬᠦᠷᠴᠦ᠂ ᠰᠢᠶᠠᠩᠵᠢᠶᠠᠩ᠎ᠤᠨ ᠳᠠᠶ᠋ᠢᠯᠠᠯᠳᠤᠭ᠋ᠠᠨ᠎ᠳᠤ ᠦᠷᠡᠭᠳᠡᠭᠰᠡᠨ ᠤᠯᠠᠭ᠋ᠠᠨ ᠴᠡᠷᠢᠭ᠎ᠤᠨ ᠪᠠᠭ᠋ᠠᠲᠤᠷᠴᠤᠳ᠎ᠲᠤ ᠴᠡᠴᠡᠭᠲᠦ ᠰᠠᠭᠰᠤ ᠬᠦᠷᠭᠡᠭᠰᠡᠨ ᠪᠥᠭᠡᠳ ᠭᠤᠷᠪᠠᠨᠲᠠ ᠮᠡᠬᠦᠶ᠋ᠢᠨ ᠶᠣᠰᠣᠯᠠᠵᠤ᠂ 《ᠤᠯᠠᠭ᠋ᠠᠨ ᠴᠡᠷᠢᠭ᠎ᠤᠨ ᠰᠦᠭ ᠰᠦᠨᠡᠰᠦ》 ᠱᠤᠭᠤᠮᠠᠯ᠎ᠳᠤ ᠪᠠᠷᠠᠳᠠᠵᠤ᠂ ᠳᠤᠷᠠᠰᠬᠠᠯ᠎ᠤᠨ ᠣᠷᠳᠣᠨ᠎ᠢ ᠲᠣᠭᠣᠷᠢᠨ ᠦᠵᠡᠪᠡ᠃ 1934 ᠣᠨ᠎ᠤ ᠵᠢᠯ᠎ᠤᠨ ᠰᠡᠭᠦᠯᠴᠢ᠎ᠪᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠣᠯᠤᠨ ᠲᠥᠪ᠎ᠤᠨ ᠤᠯᠠᠭ᠋ᠠᠨ ᠴᠡᠷᠢᠭ᠎ᠤᠨ ᠭᠣᠣᠯ ᠬᠦᠴᠦᠨ᠎ᠤ ᠰᠢᠶᠠᠩᠵᠢᠶᠠᠩ ᠮᠥᠷᠡᠨ᠎ᠢ ᠭᠡᠲᠦᠯᠬᠦ ᠵᠢ ᠪᠠᠲᠤᠯᠠᠵᠤ᠂ ᠤᠯᠠᠭ᠋ᠠᠨ ᠴᠡᠷᠢᠭ᠎ᠢ ᠰᠢᠶᠠᠩᠵᠢᠶᠠᠩ ᠮᠥᠷᠡᠨ᠎ᠠᠴᠠ ᠵᠡᠭᠦᠨᠳᠠᠢ ᠪᠦᠰᠡᠯᠡᠨ ᠤᠰᠠᠳᠬᠠᠬᠤ ᠭᠡᠰᠡᠨ ᠳᠠᠶ᠋ᠢᠰᠤᠨ᠎ᠤ ᠭᠣᠷᠢᠳᠠᠯᠭ᠎ᠠ ᠵᠢ ᠪᠤᠳᠠ ᠨᠢᠷᠭᠡᠬᠦ ᠵᠢᠨ ᠲᠥᠯᠥᠭᠡ᠂ ᠬᠡᠳᠦᠨ ᠲᠦᠮᠡᠨ ᠤᠯᠠᠭ᠋ᠠᠨ ᠴᠡᠷᠢᠭ᠎ᠤᠨ ᠳᠠᠷᠤᠭ᠎ᠠ ᠪᠠᠶ᠋ᠢᠯᠳᠤᠭᠴᠢ ᠰᠢᠶᠠᠩᠵᠢᠶᠠᠩ ᠮᠥᠷᠡᠨ᠎ᠤ ᠬᠣᠶᠠᠷ ᠬᠦᠪᠡᠬᠡ᠎ᠪᠠᠷ ᠴᠢᠰᠤᠳᠤ ᠪᠠᠢ᠍ᠢ᠍ᠯᠳᠤᠭ᠋ᠠᠨ ᠬᠢᠪᠡ᠂ ᠡᠨᠡ ᠬᠦ᠌ ᠪᠠᠶ᠋ᠢᠯᠳᠤᠭ᠋ᠠᠨ᠎ᠨᠢ ᠳᠤᠮᠳᠠᠳᠤ ᠤᠯᠤᠰ᠎ᠤᠨ ᠬᠤᠪᠢᠰᠬᠠᠯ᠎ᠤᠨ ᠮᠠᠨᠳᠤᠵᠤ ᠮᠥᠬᠥᠬᠦ᠎ᠲᠠᠢ ᠬᠣᠯᠪᠣᠭᠳᠠᠬᠰᠠᠨ ᠴᠢᠬᠤᠯᠠ ᠲᠡᠦᠬᠡᠨ ᠶᠠᠪᠤᠳᠠᠯ ᠪᠣᠯᠵᠠᠢ᠃ ᠰᠢ ᠵᠢᠨ ᠫᠢᠩ᠂ ᠭᠤᠸᠠᠩᠰᠢ᠎ᠳᠤ ᠰᠢᠨᠵᠢᠯᠡᠨ ᠪᠠᠶ᠋ᠢᠴᠠᠭ᠋ᠠᠬᠤ ᠠᠩᠬᠠᠨ᠎ᠤ ᠦᠷᠳᠡᠭᠡ᠎ᠪᠠᠨ ᠡᠨᠳᠡ ᠲᠠᠯᠪᠢᠭᠰᠠᠨ᠎ᠨᠢ ᠪᠦᠬᠦ ᠨᠠᠮ᠎ᠳᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠠᠰᠢᠷᠠᠮ ᠵᠶ᠋ᠠᠷ᠂ ᠬᠤᠪᠢᠰᠬᠠᠯ᠎ᠤᠨ ᠤᠷᠢᠳᠤᠰ ᠵᠶ᠋ᠠᠨ ᠳᠤᠷᠠᠰᠤᠨ ᠰᠠᠨᠠᠭ᠋ᠠᠯᠵᠠᠵᠤ᠂ ᠡᠪ ᠬᠠᠮᠲᠤᠴᠤᠳ᠎ᠤᠨ ᠵᠣᠷᠢᠭ ᠰᠠᠨᠠᠭ᠋ᠠᠨ᠎ᠤ ᠠᠮᠢᠨ ᠰᠤᠳᠠᠰᠤ ᠵᠢ ᠵᠠᠯᠭ᠋ᠠᠮᠵᠢᠯᠠᠨ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠬᠤᠪᠢᠰᠬᠠᠯ᠎ᠤᠨ ᠡᠷᠴᠢ ᠵᠣᠷᠢᠭ ᠵᠶ᠋ᠠᠨ ᠬᠥᠪᠴᠢᠯᠡᠬᠦ ᠵᠢᠨ ᠲᠥᠯᠥᠭᠡ ᠶᠤᠮ᠃ ᠬᠤᠪᠢᠰᠬᠠᠯ᠎ᠤᠨ ᠬᠦᠰᠡᠯᠡᠩ ᠶᠠᠭᠤᠨ᠎ᠠᠴᠠ ᠴᠤ᠌ ᠡᠷᠬᠢᠮ ᠶᠤᠮ᠂ ᠬᠦᠰᠡᠯᠡᠩ ᠢᠲᠡᠭᠡᠯ ᠪᠢᠰᠢᠷᠡᠯ᠎ᠤᠨ ᠭᠠᠯ ᠳᠦᠷᠡᠯᠵᠡᠪᠡᠯ ᠯᠤᠲᠤ ᠶᠡᠬᠡ ᠤᠶᠤᠨ ᠰᠠᠨᠠᠭ᠋ᠠᠨ᠎ᠤ ᠬᠦᠴᠦᠨ᠎ᠢ ᠪᠤᠢ ᠪᠤᠯᠭ᠋ᠠᠵᠤ ᠴᠢᠳᠠᠨ᠎ᠠ᠃ ᠤᠯᠠᠭ᠋ᠠᠨ ᠴᠡᠷᠢᠭ᠎ᠤᠨ ᠳᠠᠷᠤᠭ᠎ᠠ ᠪᠠᠶ᠋ᠢᠯᠳᠤᠭᠴᠢᠳ ᠦᠬᠦᠬᠦ᠎ᠠᠴᠠ ᠦᠯᠦ ᠡᠮᠢᠶᠡᠨ᠂ ᠠᠮᠢ᠎ᠪᠠᠨ ᠴᠦᠯᠡᠨ ᠴᠤᠴᠠᠯᠲᠠ ᠦᠭᠡᠢ ᠤᠷᠤᠭᠰᠢᠯᠠᠵᠤ᠂ ᠠᠯᠢᠪᠠ ᠬᠦᠴᠢᠷ ᠪᠡᠷᠬᠡᠰᠢᠶᠡᠯ᠎ᠢ ᠵᠣᠷᠢᠭᠲᠠᠢ᠎ᠪᠠᠷ ᠢᠯᠠᠨ ᠳᠠᠪᠠᠵᠤ᠂ ᠶᠠᠮᠠᠷᠪᠠ ᠬᠦᠴᠢᠷ ᠪᠡᠷᠬᠡᠰᠢᠶᠡᠯ᠎ᠳᠤ ᠨᠤᠭᠤᠷᠠᠰᠢ ᠦᠭᠡᠢ ᠪᠠᠢ᠍ᠢ᠍ᠳᠠᠭ ᠡᠷᠬᠢᠮ ᠳᠡᠭᠡᠳᠦ ᠵᠣᠷᠢᠭ ᠰᠠᠨᠠᠭ᠎ᠠ ᠵᠢ ᠪᠢᠳᠡ ᠡᠭᠦᠷᠢᠳᠡ ᠪᠠᠲᠤ ᠴᠡᠭᠡᠵᠢᠯᠡᠵᠦ ᠪᠠᠳᠠᠷᠠᠭᠤᠯᠤᠭᠤᠰᠢᠲᠠᠢ ᠶᠤᠮ᠃ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠰᠢᠨ᠎ᠡ ᠤᠷᠳᠤ ᠵᠠᠮ᠎ᠤᠨ ᠠᠶᠠᠨ ᠲᠠᠢ᠍ᠢ᠍ᠨ᠎ᠳᠤ᠂ ᠪᠢᠳᠡ ᠵᠠᠪᠠᠯ ᠢᠯᠠᠬᠤ ᠢᠲᠡᠭᠡᠯ ᠵᠣᠷᠢᠭ᠎ᠢ ᠡᠪᠦᠷᠯᠡᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠡᠯ᠎ᠡ ᠵᠦᠢ᠍ᠯ᠎ᠤᠨ ᠬᠦᠨᠳᠦ ᠶᠡᠬᠡ ᠠᠶᠤᠯ ᠲᠦᠭᠰᠢᠭᠦᠷᠢ ᠥᠷᠢᠰᠥᠯᠳᠦᠭᠡᠨ᠎ᠢ ᠵᠣᠷᠢᠭᠲᠠᠢ᠎ᠪᠠᠷ ᠢᠯᠠᠨ ᠳᠠᠪᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠬᠠᠷᠠᠯᠲᠠ ᠲᠡᠶ᠋ᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ ᠬᠡᠵᠥ ᠢᠯᠡᠳᠬᠡᠪᠡ᠃
ᠲᠠᠷᠠᠭ᠎ᠠ᠎ᠨᠢ᠂ ᠰᠢ ᠵᠢᠨ ᠫᠢᠩ ᠼᠠᠢ ᠸᠠᠨ ᠪᠠᠯᠭ᠋ᠠᠰᠤᠨ᠎ᠤ ᠮᠤᠤ ᠵᠦ᠍ ᠱᠠᠨ ᠲᠣᠰᠬᠣᠨ᠎ᠳᠤ ᠬᠦᠷᠪᠡ᠃ ᠲᠤᠰ ᠲᠣᠰᠬᠣᠨ ᠤᠢ᠍ᠢ᠍ᠷ᠎ᠠ ᠵᠢᠨ ᠵᠢᠯ᠎ᠠᠴᠠ ᠦᠵᠦᠮ ᠲᠠᠷᠢᠬᠤ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠢ ᠬᠦᠴᠦᠲᠡᠢ ᠠᠬᠢᠭᠤᠯᠵᠠᠢ᠃ ᠰᠢ ᠵᠢᠨ ᠫᠢᠩ ᠦᠵᠦᠮ᠎ᠤᠨ ᠲᠠᠷᠢᠮᠠᠯ᠎ᠤᠨ ᠬᠦᠷᠢᠶᠡᠯᠡᠩ᠎ᠳᠤ ᠣᠷᠣᠵᠤ᠂ ᠦᠵᠦᠮ᠎ᠤᠨ ᠤᠷᠭᠤᠴᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠪᠡ᠃ ᠲᠠᠷᠢᠶᠠᠯᠠᠩ᠎ᠤᠨ ᠮᠡᠷᠭᠡᠵᠢᠯᠲᠡᠨ ᠶᠠᠭ ᠲᠣᠰᠬᠣᠨ᠎ᠤ ᠠᠷᠠᠳ᠎ᠢ ᠵᠢᠯᠣᠭᠣᠳᠤᠨ ᠦᠵᠦᠮ᠎ᠤᠨ ᠵᠡᠯ᠎ᠡ ᠤᠶᠠᠬᠤ᠂ ᠵᠡᠯ᠎ᠡ ᠲᠣᠭᠲᠠᠭ᠋ᠠᠬᠤ ᠠᠵᠢᠯ᠎ᠢ ᠵᠢᠯᠣᠭᠣᠳᠴᠤ ᠪᠠᠶ᠋ᠢᠪᠠ᠂ ᠶᠡᠷᠦᠩᠬᠡᠶ ᠱᠦᠵᠢ ᠵᠢᠨ ᠢᠷᠡᠭᠰᠡᠨ᠎ᠢ ᠦᠵᠡᠭᠡᠳ ᠨᠤᠲᠤᠭ᠎ᠤᠨ ᠠᠬ᠎ᠠ ᠳᠡᠭᠦᠦ ᠨᠡᠷ ᠬᠣᠶ᠋ᠢᠨ᠎ᠠ ᠬᠣᠶ᠋ᠢᠨ᠎ᠠ᠎ᠠᠴᠠ᠎ᠪᠠᠨ ᠬᠦᠷᠢᠶᠡᠯᠡᠨ ᠢᠷᠡᠵᠡᠬᠡᠪᠡ᠃ ᠰᠢ ᠵᠢᠨ ᠫᠢᠩ ᠦᠵᠦᠮ᠎ᠤᠨ ᠭᠠᠷᠤᠯᠳᠠ᠂ ᠶᠠᠰᠤ ᠴᠢᠨᠠᠷ᠂ ᠪᠣᠷᠣᠯᠠᠭᠤᠯᠭ᠎ᠠ ᠵᠢᠨ ᠵᠠᠮ᠂ ᠦᠨ᠎ᠡ ᠬᠠᠩᠰᠢ ᠵᠡᠷᠭᠡ ᠪᠠᠶ᠋ᠢᠳᠠᠯ᠎ᠢ ᠨᠠᠷᠢᠨ ᠠᠰᠠᠭᠤᠪᠠ᠃ ᠲᠡᠷᠡ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠤᠨᠴᠠᠯᠢᠬᠳᠤ ᠡᠬᠢ ᠪᠠᠶᠠᠯᠢᠭ᠎ᠲᠤ ᠰᠠᠭᠤᠷᠢᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠥᠳᠡᠭᠡ ᠠᠵᠤ ᠠᠬᠤᠢ ᠵᠢ ᠬᠥᠭᠵᠢᠭᠦᠯᠬᠦ ᠵᠢ ᠪᠠᠷᠢᠮᠲᠠᠯᠠᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠬᠥᠳᠡᠭᠡ ᠲᠣᠰᠬᠣᠨ᠎ᠤ ᠵᠢᠭᠤᠯᠴᠢᠯᠠᠯ᠂ ᠰᠡᠯᠡᠭᠦᠴᠡᠯ᠎ᠤᠨ ᠲᠠᠷᠢᠶᠠᠯᠠᠩ ᠵᠡᠷᠭᠡ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠬᠡᠯᠪᠡᠷᠢ ᠵᠢ ᠬᠥᠭᠵᠢᠭᠦᠯᠤᠨ᠂ ᠦᠢ᠍ᠯᠡᠳᠪᠦᠷᠢᠯᠡᠯ ᠡᠳ᠋ᠰᠢᠭᠦᠯᠦᠯᠲᠡ ᠪᠣᠷᠣᠯᠠᠭᠤᠯᠭ᠎ᠠ ᠵᠢ ᠰᠢᠯᠤᠭᠤᠳᠬᠠᠵᠤ᠂ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠨ ᠪᠤᠵᠠᠭ᠋ᠠᠢ᠍ᠢ᠍ᠷᠠᠬᠤ ᠵᠢ ᠠᠬᠢᠭᠤᠯᠵᠤ᠂ ᠲᠠᠷᠢᠶᠠᠴᠢᠳ᠎ᠲᠤ ᠠᠵᠤ ᠦᠢ᠍ᠯᠡᠰ᠎ᠤᠨ ᠦᠷᠳᠡᠭ ᠨᠡᠮᠡᠭᠳᠡᠯ᠎ᠤᠨ ᠠᠰᠢᠭ ᠣᠷᠣᠯᠭ᠎ᠠ ᠵᠢ ᠨᠡᠩ ᠤᠯᠠᠨ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ ᠲᠣᠰᠬᠣᠨ᠎ᠤ ᠳᠦᠷᠰᠦ ᠪᠠᠶ᠋ᠢᠳᠠᠯ᠎ᠢ ᠶᠠᠪᠠᠭ᠋ᠠᠨ ᠵᠶ᠋ᠠᠷ ᠪᠠᠶ᠋ᠢᠴᠠᠭ᠋ᠠᠨ ᠦᠵᠡᠭᠰᠡᠨ ᠪᠥᠭᠡᠳ ᠲᠣᠰᠬᠣᠨ᠎ᠤ ᠠᠷᠠᠳ ᠸᠠᠩ ᠳ᠋ᠸ ᠯᠢ ᠵᠢᠨ ᠬᠡᠷ᠎ᠲᠤ ᠬᠦᠷᠴᠦ ᠡᠷᠬᠢᠨ ᠦᠵᠡᠵᠦ᠂ ᠬᠡᠷ᠎ᠤᠨ ᠬᠥᠮᠦᠰ᠎ᠲᠠᠢ᠎ᠨᠢ ᠬᠦᠷᠢᠶᠡᠯᠡᠨ ᠰᠠᠭᠤᠵᠤ ᠵᠣᠭᠣᠭᠳᠠᠪᠠ᠃ ᠸᠠᠩ ᠳ᠋ᠸ ᠯᠢ ᠶᠡᠷᠦᠩᠬᠡᠢ ᠱᠦᠵᠢ᠎ᠳᠤ᠂ ᠲᠡᠳᠡᠨ᠎ᠤ᠎ᠬᠢᠨ 12 ᠮᠦ᠍ ᠦᠵᠦᠮ ᠲᠠᠷᠢᠵᠥ᠂ ᠲᠠᠷᠢᠶᠠᠯᠠᠩ᠎ᠤᠨ ᠰᠡᠯᠡᠭᠦᠦ ᠴᠠᠭ᠎ᠲᠤ ᠭᠠᠳᠠᠭᠰᠢ ᠭᠠᠷᠴᠤ ᠬᠥᠯᠥᠰᠥᠨ ᠠᠵᠢᠯ ᠬᠢᠵᠦ᠂ ᠨᠢᠳᠤᠨᠤᠨ ᠭᠡᠷ ᠪᠦᠯᠢ ᠵᠢᠨ ᠣᠷᠣᠯᠭ᠎ᠠ᠎ᠨᠢ 14 ᠲᠦᠮᠡᠨ ᠲᠥᠭᠥᠷᠢᠭ᠎ᠢ ᠳᠠᠪᠠᠵᠠᠢ ᠭᠡᠵᠦ ᠬᠡᠯᠡᠪᠡ᠃ ᠰᠢ ᠵᠢᠨ ᠫᠢᠩ ᠰᠣᠨᠣᠰᠤᠭ᠋ᠠᠳ ᠮᠠᠰᠢ ᠪᠠᠶᠠᠷᠯᠠᠪᠠ᠃ ᠲᠡᠷᠡ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠴᠢᠷᠮᠠᠶ᠋ᠢᠯᠭ᠎ᠠ᠎ᠪᠠᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢ ᠤᠬᠳᠤᠬᠤ ᠴᠢᠬᠤᠯᠠ ᠴᠠᠭ ᠮᠥᠴᠡ᠎ᠳᠤ᠂ ᠮᠠᠨ᠎ᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠦᠬᠦ ᠲᠠᠯ᠎ᠠ ᠵᠢᠨ ᠢᠯᠠᠯᠲᠠ ᠤᠯᠪᠠ᠃ ᠰᠠᠶ᠋ᠢᠨ ᠰᠠᠢ᠍ᠢ᠍ᠬᠠᠨ ᠠᠮᠢᠳᠤᠷᠠᠯ᠎ᠢ ᠪᠦᠷ ᠲᠡᠮᠡᠴᠡᠵᠦ ᠪᠠᠶ᠋ᠢᠭ᠋ᠠᠳ ᠣᠯᠳᠠᠭ ᠶᠤᠮ᠃ ᠲᠠ ᠨᠠᠷ ᠠᠵᠢᠯᠴᠢ ᠬᠥᠳᠡᠯᠮᠦᠷᠢᠴᠢ ᠤᠶᠤᠨ ᠤᠬᠠᠭ᠋ᠠᠨ᠎ᠳᠠᠭᠠᠨ ᠲᠦᠰᠢᠭᠯᠡᠨ ᠠᠮᠢᠳᠤᠷᠠᠯ ᠵᠶ᠋ᠠᠨ ᠨᠡᠩ ᠵᠣᠯ ᠵᠢᠷᠭ᠋ᠠᠯ᠎ᠲᠠᠢ᠂ ᠨᠡᠩ ᠡᠷᠡᠮᠡᠯᠵᠡᠯ᠎ᠲᠠᠢ ᠪᠣᠯᠭ᠋ᠠᠬᠤ ᠵᠢ ᠬᠦᠰᠡᠵᠦ ᠪᠠᠶ᠋ᠢᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠰᠤᠷᠤᠯᠴᠠᠬᠤ ᠵᠢ ᠴᠢᠬᠤᠯᠠᠴᠢᠯᠠᠵᠤ᠂ ᠮᠡᠳᠡᠯᠭᠡ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠲᠤᠯᠭ᠋ᠠᠭᠤᠷᠢᠯᠠᠬᠤ ᠬᠡᠷᠡᠭᠲᠡᠢ ᠬᠡᠵᠥ ᠵᠢᠭ᠋ᠠᠵᠥ ᠭᠠᠷᠭ᠋ᠠᠪᠠ᠃ ᠲᠣᠰᠬᠣᠨ᠎ᠠᠴᠠ ᠰᠠᠯᠬᠤ ᠦᠶ᠎ᠡ᠎ᠳᠤ᠂ ᠨᠤᠲᠤᠭ᠎ᠤᠨ ᠠᠬ᠎ᠠ ᠳᠡᠭᠦᠦ ᠨᠡᠷ ᠥᠨᠳᠥᠷ ᠳᠠᠭᠤᠨ ᠵᠶ᠋ᠠᠷ ᠶᠡᠷᠦᠩᠬᠡᠢ ᠱᠦᠵᠢ ᠵᠢᠨ ᠠᠮᠤᠷ᠎ᠢ ᠠᠰᠠᠭᠤᠪᠠ᠃ ᠰᠢ ᠵᠢᠨ ᠫᠢᠩ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠪᠡ᠃ ᠲᠡᠷᠡ᠂ ᠠᠷᠠᠳ ᠳᠦᠮᠡᠨ᠎ᠢ ᠵᠣᠯ ᠵᠢᠷᠭ᠋ᠠᠯ᠎ᠲᠠᠢ ᠠᠮᠢᠳᠤᠷᠠᠭᠤᠯᠬᠤ ᠪᠣᠯ 《ᠤᠯᠤᠰ᠎ᠤᠨ ᠶᠡᠬᠡ ᠶᠠᠪᠤᠳᠠᠯ》 ᠮᠦᠨ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠭᠦᠨᠴᠡ᠂ ᠥᠷᠭᠡᠴᠡ᠂ ᠬᠦᠴᠢᠷᠳᠡᠯ᠎ᠨᠢ ᠴᠥᠮ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠠᠴᠠ ᠳᠣᠣᠷ᠎ᠠ ᠦᠭᠡᠢ ᠶᠤᠮ᠂ ᠶᠠᠭ᠋ᠠᠬᠢᠭᠰᠠᠨ ᠴᠤ᠌ ᠠᠮᠤᠰᠬᠢᠬᠦ ᠪᠤᠳᠤᠯ ᠤᠷᠤᠵᠤ ᠪᠣᠯᠬᠤ ᠦᠭᠡᠢ᠂ ᠰᠢᠨ᠎ᠡ ᠭᠠᠷᠤᠭ᠎ᠠ ᠳᠡᠭᠡᠷ᠎ᠡ ᠦᠷᠭᠦᠯᠵᠢᠯᠡᠨ ᠲᠡᠮᠡᠴᠡᠵᠦ᠂ ᠪᠦᠬᠦ ᠠᠷᠠᠳ ᠲᠦᠮᠡᠨ᠎ᠤ ᠬᠠᠮᠲᠤ ᠵᠢᠨ ᠴᠢᠨᠡᠭᠡᠯᠢᠭᠵᠢᠯ᠎ᠤᠨ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠢ ᠪᠤᠯᠬᠤ ᠵᠢ ᠠᠬᠢᠭᠤᠯᠬᠤ ᠬᠡᠷᠡᠭᠲᠡᠢ ᠭᠡᠵᠦ ᠭᠦᠨ ᠰᠡᠳᠬᠢᠯᠭᠡ᠎ᠲᠠᠢ ᠬᠡᠯᠡᠪᠡ᠃
ᠤᠢ᠍ᠢ᠍ᠷ᠎ᠠ ᠵᠢᠨ ᠵᠢᠯ᠎ᠳᠤ᠂ ᠭᠦᠢ᠍ᠯᠢᠨ ᠬᠤᠳᠠ ᠯᠢᠵᠢᠶᠠᠩ ᠮᠦᠷᠡᠨ᠎ᠤ 《ᠡᠪᠳᠡᠭᠳᠡᠯᠢ ᠵᠠᠰᠠᠬᠤ᠂ ᠤᠰᠤ ᠵᠢ ᠵᠠᠰᠠᠬᠤ᠂ ᠠᠭᠤᠯᠠ ᠵᠢ ᠵᠠᠰᠠᠬᠤ᠂ ᠦᠨᠳᠦᠰᠦ ᠵᠢ ᠵᠠᠰᠠᠬᠤ》 ᠵᠢ ᠶᠡᠬᠡ᠎ᠪᠠᠷ ᠠᠬᠢᠭᠤᠯᠵᠤ᠂ ᠯᠢᠵᠢᠶᠠᠩ ᠮᠦᠷᠡᠨ᠎ᠤ ᠠᠮᠢ ᠠᠬᠤᠢ ᠣᠷᠴᠢᠨ ᠲᠣᠭᠣᠷᠢᠨ᠎ᠢ ᠰᠠᠶ᠋ᠢᠵᠢᠷᠠᠭᠤᠯᠪᠠ᠃ 25᠎ᠤ ᠦᠳᠡ ᠵᠢᠨ ᠬᠣᠶ᠋ᠢᠨ᠎ᠠ᠂ ᠰᠢ ᠵᠢᠨ ᠫᠢᠩ ᠭᠦᠢ᠍ᠯᠢᠨ ᠬᠤᠳᠠ ᠵᠢᠨ ᠶᠠᠩ ᠱᠦᠸᠸ ᠰᠢᠶᠠᠨ᠎ᠤ ᠯᠢᠵᠢᠶᠠᠩ ᠮᠦᠷᠡᠨ᠎ᠤ ᠶᠠᠩ ᠳ᠋ᠢ ᠭᠠᠷᠠᠮ᠎ᠳᠤ ᠬᠦᠷᠴᠦ᠂ ᠯᠢᠵᠢᠶᠠᠩ ᠮᠦᠷᠡᠨ᠎ᠤ ᠰᠠᠪᠠ ᠭᠠᠵᠠᠷ᠎ᠤᠨ ᠶᠡᠷᠦᠩᠬᠡᠶ᠋ᠢᠯᠡᠭᠰᠡᠨ ᠵᠠᠰᠠᠯᠲᠠ᠂ ᠠᠮᠢ ᠠᠬᠤᠢ ᠵᠢᠨ ᠬᠠᠮᠠᠭ᠋ᠠᠯᠠᠯᠲᠠ ᠵᠡᠷᠭᠡ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠣᠩᠭᠣᠴᠠᠨ᠎ᠳᠤ ᠰᠠᠭᠤᠵᠤ ᠯᠢᠵᠢᠶᠠᠩ ᠮᠦᠷᠡᠨ᠎ᠤ ᠶᠠᠩ ᠱᠦᠸᠸ ᠵᠢᠨ ᠬᠡᠰᠡᠭ᠎ᠲᠤ ᠰᠢᠨᠵᠢᠯᠡᠨ ᠪᠠᠶ᠋ᠢᠴᠠᠭ᠋ᠠᠪᠠ᠃ ᠲᠡᠷᠡ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠵᠥᠪ ᠠᠮᠢ ᠠᠬᠤᠢ ᠵᠢᠨ ᠦᠵᠡᠯᠲᠡ᠂ ᠬᠥᠭᠵᠢᠯᠲᠡ ᠵᠢᠨ ᠦᠵᠡᠯᠲᠡ ᠵᠢ ᠪᠠᠷᠢᠮᠲᠠᠯᠠᠵᠤ᠂ ᠪᠠᠶ᠋ᠢᠭ᠋ᠠᠯᠢ ᠵᠢ ᠳᠡᠭᠡᠳᠦᠯᠡᠵᠦ᠂ ᠪᠠᠶ᠋ᠢᠭ᠋ᠠᠯᠢ᠎ᠲᠠᠢ ᠵᠣᠬᠢᠴᠠᠨ᠂ ᠪᠠᠶ᠋ᠢᠭ᠋ᠠᠯᠢ ᠵᠢ ᠬᠠᠮᠠᠭ᠋ᠠᠯᠠᠵᠤ᠂ ᠳᠡᠭᠡᠳᠦ ᠳᠤᠤᠷᠠᠳᠤ ᠱᠠᠳᠤ᠎ᠪᠠᠷ ᠵᠶ᠋ᠠᠨ ᠰᠡᠳᠬᠢᠯ ᠨᠢᠭᠡᠳᠤᠨ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠴᠤ᠂ ᠠᠭᠤᠯᠠ ᠤᠰᠤᠨ᠎ᠤ ᠠᠮᠢ ᠠᠬᠤᠢ ᠵᠢᠨ ᠤᠤᠭ᠋ᠠᠯ ᠴᠢᠨᠠᠷ ᠪᠠ ᠪᠦᠷᠢᠨ ᠪᠦᠲᠦᠨ ᠴᠢᠨᠠᠷ᠎ᠢ ᠪᠠᠲᠤᠯᠠᠬᠤ ᠵᠢ ᠨᠢᠭᠡ ᠵᠦᠢ᠍ᠯ᠎ᠤᠨ ᠴᠢᠬᠤᠯᠠ ᠠᠵᠢᠯ ᠪᠣᠯᠭ᠋ᠠᠨ᠂ ᠠᠮᠢ ᠠᠬᠤᠢ ᠵᠢ ᠰᠡᠷᠭᠦᠭᠡᠬᠦ ᠪᠠ ᠣᠷᠴᠢᠨ ᠲᠣᠭᠣᠷᠢᠨ᠎ᠤ ᠪᠣᠬᠢᠷᠲᠤᠯ᠎ᠢ ᠵᠠᠰᠠᠬᠤ ᠵᠢ ᠭᠦᠨᠵᠡᠭᠡᠢ ᠠᠬᠢᠭᠤᠯᠵᠤ᠂ ᠳᠤᠷ᠎ᠠ᠎ᠪᠠᠷ ᠵᠶ᠋ᠠᠨ ᠲᠡᠭᠦᠵᠦ ᠮᠠᠯᠲᠠᠬᠤ ᠵᠢ ᠵᠤᠭᠰᠤᠭ᠋ᠠᠨ᠂ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠠᠶ᠋ᠢᠵᠢᠷᠠᠬᠤ᠂ ᠠᠮᠢ ᠠᠬᠤᠢ ᠵᠢᠨ ᠰᠢᠰᠲ᠋ᠧᠮ ᠦᠷᠭᠦᠯᠵᠢᠯᠡᠨ ᠰᠢᠯᠢᠳᠡᠭᠵᠢᠭᠦ᠂ ᠪᠦᠬᠦᠯᠢ ᠴᠣᠭᠴᠠ ᠵᠢᠨ ᠴᠢᠳᠠᠮᠵᠢ ᠦᠷᠭᠦᠯᠵᠢᠯᠡᠨ ᠳᠡᠭᠡᠭᠰᠢᠯᠡᠭᠦ ᠵᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃
26᠎ᠤ ᠡᠳᠦᠷ᠂ ᠰᠢ ᠵᠢᠨ ᠫᠢᠩ ᠭᠦᠢ᠍ᠯᠢᠨ ᠬᠤᠳᠠ ᠵᠢᠨ ᠰᠢᠶᠠᠩ ᠪᠢ ᠱᠠᠨ ᠴᠡᠴᠡᠷᠯᠢᠭ᠎ᠲᠤ ᠬᠦᠷᠴᠦ᠂ ᠠᠭᠤᠯᠠ ᠤᠰᠤᠨ᠎ᠤ ᠦᠩᠭᠡ ᠦᠵᠡᠮᠵᠢ ᠵᠢ ᠪᠠᠷᠠᠯᠠᠵᠤ᠂ ᠶᠠᠪᠠᠭ᠋ᠠᠨ ᠬᠦᠮᠦᠨ᠎ᠤ ᠵᠠᠮ ᠵᠶ᠋ᠠᠷ ᠬᠤᠳᠠᠯᠳᠤᠭ᠎ᠠ᠂ ᠰᠢᠦᠳᠠᠨ ᠵᠡᠷᠭᠡ ᠦᠢ᠍ᠯᠡᠴᠢᠯᠡᠭᠡᠨ᠎ᠤ ᠲᠥᠬᠥᠭᠡᠷᠦᠮᠵᠢ ᠵᠢ ᠪᠠᠶ᠋ᠢᠴᠠᠭ᠋ᠠᠨ ᠦᠵᠡᠪᠡ᠃ ᠵᠢᠭᠤᠯᠴᠢᠯᠠᠭᠰᠠᠳ᠄ 《ᠶᠡᠷᠦᠩᠬᠡᠢ ᠱᠦᠵᠢ ᠰᠠᠢ᠍ᠢ᠍ᠨ ᠦᠦ!》 ᠭᠡᠵᠦ ᠦᠨᠲᠦᠷ ᠲᠠᠭᠤᠨ ᠵᠶ᠋ᠠᠷ ᠪᠠᠶᠠᠷᠯᠠᠨ ᠬᠠᠰᠬᠢᠷᠪᠠ᠃ ᠰᠢ ᠵᠢᠨ ᠫᠢᠩ ᠤᠯᠠᠨ᠎ᠲᠠᠢ ᠳᠣᠲᠣᠨᠣ᠎ᠪᠠᠷ ᠶᠠᠷᠢᠯᠴᠠᠪᠠ᠃ ᠲᠡᠷᠡ᠂ ᠭᠦᠢ᠍ᠯᠢᠨ ᠪᠣᠯ ᠠᠭᠤᠯᠠ ᠤᠰᠤ᠎ᠪᠠᠷ ᠵᠶ᠋ᠠᠨ ᠳᠡᠯᠡᠬᠡᠶ᠎ᠳᠤ ᠠᠯᠲᠠᠷᠰᠢᠭᠰᠠᠠ ᠵᠢᠭᠤᠯᠴᠢᠯᠠᠯ᠎ᠤᠨ ᠨᠠᠷᠠᠲᠤ ᠬᠣᠲᠠ ᠮᠥᠨ᠃ ᠡᠨᠡ ᠪᠣᠯ ᠡᠬᠡ ᠪᠠᠶ᠋ᠢᠭ᠋ᠠᠯᠢ᠎ᠠᠴᠠ ᠳᠤᠮᠳᠠᠳᠤ ᠵᠢᠨ ᠦᠨᠳᠦᠰᠦᠲᠡᠨ᠎ᠳᠤ ᠰᠣᠶᠣᠷᠬᠠᠭᠰᠠᠨ ᠡᠷᠳᠡᠨᠢᠲᠦ ᠭᠠᠵᠠᠷ ᠮᠦᠨ᠂ ᠡᠷᠬᠡᠪᠰᠢ ᠰᠠᠶ᠋ᠢᠲᠤᠷ ᠬᠠᠮᠠᠭ᠋ᠠᠯᠠᠬᠤ ᠬᠡᠷᠡᠭᠲᠡᠶ᠃ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠵᠢ ᠪᠠᠷᠢᠮᠲᠠᠯᠠᠵᠤ᠂ ᠰᠣᠶᠣᠯ ᠵᠶ᠋ᠠᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ ᠵᠶ᠋ᠠᠷ ᠰᠣᠶᠣᠯ᠎ᠢ ᠢᠯᠡᠷᠡᠭᠦᠯᠵᠦ᠂ ᠬᠡᠪ ᠠᠶᠠᠰ ᠴᠢᠨᠠᠷ ᠲᠡᠰ ᠵᠶ᠋ᠠᠨ ᠳᠡᠭᠡᠭᠰᠢᠯᠡᠭᠦᠯᠤᠨ᠂ ᠠᠵᠢᠯᠯᠠᠵᠤ ᠠᠮᠢᠳᠤᠷᠠᠬᠤ᠎ᠳᠤ ᠲᠣᠬᠢᠷᠠᠮᠵᠢᠲᠠᠶ᠂ ᠨᠠᠷᠬᠢᠨ ᠵᠢᠭᠤᠯᠴᠢᠯᠠᠬᠤ᠎ᠳᠤ ᠲᠣᠬᠢᠯᠢᠭ ᠰᠠᠶ᠋ᠢᠨ ᠰᠠᠶ᠋ᠢᠬᠠᠨ ᠣᠷᠴᠢᠨ ᠲᠣᠭᠣᠷᠢᠨ᠎ᠢ ᠴᠢᠷᠮᠠᠶ᠋ᠢᠨ ᠡᠭᠦᠳᠴᠦ᠂ ᠳᠡᠯᠡᠬᠡᠶ ᠵᠢᠨ ᠲᠠᠰ᠎ᠤᠨ ᠵᠢᠭᠤᠯᠴᠢᠯᠠᠯ᠎ᠤᠨ ᠬᠣᠲᠠ ᠵᠢ ᠪᠠᠶ᠋ᠢᠭᠤᠯᠬᠤ᠎ᠪᠠᠷ ᠴᠢᠷᠮᠠᠢ᠍ᠢ᠍ᠬᠤ ᠬᠡᠷᠡᠭᠲᠡᠶ ᠭᠡᠵᠦ ᠵᠢᠭ᠋ᠠᠵᠦ ᠭᠠᠷᠭ᠋ᠠᠪᠠ᠃
ᠲᠤᠰ ᠡᠳᠦᠷ᠎ᠤᠨ ᠦᠳᠡ ᠵᠢᠨ ᠬᠣᠶ᠋ᠢᠨ᠎ᠠ᠂ ᠰᠢ ᠵᠢᠨ ᠫᠢᠩ ᠯᠢᠤᠵᠸᠤ ᠬᠤᠳᠠ᠎ᠳᠤ ᠬᠦᠷᠴᠤ ᠰᠢᠨᠵᠢᠯᠡᠨ ᠪᠠᠶ᠋ᠢᠴᠠᠭ᠋ᠠᠪᠠ᠃ ᠭᠤᠸᠠᠩᠰᠢ ᠵᠢᠨ ᠯᠢᠦ ᠭᠦᠩ ᠪᠦᠯᠦᠭᠯᠡᠯ ᠺᠣᠮᠫᠠᠨᠢ᠎ᠳᠤ᠂ ᠰᠢ ᠵᠢᠨ ᠫᠢᠩ ᠤᠷᠢᠳ ᠬᠣᠵᠢᠳ ᠺᠣᠮᠫᠠᠨᠢ ᠵᠢᠨ ᠦᠵᠡᠭᠦᠯᠭᠡ ᠵᠢᠨ ᠲᠢᠩᠬᠢᠮ᠂ ᠰᠤᠳᠤᠯᠤᠨ ᠨᠡᠭᠡᠭᠡᠬᠦ ᠲᠤᠷᠰᠢᠯᠲᠠ ᠵᠢᠨ ᠲᠥᠪ᠂ ᠤᠳᠬᠤᠭᠤᠷ ᠮᠠᠰᠢᠨ ᠤᠭᠰᠠᠷᠠᠨ ᠲᠣᠨᠣᠭᠯᠠᠬᠤ ᠦᠢ᠍ᠯᠡᠳᠪᠦᠷᠢ ᠵᠡᠷᠭᠡ᠎ᠪᠠᠷ ᠬᠦᠷᠴᠦ᠂ ᠠᠵᠤ ᠠᠬᠤᠶ᠋ᠢᠯᠠᠯ᠎ᠤᠨ ᠬᠥᠭᠵᠢᠯᠲᠡ ᠵᠢᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠭᠣᠣᠯ ᠪᠤᠯᠬᠤ ᠦᠢ᠍ᠯᠡᠳᠬᠦᠨ᠎ᠤ ᠦᠵᠡᠭᠦᠯᠭᠡ ᠵᠢ ᠪᠠᠶ᠋ᠢᠴᠠᠭ᠋ᠠᠨ ᠦᠵᠡᠵᠦ᠂ ᠠᠵᠤ ᠠᠬᠤᠶ᠋ᠢᠯᠠᠯ᠎ᠤᠨ ᠠᠵᠢᠯᠳᠠᠨ ᠠᠵᠢᠯᠴᠢᠨ ᠪᠣᠯᠤᠨ ᠮᠡᠷᠭᠡᠵᠢᠯ ᠰᠤᠳᠤᠯᠤᠨ ᠨᠡᠭᠡᠭᠡᠬᠦ ᠬᠥᠮᠦᠰ᠎ᠲᠠᠢ ᠳᠣᠲᠣᠨᠣ᠎ᠪᠠᠷ ᠶᠠᠷᠢᠯᠴᠠᠪᠠ᠃ ᠰᠢ ᠵᠢᠨ ᠫᠢᠩ᠂ ᠦᠢ᠍ᠯᠡᠳᠬᠦ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠪᠣᠯ ᠮᠠᠨ᠎ᠤ ᠤᠯᠤᠰ᠎ᠤᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠭᠣᠣᠯᠳᠠᠯᠭ᠎ᠠ ᠵᠢᠨ ᠭᠣᠣᠯᠳᠠᠯᠭ᠎ᠠ ᠪᠣᠯᠤᠨ᠎ᠠ᠂ ᠨᠡᠶ᠋ᠢᠭᠡᠮ ᠵᠢᠷᠤᠮᠲᠦ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ᠂ ᠪᠣᠳᠠᠲᠤ ᠴᠣᠭᠴᠠ ᠵᠢᠨ ᠠᠵᠤ ᠠᠬᠤᠢ ᠵᠢ ᠬᠥᠭᠵᠢᠭᠦᠯᠦᠨ ᠪᠤᠵᠠᠭ᠋ᠠᠶ᠋ᠢᠷᠠᠭᠤᠯᠬᠤ᠎ᠳᠤ ᠴᠥᠮ ᠦᠢ᠍ᠯᠡᠳᠬᠦ ᠦᠢ᠍ᠯᠡᠰ᠎ᠠᠴᠠ ᠰᠠᠯᠵᠤ ᠴᠢᠳᠠᠬᠤ ᠦᠭᠡᠢ ᠶᠤᠮ᠂ ᠠᠵᠤ ᠦᠢ᠍ᠯᠡᠰ᠎ᠤᠨ ᠰᠢᠯᠢᠳᠡᠭᠵᠢᠨ ᠲᠡᠰ ᠳᠡᠪᠰᠢᠭᠦ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦ ᠲᠠᠯᠪᠢᠬᠤ ᠬᠡᠷᠡᠭᠲᠡᠢ᠃ ᠭᠠᠭᠴᠠ ᠬᠦ᠌ ᠰᠢᠨ᠎ᠡ ᠵᠢ ᠡᠭᠦᠳᠪᠡᠯ ᠰᠠᠶᠢ ᠥᠪᠡᠷ᠎ᠢ᠎ᠪᠠᠨ ᠬᠦᠴᠦᠷᠬᠡᠭᠵᠢᠭᠦᠯᠵᠦ᠂ ᠲᠡᠷᠢᠭᠦᠨ᠎ᠤ᠎ᠬᠢ ᠪᠤᠯᠬᠤ᠎ᠪᠠᠷ ᠬᠦᠴᠦᠯᠡᠨ ᠴᠢᠷᠮᠠᠶ᠋ᠢᠵᠤ ᠴᠢᠳᠠᠨ᠎ᠠ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠰᠢᠨ᠎ᠠ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠰᠢᠨ᠎ᠡ ᠵᠢ ᠡᠭᠦᠳᠬᠦ ᠬᠥᠭᠵᠢᠯᠲᠡ ᠵᠢᠨ ᠰᠠᠨᠠᠭ᠋ᠠᠴᠢᠯᠠᠭ᠋ᠠᠲᠤ ᠡᠷᠬᠡ ᠵᠢ ᠥᠪᠡᠷ᠎ᠤᠨ ᠭᠠᠷ᠎ᠲᠠᠭᠠᠨ ᠪᠠᠲᠤ ᠡᠵᠡᠮᠳᠡᠬᠦ ᠬᠡᠷᠡᠭᠲᠡᠢ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠬᠤ ᠪᠠ ᠺᠣᠮᠫᠠᠨᠢ ᠵᠢᠨ ᠵᠠᠰᠠᠯᠲᠠ ᠵᠢ ᠲᠡᠭᠦᠯᠳᠡᠷᠵᠢᠭᠦᠯᠬᠦ ᠵᠢ ᠨᠢᠭᠡᠳᠦᠯᠲᠡᠢ ᠪᠠᠶ᠋ᠢᠯᠭ᠋ᠠᠬᠤ ᠵᠢ ᠪᠠᠷᠢᠮᠲᠠᠯᠠᠵᠤ᠂ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠳᠤᠮᠳᠠ ᠨᠠᠮ᠎ᠤᠨ ᠪᠠᠶ᠋ᠢᠭᠤᠯᠤᠯᠲᠠ ᠵᠢ ᠰᠠᠶ᠋ᠢᠲᠤᠷ ᠬᠢᠵᠦ᠂ ᠠᠵᠤ ᠠᠬᠤᠶ᠋ᠢᠯᠠᠯ᠎ᠤᠨ ᠥᠭᠡᠷᠡᠴᠢᠯᠡᠯᠲᠡ ᠬᠥᠭᠵᠢᠯᠲᠡ ᠵᠢᠨ ᠶᠠᠪᠤᠴᠠ᠎ᠳᠠᠬᠢ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠭᠣᠣᠯᠯᠠᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠲᠠᠷᠠᠭ᠎ᠠ᠎ᠨᠢ᠂ ᠰᠢ ᠵᠢᠨ ᠫᠢᠩ ᠯᠢᠦᠵᠸᠦ ᠵᠢᠨ ᠭᠤᠤᠯ᠎ᠤᠨ ᠲᠤᠩ᠎ᠤᠨ ᠰᠤᠷ ᠪᠤᠳᠠᠭ᠋ᠠᠨ᠎ᠤ ᠦᠢ᠍ᠯᠡᠳᠪᠦᠷᠢᠯᠡᠯ ᠲᠥ᠋ᠪᠯᠡᠷᠡᠭᠰᠡᠨ ᠣᠷᠣᠨ᠎ᠳᠤ ᠬᠦᠷᠴᠦ᠂ ᠭᠤᠤᠯ᠎ᠤᠨ ᠲᠤᠩ᠎ᠤᠨ ᠰᠤᠷ ᠪᠤᠳᠠᠭ᠋ᠠᠨ᠎ᠤ ᠤᠨᠴᠠᠯᠢᠬᠳᠤ ᠠᠵᠤ ᠦᠢ᠍ᠯᠡᠰ᠎ᠤᠨ ᠠᠵᠢᠯ ᠣᠯᠭᠣᠯᠲᠠ ᠵᠢ ᠠᠬᠢᠭᠤᠯᠵᠤ᠂ ᠲᠠᠷᠢᠶᠠᠴᠢᠳ᠎ᠢ ᠲᠠᠢ᠍ᠢ᠍ᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠭᠰᠡᠨ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠰᠢ ᠵᠢᠨ ᠫᠢᠩ᠂ ᠤᠨᠴᠠᠯᠢᠬᠳᠤ ᠠᠵᠤ ᠦᠢ᠍ᠯᠡᠰ᠎ᠢ ᠬᠥᠭᠵᠢᠭᠦᠯᠬᠦ ᠪᠣᠯ ᠣᠷᠣᠨ ᠨᠤᠲᠤᠭ᠎ᠤᠨ ᠪᠣᠳᠠᠲᠤ ᠴᠣᠭᠴᠠ ᠵᠢᠨ ᠠᠵᠤ ᠠᠬᠤᠢ ᠵᠢ ᠪᠣᠳᠠᠲᠠᠶ᠋ᠢᠵᠢᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠵᠢᠨ ᠨᠢᠭᠡᠨ ᠪᠣᠳᠠᠲᠤ ᠠᠷᠭ᠎ᠠ ᠬᠡᠮᠵᠢᠶ᠎ᠠ ᠮᠥᠨ᠂ ᠲᠤᠰ ᠪᠡᠶ᠎ᠡ ᠵᠢᠨ ᠨᠥᠬᠥᠴᠡᠯ ᠪᠣᠯᠤᠨ ᠳᠠᠪᠠᠭᠤᠯᠢᠭ᠎ᠲᠠᠢ᠎ᠪᠠᠨ ᠤᠶᠠᠯᠳᠤᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠶᠠᠰᠤ ᠴᠢᠨᠠᠷ᠎ᠤᠨ ᠠᠮᠤᠷ ᠲᠦᠪᠰᠢᠨ᠎ᠤ ᠪᠣᠭᠣᠮᠲᠠ ᠵᠢ ᠪᠠᠳᠤ ᠰᠠᠬᠢᠵᠤ᠂ ᠪᠠᠷᠢᠮᠵᠢᠶᠠᠵᠢᠭᠤᠯᠤᠯᠲᠠ᠂ ᠲᠦᠷᠦᠯ ᠲᠡᠮᠳᠡᠭᠴᠢᠯᠡᠯᠲᠡ ᠵᠢ ᠠᠬᠢᠭᠤᠯᠬᠤ ᠬᠡᠷᠡᠭᠲᠡᠢ᠃ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠢ ᠬᠠᠪᠰᠤᠷᠤᠨ ᠪᠣᠳᠠᠲᠠᠶ ᠬᠦᠴᠢᠷᠳᠡᠯ᠎ᠢ᠎ᠨᠢ ᠰᠢᠢ᠍ᠳᠪᠦᠷᠢᠯᠡᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠭᠵᠢᠨ ᠪᠤᠵᠠᠭ᠋ᠠᠶ᠋ᠢᠷᠬᠠᠤ ᠵᠢ ᠵᠣᠷᠢᠭᠵᠢᠭᠤᠯᠤᠨ ᠳᠡᠮᠵᠢᠵᠦ᠂ ᠬᠥᠲᠥᠯᠥᠨ ᠵᠢᠯᠣᠭᠣᠳᠬᠤ ᠬᠡᠷᠡᠭᠲᠡᠶ ᠭᠡᠵᠦ ᠵᠢᠭ᠋ᠠᠵᠦ ᠭᠠᠷᠭ᠋ᠠᠪᠠ᠃
ᠭᠤᠸᠠᠩᠰᠢ ᠪᠣᠯ ᠮᠠᠨ᠎ᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠬᠥᠮᠦᠨ ᠠᠮᠠ ᠬᠠᠮᠤᠭ᠎ᠤᠨ ᠣᠯᠠᠨ ᠪᠠᠢ᠍ᠢ᠍ᠳᠠᠭ ᠥᠪᠡᠷᠲᠡᠭᠡᠨ ᠵᠠᠰᠠᠬᠤ ᠣᠷᠣᠨ ᠪᠣᠯᠤᠨ᠎ᠠ᠃ 27᠎ᠤ ᠦᠳᠡ ᠵᠢᠨ ᠡᠮᠦᠨ᠎ᠡ᠂ ᠰᠢ ᠵᠢᠨ ᠫᠢᠩ ᠨᠠᠨᠨᠢᠩ ᠬᠤᠲᠠ ᠵᠢᠨ ᠶᠦᠩᠵᠢᠶᠠᠩ ᠮᠦ᠍ᠷᠠᠠᠤ ᠬᠥᠪᠡᠭᠡᠨ᠎ᠳᠤ ᠪᠠᠶ᠋ᠢᠭ᠎ᠠ ᠭᠤᠸᠠᠩᠰᠢ ᠵᠢᠨ ᠦᠨᠳᠦᠰᠦᠲᠡᠨ᠎ᠤ ᠮᠦᠽᠧᠢ᠎ᠳᠤ ᠬᠦᠷᠴᠦ᠂ ᠵᠤᠸᠠᠩ ᠦᠨᠳᠦᠰᠦᠲᠡᠨ᠎ᠤ ᠰᠣᠶᠣᠯ᠎ᠤᠨ ᠦᠵᠡᠭᠦᠯᠭᠡ ᠵᠢ ᠲᠣᠭᠣᠷᠢᠨ ᠦᠵᠡᠪᠡ᠃ ᠮᠦᠽᠧᠶ ᠵᠢᠨ ᠭᠠᠳᠠᠨ᠎ᠠ᠂ ᠭᠤᠷᠪᠠᠨ ᠰᠠᠷ᠎ᠠ ᠵᠢᠨ ᠭᠤᠷᠪᠠᠨ᠎ᠤ 《ᠳᠠᠭᠤᠤ ᠵᠢᠨ ᠨᠠᠢ᠍ᠢ᠍ᠷ》᠎ᠤᠨ ᠵᠤᠸᠠᠩ ᠦᠨᠳᠦᠰᠦᠲᠡᠨ᠎ᠤ ᠡᠯᠭᠦᠭᠡ ᠳᠠᠭᠤᠤ ᠵᠡᠷᠭᠡ ᠦᠨᠳᠦᠰᠦᠲᠡᠨ᠎ᠤ ᠰᠣᠶᠣᠯ᠎ᠤᠨ ᠠᠵᠢᠯᠯᠠᠭ᠎ᠠ ᠵᠢ ᠲᠥᠪᠯᠡᠷᠡᠭᠦᠯᠦᠨ ᠬᠠᠷᠠᠭᠤᠯᠵᠤ ᠪᠠᠢ᠍ᠢ᠍ᠪᠠ᠃ ᠰᠢ ᠵᠢᠨ ᠫᠢᠩ᠂ ᠭᠤᠸᠠᠩᠰᠢ ᠪᠣᠯ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠦᠵᠡᠭᠦᠯᠬᠦ ᠣᠷᠣᠨ ᠪᠣᠯᠤᠨ᠎ᠠ᠂ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢ᠍ᠯᠡᠳᠦᠯ ᠵᠶ᠋ᠠᠨ ᠦᠷᠭᠦᠯᠵᠢᠯᠡᠨ ᠰᠠᠶ᠋ᠢᠲᠤᠷ ᠪᠠᠳᠠᠷᠠᠭᠤᠯᠬᠤ ᠬᠡᠷᠡᠭᠲᠡᠢ᠃ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠠᠪᠰᠢᠵᠤ᠂ ᠬᠠᠮᠲᠤ᠎ᠪᠠᠷ ᠴᠡᠴᠡᠭᠯᠡᠨ ᠬᠥᠭᠵᠢᠬᠦ ᠪᠣᠯ ᠳᠤᠮᠳᠠᠳᠤ ᠵᠢᠨ ᠦᠨᠳᠦᠰᠦᠲᠡᠨ᠎ᠤ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ᠎ᠤᠨ ᠡᠬᠢ ᠰᠤᠷᠪᠤᠯᠵᠢ ᠮᠦᠨ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠥ ᠲᠠᠯ᠎ᠠ᠎ᠪᠠᠷ ᠪᠦᠳᠤᠭᠡᠨ ᠪᠠᠶ᠋ᠢᠭᠤᠯᠬᠤ ᠰᠢᠨ᠎ᠡ ᠠᠶᠠᠨ ᠵᠠᠮ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠬᠢᠯ ᠵᠢᠷᠦᠬᠡ᠎ᠪᠠᠨ ᠬᠣᠯᠪᠣᠨ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠰᠠᠢ᠍ᠢ᠍ᠨ ᠰᠠᠶ᠋ᠢᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠨ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠶᠡᠬᠡ ᠦᠩᠭᠡ ᠭᠡᠷᠡᠯ᠎ᠢ ᠬᠠᠮᠲᠤ᠎ᠪᠠᠷ ᠡᠳ᠋ᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠲᠤᠰ ᠡᠳᠦᠷ᠎ᠤᠨ ᠦᠳᠡ ᠵᠢᠨ ᠡᠮᠦᠨ᠎ᠡ᠂ ᠰᠢ ᠵᠢᠨ ᠫᠢᠩ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠭᠤᠸᠠᠩᠰᠢ ᠵᠢᠨ ᠡᠯ᠎ᠡ ᠲᠠᠯ᠎ᠠ ᠵᠢᠨ ᠠᠵᠢᠯ᠎ᠤᠨ ᠤᠯᠤᠭᠰᠠᠨ ᠠᠮᠵᠢᠯᠲᠠ ᠵᠢ ᠨᠤᠲᠠᠯᠠᠵᠤ᠂ ᠭᠤᠸᠠᠩᠰᠢ ᠵᠢᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠨᠡᠶ᠋ᠢᠭᠡᠮ ᠵᠢᠷᠦᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠭᠤᠸᠠᠩᠰᠢ ᠵᠢᠨ ᠬᠠᠭᠤᠳᠠᠰᠤ ᠵᠢ ᠴᠢᠷᠮᠠᠶ᠋ᠢᠨ ᠪᠢᠴᠢᠭᠯᠡᠵᠦ᠂ ᠰᠢᠯᠢᠳᠡᠭ ᠠᠮᠵᠢᠯᠲᠠ᠎ᠪᠠᠷ ᠵᠶ᠋ᠠᠨ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢ ᠪᠡᠯᠭᠡᠯᠡᠬᠦ ᠵᠢ ᠬᠦᠰᠡᠪᠡ᠃
ᠰᠢ ᠵᠢᠨ ᠫᠢᠩ᠂ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠵᠢᠨ ᠣᠷᠣᠨ ᠨᠤᠲᠤᠭ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ᠎ᠳᠠᠬᠢ ᠵᠠᠷᠴᠢᠮ ᠱᠠᠭ᠋ᠠᠷᠳᠠᠯᠭ᠎ᠠ ᠵᠢ ᠭᠦᠨᠵᠡᠭᠡᠢ ᠲᠠᠨᠢᠬᠤ ᠬᠡᠷᠡᠭᠲᠡᠢ ᠪᠥᠭᠡᠳ ᠪᠠᠰᠠ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠶᠠᠪᠤᠴᠠ᠎ᠳᠠᠬᠢ ᠲᠤᠰ ᠭᠠᠵᠠᠷ ᠣᠷᠣᠨ᠎ᠤ᠎ᠪᠠᠨ ᠬᠠᠷᠢᠴᠠᠭᠤᠯᠤᠭᠰᠠᠨ ᠳᠠᠪᠠᠭᠤᠯᠢᠭ᠎ᠢ ᠣᠨᠣᠪᠴᠢᠲᠠᠢ ᠡᠵᠡᠮᠳᠡᠵᠦ᠂ ᠭᠠᠵᠠᠷ ᠤᠷᠤᠨ᠎ᠤ᠎ᠪᠠᠨ ᠪᠣᠳᠠᠲᠤ ᠪᠠᠶ᠋ᠢᠳᠠᠯ᠎ᠳᠤ ᠨᠡᠶ᠋ᠢᠴᠡᠭᠰᠡᠨ ᠴᠢᠨᠠᠷ ᠰᠠᠶ᠋ᠢᠲᠠᠢ ᠬᠥᠭᠵᠢᠯᠲᠡ ᠵᠢᠨ ᠵᠠᠮ᠎ᠢ ᠨᠡᠭᠡᠭᠡᠬᠦ ᠬᠡᠷᠡᠭᠲᠡᠢ᠃ ᠤᠯᠠᠮᠵᠢᠯᠠᠯᠲᠤ ᠠᠵᠤ ᠦᠢ᠍ᠯᠡᠰ᠎ᠤᠨ ᠳᠡᠭᠡᠳᠦ ᠲᠡᠰᠵᠢᠬᠦ᠂ ᠤᠶᠤᠨᠴᠢᠯᠠᠬᠤ᠂ ᠪᠣᠬᠢᠷᠲᠤᠯ ᠦᠭᠡᠢ ᠪᠤᠯᠬᠤ ᠵᠢ ᠠᠬᠢᠭᠤᠯᠵᠤ᠂ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠰᠢᠯᠢᠳᠡᠭᠵᠢᠨ ᠲᠡᠰ ᠳᠡᠪᠰᠢᠭᠦ ᠵᠢ ᠠᠬᠢᠭᠤᠯᠵᠤ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠢᠳᠡᠪᠬᠢᠲᠡᠢ ᠪᠣᠶ᠋ᠢᠵᠢᠭᠤᠯᠤᠨ᠂ ᠲᠤᠭ᠎ᠠ ᠪᠠᠷᠢᠮᠳᠠ ᠵᠢᠨ ᠠᠵᠤ ᠦᠢ᠍ᠯᠡᠰᠵᠢᠯᠲᠡ ᠪᠠ ᠠᠵᠤ ᠦᠢ᠍ᠯᠡᠰ᠎ᠤᠨ ᠲᠣᠭ᠋ᠠᠴᠢᠯᠠᠯᠲᠠ ᠵᠢ ᠲᠦᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠬᠣᠶᠠᠷ ᠡᠷᠡᠰ ᠭᠤᠶ᠋ᠢᠪᠢᠰᠢ ᠦᠭᠡᠢ》 ᠵᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠡᠷᠡᠭᠲᠡᠢ᠃ ᠰᠢᠨ᠎ᠡ ᠵᠢ ᠡᠭᠦᠳᠬᠦ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠢᠨ᠎ᠡ ᠵᠢ ᠡᠭᠦᠳᠬᠦ ᠠᠮᠢ ᠠᠬᠤᠢ ᠤᠷᠴᠢᠨ ᠨᠦᠬᠦᠴᠡᠯ᠎ᠢ ᠰᠢᠯᠢᠳᠡᠭᠵᠢᠭᠦᠯᠦᠨ᠂ ᠡᠯ᠎ᠡ ᠲᠦᠷᠦᠯ᠎ᠤᠨ ᠰᠢᠨ᠎ᠡ ᠵᠢ ᠡᠭᠦᠳᠬᠦ ᠡᠯᠧᠮᠧᠨ᠋ᠲ᠎ᠤᠨ ᠠᠵᠤ ᠠᠬᠤᠶ᠋ᠢᠯᠠᠯ ᠲᠡᠶ᠋ᠢᠰᠢ ᠲᠥᠪᠯᠡᠷᠡᠬᠦ ᠵᠢ ᠠᠬᠢᠭᠤᠯᠵᠤ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠰᠢᠭᠤᠯᠬᠤ ᠵᠢ ᠠᠬᠢᠭᠤᠯᠬᠤ ᠬᠡᠷᠡᠭᠲᠡᠢ᠃ ᠬᠥᠬᠡᠮᠥ᠋ᠷᠡᠨ᠎ᠤ ᠠᠵᠤ ᠠᠬᠤᠶ ᠵᠢᠨ ᠪᠦᠰᠡ ᠵᠢᠨ ᠬᠥᠭᠵᠢᠯᠲᠡ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ᠎ᠤ ᠪᠥᠲᠥᠭᠡᠨ ᠪᠠᠶ᠋ᠢᠭᠤᠯᠤᠯᠲᠠ ᠵᠡᠷᠭᠡ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠤᠨ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ᠎ᠳᠤ ᠠᠭᠤᠰᠤᠯᠴᠠᠵᠤ᠂ ᠪᠠᠷᠠᠭᠤᠨ ᠬᠡᠰᠡᠭ᠎ᠤᠨ ᠡᠬᠡ ᠬᠠᠭᠤᠷᠠᠶ ᠪᠠ ᠲᠡᠯᠡᠶ ᠵᠢᠨ ᠰᠢᠨ᠎ᠡ ᠵᠠᠮ᠎ᠢ ᠥᠨᠳᠥᠷ ᠲᠦᠪᠰᠢᠨ ᠵᠶ᠋ᠠᠷ ᠬᠠᠮᠲᠤ᠎ᠪᠠᠷ ᠪᠥᠲᠥᠭᠡᠨ ᠪᠠᠶ᠋ᠢᠭᠤᠯᠵᠤ᠂ ᠲᠡᠯᠡᠶ᠎ᠳᠤ ᠬᠠᠨᠳᠤᠭᠰᠠᠨ ᠠᠵᠤ ᠠᠬᠤᠶ ᠵᠢ ᠶᠡᠬᠡ᠎ᠪᠠᠷ ᠬᠥᠭᠵᠢᠭᠦᠯᠤᠨ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠣᠭ᠎ᠠ ᠵᠢᠨ ᠨᠡᠭᠡᠭᠡᠯᠳᠡᠳᠤ ᠬᠠᠮᠲᠤᠷᠠᠯᠴᠠᠭ᠎ᠠ ᠵᠢ ᠠᠬᠢᠭᠤᠯᠵᠤ᠂ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠰᠠᠶ᠋ᠢᠲᠤᠷ ᠡᠷᠭᠢᠯᠡᠵᠦ᠂ ᠥᠪᠡᠷᠮᠢᠴᠡ ᠣᠷᠣᠨ ᠪᠠᠶ᠋ᠢᠷᠢ ᠵᠢᠨ ᠳᠠᠪᠠᠭᠤᠯᠢᠭ ᠵᠶ᠋ᠠᠨ ᠨᠡᠭᠡᠭᠡᠯᠲᠡ ᠬᠢᠵᠦ ᠬᠥᠭᠵᠢᠭᠦᠯᠬᠦ ᠳᠠᠪᠠᠭᠤᠯᠢᠭ ᠪᠤᠯᠭ᠋ᠠᠨ ᠨᠡᠩ ᠰᠠᠢ᠍ᠢ᠍ᠳᠦᠷ ᠬᠤᠪᠢᠷᠠᠭᠤᠯᠬᠤ ᠬᠡᠷᠡᠭᠲᠡᠶ ᠭᠡᠵᠤ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠣᠨ᠎ᠤ ᠳᠣᠣᠷ᠎ᠠ ᠣᠷᠣᠯᠭ᠎ᠠ᠎ᠲᠠᠢ ᠬᠥᠮᠦᠨ ᠠᠮᠠ ᠵᠢ ᠬᠠᠪᠰᠤᠷᠤᠨ ᠲᠡᠳᠬᠦᠬᠦ ᠵᠢ ᠪᠠᠢ᠍ᠢ᠍ᠩᠭᠤᠵᠢᠭᠤᠯᠬᠤ ᠲᠣᠭᠲᠠᠴᠠ ᠵᠢ ᠪᠦᠷᠢᠨᠰᠢᠬᠦᠯᠤᠨ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠤᠨᠴᠠᠯᠢᠬᠳᠤ ᠠᠵᠤ ᠦᠢ᠍ᠯᠡᠰ᠎ᠤᠨ ᠬᠥᠭᠵᠢᠯᠲᠡ ᠵᠢ ᠦᠷᠭᠦᠯᠵᠢᠯᠡᠨ ᠲᠡᠮᠵᠢᠵᠤ᠂ ᠣᠨᠳᠣᠣ ᠭᠠᠵᠠᠷ᠎ᠲᠤ ᠨᠡᠭᠦᠯᠭᠡᠭᠰᠡᠨ᠎ᠤ ᠳᠠᠷᠠᠭ᠋ᠠᠬᠢ ᠳᠡᠮᠵᠢᠯᠭᠡ᠎ᠪᠠᠨ ᠴᠢᠩᠭ᠋ᠠᠳᠬᠠᠬᠤ ᠬᠡᠷᠡᠭᠲᠡᠢ᠃ ᠭᠤᠸᠠᠩᠰᠢ ᠵᠢᠨ ᠤᠢ ᠰᠢᠭᠤᠢ ᠵᠢᠮᠢᠰ ᠢᠳᠡᠰᠢᠨ ᠨᠣᠭᠣᠭ᠎ᠠ ᠰᠢᠬᠢᠷ ᠵᠡᠷᠭᠡ ᠤᠨᠴᠠᠯᠢᠬᠳᠤ ᠡᠬᠢ ᠪᠠᠶᠠᠯᠢᠭ᠎ᠲᠤ ᠰᠠᠭᠤᠷᠢᠯᠠᠵᠤ᠂ ᠨᠢᠭᠡ ᠪᠦᠯᠦᠭ ᠤᠨᠴᠠᠯᠢᠬᠳᠤ ᠲᠠᠷᠢᠶᠠᠯᠠᠩ᠎ᠤᠨ ᠠᠵᠤ ᠦᠢ᠍ᠯᠡᠰ᠎ᠤᠨ ᠪᠦᠯᠦᠭᠵᠢᠯ᠎ᠢ ᠴᠣᠭᠴᠠᠯᠠᠬᠤ ᠬᠡᠷᠡᠭᠲᠡᠢ᠃ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ ᠵᠢ ᠴᠢᠩᠭ᠎ᠠ ᠬᠡᠷᠡᠭᠵᠢᠭᠦᠯᠵᠦ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠠᠮᠤ ᠪᠤᠳᠠᠭ᠋ᠠᠨ᠎ᠤ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠯᠠᠪᠳᠠᠭᠤᠨ ᠵᠶ᠋ᠠᠷ ᠳᠡᠭᠡᠭᠰᠢᠯᠡᠭᠦᠯᠬᠦ ᠬᠡᠷᠡᠭᠲᠡᠢ᠃ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠵᠦ᠂ ᠨᠡᠭᠦᠷᠡᠰᠦᠲᠥ᠋ᠷᠥᠭᠴᠢ ᠵᠢ ᠤᠷᠬᠢᠯ ᠬᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠪᠣᠯᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠦᠬᠦᠯᠢ ᠴᠣᠭᠴᠠ ᠵᠢᠨ ᠪᠠᠶ᠋ᠢᠷᠢᠰᠢᠭᠤᠯᠤᠯᠲᠠ᠎ᠳᠤ ᠣᠷᠣᠭᠤᠯᠵᠤ᠂ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠤ ᠡᠷᠬᠢᠯᠳᠡᠳᠤ ᠬᠥᠭᠵᠢᠯᠲᠡ ᠵᠢᠨ ᠠᠵᠤ ᠠᠬᠤᠢ ᠵᠢᠨ ᠰᠢᠰᠲ᠋ᠧᠮ᠎ᠢ ᠪᠠᠶ᠋ᠢᠭᠤᠯᠤᠨ ᠪᠦᠷᠢᠨᠰᠢᠬᠦᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠢ᠍ᠢ᠍ᠰᠢ᠎ᠪᠠᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃
ᠰᠢ ᠵᠢᠨ ᠫᠢᠩ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠪᠠᠶ᠋ᠢᠯᠳᠤᠬᠤ ᠪᠤᠳᠤᠯᠭ᠎ᠠ ᠪᠣᠯᠤᠨ ᠢᠳᠡᠪᠬᠢᠲᠡᠢ ᠠᠵᠢᠯ ᠣᠯᠭᠣᠯᠲᠠ ᠵᠢᠨ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ᠂ ᠶᠡᠬᠡ ᠳᠡᠭᠡᠳᠦ ᠰᠤᠷᠭ᠋ᠠᠭᠤᠯᠢ ᠵᠢᠨ ᠲᠡᠭᠦᠰᠬᠦ ᠤᠶᠤᠳᠠᠳ᠂ ᠴᠡᠷᠢᠭ᠎ᠠᠴᠠ ᠬᠠᠯᠠᠭᠳᠠᠭᠰᠠᠳ᠂ ᠬᠥᠯᠥᠰᠥᠨ ᠲᠠᠷᠢᠶᠠᠴᠢᠨ ᠪᠣᠯᠤᠨ ᠬᠤᠳᠠ ᠪᠠᠯᠭ᠋ᠠᠰᠤᠨ᠎ᠤ ᠬᠦᠴᠢᠷᠳᠡᠯᠲᠡᠢ ᠬᠥᠮᠦᠰ ᠵᠡᠷᠭᠡ ᠭᠣᠣᠯᠳᠠᠯᠭ᠎ᠠ᠎ᠲᠠᠢ ᠬᠥᠮᠦᠰ᠎ᠲᠤ ᠠᠵᠢᠯ ᠣᠯᠭᠣᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠤᠯᠠᠨ ᠠᠷᠭ᠎ᠠ ᠵᠠᠮ ᠵᠶ᠋ᠠᠷ ᠠᠮᠢᠳᠤᠯᠢᠭ ᠵᠶ᠋ᠠᠷ ᠠᠵᠢᠯ ᠣᠯᠭᠣᠬᠤ ᠨᠡᠶ᠋ᠢᠭᠡᠮ᠎ᠤᠨ ᠪᠠᠲᠤᠯᠠᠭ᠎ᠠ ᠵᠢᠨ ᠲᠦᠷᠢᠮ᠎ᠢ ᠲᠡᠭᠦᠯᠳᠡᠷᠵᠢᠭᠦᠯᠵᠦ᠂ ᠠᠴᠢᠶᠠᠨ᠎ᠤ ᠮᠠᠰᠢᠨ᠎ᠤ ᠵᠢᠯᠣᠭᠣᠴᠢ᠂ ᠲᠦᠷᠭᠡᠨ ᠬᠦᠷᠭᠡᠯᠳᠡ ᠵᠢᠨ ᠰᠢᠤᠳᠠᠨᠴᠢ᠂ ᠵᠠᠬᠢᠶᠠᠯᠠᠭ᠎ᠠ ᠵᠢᠨ ᠬᠣᠭᠣᠯᠠ ᠬᠦᠷᠭᠡᠭᠴᠢ ᠵᠡᠷᠭᠡ ᠵᠢᠨ ᠬᠠᠤᠯᠢ ᠶᠣᠰᠣᠨ᠎ᠤ ᠡᠷᠬᠡ ᠠᠰᠢᠭ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠢ᠃ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠤᠨ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ᠎ᠳᠠᠬᠢ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠰᠢᠰᠲ᠋ᠧᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠦᠨᠳᠦᠰᠦᠨ ᠱᠠᠲᠤᠨ᠎ᠤ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠰᠢᠰᠲ᠋ᠧᠮ᠎ᠢ ᠴᠢᠩᠭ᠋ᠠᠳᠬᠠᠨ᠂ ᠡᠮᠨᠡᠬᠦ ᠰᠡᠷᠭᠡᠶ᠋ᠢᠯᠡᠬᠦ ᠵᠢ ᠬᠠᠮᠵᠢᠯᠴᠠᠭᠤᠯᠬᠤ ᠲᠣᠭᠲᠠᠴᠠ ᠵᠢᠨ ᠰᠢᠨ᠎ᠡ ᠵᠢ ᠡᠭᠦᠳᠴᠦ᠂ ᠦᠨᠳᠦᠰᠦᠨ ᠱᠠᠲᠤᠨ᠎ᠤ ᠰᠡᠷᠭᠡᠶ᠋ᠢᠯᠡᠬᠦ᠂ ᠡᠮᠨᠡᠨ ᠵᠠᠰᠠᠬᠤ᠂ ᠰᠤᠪᠢᠯᠠᠬᠤ ᠡᠷᠡᠭᠦᠯᠵᠢᠭᠦᠯᠬᠦ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠤᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠵᠢ ᠥᠴᠦᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠠᠳᠬᠤᠬᠤ ᠬᠡᠷᠡᠭᠲᠡᠢ᠃ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠴᠢᠩᠭ᠎ᠠ ᠰᠡᠷᠭᠡᠶ᠋ᠢᠯᠡᠵᠦ᠂ ᠤᠨᠴᠠ ᠬᠦᠨᠳᠤ ᠶᠡᠬᠡ ᠠᠶᠤᠯᠭᠦᠢ ᠦᠢ᠍ᠯᠡᠳᠪᠦᠷᠢᠯᠡᠯ᠎ᠤᠨ ᠡᠨᠳᠡᠯ ᠡᠭᠦᠰᠬᠦ ᠵᠢ ᠪᠦᠲᠦᠮᠵᠢᠲᠡᠢ ᠬᠣᠷᠢᠡᠡᠯᠠᠨ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠢ ᠪᠠᠶ᠋ᠢᠩᠭᠤᠵᠢᠭᠤᠯᠤᠨ ᠥᠷᠨᠢᠭᠦᠯᠬᠦ ᠬᠡᠷᠡᠭᠲᠡᠢ ᠭᠡᠵᠤ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠤᠬᠠᠭᠤᠯᠭ᠎ᠠ ᠬᠥᠮᠦᠵᠢᠯ᠎ᠢ ᠰᠠᠶ᠋ᠢᠲᠤᠷ ᠬᠢᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠦᠳᠤᠯᠤᠨ ᠵᠢᠯᠣᠭᠣᠳᠴᠤ ᠪᠠᠢ᠍ᠢ᠍ᠭ᠋ᠠᠳ ᠵᠥᠪ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ᠎ᠲᠠᠢ ᠪᠤᠯᠭ᠋ᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠭᠤᠤ ᠶᠡᠬᠡ ᠡᠭᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠢ ᠬᠠᠮᠲᠤ ᠵᠢᠨ ᠲᠠᠨᠢᠯᠲᠠ ᠵᠢ ᠴᠢᠩᠭ᠋ᠠᠳᠬᠠᠨ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠭᠤᠸᠠᠩᠰᠢ ᠵᠢᠨ ᠬᠤᠪᠢᠰᠬᠠᠯ᠎ᠤᠨ ᠡᠬᠢ ᠪᠠᠶᠠᠯᠢᠭ ᠡᠯᠪᠡᠭ ᠳᠡᠯᠪᠡᠭ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠳᠤ ᠡᠳᠡᠭᠡᠷ ᠬᠤᠪᠢᠰᠬᠠᠯ᠎ᠤᠨ ᠡᠬᠢ ᠪᠠᠶᠠᠯᠢᠭ᠎ᠢ ᠰᠠᠶ᠋ᠢᠲᠤᠷ ᠠᠰᠢᠡᠡᠯᠠᠵᠤ᠂ ᠲᠡᠦᠬᠡ ᠵᠢ ᠰᠤᠷᠤᠯᠴᠠᠵᠦ ᠢᠲᠡᠭᠡᠯ ᠵᠶ᠋ᠠᠨ ᠨᠡᠮᠡᠭᠳᠡᠭᠦᠯᠬᠦ ᠵᠢ ᠪᠡᠶᠡᠯᠡᠭᠦᠯᠬᠦ ᠬᠡᠷᠡᠭᠲᠡᠢ᠃ ᠲᠡᠦᠬᠡ ᠵᠢ ᠰᠤᠷᠤᠯᠴᠠᠵᠤ ᠢᠲᠡᠭᠡᠯ ᠵᠶ᠋ᠠᠨ ᠨᠡᠮᠡᠭᠳᠡᠭᠦᠯᠬᠦ ᠪᠤᠯ ᠳᠠᠷᠤᠢ ᠢᠲᠡᠭᠡᠯ ᠪᠢᠰᠢᠷᠡᠯ᠂ ᠢᠲᠡᠭᠡᠯ ᠬᠦᠰᠡᠯ᠂ ᠢᠳᠡᠭᠡᠯ ᠵᠤᠷᠢᠭ ᠵᠶ᠋ᠠᠨ ᠨᠡᠮᠡᠭᠳᠡᠭᠦᠯᠬᠦ ᠶᠠᠪᠤᠳᠠᠯ ᠪᠤᠯᠤᠨ᠎ᠠ᠂ ᠡᠨᠡ ᠪᠣᠯ ᠪᠢᠳᠡᠨ᠎ᠤ ᠠᠯᠢᠪᠠ ᠬᠦᠴᠦᠷᠬᠡᠭ ᠳᠠᠶ᠋ᠢᠰᠤᠨ᠎ᠢ ᠢᠯᠠᠬᠤ᠂ ᠠᠯᠢᠪᠠ ᠬᠦᠴᠢᠷ ᠪᠡᠷᠬᠡᠰᠢᠶᠡᠯ᠎ᠢ ᠢᠯᠠᠨ ᠳᠠᠪᠠᠬᠤ᠂ ᠠᠯᠢᠪᠠ ᠢᠯᠠᠯᠲᠠ ᠵᠢ ᠲᠡᠮᠡᠴᠡᠨ ᠤᠯᠬᠤ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠦᠴᠦᠨ ᠮᠥᠨ᠃ ᠮᠠᠷᠺᠰ᠎ᠤᠨ ᠦᠵᠡᠯ᠂ ᠡᠪ ᠬᠠᠮᠲᠤ ᠶᠣᠰᠣᠨ᠎ᠤ ᠲᠤᠬᠠᠢ ᠢᠲᠡᠭᠡᠯ ᠪᠢᠰᠢᠷᠡᠯ ᠵᠶ᠋ᠠᠨ ᠴᠢᠩᠭ᠋ᠠᠳᠬᠠᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠶᠠᠪᠤᠴᠠ᠎ᠠᠴᠠ ᠢᠲᠡᠭᠡᠯ ᠪᠢᠰᠢᠷᠡᠯ᠎ᠤᠨ ᠬᠦᠴᠦᠨ᠎ᠢ ᠮᠡᠳᠡᠷᠡᠭᠦᠯᠦᠨ ᠤᠢ᠍ᠢ᠍ᠯᠠᠭ᠋ᠠᠭᠤᠯᠵᠤ᠂ ᠢᠮᠠᠭᠲᠠ ᠡᠷᠡᠰ ᠬᠠᠳᠠᠨ ᠰᠥᠰᠥ ᠵᠣᠷᠢᠭᠲᠠᠢ ᠪᠠᠢ᠍ᠢ᠍ᠯᠭ᠋ᠠᠨ᠂ ᠡᠯ᠎ᠡ ᠵᠦᠢ᠍ᠯ᠎ᠤᠨ ᠬᠦᠨᠳᠦ ᠶᠡᠬᠡ ᠬᠦᠴᠢᠷ ᠪᠡᠷᠬᠡᠰᠢᠶᠡᠯ ᠪᠣᠯᠤᠨ ᠬᠠᠲᠠᠭᠤ ᠴᠢᠩᠭ᠎ᠠ ᠥᠷᠢᠰᠥᠯᠳᠦᠭᠡᠨ᠎ᠢ ᠵᠣᠷᠢᠭᠲᠠᠢ ᠢᠯᠠᠨ ᠳᠠᠪᠠᠭᠤᠯᠬᠤ ᠬᠡᠷᠡᠭᠲᠡᠢ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠢ ᠢᠲᠡᠭᠡᠯ ᠬᠦᠰᠡᠯ᠎ᠢ ᠴᠢᠩᠭ᠋ᠠᠳᠬᠠᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠪᠣᠯ ᠲᠡᠦᠬᠡ ᠵᠢᠨ ᠬᠥᠭᠵᠢᠯᠲᠡ ᠵᠢᠨ ᠵᠠᠶ᠋ᠢᠯᠠᠰᠢ ᠦᠭᠡᠢ ᠦᠷ᠎ᠡ ᠳ᠋ᠦᠩ ᠮᠥᠨ᠂ ᠳᠤᠮᠳᠠᠳᠤ ᠤᠯᠤᠰ᠎ᠢ ᠬᠥᠭᠵᠢᠭᠦᠯᠬᠦ᠎ᠳᠤ ᠵᠠᠶ᠋ᠢᠯᠠᠰᠢ ᠦᠭᠡᠢ ᠵᠠᠮᠨᠠᠬᠤ ᠵᠠᠮ ᠮᠥᠨ᠂ ᠦᠢ᠍ᠯᠡᠳᠦᠯᠭᠡ ᠵᠢᠨ ᠰᠢᠯᠭ᠋ᠠᠯᠳᠠ ᠵᠢ ᠦᠩᠭᠡᠷᠡᠭᠦᠯᠦᠭᠰᠡᠨ ᠰᠢᠨᠵᠢᠯᠡᠬᠦ ᠤᠬᠠᠭ᠋ᠠᠨᠴᠢ ᠦᠨᠡᠨ ᠶᠣᠰᠣ ᠮᠥᠨ ᠭᠡᠳᠡᠭ᠎ᠢ ᠭᠦᠨᠵᠡᠭᠡᠢ ᠲᠠᠨᠢᠭᠤᠯᠵᠤ᠂ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠶ᠋ᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢ᠎ᠨᠢ ᠢᠮᠠᠭᠲᠠ ᠪᠠᠲᠤᠳᠬᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠢᠲᠡᠭᠡᠯ ᠵᠤᠷᠢᠭ᠎ᠢ ᠴᠢᠩᠭ᠋ᠠᠳᠬᠠᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ ᠪᠠᠢ᠍ᠢ᠍ᠭ᠋ᠠᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠂ ᠵᠠᠪᠠᠯ ᠢᠯᠠᠬᠤ ᠢᠲᠡᠭᠡᠯ᠎ᠢ᠎ᠨᠢ ᠴᠢᠩᠭ᠋ᠠᠳᠬᠠᠵᠤ᠂ ᠮᠠᠨ᠎ᠤ ᠨᠠᠮ ᠯᠠᠪᠲᠠᠢ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ ᠳᠡᠭᠡᠷ᠎ᠡ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠵᠦ᠂ ᠮᠠᠨ᠎ᠤ ᠡᠨᠡ ᠦᠶ᠎ᠡ ᠵᠢᠨ ᠬᠥᠮᠦᠰ᠎ᠲᠤ ᠬᠠᠷᠢᠶᠠᠯᠠᠭᠳᠠᠬᠤ᠂ ᠰᠢᠨ᠎ᠡ ᠴᠠᠭ ᠦᠶ᠎ᠡ᠎ᠳᠤ ᠣᠰᠣᠯᠳᠠᠬᠤ ᠦᠭᠡᠢ ᠲᠡᠦᠬᠡᠲᠦ ᠭᠠᠪᠢᠶ᠎ᠠ ᠵᠢᠳᠬᠦᠯ ᠪᠠᠢ᠍ᠢ᠍ᠭᠤᠯᠵᠤ ᠳᠡᠢ᠍ᠢ᠍ᠯᠬᠦ ᠵᠢ ᠪᠠᠳᠤ ᠢᠳᠡᠭᠡᠭᠦᠯᠬᠦ ᠬᠡᠷᠡᠭᠳᠠᠢ᠃ ᠢᠲᠡᠭᠡᠯ ᠪᠢᠰᠢᠷᠡᠯ᠂ ᠢᠲᠡᠭᠡᠯ ᠬᠦᠰᠡᠯ᠂ ᠢᠲᠡᠭᠡᠯ ᠵᠤᠷᠢᠭ ᠪᠣᠯ ᠢᠯᠵᠠᠷᠠᠯ᠎ᠢ ᠰᠡᠷᠭᠡᠶ᠋ᠢᠯᠡᠬᠦ ᠬᠠᠮᠤᠭ᠎ᠤᠨ ᠰᠠᠢ᠍ᠢ᠍ᠨ ᠡᠮ ᠮᠥᠨ᠃ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢ ᠢᠮᠠᠭᠲᠠ ᠰᠠᠶ᠋ᠢᠲᠤᠷ ᠠᠳᠬᠤᠵᠤ᠂ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠵᠢ ᠨᠢᠭᠡ ᠴᠤᠬ᠍ᠴᠠᠵᠢᠭᠤᠯᠤᠨ ᠠᠬᠢᠭᠤᠯᠬᠤ ᠵᠢ ᠨᠡᠩ ᠤᠯᠠᠨ ᠲᠦᠷᠢᠮ᠎ᠤᠨ ᠴᠢᠨᠠᠷᠲᠠᠢ ᠦᠷ᠎ᠡ ᠪᠦᠲᠦᠭᠡᠯ ᠪᠠ ᠨᠡᠩ ᠶᠡᠬᠡ ᠵᠠᠰᠠᠯᠲᠠ ᠵᠢᠨ ᠦᠷ᠎ᠡ ᠪᠦᠲᠦᠮᠵᠢ᠎ᠲᠠᠢ ᠪᠣᠯᠭ᠋ᠠᠬᠤ ᠬᠡᠷᠡᠭᠲᠡᠢ ᠭᠡᠵᠤ ᠵᠢᠭ᠋ᠠᠵᠤ ᠭᠠᠷᠭ᠋ᠠᠵᠠᠢ᠃
ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃