ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠡᠭ ᠬᠤᠪᠢᠰᠬᠠᠯ᠎ᠤᠨ ᠲᠡᠤᠬᠡᠨ ᠲᠤᠷᠠᠰᠬᠠᠯᠳᠤ ᠵᠦᠢ᠍ᠯᠡᠰ᠎ᠤᠨ ᠠᠵᠢᠯ᠎ᠳᠤ ᠴᠢᠬᠤᠯᠨ ᠵᠢᠭ᠋ᠠᠪᠤᠷᠢ ᠦᠭᠭᠦ᠎ᠳᠤ᠎ᠪᠠᠨ ᠴᠢᠬᠤᠯᠠᠴᠢᠯᠠᠬᠰᠠᠨᠨ᠎ᠨᠢ ᠄ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠢ ᠦᠨᠡᠨ ᠬᠦ᠌ ᠰᠠᠢ᠌ᠳᠤᠷ ᠬᠠᠮᠢᠶᠠᠷᠴᠤ ᠰᠠᠢ᠌ᠳᠤᠷ ᠬᠠᠮᠢᠶᠠᠷᠤᠨ ᠰᠠᠢ᠌ᠳᠤᠷ ᠬᠡᠷᠡᠭᠯᠡᠵᠤ ᠦᠷᠬᠡᠨ ᠤᠯᠠᠨ ᠺᠠᠳ᠋ᠷ ᠤᠯᠠᠨ ᠲᠦᠮᠡᠨ᠎ᠤ ᠤᠶᠤᠨ ᠰᠠᠨᠠᠭ᠋ᠠᠨ᠎ᠤ ᠬᠦᠴᠤᠨ ᠴᠢᠳᠠᠯ᠎ᠢ ᠪᠠᠳᠠᠷᠠᠭᠤᠯᠬᠤ ᠬᠡᠷᠡᠭᠳᠡᠢ
ᠨᠡᠶᠢᠲᠡᠯᠡᠭᠰᠡᠨ ᠴᠠᠭ᠄ 2021-04-06

ᠰᠢᠨᠬᠤᠸᠨ ᠬᠤᠷᠢᠶᠠᠨ᠎ᠤ ᠪᠡᠬᠡᠵᠢᠡᠭ᠎ᠤᠨ 3 ᠳ᠋ᠤᠭ᠋ᠠᠷ ᠰᠠᠷ᠎ᠠ ᠵᠢᠨ 30᠎ᠤ ᠡᠳᠤᠷ᠎ᠤᠨ ᠴᠠᠬᠢᠯᠭ᠋ᠠᠨ ᠮᠡᠳᠡᠬᠡ ᠨᠠᠮ᠎ᠤᠨ ᠲᠦᠪ ᠬᠤᠷᠢᠶᠠᠨ᠎ᠤ ᠶᠡᠷᠤᠡᠭᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠡᠭ ᠤᠢ᠌ᠷ᠎ᠠ᠎ᠳᠤ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠤᠨ ᠠᠵᠢᠯ᠎ᠳᠤ ᠴᠢᠬᠤᠯᠨ ᠵᠢᠭ᠋ᠠᠪᠤᠷᠢ ᠦᠭᠴᠤ᠂ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠨᠢ ᠨᠠᠮ ᠪᠠ ᠠᠷᠠᠳ ᠲᠦᠮᠡᠨ᠎ᠤ   ᠡᠷᠡᠯᠬᠡᠭ ᠪᠠᠭ᠋ᠠᠳᠤᠷᠯᠢᠭ ᠵᠶ᠋ᠡᠷ ᠲᠡᠮᠡᠴᠡᠭᠰᠡᠨ ᠦᠡᠭᠭᠡ ᠬᠡᠷᠡᠯᠳᠤ ᠲᠡᠤᠬᠡ ᠵᠢ ᠠᠴᠢᠶᠠᠯᠠᠵᠤ᠂ ᠲᠤᠮᠳᠠᠳᠤ ᠤᠯᠤᠰ᠎ᠤᠨ ᠬᠤᠪᠢᠰᠬᠠᠯ᠎ᠤᠨ ᠠᠭᠤᠤ ᠶᠡᠬᠡ ᠦᠡᠭᠭᠡᠷᠡᠯᠳᠡ ᠪᠠ ᠬᠦᠮᠦᠰ᠎ᠤᠨ ᠰᠡᠳᠬᠢᠯ᠎ᠢ ᠬᠦᠳᠡᠯᠬᠡᠮ᠎ᠡ ᠦᠢ᠍ᠯᠨ ᠶᠠᠪᠤᠳᠠᠯ᠎ᠢ ᠲᠡᠮᠳᠡᠭᠯᠡᠵᠤ᠂ ᠨᠠᠮ ᠪᠠ ᠤᠯᠤᠰ᠎ᠤᠨ ᠡᠷᠬᠢᠮ ᠨᠠᠨᠳᠢᠨ ᠦᠪ ᠬᠦᠷᠤᠡᠭᠭᠡ ᠮᠥᠨ᠂ ᠬᠤᠪᠢᠰᠬᠠᠯᠳᠤ ᠤᠯᠠᠮᠵᠢᠯᠠᠯ ᠪᠠ ᠬᠤᠪᠢᠰᠬᠠᠯᠳᠤ ᠰᠤᠶᠤᠯ᠎ᠢ ᠪᠠᠳᠠᠷᠠᠭᠤᠯᠬᠤ᠂ ᠨᠡᠢ᠌ᠬᠡᠮ ᠵᠢᠷᠤᠮ᠎ᠤᠨ ᠤᠶᠤᠨ᠎ᠤ ᠪᠤᠯᠪᠠᠰᠤᠨ᠎ᠤ ᠪᠠᠢ᠌ᠭᠤᠯᠤᠯᠳᠠ ᠵᠢ ᠴᠢᠡᠭᠭ᠋ᠠᠳᠬᠠᠬᠤ᠂ ᠤᠯᠤᠰ ᠵᠶ᠋ᠡᠨ ᠬᠠᠢ᠌ᠷᠠᠯᠠᠬᠤ ᠬᠠᠯᠠᠭᠤᠨ ᠰᠡᠳᠬᠢᠯᠬᠡ ᠵᠢ ᠬᠦᠭᠵᠢᠬᠡᠬᠦ᠂ ᠦᠨᠳᠤᠰᠤᠳᠡᠨ᠎ᠤ ᠵᠤᠷᠢᠭ ᠰᠠᠨᠠᠭ᠎ᠠ ᠵᠢ ᠬᠦᠭᠵᠢᠬᠡᠬᠦ ᠠᠮᠢᠳᠤᠯᠢᠭ ᠵᠢᠭ᠋ᠠᠬᠤ ᠮᠠᠲᠸᠷᠢᠶᠠᠯ ᠮᠥᠨ ᠭᠡᠵᠤ ᠵᠢᠭ᠋ᠠᠵᠤ ᠭᠠᠷᠭ᠋ᠠᠪᠠ᠃
    ᠰᠢ   ᠵᠢᠨ ᠫᠢᠡᠭ᠂ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠢ ᠬᠠᠮᠠᠭ᠋ᠠᠯᠠᠬᠤ ᠪᠠ ᠠᠰᠢᠬᠯᠠᠬᠤ ᠵᠢ ᠴᠢᠡᠭᠭ᠋ᠠᠳᠬᠠᠵᠤ᠂ ᠬᠤᠪᠢᠰᠬᠠᠯᠳᠤ ᠰᠤᠶᠤᠯ᠎ᠢ ᠪᠠᠳᠠᠷᠠᠭᠤᠯᠤᠨ᠂ ᠬᠤᠪᠢᠰᠬᠠᠯ᠎ᠤᠨ ᠤᠯᠠᠮᠵᠢᠯᠠᠯ᠎ᠢ ᠵᠠᠯᠭ᠋ᠠᠮᠵᠢᠯᠠᠬᠤ ᠪᠤᠯ ᠪᠦᠬᠦ ᠨᠠᠮ ᠪᠦᠬᠦ ᠨᠡᠢ᠌ᠬᠡᠮ᠎ᠤᠨ ᠬᠠᠮᠳᠤ ᠵᠢᠨ ᠬᠠᠷᠢᠭᠤᠴᠠᠯᠭ᠎ᠠ ᠮᠥᠨ᠃ ᠡᠯ᠎ᠡ ᠱᠠᠳᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠢ ᠬᠠᠮᠠᠭ᠋ᠠᠯᠠᠬᠤ ᠪᠠ ᠠᠰᠢᠬᠯᠠᠬᠤ ᠠᠵᠢᠯ᠎ᠢ ᠡᠳᠤᠷ ᠲᠤᠳᠤᠮ᠎ᠤᠨ ᠴᠢᠬᠤᠯᠨ ᠵᠦᠪᠯᠡᠬᠦ ᠵᠦᠢ᠍ᠯ᠎ᠳᠤ᠎ᠪᠠᠨ ᠤᠷᠤᠭᠤᠯᠵᠤ᠂ ᠠᠵᠢᠯ᠎ᠤᠨ ᠡᠷᠴᠢᠮ ᠵᠶ᠋ᠡᠨ ᠴᠢᠡᠭᠭ᠋ᠠᠷᠠᠭᠤᠯᠤᠨ᠂ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠢ ᠦᠨᠡᠨ ᠬᠦ᠌ ᠰᠠᠢ᠌ᠳᠤᠷ ᠬᠠᠮᠠᠭ᠋ᠠᠠᠯᠠᠵᠤ᠂ ᠰᠠᠢ᠌ᠳᠤᠷ ᠬᠠᠮᠢᠶᠠᠷᠴᠤ᠂ ᠰᠠᠢ᠌ᠳᠤᠷ ᠬᠡᠷᠡᠭᠯᠡᠵᠤ᠂ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠤᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠂ ᠬᠤᠪᠢᠰᠬᠠᠯᠳᠤ ᠤᠯᠠᠮᠵᠢᠯᠠᠯ᠎ᠤᠨ ᠬᠦᠮᠦᠵᠢᠯ᠂ ᠤᠯᠤᠰ ᠵᠶ᠋ᠡᠨ ᠬᠠᠢ᠌ᠷᠠᠯᠠᠬᠤ   ᠦᠵᠡᠯ᠎ᠤᠨ ᠬᠦᠮᠦᠵᠢᠯ ᠵᠡᠷᠬᠡ ᠲᠠᠯ᠎ᠠ᠎ᠳᠤ᠎ᠬᠢ ᠴᠢᠬᠤᠯᠨ ᠦᠢ᠍ᠯᠡᠳᠤᠯ᠎ᠢ ᠰᠠᠢ᠌ᠳᠤᠷ ᠪᠠᠳᠠᠷᠠᠭᠤᠯᠵᠤ᠂ ᠦᠷᠬᠡᠨ ᠤᠯᠠᠨ ᠺᠠᠳ᠋ᠷ ᠤᠯᠠᠨ ᠲᠦᠮᠡᠨ᠎ᠤ ᠤᠶᠤᠨ ᠰᠠᠨᠠᠭ᠋ᠠᠨ᠎ᠤ ᠬᠦᠴᠤᠨ ᠴᠢᠳᠠᠯ᠎ᠢ ᠪᠠᠳᠠᠷᠠᠭᠤᠯᠤᠨ᠂ ᠢᠳᠡᠬᠡᠯ ᠲᠡᠬᠦᠯᠳᠡᠷ ᠵᠶ᠋ᠡᠷ ᠨᠡᠢ᠌ᠬᠡᠮ ᠵᠢᠷᠤᠮᠳᠤ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠦᠳᠦᠬᠡᠨ ᠪᠠᠢ᠌ᠭᠤᠯᠬᠤ᠂ ᠲᠤᠮᠳᠠᠳᠤ ᠵᠢᠨ ᠦᠨᠳᠤᠰᠤᠳᠡᠨ᠎ᠤ ᠠᠭᠤᠤ ᠶᠡᠬᠡ ᠰᠡᠷᠬᠦᠨ ᠮᠠᠨᠳᠤᠯᠳᠠ ᠵᠢᠨ ᠲᠤᠮᠳᠠᠳᠤ ᠵᠢᠨ ᠵᠡᠬᠦᠳᠤ ᠵᠢ ᠲᠡᠷᠬᠡᠯᠰᠢᠬᠦᠯᠬᠦ᠎ᠪᠠᠷ ᠲᠦᠯᠦᠬᠡ ᠲᠡᠮᠡᠴᠡᠬᠦ ᠬᠡᠷᠡᠭᠳᠡᠢ ᠭᠡᠵᠤ ᠴᠢᠬᠤᠯᠠᠴᠢᠯᠠᠪᠠ᠃
    ᠪᠦᠬᠦ ᠤᠯᠤᠰ᠎ᠤᠨ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠤᠨ ᠠᠵᠢᠯ᠎ᠤᠨ ᠬᠤᠷᠠᠯᠳᠤᠭ᠋ᠠᠨ 3 ᠳ᠋ᠤᠭ᠋ᠠᠷ ᠰᠠᠷ᠎ᠠ   ᠵᠢᠨ 30  ᠎ᠤ ᠡᠳᠤᠷ ᠪᠡᠬᠡᠵᠢᠡᠭ᠎ᠳᠤ ᠬᠤᠷᠠᠯᠳᠤᠪᠠ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠤᠯᠤᠰ ᠲᠦᠷᠤ ᠵᠢᠨ ᠲᠤᠪᠴᠢᠶᠠᠨ᠎ᠤ ᠬᠡᠰᠢᠬᠦᠨ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠲᠡᠳ᠋ ᠶᠡᠷᠤᠡᠭᠭᠡᠢ ᠰᠠᠢ᠌ᠳ ᠰᠦᠨ ᠴᠦᠨ ᠯᠠᠨ ᠬᠤᠷᠠᠯ ᠲᠡᠬᠡᠷ᠎ᠡ ᠰᠢ ᠵᠢᠨ ᠫᠢᠡᠭ ᠶᠡᠷᠤᠡᠭᠬᠡᠢ ᠱᠦᠵᠢ ᠵᠢᠨ ᠴᠢᠬᠤᠯᠨ ᠵᠢᠭ᠋ᠠᠪᠤᠷᠢ ᠵᠢ ᠲᠠᠮᠵᠢᠭᠤᠯᠪᠠ᠃
    ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠤᠯᠤᠰ ᠲᠦᠷᠤ ᠵᠢᠨ ᠲᠤᠪᠴᠢᠶᠠᠨ᠎ᠤ ᠬᠡᠰᠢᠬᠦᠨ᠂ ᠲᠦᠪ᠎ᠤᠨ ᠤᠬᠭᠤᠯᠬᠤ ᠬᠡᠯᠳᠡᠰ᠎ᠤᠨ ᠲᠠᠷᠤᠭ᠎ᠠ ᠬᠤᠸᠠᠡᠭ ᠺᠦᠨ ᠮᠢᠡᠭ ᠬᠤᠷᠠᠯ ᠲᠡᠬᠡᠷ᠎ᠡ ᠶᠠᠷᠢᠶ᠎ᠠ ᠲᠠᠯᠪᠢᠬᠤ᠎ᠳᠤ᠎ᠪᠠᠨ ᠵᠢᠭ᠋ᠠᠬᠰᠠᠨ᠎ᠨᠢ᠂   ᠰᠢ ᠵᠢᠨ ᠫᠢᠡᠭ ᠶᠡᠷᠤᠡᠭᠭᠡᠢ ᠱᠦᠵᠢ ᠵᠢᠨ ᠴᠢᠬᠤᠯᠨ ᠵᠢᠭ᠋ᠠᠪᠤᠷᠢ᠎ᠨᠢ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠤᠨ ᠠᠵᠢᠯ᠎ᠤᠨ ᠴᠢᠬᠤᠯᠨ ᠠᠴᠢ ᠬᠤᠯᠪᠤᠬᠳᠠᠯ᠂ ᠬᠠᠷᠠᠯᠳᠠ ᠡᠬᠦᠷᠬᠡ ᠪᠠ ᠦᠨᠳᠤᠰᠤᠨ ᠱᠠᠭ᠋ᠠᠷᠳᠠᠯᠭ᠎ᠠ ᠵᠢ ᠬᠦᠨᠵᠡᠬᠡᠢ ᠲᠤᠭ᠋ᠠᠴᠢᠨ ᠦᠬᠦᠯᠡᠵᠤ᠂ ᠰᠢ ᠵᠢᠨ ᠫᠢᠡᠭ ᠨᠦᠬᠦᠷ ᠵᠶ᠋ᠡᠷ ᠭᠤᠤᠯ ᠪᠤᠯᠭ᠋ᠠᠬᠰᠠᠨ ᠨᠠᠮ᠎ᠤᠨ ᠲᠦᠪ ᠬᠤᠷᠢᠶ᠎ᠠ ᠵᠢᠨ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠤᠨ ᠠᠵᠢᠯ᠎ᠢ ᠲᠡᠬᠡᠳᠤ ᠬᠡᠮᠵᠢᠶ᠎ᠡ᠎ᠪᠠᠷ ᠬᠦᠨᠳᠤᠳᠬᠡᠵᠤ ᠪᠠᠢ᠌ᠭ᠎ᠠ ᠵᠢ ᠢᠯᠡᠷᠡᠬᠦᠯᠦᠭᠰᠡᠨ ᠶᠤᠮ᠂ ᠰᠢᠨ᠎ᠡ ᠴᠠᠭ ᠦᠶ᠎ᠡ ᠵᠢᠨ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠤᠨ ᠠᠵᠢᠯ᠎ᠤᠨ ᠦᠨᠳᠤᠰᠤᠨ ᠵᠢᠷᠤᠮᠯᠠᠯ ᠮᠥᠨ᠃ ᠰᠢ ᠵᠢᠨ ᠫᠢᠡᠭ ᠶᠡᠷᠤᠡᠭᠭᠡᠢ ᠱᠦᠵᠢ ᠵᠢᠨ ᠴᠢᠬᠤᠯᠨ ᠵᠢᠭ᠋ᠠᠪᠤᠷᠢ ᠵᠢ ᠬᠢᠨᠠᠮᠠᠭ᠋ᠠᠢ ᠰᠤᠷᠤᠯᠴᠠᠨ᠂ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠤᠨ ᠠᠵᠢᠯ ᠪᠤᠯ ᠬᠤᠪᠢᠰᠬᠠᠯ᠎ᠤᠨ ᠲᠡᠤᠬᠡ ᠵᠢ ᠬᠡᠷᠡᠴᠢᠯᠡᠬᠦ᠂ ᠬᠤᠪᠢᠰᠬᠠᠯᠳᠤ ᠵᠤᠷᠢᠭ ᠰᠠᠨᠠᠭ᠎ᠠ ᠵᠢ ᠪᠠᠳᠠᠷᠠᠭᠤᠯᠬᠤ ᠲᠠᠯ᠎ᠠ᠎ᠪᠠᠷ᠎ᠬᠢ ᠴᠢᠬᠤᠯᠨ ᠦᠢ᠍ᠯᠡᠳᠤᠯ᠎ᠢ ᠬᠦᠢ᠍ᠴᠡᠳ ᠲᠠᠨᠢᠵᠤ᠂ ᠰᠢᠨ᠎ᠡ ᠴᠠᠭ ᠦᠶ᠎ᠡ᠂ ᠰᠢᠨ᠎ᠡ ᠱᠠᠭ᠋ᠠᠷᠳᠠᠯᠭ᠎ᠠ᠎ᠲᠠᠢ ᠤᠶᠠᠯᠳᠤᠭᠤᠯᠤᠨ ᠬᠠᠮᠠᠭ᠋ᠠᠯᠠᠬᠤ᠂ ᠬᠠᠮᠢᠶᠠᠷᠬᠤ᠂ ᠬᠡᠷᠡᠭᠯᠡᠬᠦ ᠡᠯ᠎ᠡ ᠲᠦᠷᠤᠯ᠎ᠤᠨ ᠠᠵᠢᠯ᠎ᠢ ᠨᠢᠬᠡᠳᠤᠯᠳᠡᠢ᠎ᠪᠠᠷ ᠰᠠᠢ᠌ᠳᠤᠷ ᠬᠢᠵᠤ᠂ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠤᠨ ᠠᠵᠢᠯ᠎ᠤᠨ ᠰᠢᠨ᠎ᠡ ᠪᠠᠢ᠌ᠳᠠᠯ᠎ᠢ ᠠᠬᠢᠭᠤᠯᠬᠤ ᠬᠡᠷᠡᠭᠳᠡᠢ᠃
    ᠤᠯᠤᠰ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠤᠨ ᠲᠤᠪᠴᠢᠶ᠎ᠠ᠂ ᠤᠯᠤᠰ᠎ᠤᠨ ᠬᠦᠭᠵᠢᠬᠦᠯᠤᠯᠳᠡ ᠦᠬᠡᠷᠡᠴᠢᠯᠡᠯᠳᠡ ᠵᠢᠨ ᠵᠦᠪᠯᠡᠯ᠂ ᠡᠳ᠋᠎ᠤᠨ ᠵᠠᠰᠠᠭ᠎ᠤᠨ ᠶᠠᠮᠤᠨ ᠪᠤᠯᠤᠨ ᠵᠢᠶᠠᠡᠭᠰᠢ᠂ ᠱᠠᠨᠰᠢ᠂ ᠬᠤᠨᠠᠨ ᠮᠤᠵᠢ ᠵᠢᠨ ᠬᠠᠮᠢᠶ᠎ᠠ ᠪᠦᠬᠦᠢ ᠬᠠᠷᠢᠭᠤᠴᠠᠯᠭ᠋ᠠᠳᠠᠨ ᠨᠦᠬᠦᠳ ᠶᠡᠬᠡ ᠬᠤᠷᠠᠯ ᠲᠡᠬᠡᠷ᠎ᠡ ᠢᠯᠡᠳᠬᠡᠯ ᠬᠢᠵᠡᠢ᠃
      ᠡᠯ᠎ᠡ   ᠮᠤᠵᠢ ᠤᠷᠤᠨ ᠬᠤᠳᠠ ᠪᠠ ᠰᠢᠨᠵᠢᠶᠠᠡᠭ᠎ᠤᠨ ᠦᠢ᠍ᠯᠡᠳᠪᠤᠷᠢᠯᠡᠯ᠎ᠤᠨ ᠪᠢᠡᠭᠲ᠋ᠤᠸᠨᠨ᠂ ᠲᠦᠪ ᠬᠤᠷᠢᠶ᠎ᠠ ᠪᠠ ᠤᠯᠤᠰ᠎ᠤᠨ ᠪᠠᠢ᠌ᠭᠤᠯᠭ᠎ᠠ ᠵᠢᠨ ᠬᠠᠮᠢᠶ᠎ᠠ ᠪᠦᠬᠦᠢ ᠰᠠᠯᠠᠭ᠎ᠠ ᠮᠦᠴᠢᠷ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠪᠠᠢ᠌ᠭᠤᠯᠭ᠎ᠠ ᠵᠢᠨ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠨᠦᠬᠦᠳ᠂ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠢ ᠬᠠᠮᠠᠭ᠋ᠠᠯᠠᠵᠤ ᠠᠰᠢᠬᠯᠠᠬᠰᠠᠨ ᠬᠡᠰᠡᠭ ᠲᠤᠭᠤᠷᠢᠭ᠎ᠤᠨ ᠲᠦᠯᠦᠬᠡᠯᠡᠭᠴᠢ᠂ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠤᠨ ᠲᠤᠰᠬᠠᠢ ᠮᠡᠷᠬᠡᠵᠢᠯᠳᠡᠨ᠎ᠤ ᠲᠦᠯᠦᠭᠡᠯᠡᠭᠴᠢᠳ ᠬᠤᠷᠠᠯ᠎ᠳᠤ ᠤᠷᠤᠯᠴᠠᠪᠠ᠃

 

ᠢᠷᠡᠯᠲᠡ᠄ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠰᠦᠯᠵᠢᠶᠡᠨ᠎ᠤ ᠬᠤᠷᠳᠤᠴᠠ ᠵᠢ ᠦᠷᠭᠦᠯᠵᠢᠯᠡᠨ ᠳᠡᠭᠡᠭᠰᠢᠯᠡᠭᠦᠯᠵᠦ ᠰᠦᠢ᠍ᠳᠬᠡᠯ᠎ᠢ ᠪᠠᠭᠤᠷᠠᠭᠤᠯᠬᠤ ᠵᠡᠷᠭᠡ ᠵᠢ ᠪᠠᠢ᠌ᠷᠢᠯᠠᠭᠤᠯᠪᠠ
ᠯᠢ ᠺᠸ ᠴᠢᠶᠠᠡᠭ ᠲᠦᠷᠤ ᠵᠢᠨ ᠶᠠᠪᠤᠳᠠᠯ᠎ᠤᠨ ᠬᠤᠷᠢᠶᠠᠨ᠎ᠤ ᠪᠠᠢ᠌ᠡᠭᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠵᠠᠬ᠎ᠠ ᠲᠡᠯᠬᠡᠬᠦᠷ᠎ᠤᠨ ᠭᠤᠤᠯ ᠴᠤᠬ᠍ᠴᠨ ᠵᠢ ᠲᠠᠡᠭᠰᠠᠯᠠᠵᠤ ᠬᠠᠮᠢᠶᠠᠷᠬᠤ ᠲᠦᠷᠢᠮ (ᠲᠦᠰᠤᠯ)》᠎ᠢ ᠪᠠᠳᠤᠯᠠᠪᠠ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠳ᠋᠎ᠤᠨ ᠵᠠᠰᠠᠭ᠎ᠤᠨ ᠪᠠᠯᠠ ᠮᠥᠩᠭᠥ ᠵᠢ ᠰᠢᠭᠤᠳ ᠬᠦᠷᠭᠡᠬᠦ ᠪᠠᠢ᠌ᠩᠭᠤᠵᠢᠭᠰᠠᠨ ᠲᠣᠭᠲᠠᠴᠠ ᠵᠢ ᠤᠯᠠᠮ ᠰᠠᠢ᠌ᠲᠤᠷ ᠬᠡᠷᠡᠭᠵᠢᠭᠦᠯᠬᠦ ᠲᠤᠬᠠᠶ ᠪᠠᠢ᠌ᠷᠢᠯᠠᠭᠤᠯᠪᠠ
ᠰᠢ ᠵᠢᠨ ᠫᠢᠩ᠎ᠤᠨ 《ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ》 ᠳᠡᠭᠡᠷᠡᠬᠢ ᠶᠠᠷᠢᠶ᠎ᠠ
ᠰᠢ ᠵᠢᠨ ᠫᠢᠩ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ ᠎ᠤᠨ ᠠᠵᠢᠯ ᠎ᠳᠤ ᠴᠢᠬᠤᠯᠠ ᠵᠢᠭ᠋ᠠᠪᠤᠷᠢ ᠦᠭᠴᠤ ᠴᠢᠬᠤᠯᠠᠴᠢᠯᠠᠬᠰᠠᠨ᠎ᠨᠢ ᠤᠳᠤᠭᠢᠴᠢᠯᠠᠭᠰᠠᠨ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠰᠢᠰᠲᠸᠮ᠎ᠢ ᠲᠠᠷᠤᠢ ᠲᠦᠷᠭᠡᠨ ᠪᠠᠢ᠌ᠭᠤᠯᠵᠤ᠂ ᠴᠢᠨᠠᠷ ᠴᠢᠨᠰᠠᠭ᠎ᠠ᠎ᠨᠢ ᠦᠨᠳᠤᠷ ᠮᠡᠷᠭᠡᠵᠢᠯ᠎ᠲᠠᠢ ᠴᠢᠳᠠᠪᠤᠷᠢᠳᠠᠨ ᠤᠷᠠᠨ ᠴᠢᠳᠠᠪᠤᠷᠢᠳᠠᠨ ᠶᠡᠭᠡ ᠤᠯᠤᠰ᠎ᠤᠨ ᠤᠷᠠᠨ ᠲᠠᠷᠬᠠᠨ᠎ᠢ ᠨᠡᠩ ᠤᠯᠠᠨ ᠬᠦᠮᠤᠵᠢᠬᠦᠯᠬᠦ ᠭᠡᠷᠡᠭᠳᠡᠢ
 
            