ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠰᠦᠯᠵᠢᠶᠡᠨ᠎ᠤ ᠬᠤᠷᠳᠤᠴᠠ ᠵᠢ ᠦᠷᠭᠦᠯᠵᠢᠯᠡᠨ ᠳᠡᠭᠡᠭᠰᠢᠯᠡᠭᠦᠯᠵᠦ ᠰᠦᠢ᠍ᠳᠬᠡᠯ᠎ᠢ ᠪᠠᠭᠤᠷᠠᠭᠤᠯᠬᠤ ᠵᠡᠷᠭᠡ ᠵᠢ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2021-04-09

      ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
      ᠰᠦᠯᠵᠢᠶᠡᠨ᠎ᠤ ᠬᠤᠷᠳᠤᠴᠠ ᠵᠢ ᠦᠷᠭᠦᠯᠵᠢᠯᠡᠨ ᠳᠡᠭᠡᠭᠰᠢᠯᠡᠭᠦᠯᠦᠨ ᠰᠦᠢ᠍ᠳᠬᠡᠯ᠎ᠢ ᠪᠠᠭᠤᠷᠠᠭᠤᠯᠵᠤ᠂ ᠨᠡᠩ ᠣᠯᠠᠨ ᠠᠵᠤ ᠠᠬᠤᠢ᠌ᠯᠠᠯ ᠪᠠ ᠠᠷᠠᠳ ᠲᠦᠮᠡᠨ᠎ᠳᠤ ᠠᠰᠢᠭ ᠬᠦᠷᠲᠡᠭᠡᠬᠦ ᠵᠡᠷᠭᠡ ᠵᠢ ᠪᠠᠢ᠌ᠷᠢᠯᠠᠭᠤᠯᠪᠠ
      ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠬᠤᠪᠢ ᠬᠥᠮᠦᠨ᠎ᠤ ᠲᠠᠩᠰᠠᠨ ᠡᠷᠦᠬᠡ ᠵᠢᠨ ᠪᠠᠯᠠ ᠮᠥᠩᠭᠥ᠎ᠪᠠᠨ ᠬᠡᠷᠡᠭᠯᠡᠬᠦ ᠬᠡᠪᠴᠢᠶ᠎ᠡ ᠵᠢ ᠥᠷᠭᠡᠳᠬᠡᠵᠦ ᠣᠯᠠᠨ ᠲᠦᠮᠡᠨ᠎ᠤ ᠡᠮᠴᠢᠯᠡᠭᠡ ᠵᠢᠨ ᠳᠠᠷᠤᠭ᠋ᠠᠰᠤ ᠵᠢ ᠬᠥᠩᠭᠡᠯᠡᠨ᠎ᠡ

      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 4 ᠳ᠋ᠦ᠍ᠭᠡᠷ ᠰᠠᠷ᠎ᠠ ᠵᠢᠨ 7᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠰᠦᠯᠵᠢᠶᠡᠨ᠎ᠤ ᠬᠤᠷᠳᠤᠴᠠ ᠵᠢ ᠦᠷᠭᠦᠯᠵᠢᠯᠡᠨ ᠳᠡᠭᠡᠭᠰᠢᠯᠡᠭᠦᠯᠦᠨ ᠰᠦᠢ᠍ᠳᠬᠡᠯ᠎ᠢ ᠪᠠᠭᠤᠷᠠᠭᠤᠯᠵᠤ᠂ ᠨᠡᠩ ᠣᠯᠠᠨ ᠠᠵᠤ ᠠᠬᠤᠢ᠌ᠯᠠᠯ ᠪᠠ ᠠᠷᠠᠳ ᠲᠦᠮᠡᠨ᠎ᠳᠤ ᠠᠰᠢᠭ ᠬᠦᠷᠲᠡᠭᠡᠬᠦ ᠵᠦᠢ᠍ᠯ᠎ᠢ ᠪᠠᠢ᠌ᠷᠢᠯᠠᠭᠤᠯᠪᠠ; ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠬᠤᠪᠢ ᠬᠥᠮᠦᠨ᠎ᠤ ᠲᠠᠩᠰᠠᠨ ᠡᠷᠦᠬᠡ ᠵᠢᠨ ᠪᠠᠯᠠ ᠮᠥᠩᠭᠥ᠎ᠪᠠᠨ ᠬᠡᠷᠡᠭᠯᠡᠬᠦ ᠬᠡᠪᠴᠢᠶ᠎ᠡ ᠵᠢ ᠥᠷᠭᠡᠳᠬᠡᠵᠦ᠂ ᠣᠯᠠᠨ ᠲᠦᠮᠡᠨ᠎ᠤ ᠡᠮᠴᠢᠯᠡᠭᠡ ᠵᠢᠨ ᠳᠠᠷᠤᠭ᠋ᠠᠰᠤ ᠵᠢ ᠬᠥᠩᠭᠡᠯᠡᠨ᠎ᠡ᠃
      ᠬᠤᠷᠠᠯ᠎ᠠᠴᠠ ᠵᠢᠭ᠋ᠠᠬᠤ᠎ᠳᠤ᠎ᠪᠠᠨ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ᠎ᠪᠠᠷ᠂ ᠤᠢ᠍ᠢ᠍ᠷ᠎ᠠ ᠵᠢᠨ ᠵᠢᠯ᠎ᠠᠴᠠ ᠨᠠᠭ᠋ᠠᠰᠢ ᠰᠦᠯᠵᠢᠶᠡᠨ᠎ᠤ ᠬᠤᠷᠳᠤᠴᠠ ᠵᠢ ᠳᠡᠭᠡᠭᠰᠢᠯᠡᠭᠦᠯᠦᠨ ᠰᠦᠢ᠍ᠳᠬᠡᠯ᠎ᠢ ᠪᠠᠭᠤᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠲᠣᠭᠲᠠᠮᠠᠯ ᠥᠷᠭᠡᠨ ᠪᠦᠰᠡ ᠪᠠ ᠰᠢᠯᠵᠢᠮᠡᠯ ᠰᠦᠯᠵᠢᠶᠡᠨ᠎ᠤ ᠬᠤᠷᠳᠤᠯᠠᠮᠵᠢ ᠶᠡᠬᠡ ᠬᠡᠮᠵᠢᠶ᠎ᠡ᠎ᠪᠠᠷ ᠳᠡᠭᠡᠭᠰᠢᠯᠡᠨ᠂ ᠬᠤᠷᠢᠶᠠᠬᠤ ᠰᠦᠢ᠍ᠳᠬᠡᠯ ᠶᠡᠬᠡ ᠬᠡᠮᠵᠢᠶ᠎ᠡ᠎ᠪᠠᠷ ᠪᠠᠭᠤᠷᠠᠵᠤ᠂ ᠤᠯᠠᠨ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠠᠵᠤ ᠠᠬᠤᠶ᠋ᠢᠯᠠᠯ᠎ᠤᠨ ᠥᠪᠡᠷ᠎ᠤᠨ ᠦᠷᠳᠡᠭ᠎ᠢ ᠪᠠᠭᠤᠷᠠᠭᠤᠯᠬᠤ᠎ᠳᠤ ᠲᠤᠯᠭ᠋ᠠᠭᠤᠷᠢᠯᠠᠬᠤ ᠦᠢ᠍ᠯᠡᠳᠦᠯ ᠦᠵᠡᠭᠦᠯᠵᠦ᠂ ᠠᠵᠢᠯ ᠣᠯᠭᠣᠵᠤ ᠠᠳᠠᠯ ᠦᠢ᠍ᠯᠡᠰ ᠪᠤᠰᠬᠠᠬᠤ᠂ ᠲᠣᠭ᠋ᠠᠵᠢᠭᠤᠯᠤᠭᠰᠠᠨ ᠠᠵᠤ ᠠᠬᠤᠢ ᠵᠢᠨ ᠬᠥᠭᠵᠢᠯᠲᠡ ᠪᠠ ᠰᠢᠨ᠎ᠡ ᠬᠥᠳᠡᠯᠭᠡᠬᠦ ᠴᠢᠳᠠᠪᠤᠷᠢ ᠵᠢᠨ ᠪᠣᠶ᠋ᠢᠵᠢᠯᠲᠠ ᠵᠢ ᠠᠬᠢᠭᠤᠯᠵᠠᠢ᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠰᠦᠯᠵᠢᠶᠡᠨ᠎ᠤ ᠬᠤᠷᠳᠤᠴᠠ ᠵᠢ ᠳᠡᠭᠡᠭᠰᠢᠯᠡᠭᠦᠯᠦᠨ ᠰᠦᠢ᠍ᠳᠬᠡᠯ᠎ᠢ ᠪᠠᠭᠤᠷᠠᠭᠤᠯᠬᠤ ᠵᠢ ᠤᠯᠠᠮ ᠨᠢᠭᠡ ᠠᠯᠬᠤᠮ ᠠᠬᠢᠭᠤᠯᠵᠤ᠂ ᠰᠦᠯᠵᠢᠶ᠎ᠡ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃ ᠨᠢᠭᠡ᠎ᠳᠤ᠂ 5G ᠪᠠ ᠮᠢᠩᠭ᠋ᠠᠨ ᠰᠠᠶ᠎ᠠ ᠬᠡᠷᠡᠯ ᠰᠢᠷᠬᠡᠭᠲᠦ ᠵᠠᠭᠤᠴᠢᠯᠠᠭᠤᠷ᠎ᠤᠨ ᠰᠦᠯᠵᠢᠶ᠎ᠡ ᠵᠢᠨ ᠪᠥᠲᠥᠭᠡᠨ ᠪᠠᠶ᠋ᠢᠭᠤᠯᠤᠯᠲᠠ ᠪᠠ ᠬᠡᠷᠡᠭᠯᠡᠯᠲᠡ ᠵᠢ ᠶᠡᠬᠡ᠎ᠪᠠᠷ ᠠᠬᠢᠭᠤᠯᠬᠤ ᠬᠡᠷᠡᠭᠲᠡᠢ᠃ ᠮᠢᠩᠭ᠋ᠠᠨ ᠰᠠᠶ᠎ᠠ ᠬᠡᠷᠡᠯ ᠰᠢᠷᠬᠡᠭᠲᠦ ᠵᠠᠭᠤᠴᠢᠯᠠᠭᠤᠷ᠎ᠤᠨ ᠰᠦᠯᠵᠢᠶ᠎ᠡ ᠵᠢ ᠲᠠᠰ ᠳᠡᠪᠰᠢᠭᠦᠯᠬᠦ ᠪᠠ ᠡᠷᠦᠬᠡ᠎ᠳᠤ ᠣᠷᠣᠭᠤᠯᠬᠤ ᠥᠭᠡᠷᠡᠴᠢᠯᠡᠯᠲᠡ ᠵᠢ ᠥᠷᠨᠢᠭᠦᠯᠵᠦ᠂ ᠬᠣᠲᠠ ᠵᠢᠨ ᠲᠣᠭᠲᠠᠮᠠᠯ ᠪᠠ ᠰᠢᠯᠵᠢᠮᠡᠯ 《ᠮᠢᠩᠭ᠋ᠠᠨ ᠰᠠᠶ᠎ᠠ ᠡᠷᠦᠬᠡ᠎ᠳᠤ ᠬᠦᠷᠬᠦ》 ᠴᠢᠳᠠᠪᠤᠷᠢ ᠦᠨᠳᠦᠰᠦᠨ᠎ᠳᠤ᠎ᠪᠠᠨ ᠪᠦᠷᠢᠯᠳᠦᠭᠦᠯᠬᠦ ᠵᠢ ᠠᠬᠢᠭᠤᠯᠤᠨ᠂ ᠡᠨᠡ ᠵᠢᠯ ᠮᠢᠩᠭ᠋ᠠᠨ ᠰᠠᠶ᠎ᠠ ᠬᠡᠷᠡᠯ ᠰᠢᠷᠬᠡᠭᠲᠦ ᠵᠠᠭᠤᠴᠢᠯᠠᠭᠤᠷ᠎ᠤᠨ ᠰᠦᠯᠵᠢᠶ᠎ᠡ ᠵᠢ 2 ᠳ᠋ᠦᠩᠰᠢᠭᠤᠷ ᠭᠠᠷᠤᠶ ᠡᠷᠦᠬᠡ᠎ᠳᠤ ᠪᠦᠷᠬᠦᠭᠦᠯᠬᠦ ᠵᠢ ᠪᠡᠶᠡᠯᠡᠭᠦᠯᠦᠨ᠎ᠡ᠃ ᠥᠷᠭᠡᠨ ᠪᠦᠰᠡᠲᠦ ᠰᠦᠯᠵᠢᠶ᠎ᠡ ᠵᠢ ᠵᠠᠰᠠᠭ ᠵᠠᠬᠢᠷᠭ᠋ᠠᠨ᠎ᠤ ᠲᠣᠰᠬᠣᠨ᠎ᠳᠤ ᠨᠡᠶ᠋ᠢᠳᠡᠮ ᠪᠦᠷᠬᠦᠭᠦᠯᠬᠦ ᠵᠢ ᠠᠬᠢᠭᠤᠯᠬᠤ ᠵᠢᠨ ᠬᠠᠮᠲᠤ ᠦᠢ᠍ᠯᠡᠳᠪᠦᠷᠢᠯᠡᠯ ᠠᠵᠢᠯᠯᠠᠭ᠋ᠠᠨ᠎ᠤ ᠲᠣᠭᠣᠷᠢᠭ᠂ ᠵᠠᠮ ᠬᠠᠷᠢᠯᠴᠠᠭ᠋ᠠᠨ᠎ᠤ ᠴᠢᠬᠤᠯᠠ ᠵᠠᠮ ᠳᠠᠭ᠋ᠠᠤ ᠣᠷᠣᠨ ᠵᠡᠷᠭᠡ ᠭᠣᠣᠯᠳᠠᠯᠭ᠎ᠠ᠎ᠲᠠᠢ ᠣᠷᠣᠨ ᠪᠦᠰᠡ ᠲᠡᠶ᠋ᠢᠰᠢ ᠥᠷᠭᠡᠳᠬᠡᠨ᠎ᠡ᠃ ᠬᠣᠶᠠᠷ᠎ᠲᠤ᠂ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠳᠤᠮᠳᠠ ᠵᠢᠵᠢᠭ ᠠᠵᠤ ᠠᠬᠤᠶ᠋ᠢᠯᠠᠯ᠎ᠤᠨ ᠥᠷᠭᠡᠨ ᠪᠦᠰᠡ ᠪᠠ ᠲᠤᠰᠬᠠᠶ ᠱᠤᠭᠤᠮ᠎ᠤᠨ ᠳᠤᠮᠳᠠᠴᠢ ᠰᠦᠢ᠍ᠳᠬᠡᠯ᠎ᠢ ᠲᠠᠬᠢᠨ 10%᠎ᠪᠠᠷ ᠪᠠᠭᠤᠷᠠᠭᠤᠯᠵᠤ᠂ ᠨᠠᠰᠤᠲᠠᠶ᠋ᠢᠴᠤᠳ᠂ ᠵᠡᠮᠳᠡᠭᠴᠦᠳ ᠵᠡᠷᠭᠡ ᠣᠨᠴᠠᠭ᠋ᠠᠶ ᠬᠦᠮᠦᠰ᠎ᠲᠤ ᠵᠠᠷᠤᠳᠠᠯ᠎ᠤᠨ ᠬᠠᠷᠠᠭ᠋ᠠᠯᠵᠠᠯ ᠦᠵᠡᠭᠦᠯᠬᠦ ᠬᠡᠷᠡᠭᠲᠡᠢ᠃ ᠭᠤᠷᠪᠠ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠠᠰᠠᠷ ᠲᠠᠭᠲᠤ ᠵᠢᠨ ᠥᠷᠭᠡᠨ ᠪᠦᠰᠡᠲᠦ ᠰᠦᠯᠵᠢᠶ᠎ᠡ ᠵᠢ ᠭᠠᠭᠴᠠᠭ᠋ᠠᠷ ᠡᠵᠡᠮᠰᠢᠨ ᠵᠠᠯᠭ᠋ᠠᠨ ᠣᠷᠣᠭᠤᠯᠬᠤ᠂ ᠠᠯᠪᠠᠳᠠᠯᠭ᠎ᠠ᠎ᠪᠠᠷ ᠦᠨ᠎ᠡ ᠥᠰᠬᠡᠬᠦ ᠵᠡᠷᠭᠡ ᠦᠢ᠍ᠯᠡ ᠠᠵᠢᠯᠯᠠᠭ᠎ᠠ ᠵᠢ ᠡᠷᠡᠰ ᠴᠡᠭᠴᠡᠯᠡᠨ ᠵᠠᠰᠠᠵᠤ᠂ ᠲᠡᠭᠦᠰᠭᠡᠯ ᠦᠵᠦᠭᠦᠷ᠎ᠤᠨ ᠰᠦᠯᠵᠢᠶᠡᠨ᠎ᠤ ᠬᠡᠷᠡᠭᠯᠡᠭᠴᠢᠳ ᠬᠤᠷᠳᠤᠴᠠ ᠵᠢ ᠳᠡᠭᠡᠭᠰᠢᠯᠡᠭᠦᠯᠦᠨ ᠰᠦᠢ᠍ᠳᠬᠡᠯ᠎ᠢ ᠪᠠᠭᠤᠷᠠᠭᠤᠯᠤᠭᠰᠠᠨ ᠪᠣᠳᠠᠲᠤ ᠦᠷ᠎ᠡ ᠠᠰᠢᠭ᠎ᠢ ᠣᠯᠵᠤ ᠭᠥᠷᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠥᠷᠭᠡᠨ ᠪᠦᠰᠡᠲᠦ ᠰᠦᠯᠵᠢᠶ᠎ᠡ᠎ᠳᠤ ᠵᠠᠯᠭ᠋ᠠᠵᠤ ᠣᠷᠣᠭᠤᠯᠬᠤ ᠲᠤᠬᠠᠶ᠋ᠢᠯᠠᠭᠰᠠᠨ ᠠᠵᠢᠯ᠎ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠵᠢ ᠵᠣᠬᠢᠰᠲᠠᠶ᠎ᠪᠠᠷ ᠳᠣᠷᠣᠭᠰᠢᠯᠠᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠵᠡᠷᠭᠡ ᠵᠢᠨ ᠣᠷᠣᠯᠴᠠᠬᠤ ᠵᠢ ᠲᠡᠮᠵᠢᠵᠤ᠂ ᠵᠠᠬ᠎ᠠ ᠳᠡᠯᠭᠡᠭᠦᠷ᠎ᠤᠨ ᠲᠥᠪ ᠭᠣᠣᠯᠴᠢ ᠥᠷᠢᠰᠥᠯᠳᠦᠭᠡᠨ ᠵᠶ᠋ᠠᠷ ᠵᠠᠷᠤᠳᠠᠯ ᠰᠦᠢ᠍ᠳᠬᠡᠯ᠎ᠤᠨ ᠪᠠᠭᠤᠷᠠᠯᠲᠠ ᠵᠢ ᠠᠬᠢᠭᠤᠯᠬᠤ ᠬᠡᠷᠡᠭᠲᠡᠢ᠃ ᠲᠦᠷᠪᠡ᠎ᠳᠤ᠂ ᠴᠠᠬᠢᠯᠭ᠋ᠠᠨ ᠬᠣᠯᠪᠣᠭ᠋ᠠᠨ᠎ᠤ ᠰᠠᠭᠤᠷᠢ ᠪᠡᠯᠡᠳᠬᠡᠮᠵᠢ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠬᠦᠷᠲᠡᠬᠦ ᠵᠢ ᠴᠢᠩᠭ᠋ᠠᠳᠬᠠᠵᠤ᠂ ᠰᠦᠯᠵᠢᠶᠡᠨ᠎ᠤ ᠡᠬᠢ ᠪᠠᠶᠠᠯᠢᠭ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠢᠨᠲᠸᠷ ᠰᠦᠯᠵᠢᠶᠡᠨ᠎ᠤ ᠭᠣᠣᠯᠯᠠᠬᠤ ᠲᠣᠣᠷ᠎ᠤᠨ ᠬᠣᠭᠣᠷᠣᠨᠳᠣᠬᠢ ᠥᠷᠭᠡᠨ ᠪᠦᠰᠡ ᠵᠢᠨ ᠪᠠᠭᠲᠠᠭ᠋ᠠᠮᠵᠢ ᠵᠢ ᠥᠷᠭᠡᠳᠬᠡᠬᠦ ᠵᠢ ᠠᠬᠢᠭᠤᠯᠵᠤ᠂ ᠲᠣᠣᠷ ᠠᠯᠤᠰᠯᠠᠭᠰᠠᠨ ᠴᠢᠮᠡᠭᠡ ᠬᠣᠯᠪᠣᠭ᠋ᠠᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠬᠡᠷᠡᠭᠲᠡᠢ ᠭᠡᠵᠡᠢ᠃
      ᠬᠤᠷᠠᠯ᠎ᠠᠴᠠ ᠵᠢᠭ᠋ᠠᠬᠤ᠎ᠳᠤ᠎ᠪᠠᠨ᠂ ᠮᠠᠨ᠎ᠤ ᠤᠯᠤᠰ᠎ᠤᠨ ᠰᠢᠨ᠎ᠡ ᠨᠢᠭᠡᠨ ᠡᠭᠡᠯᠵᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ᠎ᠨᠢ ᠳᠡᠯᠡᠬᠡᠶ ᠳᠡᠭᠡᠷᠡᠬᠢ ᠬᠡᠪᠴᠢᠶ᠎ᠡ᠎ᠪᠠᠷ ᠬᠠᠮᠤᠭ᠎ᠤᠨ ᠶᠡᠬᠡ᠂ ᠠᠷᠪᠠ ᠭᠠᠷᠤᠶ ᠳ᠋ᠦᠩᠰᠢᠭᠤᠷ ᠬᠥᠮᠦᠨ᠎ᠳᠤ ᠠᠰᠢᠭ ᠬᠦᠷᠲᠡᠭᠡᠬᠦ ᠡᠮᠴᠢᠯᠡᠭᠡ ᠵᠢᠨ ᠦᠨᠳᠦᠰᠦᠨ ᠳᠠᠭ᠋ᠠᠳᠬᠠᠯ᠎ᠤᠨ ᠲᠣᠣᠷ᠎ᠢ ᠪᠠᠶ᠋ᠢᠭᠤᠯᠵᠤ᠂ ᠣᠯᠠᠨ ᠲᠦᠮᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠬᠥᠩᠭᠡᠷᠡᠭᠦᠯᠬᠦ᠂ ᠡᠪᠡᠳᠴᠢᠨ ᠦᠵᠡᠭᠦᠯᠬᠦ᠎ᠳᠤ ᠵᠠᠷᠤᠳᠠᠯ ᠥᠨᠳᠥᠷ ᠪᠠᠶ᠋ᠢᠬᠤ ᠠᠰᠠᠭᠤᠳᠠᠯ᠎ᠢ ᠨᠠᠮᠳᠠᠭᠤᠯᠬᠤ᠎ᠳᠤ ᠴᠢᠬᠤᠯᠠ ᠦᠢ᠍ᠯᠡᠳᠦᠯ ᠭᠠᠷᠭ᠋ᠠᠵᠠᠶ᠃ ᠣᠶ᠋ᠢᠷ᠎ᠠ ᠵᠢᠨ ᠵᠢᠯ᠎ᠳᠤ᠂ ᠪᠠᠰᠠ ᠮᠠᠰᠢ ᠣᠯᠠᠨ ᠡᠪᠡᠳᠴᠢᠲᠡᠨ᠎ᠳᠤ ᠬᠣᠯᠪᠣᠭᠳᠠᠭᠰᠠᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠᠭ᠋ᠠᠢ ᠡᠪᠡᠳᠴᠢᠨ᠎ᠢ ᠡᠮᠴᠢᠯᠡᠭᠡ ᠵᠢᠨ ᠳᠠᠭ᠋ᠠᠳᠬᠠᠯ᠎ᠤᠨ ᠲᠠᠩᠰᠠ ᠲᠠᠶ᠋ᠢᠯᠬᠤ ᠬᠡᠪᠴᠢᠶᠡᠨ᠎ᠳᠤ ᠣᠷᠣᠭᠤᠯᠬᠤ᠎ᠪᠠᠷ ᠪᠣᠢ᠃ ᠲᠠᠷᠠᠭ᠋ᠠᠴᠢ ᠵᠢᠨ ᠠᠯᠬᠤᠮ᠎ᠳᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠴᠢᠳᠠᠮᠵᠢ ᠵᠢ ᠴᠢᠩᠭ᠋ᠠᠳᠬᠠᠵᠤ᠂ ᠨᠠᠩ ᠣᠯᠠᠨ ᠡᠭᠦᠳᠡᠨ ᠡᠮᠨᠡᠯᠭᠡ ᠵᠢᠨ ᠵᠠᠷᠤᠳᠠᠯ᠎ᠢ ᠡᠮᠴᠢᠯᠡᠭᠡ ᠵᠢᠨ ᠳᠠᠭ᠋ᠠᠳᠬᠠᠯ᠎ᠤᠨ ᠲᠠᠩᠰᠠ ᠲᠠᠶ᠋ᠢᠯᠬᠤ ᠬᠡᠪᠴᠢᠶᠡᠨ᠎ᠳᠤ ᠣᠷᠣᠭᠤᠯᠵᠤ᠂ ᠡᠪᠡᠳᠴᠢᠲᠡᠨ᠎ᠤ ᠳᠠᠷᠤᠭ᠋ᠠᠰᠤ ᠵᠢ ᠤᠯᠠᠮ ᠨᠢᠭᠡ ᠠᠯᠬᠤᠮ ᠬᠥᠩᠭᠡᠷᠡᠭᠦᠯᠬᠦ ᠬᠡᠷᠡᠭᠲᠡᠢ ᠭᠡᠵᠡᠢ᠃ ᠬᠤᠷᠠᠯ᠎ᠠᠴᠠ ᠲᠣᠭᠲᠠᠭ᠋ᠠᠭᠰᠠᠨ᠎ᠨᠢ᠂ ᠨᠢᠭᠡ᠎ᠳᠤ᠂ ᠡᠷᠡᠭᠦᠯ ᠮᠡᠨᠳᠦ᠎ᠳᠤ ᠬᠥᠨᠥᠭᠡᠯ ᠶᠡᠬᠡ᠂ ᠵᠠᠷᠤᠳᠠᠯ ᠰᠦᠢ᠍ᠳᠬᠡᠯ᠎ᠤᠨ ᠳᠠᠷᠤᠭ᠋ᠠᠰᠤ ᠬᠦᠨᠳᠦ ᠬᠡᠰᠡᠭ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠᠭ᠋ᠠᠢ ᠡᠪᠡᠳᠴᠢᠨ ᠪᠠ ᠣᠯᠠᠨ ᠡᠭᠦᠰᠳᠡᠭ ᠡᠪᠡᠳᠴᠢᠨ᠂ ᠪᠠᠶ᠋ᠢᠩᠭᠤ ᠲᠣᠬᠢᠶᠠᠯᠳᠤᠳᠠᠭ ᠡᠪᠡᠳᠴᠢᠨ᠎ᠤ ᠡᠩ᠎ᠤᠨ ᠡᠭᠦᠳᠡᠨ ᠡᠮᠨᠡᠯᠭᠡ ᠵᠢᠨ ᠵᠠᠷᠤᠳᠠᠯ᠎ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥᠨ᠎ᠳᠤ ᠣᠷᠣᠭᠤᠯᠵᠤ ᠲᠥᠯᠥᠬᠦ ᠬᠡᠷᠡᠭᠲᠡᠢ᠃ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠳᠥᠯᠥᠬᠦ ᠬᠠᠷᠢᠴᠠᠯ᠎ᠢ 50%᠎ᠠᠴᠠ ᠡᠬᠢᠯᠡᠭᠦᠯᠵᠦ᠂ ᠠᠵᠢᠯ᠎ᠠᠴᠠ᠎ᠪᠠᠨ ᠠᠮᠠᠷᠠᠭᠰᠠᠳ ᠲᠡᠢ᠌ᠰᠢ ᠵᠣᠬᠢᠬᠤ ᠬᠡᠮᠵᠢᠶ᠎ᠡ᠎ᠪᠠᠷ ᠬᠡᠯᠪᠡᠶ᠋ᠢᠯᠭᠡᠵᠦ᠂ ᠬᠣᠶ᠋ᠢᠰᠢᠳᠠ ᠰᠠᠭᠤᠷᠢ ᠮᠥᠩᠭᠥᠨ᠎ᠤ ᠳᠠᠭ᠋ᠠᠭ᠋ᠠᠬᠤ ᠴᠢᠳᠠᠪᠤᠷᠢ ᠵᠢᠨ ᠨᠡᠮᠡᠭᠳᠡᠬᠦ ᠵᠢ ᠳᠠᠭ᠋ᠠᠯᠳᠤᠨ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠬᠦ ᠬᠡᠷᠡᠭᠲᠡᠢ᠃ ᠬᠣᠶᠠᠷ᠎ᠲᠤ᠂ ᠬᠤᠪᠢ ᠬᠥᠮᠦᠨ᠎ᠤ ᠲᠠᠩᠰᠠᠨ ᠡᠷᠦᠬᠡ᠎ᠳᠤ ᠪᠤᠳᠤᠵᠤ ᠣᠷᠣᠭᠤᠯᠬᠤ ᠠᠷᠭ᠎ᠠ ᠵᠢ ᠰᠠᠢ᠌ᠵᠢᠷᠠᠭᠤᠯᠬᠤ ᠬᠡᠷᠡᠭᠲᠡᠢ᠃ ᠠᠵᠢᠯ᠎ᠤᠨ ᠪᠠᠢ᠌ᠷᠢ᠎ᠳᠤ ᠪᠠᠶ᠋ᠢᠭ᠎ᠠ ᠠᠵᠢᠯᠲᠠᠨ ᠠᠵᠢᠯᠴᠢᠨ᠎ᠤ ᠬᠤᠪᠢ ᠬᠥᠮᠦᠨ᠎ᠤ ᠲᠤᠰᠢᠶᠠᠬᠤ ᠰᠦᠢ᠍ᠳᠬᠡᠯ᠎ᠢ ᠮᠥᠨ ᠬᠤᠪᠢ ᠬᠥᠮᠦᠨ᠎ᠤ ᠲᠠᠩᠰᠠᠨ ᠡᠷᠦᠬᠡ᠎ᠳᠤ ᠪᠣᠳᠣᠨ ᠣᠷᠣᠭᠤᠯᠵᠤ᠂ ᠪᠠᠢ᠌ᠭᠤᠯᠭ᠎ᠠ ᠨᠢᠭᠡᠴᠢ ᠵᠢᠨ ᠲᠤᠰᠢᠶᠠᠬᠤ ᠰᠦᠢ᠍ᠳᠬᠡᠯ᠎ᠢ ᠪᠦᠬᠦᠨ᠎ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ᠎ᠳᠤ ᠪᠤᠳᠤᠵᠤ ᠣᠷᠣᠭᠤᠯᠤᠨ᠎ᠠ; ᠠᠵᠢᠯ᠎ᠠᠴᠠ᠎ᠪᠠᠨ ᠠᠮᠠᠷᠠᠭᠰᠠᠳ᠎ᠤᠨ ᠬᠤᠪᠢ ᠬᠥᠮᠦᠨ᠎ᠤ ᠲᠠᠩᠰᠠᠨ ᠡᠷᠦᠬᠡ ᠵᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ᠎ᠠᠴᠠ ᠲᠣᠭᠲᠠᠭᠰᠠᠨ ᠨᠣᠷᠮ᠎ᠠ᠎ᠪᠠᠷ ᠬᠤᠪᠢᠶᠠᠷᠢᠯᠠᠨ ᠣᠷᠣᠭᠤᠯᠵᠤ᠂ ᠬᠤᠪᠢᠶᠠᠷᠢᠯᠠᠨ ᠣᠷᠣᠭᠤᠯᠬᠤ ᠲᠣᠭ᠎ᠠ ᠬᠡᠮᠵᠢᠶ᠎ᠡ ᠵᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠲᠣᠰ ᠵᠦᠢ᠍ᠯ᠎ᠤᠨ ᠥᠭᠡᠷᠡᠴᠢᠯᠡᠯᠲᠡ ᠵᠢ ᠬᠡᠷᠡᠭᠵᠢᠭᠦᠯᠦᠭᠰᠡᠨ ᠲᠤᠬᠠᠶ ᠵᠢᠨ ᠵᠢᠯ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠳᠤᠮᠳᠠᠴᠢ ᠬᠢᠷᠢ ᠲᠦᠪᠰᠢᠨ᠎ᠤ 2% ᠣᠷᠴᠢᠮ ᠬᠦᠷᠲᠡᠯ᠎ᠡ ᠠᠯᠬᠤᠮ ᠠᠯᠬᠤᠮ ᠵᠶ᠋ᠠᠷ ᠲᠣᠬᠢᠷᠠᠭᠤᠯᠬᠤ ᠬᠡᠷᠡᠭᠲᠡᠢ᠃ ᠭᠤᠷᠪᠠ᠎ᠳᠤ᠂ ᠬᠤᠪᠢ ᠬᠥᠮᠦᠨ᠎ᠤ ᠲᠠᠩᠰᠠᠨ ᠡᠷᠦᠬᠡ ᠵᠢᠨ ᠬᠡᠷᠡᠭᠯᠡᠬᠦ ᠬᠡᠪᠴᠢᠶ᠎ᠡ ᠵᠢ ᠥᠷᠭᠡᠳᠬᠡᠵᠦ᠂ ᠬᠡᠷ ᠪᠦᠯᠢ ᠵᠢᠨ ᠪᠦᠷᠢᠯᠳᠦᠬᠦᠨ᠎ᠤ ᠬᠠᠷᠢᠯᠴᠠᠨ ᠬᠠᠷᠠᠭ᠋ᠠᠯᠵᠠᠬᠤ ᠵᠢ ᠵᠥᠪᠰᠢᠶᠡᠷᠡᠵᠦ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮᠨᠡᠭᠦᠯᠬᠦ ᠵᠢᠴᠢ ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠡᠮ᠎ᠤᠨ ᠵᠦᠢ᠍ᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠬᠤᠳᠠᠯᠳᠤᠨ ᠠᠪᠬᠤ᠎ᠳᠤ ᠡᠭᠦᠰᠦᠭᠰᠡᠨ ᠬᠤᠪᠢ ᠬᠥᠮᠦᠨ᠎ᠤ ᠡᠭᠦᠷᠭᠡᠯᠡᠬᠦ ᠵᠠᠷᠤᠳᠠᠯ᠎ᠢ ᠳᠥᠯᠥᠬᠦ᠎ᠳᠤ ᠬᠡᠷᠡᠭᠯᠡᠵᠦ᠂ ᠬᠡᠷ ᠪᠦᠯᠢ ᠵᠢᠨ᠎ᠬᠢᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠬᠤ ᠵᠡᠷᠭᠡ ᠬᠤᠪᠢ ᠬᠥᠮᠦᠨ᠎ᠤ ᠰᠦᠢ᠍ᠳᠬᠡᠯ ᠲᠤᠰᠢᠶᠠᠬᠤ᠎ᠳᠤ ᠬᠡᠷᠡᠭᠯᠡᠬᠦ ᠵᠢ ᠰᠦᠪᠡᠭᠴᠢᠯᠡᠬᠦ ᠬᠡᠷᠡᠭᠲᠡᠢ᠃ ᠳᠥᠷᠪᠡ᠎ᠳᠤ᠂ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠷᠭᠤᠭᠤᠯᠤᠨ ᠪᠤᠳᠤᠬᠤ᠂ ᠳᠣᠲᠣᠭ᠋ᠠᠳᠤ᠎ᠳᠤ᠎ᠪᠠᠨ ᠡᠵᠡᠮᠳᠡᠬᠦ ᠵᠡᠷᠭᠡ ᠲᠦᠷᠢᠮ᠎ᠢ ᠲᠡᠭᠦᠯᠳᠡᠷᠵᠢᠭᠦᠯᠦᠨ᠂ ᠬᠤᠳᠠᠯ ᠬᠠᠭᠤᠷᠮᠠᠭ ᠵᠶ᠋ᠠᠷ ᠡᠮᠨᠡᠯᠭᠡ᠎ᠳᠤ ᠰᠠᠭᠤᠬᠤ᠂ ᠬᠠᠭᠤᠷᠮᠠᠭᠯᠠᠨ ᠬᠢᠬᠠᠵᠤ ᠳᠠᠭ᠋ᠠᠳᠬᠠᠯ ᠮᠡᠬᠡᠯᠡᠬᠦ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠡᠭᠦᠳᠡᠨ ᠡᠮᠨᠡᠯᠭᠡ ᠵᠢᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ᠎ᠲᠠᠢ ᠵᠣᠬᠢᠴᠠᠯᠳᠤᠭᠰᠠᠨ ᠰᠦᠢ᠍ᠳᠬᠡᠯ ᠲᠤᠰᠢᠶᠠᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠡᠯ᠎ᠡ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ᠎ᠠᠴᠠ ᠭᠤᠷᠪᠠᠨ ᠵᠢᠯ ᠣᠷᠴᠢᠮ᠎ᠤᠨ ᠰᠢᠯᠵᠢᠯᠲᠡ ᠵᠢᠨ ᠬᠤᠭᠤᠴᠠᠭ᠎ᠠ ᠵᠢ ᠲᠣᠭᠲᠠᠭ᠋ᠠᠵᠤ᠂ ᠥᠭᠡᠷᠡᠴᠢᠯᠡᠯᠲᠡ ᠵᠢᠨ ᠬᠠᠷᠠᠯᠲᠠ ᠵᠢ ᠠᠯᠬᠤᠮ ᠠᠯᠬᠤᠮ ᠵᠶ᠋ᠠᠷ ᠡᠮᠬᠢ ᠵᠢᠷᠤᠮ᠎ᠲᠠᠢ ᠪᠡᠶᠡᠯᠡᠭᠦᠯᠬᠦ ᠬᠡᠷᠡᠭᠲᠡᠢ ᠭᠡᠵᠡᠢ᠃ ᠬᠤᠷᠠᠯ᠎ᠠᠴᠠ ᠪᠠᠰᠠ ᠱᠠᠭ᠋ᠠᠷᠳᠠᠬᠤ᠎ᠳᠤ᠎ᠪᠠᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢ ᠨᠢᠭᠡᠳᠦᠯᠲᠡᠶ ᠲᠥᠯᠥᠪᠯᠡᠭᠡ ᠵᠢ ᠲᠡᠭᠦᠯᠳᠡᠷᠵᠢᠭᠦᠯᠬᠦ ᠵᠢᠨ ᠬᠠᠮᠲᠤ ᠪᠠᠲᠤᠯᠠᠭ᠎ᠠ ᠵᠢᠨ ᠬᠢᠷᠢ ᠲᠦᠪᠰᠢᠨ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠬᠦ ᠬᠡᠷᠡᠭᠲᠡᠶ ᠭᠡᠵᠡᠢ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃
 

ᠢᠷᠡᠯᠲᠡ᠄ ᠦᠪᠤᠷ ᠮᠤᠡᠭᠭᠤᠯ᠎ᠤᠨ ᠵᠠᠰᠠᠭ᠎ᠤᠨ ᠤᠷᠳᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠡᠭ ᠲᠦᠷᠤ ᠵᠢᠨ ᠶᠠᠪᠤᠳᠠᠯ᠎ᠤᠨ ᠬᠤᠷᠢᠶᠠᠨ᠎ᠤ ᠪᠠᠢ᠌ᠡᠭᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠵᠠᠬ᠎ᠠ ᠲᠡᠯᠬᠡᠬᠦᠷ᠎ᠤᠨ ᠭᠤᠤᠯ ᠴᠤᠬ᠍ᠴᠨ ᠵᠢ ᠲᠠᠡᠭᠰᠠᠯᠠᠵᠤ ᠬᠠᠮᠢᠶᠠᠷᠬᠤ ᠲᠦᠷᠢᠮ (ᠲᠦᠰᠤᠯ)》᠎ᠢ ᠪᠠᠳᠤᠯᠠᠪᠠ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠳ᠋᠎ᠤᠨ ᠵᠠᠰᠠᠭ᠎ᠤᠨ ᠪᠠᠯᠠ ᠮᠥᠩᠭᠥ ᠵᠢ ᠰᠢᠭᠤᠳ ᠬᠦᠷᠭᠡᠬᠦ ᠪᠠᠢ᠌ᠩᠭᠤᠵᠢᠭᠰᠠᠨ ᠲᠣᠭᠲᠠᠴᠠ ᠵᠢ ᠤᠯᠠᠮ ᠰᠠᠢ᠌ᠲᠤᠷ ᠬᠡᠷᠡᠭᠵᠢᠭᠦᠯᠬᠦ ᠲᠤᠬᠠᠶ ᠪᠠᠢ᠌ᠷᠢᠯᠠᠭᠤᠯᠪᠠ
ᠰᠢ ᠵᠢᠨ ᠫᠢᠩ᠎ᠤᠨ 《ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ》 ᠳᠡᠭᠡᠷᠡᠬᠢ ᠶᠠᠷᠢᠶ᠎ᠠ
ᠰᠢ ᠵᠢᠨ ᠫᠢᠩ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ ᠎ᠤᠨ ᠠᠵᠢᠯ ᠎ᠳᠤ ᠴᠢᠬᠤᠯᠠ ᠵᠢᠭ᠋ᠠᠪᠤᠷᠢ ᠦᠭᠴᠤ ᠴᠢᠬᠤᠯᠠᠴᠢᠯᠠᠬᠰᠠᠨ᠎ᠨᠢ ᠤᠳᠤᠭᠢᠴᠢᠯᠠᠭᠰᠠᠨ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠰᠢᠰᠲᠸᠮ᠎ᠢ ᠲᠠᠷᠤᠢ ᠲᠦᠷᠭᠡᠨ ᠪᠠᠢ᠌ᠭᠤᠯᠵᠤ᠂ ᠴᠢᠨᠠᠷ ᠴᠢᠨᠰᠠᠭ᠎ᠠ᠎ᠨᠢ ᠦᠨᠳᠤᠷ ᠮᠡᠷᠭᠡᠵᠢᠯ᠎ᠲᠠᠢ ᠴᠢᠳᠠᠪᠤᠷᠢᠳᠠᠨ ᠤᠷᠠᠨ ᠴᠢᠳᠠᠪᠤᠷᠢᠳᠠᠨ ᠶᠡᠭᠡ ᠤᠯᠤᠰ᠎ᠤᠨ ᠤᠷᠠᠨ ᠲᠠᠷᠬᠠᠨ᠎ᠢ ᠨᠡᠩ ᠤᠯᠠᠨ ᠬᠦᠮᠤᠵᠢᠬᠦᠯᠬᠦ ᠭᠡᠷᠡᠭᠳᠡᠢ
ᠯᠢ ᠺᠸ ᠴᠢᠶᠠᠡᠭ ᠲᠦᠷᠤ ᠵᠢᠨ ᠶᠠᠪᠤᠳᠠᠯ᠎ᠤᠨ ᠬᠤᠷᠢᠶᠠᠨ᠎ᠤ ᠪᠠᠢ᠌ᠡᠭᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠦᠢ᠍ᠯᠡᠰ᠎ᠤᠨ ᠰᠢᠰᠲᠸᠮ᠎ᠤᠨ ᠪᠠᠢ᠌ᠭᠤᠯᠤᠯᠳᠠ ᠵᠡᠷᠬᠡ ᠵᠢ ᠪᠠᠢ᠌ᠷᠢᠯᠠᠭᠤᠯᠪᠠ
 
            