ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠢ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ᠎ᠢ ᠪᠠᠲᠤᠯᠠᠵᠦ ᠬᠥᠮᠦᠨ ᠪᠤᠯᠤᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ ᠬᠠᠮᠲᠤ᠎ᠪᠠᠷ ᠣᠷᠣᠰᠢᠬᠤ ᠣᠳᠣᠬᠢᠴᠢᠯᠠᠯᠲᠠ ᠵᠢ ᠴᠢᠷᠮᠠᠶ᠋ᠢᠨ ᠪᠠᠶ᠋ᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄ 2021-05-07


      ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠡ 4 ᠰᠠᠷ᠎ᠠ ᠵᠢᠨ 30᠎ᠤ ᠦᠳᠡ ᠵᠢᠨ ᠬᠤᠶ᠋ᠢᠨ᠎ᠠ ᠰᠢᠨ᠎ᠡ ᠪᠠᠶ᠋ᠢᠳᠠᠯ ᠳᠣᠣᠷᠠᠬᠢ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠬᠤᠷᠢ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠶ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠭᠢᠯᠡᠬᠦ᠎ᠳᠡᠭᠡᠨ᠂ ᠠᠮᠢ ᠠᠬᠤᠶ ᠣᠷᠴᠢᠨ ᠲᠣᠭᠤᠷᠢᠨ᠎ᠢ ᠬᠠᠮᠠᠭ᠋ᠠᠯᠠᠬᠤ ᠪᠣᠯᠤᠨ ᠠᠵᠤ ᠠᠬᠤᠶ ᠵᠢ ᠬᠦᠭᠵᠢᠬᠦᠯᠬᠦ ᠪᠣᠯ ᠬᠤᠪᠢᠰᠤᠩᠭᠤᠶ ᠨᠢᠭᠡᠳᠦᠯᠲᠡᠶ ᠪᠦᠭᠡᠳ ᠬᠠᠷᠢᠯᠴᠠᠨ ᠨᠥᠬᠦᠴᠡᠯᠳᠦᠵᠦ ᠪᠠᠶ᠋ᠢᠳᠠᠭ᠂ ᠠᠮᠢ ᠠᠬᠤᠶ ᠵᠢᠨ ᠪᠣᠯᠪᠠᠰᠤᠨ᠎ᠢ ᠪᠠᠶ᠋ᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠤ ᠬᠥᠭᠵᠢᠯᠲᠡ ᠵᠢ ᠠᠬᠢᠭᠤᠯᠬᠤ᠎ᠨᠢ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠦᠵᠡᠰᠬᠦᠯᠡᠩᠲᠦ ᠰᠠᠶ᠋ᠢᠬᠠᠨ ᠠᠮᠢ ᠠᠬᠤᠶ ᠣᠷᠴᠢᠨ ᠲᠣᠭᠤᠷᠢᠨ᠎ᠤ ᠬᠡᠷᠡᠭᠴᠡᠭᠡ ᠵᠢ ᠬᠠᠩᠭ᠋ᠠᠬᠤ᠎ᠪᠠᠷ ᠪᠠᠷᠠᠬᠤ ᠥᠬᠡᠶ᠂ ᠨᠠᠩ ᠴᠢᠨᠠᠷ ᠰᠠᠶ᠋ᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ ᠨᠠᠩ ᠳᠠᠭ᠋ᠠᠭ᠋ᠠᠮᠠᠭ᠋ᠠᠢ᠂ ᠨᠠᠩ ᠠᠮᠤᠷ ᠲᠦᠪᠰᠢᠨ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠵᠤ᠂ ᠦᠢ᠍ᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ ᠰᠠᠶ᠋ᠢᠨ ᠰᠠᠶ᠋ᠢᠬᠠᠨ ᠪᠣᠯᠪᠠᠰᠤᠨ ᠬᠥᠭᠵᠢᠯᠲᠡ ᠵᠢᠨ ᠵᠠᠮ ᠵᠶ᠋ᠠᠷ ᠵᠠᠮᠨᠠᠭᠤᠯᠵᠦ ᠴᠢᠳᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠨᠢ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠎ᠪᠠᠷ ᠭᠤᠤᠯ ᠪᠠᠶ᠋ᠢᠯᠳᠤᠬᠤ ᠪᠣᠳᠣᠯᠭ᠎ᠠ ᠵᠢᠨ ᠴᠢᠭᠯᠡᠯ ᠪᠣᠯᠭ᠋ᠠᠵᠤ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠥᠬᠦ ᠲᠠᠯ᠎ᠠ᠎ᠪᠠᠷ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠶᠠᠰᠤ ᠴᠢᠨᠠᠷ᠎ᠤᠨ ᠰᠠᠶ᠋ᠢᠵᠢᠷᠠᠯᠲᠠ ᠵᠢ ᠲᠣᠭ᠋ᠠᠨ᠎ᠤ ᠬᠤᠪᠢᠷᠠᠯᠲᠠ᠎ᠠᠴᠠ ᠴᠢᠨᠠᠷ᠎ᠤᠨ ᠬᠤᠪᠢᠷᠠᠯᠲᠠ᠎ᠳᠤ ᠬᠥᠷᠭᠡᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠪᠠ᠃ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠬᠥᠮᠦᠨ ᠪᠤᠯᠤᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ ᠬᠠᠮᠲᠤ᠎ᠪᠠᠷ ᠣᠷᠣᠰᠢᠬᠤ ᠦᠨᠳᠦᠷᠴᠡ᠎ᠠᠴᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠲᠥᠯᠥᠪᠵᠢᠭᠦᠯᠵᠦ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠤᠷᠢᠨ᠎ᠢ ᠬᠠᠮᠠᠭ᠋ᠠᠯᠠᠬᠤ ᠤᠯᠤᠰ᠎ᠤᠨ ᠦᠨᠳᠦᠰᠦᠨ ᠪᠤᠳᠤᠯᠭ᠎ᠠ ᠵᠢ ᠪᠠᠷᠢᠮᠲᠠᠯᠠᠵᠤ᠂ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠠᠶᠠᠨᠳᠠᠭ᠋ᠠᠨ ᠰᠡᠷᠭᠦᠭᠡᠬᠦ᠎ᠪᠠᠷ ᠭᠤᠣᠯ ᠪᠣᠯᠭ᠋ᠠᠬᠤ ᠴᠢᠭᠯᠡᠯᠲᠡ ᠵᠢ ᠪᠠᠷᠢᠮᠲᠠᠯᠠᠵᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠤᠷᠢᠨ᠎ᠢ ᠬᠠᠮᠠᠭ᠋ᠠᠯᠠᠬᠤ ᠣᠷᠣᠨ ᠵᠠᠢ ᠵᠢᠨ ᠪᠠᠶ᠋ᠢᠷᠢᠰᠢᠯ᠂ ᠠᠵᠤ ᠦᠢ᠍ᠯᠡᠰ᠎ᠤᠨ ᠪᠦᠲᠦᠴᠡ᠂ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ᠂ ᠠᠮᠢᠳᠤᠷᠠᠯ᠎ᠤᠨ ᠠᠷᠭ᠎ᠠ ᠬᠡᠯᠪᠡᠷᠢ ᠵᠢ ᠪᠦᠷᠢᠯᠳᠦᠭᠦᠯᠵᠦ᠂ ᠪᠣᠬᠢᠷᠲᠤᠯ᠎ᠢ ᠵᠠᠰᠠᠬᠤ᠂ ᠠᠮᠢ ᠠᠬᠤᠢ ᠵᠢ ᠬᠠᠮᠠᠭ᠋ᠠᠯᠠᠬᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶ᠋ᠢᠵᠢᠷᠠᠬᠤ ᠵᠢ ᠠᠬᠢᠭᠤᠯᠵᠤ᠂ ᠬᠥᠮᠦᠨ ᠪᠤᠯᠤᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ ᠬᠠᠮᠲᠤ᠎ᠪᠠᠷ ᠣᠷᠣᠰᠢᠬᠤ ᠣᠳᠣᠬᠢᠴᠢᠯᠠᠯᠲᠠ ᠵᠢ ᠴᠢᠷᠮᠠᠶ᠋ᠢᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠣᠷᠴᠢᠨ ᠲᠣᠭᠤᠷᠢᠨ᠎ᠤ ᠲᠥᠯᠥᠪᠵᠢᠭᠦᠯᠭᠡ ᠵᠢᠨ ᠬᠦᠷᠢᠶᠡᠯᠡᠩ᠎ᠤᠨ ᠳᠠᠷᠤᠭ᠎ᠠ ᠸᠠᠩ ᠵᠢᠨ ᠨᠠᠨ ᠨᠥᠬᠦᠷ ᠡᠨᠡ ᠠᠰᠠᠭᠤᠳᠠᠯ᠎ᠤᠨ ᠲᠤᠬᠠᠢ ᠲᠠᠶ᠋ᠢᠯᠤᠮᠵᠢ ᠬᠢᠵᠦ᠂ ᠠᠵᠢᠯ᠎ᠤᠨ ᠰᠠᠨᠠᠭᠤᠯᠭ᠎ᠠ ᠳᠤᠷᠠᠳᠴᠠᠢ᠃ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠥᠬᠦᠳ ᠲᠡᠭᠦᠨ᠎ᠤ ᠲᠠᠶ᠋ᠢᠯᠪᠤᠷᠢᠯᠠᠯᠲᠠ ᠵᠢ ᠬᠢᠨᠠᠮᠠᠭ᠋ᠠᠢ ᠰᠣᠨᠣᠰᠤᠭᠰᠠᠨ ᠪᠥᠭᠡᠳ ᠶᠠᠷᠢᠯᠴᠠᠪᠠ᠃
      ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ᠎ᠳᠡᠭᠡᠨ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠡ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠠᠬᠢ ᠨᠠᠮ᠎ᠤᠨ ᠪᠥᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠪᠥᠬᠦ ᠲᠠᠯ᠎ᠠ ᠵᠢᠨ ᠠᠵᠢᠯ᠎ᠤᠨ ᠲᠣᠪᠤᠶ᠋ᠢᠮ᠎ᠠ ᠪᠠᠶ᠋ᠢᠷᠢᠨ᠎ᠳᠤ ᠲᠠᠯᠪᠢᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠵᠠᠰᠠᠵᠤ᠂ ᠠᠯᠢ ᠣᠯᠠᠨ ᠦᠨᠳᠦᠰᠦᠨ ᠴᠢᠨᠠᠷᠲᠠᠶ᠂ ᠪᠦᠲᠦᠭᠡᠯᠴᠢ ᠴᠢᠨᠠᠷᠲᠠᠶ᠂ ᠠᠯᠤᠰ ᠬᠡᠲᠦ ᠵᠢᠨ ᠴᠢᠨᠠᠷᠲᠠᠶ ᠠᠵᠢᠯ᠎ᠢ ᠥᠷᠨᠢᠭᠦᠯᠵᠦ᠂ ᠰᠢᠢ᠍ᠳᠮᠡᠭ ᠵᠣᠷᠢᠭ᠎ᠤᠨ ᠶᠡᠭᠡ᠂ ᠡᠷᠴᠢᠮ᠎ᠤᠨ ᠶᠡᠭᠡ᠂ ᠦᠷ᠎ᠡ ᠪᠦᠲᠦᠮᠵᠢ ᠵᠢᠨ ᠶᠡᠭᠡ ᠪᠠᠶ᠋ᠢᠳᠠᠭ ᠵᠶ᠋ᠠᠷ ᠵᠶ᠋ᠠᠨ ᠤᠷᠢᠳ ᠡᠮᠦᠨ᠎ᠡ ᠪᠠᠶ᠋ᠢᠭ᠎ᠠ ᠥᠬᠡᠶ ᠶᠤᠮ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠲᠠᠯ᠎ᠠ᠎ᠪᠠᠷ ᠲᠠᠨᠢᠯᠲᠠ᠎ᠠᠴᠠ ᠦᠢ᠍ᠯᠡᠳᠦᠯᠭᠡ ᠬᠦ᠍ᠷᠳᠡᠯ᠎ᠠ ᠪᠦᠷ ᠲᠡᠦᠬᠡᠲᠦ ᠴᠢᠨᠠᠷᠲᠠᠶ᠂ ᠡᠷᠭᠢᠯᠲᠡ ᠵᠢᠨ ᠴᠢᠨᠠᠷᠲᠠᠶ᠂ ᠪᠥᠬᠦ ᠲᠠᠯ᠎ᠠ ᠵᠢᠨ ᠴᠢᠨᠠᠷᠲᠠᠶ ᠬᠤᠪᠢᠷᠠᠯᠲᠠ ᠭᠠᠷᠤᠭᠰᠠᠨ᠎ᠤ ᠬᠠᠮᠲᠤ᠂ ᠮᠠᠨ᠎ᠤ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠮᠥᠨ ᠬᠦ᠌ ᠮᠠᠰᠢ ᠣᠯᠠᠨ ᠵᠥᠷᠢᠴᠡᠯ ᠪᠠ ᠥᠷᠢᠰᠥᠯᠳᠦᠭᠡᠨ ᠲᠤᠯᠭ᠋ᠠᠷᠠᠵᠤ ᠪᠠᠶ᠋ᠢᠨ᠎ᠠ᠃ ᠠᠮᠢ ᠠᠬᠤᠢ ᠵᠢᠨ ᠣᠷᠴᠢᠨ ᠨᠥᠬᠦᠴᠡᠯ᠎ᠢ ᠵᠠᠰᠠᠨ ᠰᠡᠷᠭᠦᠭᠡᠬᠦ ᠪᠠ ᠰᠠᠶ᠋ᠢᠵᠢᠷᠠᠭᠤᠯᠬᠤ ᠪᠣᠯ ᠨᠢᠭᠡᠨ ᠤᠷᠳᠤ ᠬᠤᠭᠤᠴᠠᠭ᠋ᠠᠨ᠎ᠤ ᠰᠢᠷᠭ᠋ᠠᠭᠤ ᠬᠠᠲᠠᠭᠤᠵᠢᠯᠲᠠᠢ ᠴᠢᠷᠮᠠᠶ᠋ᠢᠯᠭ᠎ᠠ ᠭᠠᠷᠭ᠋ᠠᠬᠤ ᠴᠢᠬᠤᠯᠠᠲᠠᠢ ᠶᠠᠪᠤᠴᠠ ᠮᠥᠨ᠂ ᠠᠪᠤᠨ ᠳᠣᠣᠷ᠎ᠠ᠎ᠪᠠᠨ ᠪᠦᠲᠦᠬᠡᠭᠡᠳ ᠲᠡᠶ᠋ᠢᠯᠴᠢᠬᠡᠳᠡᠭ ᠶᠠᠪᠤᠲᠠᠯ ᠪᠢᠰᠢ ᠶᠤᠮ᠂ ᠡᠷᠬᠡᠪᠰᠢ ᠴᠥᠬᠦᠷᠡᠰᠢ ᠦᠭᠡᠢ ᠴᠢᠷᠮᠠᠶ᠋ᠢᠵᠤ᠂ ᠲᠡᠷᠢᠬᠦᠨ᠎ᠳᠤ ᠤᠷᠤᠬᠤ᠎ᠪᠠᠷ ᠬᠦᠴᠦᠯᠡᠨ ᠴᠢᠷᠮᠠᠶ᠋ᠢᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠮᠠᠨ᠎ᠤ ᠤᠯᠤᠰ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢ ᠪᠦᠳᠦᠬᠡᠨ ᠪᠠᠶ᠋ᠢᠭᠤᠯᠬᠤ᠎ᠳᠤ ᠮᠠᠰᠢ ᠤᠯᠠᠨ ᠴᠢᠬᠤᠯᠠ ᠣᠨᠴᠠᠯᠢᠭ᠎ᠲᠠᠢ ᠶᠤᠮ᠂ ᠡᠭᠦᠨ᠎ᠤ ᠲᠤᠲᠤᠷᠠᠬᠢ ᠨᠢᠭᠡ ᠤᠨᠴᠠᠯᠢᠭ᠎ᠨᠢ ᠲᠠᠷᠤᠢ ᠮᠠᠨ᠎ᠤ ᠤᠯᠤᠰ᠎ᠤᠨ ᠣᠳᠣᠬᠢᠴᠢᠯᠠᠯᠲᠠ ᠪᠣᠯ ᠬᠥᠮᠦᠨ ᠪᠣᠯᠤᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ ᠬᠠᠮᠲᠤ᠎ᠪᠠᠷ ᠣᠷᠣᠰᠢᠬᠤ ᠣᠳᠣᠬᠢᠴᠢᠯᠠᠯᠲᠠ ᠮᠦᠨ᠂ ᠪᠣᠳᠠᠰ᠎ᠤᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠵᠡᠷᠭᠡ᠎ᠪᠠᠷ ᠠᠬᠢᠭᠤᠯᠬᠤ ᠵᠢ ᠴᠢᠬᠤᠯᠠᠴᠢᠯᠠᠲᠠᠭ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠵᠢ ᠴᠥᠬᠦᠷᠡᠰᠢ ᠦᠭᠡᠢ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ ᠵᠢᠨ ᠠᠵᠤ ᠠᠬᠤᠢ ᠵᠢᠨ ᠰᠢᠰᠲ᠋ᠧᠮ᠎ᠢ ᠪᠠᠶ᠋ᠢᠭᠤᠯᠤᠨ ᠪᠦᠷᠢᠨᠰᠢᠬᠦᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠪᠦᠬᠦ ᠲᠠᠯ᠎ᠠ᠎ᠪᠠᠷ ᠪᠣᠬᠢᠷᠲᠤᠯ ᠦᠭᠡᠢ ᠪᠤᠯᠭ᠋ᠠᠵᠤ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ᠃ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠬᠦ᠎ᠪᠠᠷ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠪᠦᠬᠦ ᠲᠠᠯ᠎ᠠ᠎ᠪᠠᠷ ᠪᠣᠬᠢᠷᠲᠤᠯ ᠦᠭᠡᠢ ᠪᠤᠯᠭ᠋ᠠᠵᠤ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠶᠡᠷᠦᠩᠬᠡᠢ ᠭᠠᠷᠳᠠᠴᠠ ᠪᠣᠯᠭ᠋ᠠᠵᠤ᠂ ᠠᠵᠤ ᠦᠢ᠍ᠯᠡᠰ᠎ᠤᠨ ᠪᠦᠲᠦᠴᠡ᠂ ᠡᠨᠧᠷᠭᠢ ᠵᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠦᠲᠦᠴᠡ᠂ ᠭᠠᠵᠠᠷ ᠰᠢᠷᠣᠢ ᠬᠡᠷᠡᠭᠯᠡᠬᠦ ᠪᠦᠲᠦᠴᠡ ᠵᠢᠨ ᠲᠤᠬᠢᠷᠠᠭᠤᠯᠤᠯᠳᠠ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠥᠪᠵᠢᠭᠦᠯᠭᠡ ᠪᠠ ᠬᠡᠷᠡᠭᠴᠡᠭᠡ ᠵᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠵᠤ᠂ ᠠᠮᠢ ᠠᠬᠤᠢ ᠵᠢᠨ ᠬᠠᠮᠠᠭ᠋ᠠᠯᠠᠯᠲᠠ᠂ ᠦᠨᠳᠦᠰᠦᠨ ᠲᠠᠷᠢᠶᠠᠨ ᠭᠠᠵᠠᠷ᠂ ᠬᠤᠳᠠ ᠪᠠᠯᠭ᠋ᠠᠰᠤᠨ᠎ᠤ ᠨᠡᠭᠡᠭᠡᠨ ᠬᠥᠭᠵᠢᠭᠦᠯᠦᠯᠲᠡ ᠵᠡᠷᠭᠡ ᠣᠷᠣᠨ ᠵᠠᠢ ᠵᠢᠨ ᠬᠠᠮᠢᠶᠠᠷᠤᠯᠲᠠ ᠡᠵᠡᠮᠳᠡᠯ᠎ᠤᠨ ᠵᠠᠭ᠋ᠠᠭ ᠬᠢᠵᠠᠭ᠋ᠠᠷ᠎ᠢ ᠨᠠᠶ᠋ᠢᠳᠠᠪᠤᠷᠢᠵᠢᠭᠤᠯᠵᠤ᠂ ᠭᠤᠣᠯ ᠴᠣᠭᠴᠠ ᠵᠢᠨ ᠴᠢᠳᠠᠮᠵᠢᠳᠤ ᠣᠷᠣᠨ᠎ᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠵᠠᠭ᠋ᠠᠭᠯᠠᠨ ᠲᠣᠭᠲᠠᠭ᠋ᠠᠬᠤ ᠵᠢᠨ ᠬᠠᠮᠲᠤ ᠴᠢᠩᠭ᠎ᠠ ᠰᠠᠬᠢᠬᠤ ᠬᠡᠷᠡᠭᠲᠡᠢ᠃ ᠡᠬᠢ ᠪᠠᠶᠠᠯᠢᠭ᠎ᠢ ᠠᠰᠢᠬᠯᠠᠬᠤ ᠡᠨᠡ ᠬᠦ᠌ ᠡᠬᠢ ᠡᠬᠦᠰᠦᠯ᠎ᠢ ᠠᠳᠬᠤᠵᠤ᠂ ᠡᠬᠢ ᠪᠠᠶᠠᠯᠢᠭ᠎ᠤᠨ ᠶᠡᠷᠦᠩᠬᠡᠢ ᠬᠡᠮᠵᠢᠶ᠎ᠡ ᠵᠢ ᠬᠠᠮᠢᠶᠠᠷᠬᠤ᠂ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠬᠤ᠂ ᠪᠦᠬᠦ ᠲᠠᠯ᠎ᠠ᠎ᠪᠠᠷ ᠠᠷᠪᠢᠯᠠᠬᠤ᠂ ᠡᠷᠬᠢᠯᠳᠦᠬᠦᠯᠦᠨ ᠠᠰᠢᠬᠯᠠᠬᠤ ᠵᠢ ᠠᠬᠢᠭᠤᠯᠵᠤ᠂ ᠡᠬᠢ ᠪᠠᠶᠠᠯᠢᠭ᠎ᠢ ᠠᠰᠢᠬᠯᠠᠬᠤ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠠᠵᠤ ᠦᠢ᠍ᠯᠡᠰ᠎ᠤᠨ ᠪᠦᠲᠦᠴᠡ ᠵᠢᠨ ᠲᠤᠬᠢᠷᠠᠭᠤᠯᠤᠯᠳᠠ ᠵᠢᠨ ᠡᠨᠡ ᠬᠦ᠌ ᠵᠠᠩᠭᠢᠯᠠᠭ᠎ᠠ ᠵᠢ ᠠᠳᠬᠤᠵᠤ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠂ ᠳᠡᠭᠡᠳᠦ ᠮᠡᠷᠭᠡᠵᠢᠯ᠎ᠤᠨ ᠠᠵᠤ ᠦᠢ᠍ᠯᠡᠰ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠲᠦᠷᠭᠡᠨ ᠬᠥᠭᠵᠢᠯᠲᠡ ᠵᠢ ᠠᠬᠢᠭᠤᠯᠵᠤ᠂ ᠡᠨᠧᠷᠭᠢ ᠵᠢ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠠᠮᠤᠷ ᠲᠦᠪᠰᠢᠨ ᠥᠨᠳᠥᠷ ᠪᠦᠲᠦᠮᠵᠢᠲᠡᠢ ᠠᠰᠢᠬᠯᠠᠬᠤ ᠵᠢ ᠠᠬᠢᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠭᠡᠮᠵᠢᠶ᠎ᠠ ᠵᠢ ᠦᠷᠭᠦᠯᠵᠢᠯᠡᠨ ᠪᠠᠭᠤᠷᠠᠭᠤᠯᠬᠤ ᠬᠡᠷᠡᠭᠲᠡᠢ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠳᠡᠮᠵᠢᠵᠦ᠂ ᠪᠣᠬᠢᠷᠲᠤᠯ ᠦᠭᠡᠢ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠬᠡᠷᠡᠭᠲᠡᠢ᠃ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢ ᠤᠷᠬᠢᠯ ᠭᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠪᠡᠶᠡᠯᠡᠭᠦᠯᠬᠦ ᠪᠣᠯ ᠮᠠᠨ᠎ᠤ ᠤᠯᠤᠰ᠎ᠤᠨ ᠳᠡᠯᠡᠬᠡᠢ ᠳ᠋ᠠᠬᠢᠨ᠎ᠳᠤ ᠠᠮᠠᠯᠳᠠᠭᠰᠠᠨ ᠲᠥᠪ ᠴᠢᠩᠭ᠎ᠠ ᠠᠮᠠᠯᠠᠯᠲᠠ ᠮᠥᠨ᠂ ᠪᠠᠰᠠ ᠴᠤ᠌ ᠨᠢᠭᠡ ᠤᠳᠠᠭ᠎ᠠ ᠵᠢᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠠᠵᠤ ᠠᠬᠤᠢ ᠨᠡᠶ᠋ᠢᠭᠡᠮ᠎ᠤᠨ ᠬᠤᠪᠢᠰᠤᠯᠲᠠ ᠮᠥᠨ᠂ ᠡᠭᠦᠨ᠎ᠢ ᠬᠢᠯᠪᠠᠷᠬᠠᠨ ᠵᠶ᠋ᠠᠷ ᠪᠡᠶᠡᠯᠡᠭᠦᠯᠦᠭᠡᠳ ᠳᠡᠶ᠋ᠢᠯᠴᠢᠬᠡᠳᠡᠭ ᠪᠢᠰᠢ ᠶᠤᠮ᠃ ᠡᠯ᠎ᠡ ᠱᠠᠲᠤᠨ᠎ᠤ ᠨᠠᠮ᠎ᠤᠨ ᠬᠤᠷᠢ᠊ ᠡᠶ᠎ᠡ ᠪᠣᠯᠤᠨ ᠵᠠᠰᠠᠭ᠎ᠤᠨ ᠣᠷᠳᠣᠨ ᠲᠡᠮᠦᠷ ᠪᠠᠷᠢᠪᠠᠯ ᠤᠷᠤᠮ᠎ᠲᠠᠢ᠂ ᠴᠢᠯᠠᠭᠤᠨ ᠳᠡᠭᠡᠷ᠎ᠡ ᠭᠢᠰᠬᠢᠪᠡᠯ ᠮᠥᠷ᠎ᠲᠠᠢ ᠪᠠᠶ᠋ᠢᠬᠤ ᠡᠷᠴᠢ ᠵᠣᠷᠢᠭ ᠵᠶ᠋ᠠᠷ ᠴᠠᠭ᠎ᠤᠨ ᠬᠦᠰᠦᠨᠦᠭᠲᠦ᠂ ᠱᠤᠭᠤᠮ᠎ᠤᠨ ᠵᠢᠷᠤᠭ᠂ ᠪᠠᠷᠢᠯᠭ᠎ᠠ ᠵᠢᠨ ᠵᠢᠷᠤᠭ᠎ᠢ ᠲᠣᠳᠣᠷᠬᠠᠶ᠋ᠢᠯᠠᠵᠤ᠂ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠰᠢᠬᠯᠠᠬᠤ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠰᠠᠭᠤᠷᠢᠨ ᠳᠡᠭᠡᠷ᠎ᠡ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠡᠨᠧᠷᠭᠢ ᠵᠢᠨ ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ ᠲᠦᠷᠦᠯ ᠵᠦᠢ᠍ᠯ᠎ᠢ ᠡᠷᠡᠰ ᠵᠶ᠋ᠠᠷ ᠠᠪᠴᠤ ᠬᠠᠶᠠᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠤᠯᠠᠨ ᠲᠦᠮᠡᠨ᠎ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ᠎ᠤ ᠲᠤᠪᠤᠶ᠋ᠢᠮ᠎ᠠ ᠠᠰᠠᠭᠤᠳᠠᠯ᠎ᠢ ᠲᠥᠪᠯᠡᠷᠡᠭᠦᠯᠦᠨ ᠰᠢᠢ᠍ᠳᠪᠦᠷᠢᠯᠡᠵᠦ᠂ ᠤᠯᠠᠨ ᠲᠦᠮᠡᠨ᠎ᠳᠤ ᠠᠮᠢ ᠠᠬᠤᠢ ᠣᠷᠴᠢᠨ ᠲᠣᠭᠤᠷᠢᠨ᠎ᠤ ᠶᠠᠰᠤ ᠴᠢᠨᠠᠷ ᠰᠠᠶ᠋ᠢᠵᠢᠷᠠᠭᠰᠠᠨ᠎ᠢ ᠦᠨᠡᠨ ᠬᠦ᠌ ᠮᠡᠳᠡᠷᠡᠭᠦᠯᠬᠦ ᠬᠡᠷᠡᠭᠲᠡᠢ᠃ ᠪᠣᠬᠢᠷᠲᠤᠯ᠎ᠢ ᠤᠨᠤᠴᠠᠳᠠᠢ ᠵᠠᠰᠠᠬᠤ᠂ ᠪᠣᠬᠢᠷᠲᠤᠯ᠎ᠢ ᠰᠢᠨᠵᠢᠯᠡᠬᠦ ᠤᠬᠠᠭ᠋ᠠᠨᠴᠢ᠎ᠪᠠᠷ ᠵᠠᠰᠠᠬᠤ᠂ ᠪᠣᠬᠢᠷᠲᠤᠯ᠎ᠢ ᠬᠠᠤᠯᠢ ᠶᠣᠰᠣᠭ᠋ᠠᠷ ᠵᠠᠰᠠᠬᠤ ᠵᠢ ᠪᠠᠷᠢᠮᠲᠠᠯᠠᠵᠤ᠂ ᠬᠦᠴᠦᠯᠡᠴᠡ᠎ᠪᠠᠨ ᠪᠠᠲᠤᠯᠠᠵᠤ᠂ ᠭᠦᠨᠴᠡ᠎ᠪᠠᠨ ᠬᠦᠨᠵᠡᠬᠡᠶ᠋ᠢᠷᠡᠬᠦᠯᠵᠤ᠂ ᠥᠷᠭᠡᠴᠡ᠎ᠪᠠᠨ ᠥᠷᠭᠡᠳᠬᠡᠵᠦ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠬᠦ ᠬᠡᠷᠡᠭᠲᠡᠢ᠃ ᠤᠯᠠᠨ ᠵᠦᠢ᠍ᠯ᠎ᠤᠨ ᠪᠣᠬᠢᠷᠲᠤᠯ ᠪᠣᠳᠠᠰ᠎ᠢ ᠬᠠᠮᠵᠢᠯᠴᠠᠨ ᠡᠵᠡᠮᠳᠡᠬᠦ ᠪᠠ ᠣᠷᠣᠨ ᠪᠦᠰᠡ ᠵᠢ ᠬᠠᠮᠵᠢᠯᠴᠠᠭᠤᠯᠤᠨ ᠵᠠᠰᠠᠬᠤ ᠵᠢ ᠴᠢᠩᠭ᠋ᠠᠳᠬᠠᠵᠤ᠂ ᠲᠤᠭᠤᠰᠤᠨᠴᠢᠷ ᠪᠣᠳᠠᠰ ᠪᠠ ᠣᠽᠣᠨ᠎ᠢ ᠬᠠᠮᠵᠢᠯᠴᠠᠨ ᠡᠵᠡᠮᠳᠡᠬᠦ ᠵᠢ ᠴᠢᠩᠭ᠋ᠠᠳᠬᠠᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠦᠨᠳᠦᠰᠦᠨ᠎ᠳᠡᠭᠡᠨ ᠠᠷᠢᠯᠭ᠋ᠠᠬᠤ ᠬᠡᠷᠡᠭᠲᠡᠢ᠃ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠲᠣᠭᠤᠷᠢᠨ᠂ ᠤᠰᠤᠨ᠎ᠤ ᠠᠮᠢ ᠠᠬᠤᠢ ᠵᠢᠨ ᠵᠠᠰᠠᠯᠲᠠ ᠵᠢ ᠨᠢᠭᠡᠳᠦᠯᠲᠡᠢ ᠲᠥᠯᠥᠪᠵᠢᠭᠦᠯᠵᠦ᠂ ᠰᠠᠭᠤᠭ᠋ᠠᠯᠢ ᠠᠷᠠᠳ᠎ᠤᠨ ᠤᠤᠭᠤᠬᠤ ᠤᠰᠤᠨ᠎ᠤ ᠠᠮᠤᠷ ᠲᠦᠪᠰᠢᠨ᠎ᠢ ᠪᠦᠲᠦᠮᠵᠢᠲᠡᠢ ᠬᠠᠮᠠᠭ᠋ᠠᠯᠠᠵᠤ᠂ ᠬᠤᠳᠠ ᠵᠢᠨ ᠪᠣᠬᠢᠷ ᠦᠮᠡᠬᠡᠢ ᠤᠰᠤᠨ ᠴᠣᠭᠴᠠ ᠵᠢ ᠡᠷᠡᠰ ᠵᠠᠰᠠᠬᠤ ᠬᠡᠷᠡᠭᠲᠡᠢ᠃ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠠᠬᠢᠭᠤᠯᠵᠤ᠂ ᠲᠠᠷᠢᠶᠠᠯᠠᠩ᠎ᠳᠤ ᠬᠡᠷᠡᠭᠯᠡᠬᠦ ᠭᠠᠵᠠᠷ ᠪᠠ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠠᠶᠤᠯ ᠲᠦᠭᠰᠢᠭᠦᠷᠢ ᠵᠢ ᠪᠦᠲᠦᠮᠵᠢᠲᠡᠢ ᠬᠠᠮᠢᠶᠠᠷᠤᠨ ᠡᠵᠡᠮᠳᠡᠬᠦ ᠬᠡᠷᠡᠭᠲᠡᠢ᠃ ᠬᠤᠭ ᠨᠣᠪᠰᠢ ᠵᠢ ᠠᠩᠬᠢᠯᠠᠬᠤ ᠪᠠ ᠬᠡᠮᠵᠢᠶ᠎ᠡ ᠵᠢ ᠪᠠᠭ᠋ᠠᠰᠬᠠᠬᠤ᠂ ᠡᠬᠢ ᠪᠠᠶᠠᠯᠢᠭᠵᠢᠭᠤᠯᠬᠤ ᠵᠢ ᠬᠡᠷᠡᠭᠵᠢᠭᠦᠯᠵᠦ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠵᠢ ᠴᠢᠬᠤᠯᠠᠴᠢᠯᠠᠬᠤ ᠬᠡᠷᠡᠭᠲᠡᠢ᠃ ᠪᠣᠬᠢᠷᠲᠤᠯ᠎ᠢ ᠵᠠᠰᠠᠬᠤ ᠠᠵᠢᠯ᠎ᠢ ᠰᠢᠶᠠᠩ ᠪᠠᠯᠭ᠋ᠠᠰᠤ᠂ ᠬᠥᠳᠡᠭᠡ ᠲᠣᠰᠬᠤᠨ ᠲᠡᠶ᠋ᠢᠰᠢ ᠥᠷᠭᠡᠵᠢᠭᠦᠯᠬᠦ ᠵᠢ ᠠᠬᠢᠭᠤᠯᠵᠤ᠂ ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ᠎ᠢ ᠵᠠᠰᠠᠬᠤ ᠠᠵᠢᠯ᠎ᠢ ᠴᠢᠩᠭ᠋ᠠᠳᠬᠠᠨ᠂ ᠬᠥᠳᠡᠭᠡ ᠲᠣᠰᠬᠤᠨ᠎ᠤ ᠣᠷᠣᠰᠢᠨ ᠰᠠᠭᠤᠬᠤ ᠣᠷᠴᠢᠨ ᠨᠥᠬᠦᠴᠡᠯ᠎ᠢ ᠢᠯᠡᠳᠲᠡ ᠰᠠᠶ᠋ᠢᠵᠢᠷᠠᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃
      ᠰᠢ ᠵᠢᠨ ᠫᠢᠩ᠂ ᠠᠮᠢ ᠠᠬᠤᠶ ᠵᠢᠨ ᠰᠢᠰᠲ᠋ᠧᠮ᠎ᠤᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ᠎ᠢ ᠳᠡᠭᠡᠭᠰᠢᠯᠡᠭᠦᠯᠵᠦ᠂ ᠰᠢᠰᠲ᠋ᠧᠮᠳᠦ ᠦᠵᠡᠯᠳᠠ ᠵᠢ ᠪᠠᠷᠢᠮᠲᠠᠯᠠᠨ᠂ ᠠᠮᠢ ᠠᠬᠤᠶ ᠵᠢᠨ ᠰᠢᠰᠲ᠋ᠧᠮ᠎ᠤᠨ ᠪᠦᠬᠦᠯᠢ ᠴᠣᠭᠴᠠᠲᠤ ᠴᠢᠨᠠᠷ᠎ᠠᠴᠠ ᠡᠭᠦᠰᠴᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠡᠷᠭᠦᠭᠡᠬᠦ ᠵᠢ ᠠᠬᠢᠭᠤᠯᠵᠤ᠂ ᠶᠡᠷᠦᠩᠬᠡᠶ᠋ᠢᠯᠡᠨ ᠵᠠᠰᠠᠬᠤ᠂ ᠰᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠨᠠᠩ ᠴᠢᠬᠤᠯᠠᠴᠢᠯᠠᠬᠤ ᠬᠡᠷᠡᠭᠲᠡᠶ᠃ ᠤᠯᠤᠰ᠎ᠤᠨ ᠴᠡᠴᠡᠷᠯᠢᠭ ᠵᠶ᠋ᠠᠷ ᠭᠤᠣᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠃ ᠠᠮᠢ ᠠᠬᠤᠢ ᠵᠢᠨ ᠦᠢ᠍ᠯᠡᠳᠬᠦᠨ᠎ᠤ ᠦᠷᠳᠡᠭ᠎ᠢ ᠪᠡᠶᠡᠯᠡᠭᠦᠯᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠤ᠂ ᠠᠮᠢ ᠠᠬᠤᠢ ᠣᠷᠴᠢᠨ ᠲᠣᠭᠤᠷᠢᠨ᠎ᠢ ᠬᠠᠮᠠᠭ᠋ᠠᠯᠠᠨ ᠰᠡᠷᠭᠦᠭᠡᠬᠦ᠎ᠳᠤ ᠵᠣᠬᠢᠰᠲᠠᠢ ᠬᠠᠷᠢᠭᠤ ᠠᠰᠢᠭ ᠬᠦᠷᠲᠡᠭᠡᠵᠦ᠂ ᠠᠮᠢ ᠠᠬᠤᠢ ᠣᠷᠴᠢᠨ ᠲᠣᠭᠤᠷᠢᠨ᠎ᠢ ᠡᠪᠳᠡᠬᠦ᠎ᠳᠤ ᠬᠠᠷᠠᠭ᠋ᠠᠯᠵᠠᠬᠰᠠᠨ ᠦᠷᠡᠭᠳᠡᠯ ᠭᠠᠷᠭ᠋ᠠᠯᠭ᠋ᠠᠬᠤ ᠬᠡᠷᠡᠭᠲᠡᠢ᠃ ᠴᠦᠯᠯᠡᠷᠭᠡᠭᠵᠢᠯ᠂ ᠬᠠᠶ᠋ᠢᠷᠬᠠᠭ ᠴᠦᠯᠵᠢᠯ᠂ ᠤᠰᠤ ᠬᠦᠷᠦᠰᠦᠨ᠎ᠤ ᠤᠷᠤᠰᠤᠬᠳᠠᠯ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠵᠤ᠂ ᠤᠯᠤᠰ᠎ᠤᠨ ᠨᠤᠲᠤᠭ ᠳᠡᠪᠢᠰᠬᠡᠷ᠎ᠢ ᠶᠡᠭᠡ ᠬᠡᠪᠴᠢᠶ᠎ᠠ᠎ᠪᠠᠷ ᠨᠣᠭᠤᠭ᠋ᠠᠷᠠᠭᠤᠯᠬᠤ ᠠᠵᠢᠯᠯᠠᠭ᠎ᠠ ᠵᠢ ᠥᠷᠨᠢᠭᠦᠯᠬᠦ ᠬᠡᠷᠡᠭᠲᠡᠢ᠃ ᠨᠤᠳᠤᠭ ᠪᠡᠯᠴᠢᠭᠡᠷ ᠤᠢ ᠰᠢᠭᠤᠢ ᠭᠤᠣᠯ ᠮᠥᠷᠡᠨ ᠨᠠᠭᠤᠷ ᠪᠦᠷᠢᠳᠦ ᠵᠢ ᠰᠡᠷᠭᠦᠭᠡᠨ ᠰᠠᠶ᠋ᠢᠵᠢᠷᠠᠭᠤᠯᠬᠤ ᠵᠢ ᠬᠡᠷᠡᠭᠵᠢᠭᠦᠯᠵᠦ᠂ ᠬᠥᠬᠡᠮᠥ᠋ᠷᠡᠨ᠎ᠳᠤ ᠵᠢᠭ᠋ᠠᠰᠤ ᠠᠩᠨᠠᠬᠤ ᠵᠢ ᠠᠷᠪᠠᠨ ᠵᠢᠯ ᠴᠠᠭ᠋ᠠᠵᠠᠯᠠᠬᠤ ᠵᠢ ᠰᠠᠶ᠋ᠢᠲᠤᠷ ᠬᠡᠷᠡᠭᠵᠢᠭᠦᠯᠵᠦ᠂ ᠲᠠᠷᠢᠶᠠᠨ ᠭᠠᠵᠠᠷ᠎ᠢ ᠰᠡᠯᠭᠦᠨ ᠲᠠᠷᠢᠬᠤ ᠡᠭᠡᠯᠵᠢᠯᠡᠨ ᠲᠠᠷᠢᠬᠤ ᠲᠦᠷᠢᠮ᠎ᠢ ᠪᠦᠷᠢᠨᠰᠢᠬᠦᠯᠬᠦ ᠬᠡᠷᠡᠭᠲᠡᠢ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠴᠢᠬᠤᠯᠠ ᠶᠡᠭᠡ ᠢᠨᠵᠧᠨᠧᠷᠢᠩ᠎ᠢ ᠬᠡᠷᠡᠭᠵᠢᠭᠦᠯᠵᠦ᠂ ᠭᠠᠳᠠᠨ᠎ᠠ᠎ᠠᠴᠠ ᠢᠷᠡᠭᠰᠡᠨ ᠠᠮᠢᠳᠤ ᠪᠤᠳᠠᠰ ᠤᠷᠭᠤᠮᠠᠯ᠎ᠤᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠵᠤ᠂ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠡᠶ᠋ᠢᠲᠡ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠭᠡ ᠬᠤᠷᠠᠯ᠎ᠢ ᠰᠠᠶ᠋ᠢᠲᠤᠷ ᠡᠷᠬᠢᠯᠡᠬᠦ ᠬᠡᠷᠡᠭᠲᠡᠢ ᠬᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠪᠦᠬᠦ ᠪᠥᠮᠪᠥᠷᠴᠡᠭ᠎ᠤᠨ ᠦᠷᠭᠦᠯᠵᠢᠯᠡᠬᠦ ᠬᠥᠭᠵᠢᠯᠲᠡ ᠵᠢ ᠢᠳᠡᠪᠬᠢᠲᠡᠢ ᠠᠬᠢᠭᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠪᠦᠬᠦ ᠪᠥᠮᠪᠥᠷᠴᠡᠭ᠎ᠤᠨ ᠣᠷᠴᠢᠨ ᠲᠣᠭᠤᠷᠢᠨ᠎ᠤ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠪᠦᠬᠦ ᠪᠥᠮᠪᠥᠷᠴᠡᠭ᠎ᠲᠤ ᠨᠡᠩ ᠤᠯᠠᠨ ᠠᠷᠪᠢᠨ ᠨᠡᠶ᠋ᠢᠲᠡ ᠵᠢᠨ ᠦᠢ᠍ᠯᠡᠳᠬᠦᠨ᠎ᠢ ᠬᠠᠩᠭ᠋ᠠᠵᠤ᠂ ᠮᠠᠨ᠎ᠤ ᠤᠯᠤᠰ᠎ᠤᠨ ᠬᠠᠷᠢᠭᠤᠴᠠᠯᠭ᠎ᠠ᠎ᠲᠠᠢ ᠲᠤᠮᠤ ᠤᠯᠤᠰ᠎ᠤᠨ ᠲᠦᠷᠢ ᠲᠥᠷᠬᠦ ᠵᠢ ᠢᠯᠡᠷᠡᠭᠦᠯᠬᠦ ᠬᠡᠷᠡᠭᠲᠡᠢ᠃ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢᠴᠢ ᠡᠷᠬᠢᠨ ᠲᠣᠭᠤᠷᠢᠨ᠎ᠤ ᠤᠯᠤᠰ᠎ᠤᠳ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠥᠭᠵᠢᠵᠦ ᠪᠠᠶ᠋ᠢᠭ᠎ᠠ ᠤᠯᠤᠰ᠎ᠤᠳ᠎ᠲᠤ ᠴᠢᠳᠠᠯ᠎ᠤᠨ ᠵᠶ᠋ᠠᠨ ᠬᠢᠷᠢ᠎ᠪᠠᠷ ᠪᠡᠯᠡ ᠮᠥᠩᠭᠦ᠂ ᠮᠡᠷᠭᠡᠵᠢᠯ᠎ᠤᠨ ᠳᠡᠮᠵᠢᠯᠭᠡ ᠬᠠᠩᠭ᠋ᠠᠵᠤ᠂ ᠣᠷᠴᠢᠨ ᠲᠣᠭᠤᠷᠢᠨ᠎ᠤ ᠵᠠᠰᠠᠯᠲᠠ ᠵᠢᠨ ᠴᠢᠳᠠᠪᠤᠷᠢ ᠵᠢ᠎ᠨᠢ ᠬᠠᠪᠰᠤᠷᠤᠨ ᠳᠡᠭᠡᠭᠰᠢᠯᠡᠭᠦᠯᠵᠦ᠂ ᠪᠣᠬᠢᠷᠲᠤᠯ ᠦᠭᠡᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠭᠡᠨ ᠪᠠᠶ᠋ᠢᠭᠤᠯᠬᠤ ᠭᠡᠷᠡᠭᠲᠡᠢ᠃ ᠬᠠᠮᠲᠤ ᠵᠢᠨ ᠪᠣᠯᠪᠠᠴᠤ ᠢᠯᠭ᠋ᠠᠭ᠎ᠠ᠎ᠲᠠᠢ ᠪᠠᠶ᠋ᠢᠬᠤ ᠬᠠᠷᠢᠭᠤᠴᠠᠯᠭ᠎ᠠ ᠵᠢᠨ ᠵᠠᠷᠴᠢᠮ᠂ ᠲᠥᠪ ᠭᠤᠣᠯᠴᠢ ᠪᠠᠶ᠋ᠢᠬᠤ ᠵᠠᠷᠴᠢᠮ ᠪᠠ ᠥᠪᠡᠷ ᠥᠪᠡᠷ᠎ᠤᠨ ᠴᠢᠳᠠᠪᠤᠷᠢ ᠵᠢᠨ ᠵᠠᠷᠴᠢᠮ᠎ᠢ ᠪᠠᠷᠢᠮᠲᠠᠯᠠᠵᠤ᠂ ᠤᠯᠠᠨ ᠲᠠᠯᠠᠲᠤ ᠦᠵᠡᠯ᠎ᠢ ᠡᠷᠡᠰ ᠬᠠᠮᠠᠭ᠋ᠠᠯᠠᠵᠤ᠂ ᠮᠠᠨ᠎ᠤ ᠤᠯᠤᠰ᠎ᠤᠨ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠬᠤ ᠬᠡᠷᠡᠭᠲᠡᠢ ᠬᠡᠵᠤ ᠴᠢᠬᠤᠯᠠᠴᠢᠯᠠᠪᠠ᠃
      ᠰᠢ ᠵᠢᠨ ᠫᠢᠩ᠂ ᠠᠮᠢ ᠠᠬᠤᠢ ᠣᠷᠴᠢᠨ ᠲᠣᠭᠤᠷᠢᠨ᠎ᠤ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠨᠠᠮ᠎ᠤᠨ ᠬᠤᠷᠢᠶ᠎ᠡ ᠤᠳᠤᠷᠢᠳᠤᠭᠰᠠᠨ᠂ ᠵᠠᠰᠠᠭ᠎ᠤᠨ ᠣᠷᠳᠣᠨ ᠭᠤᠣᠯᠯᠠᠨ ᠵᠢᠯᠤᠭᠤᠳᠤᠬᠰᠠᠨ᠂ ᠠᠵᠤ ᠠᠬᠤᠶ᠋ᠢᠯᠠᠯ ᠭᠤᠣᠯ ᠴᠣᠭᠴᠠ ᠪᠣᠯᠤᠭᠰᠠᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠤᠯᠠᠨ ᠲᠦᠮᠡᠨ ᠬᠠᠮᠲᠤ᠎ᠪᠠᠷ ᠣᠷᠣᠯᠴᠠᠭᠰᠠᠨ ᠣᠷᠴᠢᠨ ᠲᠣᠭᠤᠷᠢᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠬᠦᠯᠵᠤ᠂ ᠨᠢᠭᠡ ᠴᠤᠬ᠍ᠴᠠᠵᠢᠭᠤᠯᠤᠨ ᠲᠥᠯᠥᠪᠵᠢᠭᠦᠯᠬᠦ᠂ ᠨᠢᠭᠡ ᠴᠤᠬ᠍ᠴᠠᠵᠢᠭᠤᠯᠤᠨ ᠪᠠᠶ᠋ᠢᠷᠢᠯᠠᠭᠤᠯᠬᠤ᠂ ᠨᠢᠭᠡ ᠴᠤᠬ᠍ᠴᠠᠵᠢᠭᠤᠯᠤᠨ ᠠᠬᠢᠭᠤᠯᠬᠤ᠂ ᠨᠢᠭᠡ ᠴᠤᠬ᠍ᠴᠠᠵᠢᠭᠤᠯᠤᠨ ᠬᠢᠨᠠᠨ ᠰᠢᠯᠭ᠋ᠠᠬᠤ ᠲᠦᠷᠢᠮ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠵᠢᠨ ᠬᠠᠤᠯᠢ ᠴᠠᠭ᠋ᠠᠵᠠ ᠪᠣᠯᠤᠨ ᠲᠦᠷᠦ ᠵᠢᠨ ᠪᠤᠳᠤᠯᠭ᠎ᠠ ᠵᠢᠨ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠢ᠃ ᠣᠷᠴᠢᠨ ᠲᠤᠭᠤᠷᠢᠨ᠎ᠤ ᠬᠠᠮᠠᠭ᠋ᠠᠯᠠᠯᠲᠠ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠤᠭ᠎ᠠ ᠵᠢᠨ ᠬᠠᠮᠢᠶᠠᠷᠤᠯᠲᠠ ᠵᠢ ᠲᠡᠭᠦᠯᠳᠡᠷᠵᠢᠭᠦᠯᠵᠦ᠂ ᠲᠣᠬᠳᠠᠭᠤᠨ ᠡᠳ᠋᠎ᠤᠨ ᠵᠠᠰᠠᠭ᠎ᠤᠨ ᠪᠡᠯᠡ ᠮᠥᠩᠭᠦ ᠵᠢᠨ ᠣᠷᠣᠭᠤᠯᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠪᠣᠬᠢᠷᠲᠤᠯ ᠭᠠᠳᠠᠭᠰᠢᠯᠠᠭᠤᠯᠬᠤ ᠡᠷᠬᠡ᠂ ᠡᠨᠧᠷᠭᠢ ᠬᠡᠷᠡᠭᠯᠡᠬᠦ ᠡᠷᠬᠡ᠂ ᠤᠰᠤ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠢ ᠠᠬᠢᠭᠤᠯᠵᠤ᠂ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠬᠦ ᠬᠡᠷᠡᠭᠲᠡᠢ᠃ ᠪᠦᠬᠦ ᠠᠷᠠᠳ᠎ᠤᠨ ᠠᠷᠪᠢᠯᠠᠨ ᠭᠠᠮᠨᠠᠬᠤ ᠤᠬᠠᠮᠰᠠᠷ᠂ ᠣᠷᠴᠢᠨ ᠲᠣᠭᠤᠷᠢᠨ᠎ᠢ ᠬᠠᠮᠠᠭ᠋ᠠᠯᠠᠬᠤ ᠤᠬᠠᠮᠰᠠᠷ᠂ ᠠᠮᠢ ᠠᠬᠤᠢ ᠵᠢᠨ ᠤᠬᠠᠮᠰᠠᠷ᠎ᠢ ᠴᠢᠩᠭ᠋ᠠᠳᠬᠠᠵᠤ᠂ ᠠᠷᠪᠢᠲᠠᠢ ᠲᠣᠬᠢᠷᠠᠮᠵᠢᠲᠠᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠬᠡᠯᠪᠡᠷᠢ ᠵᠢ ᠰᠠᠨᠠᠭ᠋ᠠᠴᠢᠯᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ ᠵᠢ ᠪᠦᠬᠦ ᠠᠷᠠᠳ᠎ᠤᠨ ᠤᠬᠠᠮᠰᠠᠷᠲᠤ ᠠᠵᠢᠯᠯᠠᠭ᠎ᠠ ᠪᠣᠯᠭ᠋ᠠᠨ ᠬᠤᠪᠢᠷᠠᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠡ ᠪᠣᠯᠤᠨ ᠵᠠᠰᠠᠭ᠎ᠤᠨ ᠣᠷᠳᠣᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠵᠠᠷᠯᠢᠭ ᠴᠠᠭ᠋ᠠᠵᠠ ᠵᠢ ᠲᠠᠭ᠋ᠠᠬᠤ ᠵᠢ ᠡᠷᠡᠰ ᠪᠡᠶᠡᠯᠡᠭᠦᠯᠵᠦ᠂ ᠨᠠᠮ᠎ᠤᠨ ᠲᠥᠪ ᠬᠤᠷᠢᠶᠠᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠲᠤᠬᠠᠢ ᠡᠯ᠎ᠡ ᠵᠦᠢ᠍ᠯ᠎ᠤᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠠᠲᠤᠯᠠᠬᠤ ᠬᠡᠷᠡᠭᠲᠡᠢ ᠬᠡᠵᠤ ᠵᠢᠭ᠋ᠠᠵᠤ ᠭᠠᠷᠭ᠋ᠠᠪᠠ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠣᠭᠲᠠᠭᠤᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠵᠡᠷᠭᠡ ᠠᠵᠢᠯ᠎ᠢ ᠪᠠᠢ᠌ᠷᠢᠯᠠᠭᠤᠯᠪᠠ
ᠰᠢ ᠵᠢᠨ ᠫᠢᠩ ᠳᠡᠯᠡᠭᠡᠢ ᠵᠢᠨ ᠤᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠦᠪᠯᠡᠯ᠎ᠤᠨ ᠲᠡᠷᠢᠭᠦᠯᠡᠭᠴᠢ ᠪᠠᡁᠸ᠎ᠲᠠᠢ ᠤᠲᠠᠰᠤ᠎ᠪᠠᠷ ᠶᠠᠷᠢᠯᠴᠠᠪᠠ
ᠯᠢ ᠺᠸ ᠴᠢᠶᠠᠩ ᠵᠠᠰᠠᠭ᠎ᠤᠨ ᠣᠷᠳᠣᠨ᠎ᠤ ᠣᠨᠴᠠᠭ᠋ᠠᠢ ᠨᠡᠮᠡᠯᠭᠡ ᠵᠢᠨ ᠲᠦᠷᠢᠮ᠎ᠤᠨ ᠳᠡᠭᠡᠳᠦ ᠳᠡᠰ ᠳᠠᠪᠬᠤᠷᠭ᠎ᠠ ᠵᠢᠨ ᠪᠠ ᠳᠡᠭᠡᠳᠦ ᠮᠡᠷᠭᠡᠵᠢᠯ ᠴᠢᠳᠠᠪᠤᠷᠢ ᠵᠢᠨ ᠴᠢᠳᠠᠪᠤᠷᠢᠲᠠᠨ᠎ᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠨᠠᠨᠶᠠᠩ ᠬᠣᠲᠠ ᠵᠢᠨ ᠰᠢᠴᠦᠸᠠᠨ ᠰᠢᠶᠠᠨ᠎ᠳᠤ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠢ ᠰᠢᠨᠵᠢᠯᠡᠨ ᠪᠠᠢ᠌ᠴᠠᠭ᠋ᠠᠪᠠ
ᠰᠢ ᠵᠢᠨ ᠫᠢᠩ ᠡᠮᠦᠨᠡᠳᠡᠬᠢ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ ᠴᠢᠬᠤᠯᠠᠴᠢᠯᠠᠭᠰᠠᠨ᠎ᠨᠢ ᠡᠮᠦᠨᠡᠳᠡᠬᠢ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠡᠭᠦᠷᠭᠡ ᠵᠢ ᠭᠦᠨᠵᠡᠭᠡᠢ ᠵᠠᠳᠠᠯᠤᠨ ᠢᠨᠵᠧᠨᠧᠷᠢᠩ᠎ᠤᠨ ᠲᠥᠯᠥᠪᠵᠢᠭᠦᠯᠭᠡ ᠪᠥᠲᠥᠭᠡᠨ ᠪᠠᠶ᠋ᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠵᠤ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠨ ᠠᠰᠢᠬᠯᠠᠬᠤ ᠲᠦᠪᠰᠢᠨ᠎ᠢ ᠳᠡᠭᠡᠭᠰᠢᠯᠡᠭᠦᠯᠬᠦ ᠭᠡᠷᠡᠭᠲᠡᠢ
 
            