ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄ 2025-11-19

   ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 11 ᠳ᠋ᠦ᠍ᠭᠡᠷ ᠰᠠᠷ᠎ᠠ᠎ᠶᠢᠨ 14 ᠎ᠦ ᠡᠳᠦᠷ᠎ᠦᠨ ᠴᠠᠬᠢᠯᠭᠠᠨ ᠮᠡᠳᠡᠭᠡ   ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ 11 ᠳ᠋ᠦ᠍ᠭᠡᠷ ᠰᠠᠷ᠎ᠠ᠎ᠶᠢᠨ 14 ᠎ᠦ ᠡᠳᠦᠷ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠵᠤ᠂ 《ᠨᠢᠭᠡ ᠴᠢᠬᠤᠯᠠ ᠨᠢᠭᠡ ᠭᠣᠣᠯᠳᠠᠯᠭ᠎ᠠ》᠎ᠶᠢᠨ ᠪᠦᠲᠦᠭᠡᠨ ᠪᠠᠢᠭᠤᠯᠤᠯᠲᠠ᠎ᠶᠢᠨ ᠬᠣᠯᠪᠣᠭᠳᠠᠯ ᠪᠦᠬᠦᠢ ᠠᠵᠢᠯ᠎ᠢ ᠭᠦᠨᠵᠡᠭᠡᠢ ᠬᠡᠷᠡᠭᠵᠢᠭᠦᠯᠬᠦ᠎ᠶᠢ ᠰᠤᠳᠤᠯᠵᠤ᠂ ᠬᠡᠷᠡᠭᠯᠡᠭᠡ᠎ᠶᠢᠨ ᠵᠦᠢᠯ᠎ᠦᠨ ᠬᠠᠩᠭᠠᠯᠭ᠎ᠠ ᠬᠡᠷᠡᠭᠴᠡᠭᠡ᠎ᠶᠢᠨ ᠲᠣᠬᠢᠷᠠᠯᠴᠠᠬᠤ ᠴᠢᠨᠠᠷ᠎ᠢ ᠴᠢᠩᠭᠠᠳᠬᠠᠵᠤ ᠬᠡᠷᠡᠭᠯᠡᠭᠡ᠎ᠶᠢ ᠤᠯᠠᠮ ᠨᠢᠭᠡ ᠠᠯᠬᠤᠮ ᠠᠬᠢᠭᠤᠯᠬᠤ ᠲᠦᠷᠦ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠪᠠᠢᠷᠢᠯᠠᠭᠤᠯᠵᠤ᠂ ᠪᠦᠬᠦ ᠤᠯᠤᠰ᠎ᠤᠨ ᠰᠤᠷᠭᠠᠨ ᠬᠥᠮᠦᠵᠢᠯ᠎ᠦᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠲᠦᠷᠭᠡᠪᠴᠢᠯᠡᠨ ᠪᠦᠲᠦᠭᠡᠨ ᠪᠠᠢᠭᠤᠯᠵᠤ ᠪᠠᠢᠭ᠎ᠠ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠸᠠᠷ᠎ᠤᠨ ᠲᠡᠮᠳᠡᠭ᠎ᠦᠨ ᠬᠠᠤᠯᠢ (ᠵᠠᠰᠠᠪᠤᠷᠢ ᠣᠷᠣᠭᠤᠯᠤᠭᠰᠠᠨ ᠡᠬᠡ ᠲᠥᠰᠥᠯ)》᠎ᠶᠢ ᠶᠠᠷᠢᠯᠴᠠᠵᠤ᠂ 《ᠣᠷᠣᠰᠢᠭᠤᠯᠭ᠎ᠠ᠎ᠶᠢᠨ ᠬᠠᠮᠢᠶᠠᠷᠤᠯᠲᠠ᠎ᠶᠢᠨ ᠳᠦᠷᠢᠮ (ᠵᠠᠰᠠᠪᠤᠷᠢ ᠣᠷᠣᠭᠤᠯᠤᠭᠰᠠᠨ ᠡᠬᠡ ᠲᠥᠰᠥᠯ)》᠎ᠢ ᠬᠢᠨᠠᠨ ᠶᠠᠷᠢᠯᠴᠠᠵᠤ ᠪᠠᠲᠤᠯᠠᠪᠠ᠃

ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ 《ᠨᠢᠭᠡ ᠴᠢᠬᠤᠯᠠ ᠨᠢᠭᠡ ᠭᠣᠣᠯᠳᠠᠯᠭ᠎ᠠ》᠎ᠶᠢᠨ ᠪᠦᠲᠦᠭᠡᠨ ᠪᠠᠢᠭᠤᠯᠤᠯᠲᠠ᠎ᠶᠢ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠪᠥᠬᠥ ᠲᠠᠯ᠎ᠠ᠎ᠳᠤ ᠲᠠᠯᠪᠢᠵᠤ ᠪᠠᠢᠭᠠᠳ ᠲᠥᠯᠥᠪᠵᠢᠭᠦᠯᠦᠨ ᠠᠬᠢᠭᠤᠯᠵᠤ᠂ ᠪᠠᠢᠯᠳᠤᠬᠤ ᠪᠣᠳᠣᠯᠭ᠎ᠠ᠎ᠶᠢᠨ᠂ ᠪᠠᠷᠠᠯᠠᠯ᠎ᠤᠨ᠂ ᠪᠥᠬᠥ ᠲᠠᠯ᠎ᠠ᠎ᠶᠢᠨ ᠴᠢᠨᠠᠷᠲᠠᠢ ᠱᠠᠭᠠᠷᠳᠠᠯᠭ᠎ᠠ᠎ᠶᠢ ᠪᠠᠲᠤ ᠡᠵᠡᠮᠰᠢᠨ᠂ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶᠢ ᠴᠢᠩᠭᠠᠳᠬᠠᠵᠤ᠂ ᠵᠥᠭᠡᠯᠡᠨ ᠬᠠᠲᠠᠭᠤ᠎ᠶᠢᠨ ᠤᠶᠠᠯᠳᠤᠯ᠎ᠢ ᠴᠢᠬᠤᠯᠠᠴᠢᠯᠠᠨ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠬᠦ᠂ ᠭᠣᠣᠯᠳᠠᠯᠭ᠎ᠠ ᠪᠣᠯᠬᠤ ᠬᠦᠷᠢᠶᠡᠨ᠎ᠳᠡᠬᠢ ᠠᠮᠤᠷ ᠲᠦᠪᠰᠢᠨ᠎ᠦ ᠴᠢᠳᠠᠪᠤᠷᠢ᠎ᠶᠢ ᠯᠠᠪᠳᠠᠭᠤᠨ᠎ᠢᠶᠠᠷ ᠳᠡᠭᠡᠭᠰᠢᠯᠡᠭᠦᠯᠬᠦ᠎ᠶᠢ ᠠᠬᠢᠭᠤᠯᠬᠤ ᠬᠡᠷᠡᠭᠲᠡᠢ᠃ ᠲᠦᠷᠦᠯ ᠵᠦᠢᠯ᠎ᠢ ᠬᠢᠨᠠᠨ ᠬᠠᠷᠭᠤᠭᠤᠯᠬᠤ᠎ᠪᠠᠨ ᠰᠢᠯᠢᠳᠡᠭᠵᠢᠭᠦᠯᠵᠦ᠂ ᠰᠢᠨ᠎ᠡ᠎ᠶᠢ ᠡᠭᠦᠳᠬᠦ ᠬᠦᠴᠦᠨ ᠵᠦᠢᠯ᠎ᠦᠨ ᠣᠷᠣᠭᠤᠯᠤᠯᠲᠠ᠂ ᠳᠠᠯᠳᠠ ᠬᠥᠷᠥᠩᠭᠡ᠎ᠶᠢᠨ ᠪᠡᠯᠡ ᠣᠷᠣᠭᠤᠯᠤᠯᠲᠠ᠎ᠶᠢ ᠨᠡᠩ ᠴᠢᠬᠤᠯᠠᠴᠢᠯᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠲᠥᠷᠥᠯ ᠵᠦᠢᠯ᠎ᠢ ᠵᠣᠬᠢᠴᠠᠭᠤᠯᠤᠨ ᠠᠬᠢᠭᠤᠯᠬᠤ ᠲᠣᠭᠲᠠᠴᠠ᠎ᠶᠢ ᠪᠦᠷᠢᠨᠰᠢᠭᠦᠯᠵᠦ᠂ ᠪᠠᠷᠢᠯᠭ᠎ᠠ᠎ᠶᠢᠨ ᠴᠢᠨᠠᠷ ᠴᠢᠨᠰᠠᠭ᠎ᠠ ᠪᠠ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠳᠠᠯᠠᠵᠤ᠂ ᠡᠳ᠋ ᠬᠥᠷᠥᠩᠭᠡ᠎ᠶᠢᠨ ᠬᠠᠮᠢᠶᠠᠷᠤᠯᠲᠠ ᠪᠠ ᠵᠠᠯᠭᠠᠭᠠᠳ ᠠᠵᠢᠯᠯᠠᠭᠤᠯᠵᠤ ᠪᠠᠲᠤᠯᠠᠬᠤ ᠵᠡᠷᠭᠡ ᠠᠵᠢᠯ᠎ᠢ ᠵᠡᠷᠭᠡ᠎ᠳᠦ ᠨᠢ ᠰᠠᠢᠲᠤᠷ ᠬᠢᠬᠦ ᠬᠡᠷᠡᠭᠲᠡᠢ᠃ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠬᠢᠭᠡᠳ ᠪᠡᠯᠡ ᠮᠥᠩᠭᠥ᠎ᠶᠢ ᠰᠠᠯᠭᠠᠨ ᠥᠭᠬᠦ ᠠᠯᠬᠤᠮ ᠳᠠᠷᠠᠭ᠎ᠠ ᠴᠠᠭ ᠬᠤᠭᠤᠴᠠᠭ᠎ᠠ᠎ᠶᠢ ᠵᠦᠢ ᠵᠣᠬᠢᠰᠲᠠᠢ ᠲᠣᠬᠢᠷᠠᠭᠤᠯᠵᠤ᠂ ᠲᠥᠷᠥᠯ ᠵᠦᠢᠯ ᠪᠠ ᠪᠡᠯᠡ ᠮᠥᠩᠭᠥᠨ᠎ᠦ ᠵᠣᠬᠢᠴᠠᠯᠳᠤᠯ᠎ᠢ ᠴᠢᠩᠭᠠᠳᠬᠠᠨ᠂ ᠬᠡᠳᠦ ᠣᠷᠳᠣ᠌ ᠬᠤᠭᠤᠴᠠᠭᠠᠲᠤ ᠵᠢᠭᠡᠯᠡᠯᠭᠡ᠂ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠮᠥᠩᠭᠥᠨ ᠭᠦᠢᠯᠭᠡᠭᠡ ᠵᠡᠷᠭᠡ ᠪᠡᠯᠡ ᠮᠥᠩᠭᠥ᠎ᠶᠢ ᠣᠯᠬᠤ᠎ᠪᠠᠷ ᠢᠳᠡᠪᠬᠢᠯᠡᠨ ᠠᠵᠢᠯᠯᠠᠵᠤ᠂ ᠨᠠᠩ ᠣᠯᠠᠨ ᠠᠷᠠᠳ᠎ᠤᠨ ᠬᠥᠷᠥᠩᠭᠡ᠎ᠶᠢᠨ ᠣᠷᠣᠯᠴᠠᠬᠤ᠎ᠶᠢ ᠬᠥᠲᠥᠯᠥᠨ ᠵᠢᠯᠤᠭᠣᠳᠴᠤ᠂ 《ᠨᠢᠭᠡ ᠴᠢᠬᠤᠯᠠ ᠨᠢᠭᠡ ᠭᠣᠣᠯᠳᠠᠯᠭ᠎ᠠ》᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠠᠰᠢᠭ᠋᠎ᠢ ᠶᠡᠬᠡᠰᠬᠡᠬᠦ ᠬᠡᠷᠡᠭᠲᠡᠢ ᠭᠡᠪᠡ᠃

ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠬᠠᠩᠭᠠᠯᠭ᠎ᠠ ᠬᠡᠷᠡᠭᠴᠡᠭᠡᠨ᠎ᠦ ᠲᠣᠬᠢᠷᠠᠯᠴᠠᠬᠤ ᠴᠢᠨᠠᠷ᠎ᠢ ᠴᠢᠩᠭᠠᠳᠬᠠᠬᠤ ᠪᠣᠯ ᠬᠡᠷᠡᠭᠯᠡᠭᠡ᠎ᠶᠢᠨ ᠳᠠᠯᠳᠠ ᠬᠦᠴᠦᠨ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠠᠬᠤᠢ᠎ᠶᠢᠨ ᠣᠷᠴᠢᠯ᠎ᠢ ᠰᠢᠯᠤᠭᠤᠳᠬᠠᠬᠤ᠎ᠶᠢᠨ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ᠎ᠠ᠃ ᠬᠡᠷᠡᠭᠯᠡᠭᠡ᠎ᠶᠢ ᠳᠡᠰ ᠳᠡᠪᠰᠢᠭᠦᠯᠬᠦ᠎ᠪᠡᠷ ᠠᠵᠤ ᠦᠢᠯᠡᠰ᠎ᠢ ᠳᠡᠰ ᠳᠡᠪᠰᠢᠭᠦᠯᠬᠦ᠎ᠶᠢ ᠬᠥᠲᠥᠯᠥᠨ ᠳᠠᠭᠠᠭᠤᠯᠵᠤ᠂ ᠴᠢᠨᠠᠷᠵᠢᠭᠤᠨ ᠬᠠᠩᠭᠠᠯᠭ᠎ᠠ᠎ᠪᠠᠷ ᠤᠯᠠᠨ ᠡᠰᠢᠲᠦ ᠬᠡᠷᠡᠭᠴᠡᠭᠡ᠎ᠶᠢ ᠨᠡᠩ ᠰᠠᠢᠲᠤᠷ ᠬᠠᠩᠭᠠᠵᠤ᠂ ᠬᠠᠩᠭᠠᠯᠭ᠎ᠠ ᠬᠡᠷᠡᠭᠴᠡᠭᠡ᠎ᠶᠢᠨ ᠨᠡᠩ ᠥᠨᠳᠥᠷ ᠲᠦᠪᠰᠢᠨᠲᠦ ᠬᠥᠳᠡᠯᠦᠩᠭᠦᠢ ᠲᠡᠩᠴᠡᠭᠦᠷᠢ᠎ᠶᠢ ᠪᠡᠶᠡᠯᠡᠭᠦᠯᠬᠦ ᠬᠡᠷᠡᠭᠲᠡᠢ᠃ ᠰᠢᠨ᠎ᠡ ᠮᠡᠷᠭᠡᠵᠢᠯ ᠰᠢᠨ᠎ᠡ ᠬᠡᠪ ᠵᠠᠭᠪᠤᠷ᠎ᠤᠨ ᠰᠢᠨ᠎ᠡ ᠡᠭᠦᠳᠦᠯᠲᠡ ᠲᠡᠢ ᠬᠡᠷᠡᠭᠯᠡᠯᠲᠡ᠎ᠶᠢ ᠲᠦᠷᠭᠡᠳᠬᠡᠵᠦ᠂ ᠵᠣᠬᠢᠶᠠᠮᠠᠯ ᠤᠶᠤᠨ᠎ᠢ ᠠᠭᠤᠰᠤᠯᠴᠠᠭᠤᠯᠤᠨ ᠡᠷᠴᠢᠮᠯᠡᠬᠦ᠎ᠶᠢ ᠴᠢᠩᠭᠠᠳᠬᠠᠵᠤ᠂ ᠭᠣᠣᠯᠳᠠᠯᠭ᠎ᠠ ᠪᠣᠯᠬᠤ ᠠᠵᠢᠯ ᠲᠦᠷᠦᠯ᠂ ᠭᠣᠣᠯᠳᠠᠯᠭ᠎ᠠ ᠪᠣᠯᠬᠤ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠰᠢᠨ᠎ᠡ ᠦᠢᠯᠡᠳᠬᠦᠨ ᠪᠠ ᠦᠷᠳᠡᠭ ᠨᠡᠮᠡᠭᠳᠡᠯ᠎ᠦᠨ ᠦᠢᠯᠡᠴᠢᠯᠡᠭᠡ᠎ᠶᠢ ᠨᠡᠭᠡᠭᠡᠨ ᠬᠥᠭᠵᠢᠭᠦᠯᠵᠦ᠂ ᠰᠢᠨ᠎ᠡ ᠬᠡᠷᠡᠭᠯᠡᠭᠡ᠎ᠶᠢᠨ ᠨᠡᠮᠡᠭᠳᠡᠯ᠎ᠦᠨ ᠬᠡᠮᠵᠢᠶ᠎ᠡ᠎ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠠᠵᠤ ᠠᠬᠤᠢᠯᠠᠯ᠎ᠤᠨ ᠣᠨᠴᠠᠯᠢᠭ᠍ᠲᠤ᠂ ᠳᠡᠭᠡᠳᠦ ᠳᠡᠰ᠎ᠦᠨ ᠴᠢᠨᠠᠷ ᠰᠠᠢᠲᠠᠢ ᠬᠡᠷᠡᠭᠯᠡᠭᠡ᠎ᠶᠢᠨ ᠵᠦᠢᠯ᠎ᠦᠨ ᠬᠠᠩᠭᠠᠯᠭ᠎ᠠ᠎ᠪᠠᠨ ᠥᠷᠭᠡᠳᠬᠡᠬᠦ᠎ᠶᠢ ᠢᠳᠡᠪᠬᠢᠲᠡᠢ ᠳᠡᠮᠵᠢᠵᠦ᠂ ᠠᠮᠤᠷ ᠲᠦᠪᠰᠢᠨ᠎ᠦ᠂ ᠴᠢᠳᠠᠮᠵᠢ ᠪᠦᠬᠦᠢ᠂ ᠪᠣᠬᠢᠷᠲᠤᠯ ᠦᠭᠡᠢ ᠪᠠᠢᠬᠤ ᠵᠡᠷᠭᠡ ᠪᠠᠷᠢᠮᠵᠢᠶ᠎ᠠ᠎ᠶᠢ ᠰᠢᠨᠡᠳᠬᠡᠨ ᠲᠠᠰ ᠳᠡᠪᠰᠢᠭᠦᠯᠬᠦ᠎ᠶᠢ ᠲᠦᠷᠭᠡᠳᠬᠡᠵᠦ᠂ ᠦᠨᠡᠮᠰᠢᠨ ᠭᠡᠷᠡᠴᠢᠯᠡᠬᠦ ᠲᠣᠭᠲᠠᠯᠴᠠᠭ᠎ᠠ᠎ᠶᠢ ᠲᠡᠭᠦᠯᠳᠡᠷᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ᠎ᠢ ᠨᠠᠷᠢᠯᠢᠭᠵᠢᠭᠤᠯᠬᠤ᠎ᠶᠢᠨ ᠲᠣᠭᠣᠷᠢᠨ᠎ᠳᠤ ᠠᠳᠠᠯᠢ ᠪᠤᠰᠤ ᠬᠥᠮᠥᠰ᠎ᠦᠨ ᠬᠡᠷᠡᠭᠴᠡᠭᠡ᠎ᠶᠢ ᠤᠨᠢᠨ ᠳᠡᠭᠡᠷ᠎ᠡ ᠨᠢ ᠲᠣᠬᠢᠷᠠᠭᠤᠯᠬᠤ᠎ᠪᠠᠷ ᠭᠣᠣᠯᠳᠠᠭᠤᠯᠵᠤ᠂ ᠨᠢᠭᠡ ᠪᠦᠯᠦᠭ ᠲᠣᠬᠢᠯᠢᠭᠵᠢᠭᠤᠯᠤᠨ ᠦᠢᠯᠡᠳᠬᠦ ᠦᠢᠯᠡᠳᠪᠦᠷᠢ᠎ᠶᠢ ᠬᠥᠭᠵᠢᠭᠦᠯᠵᠦ᠂ ᠦᠢᠯᠡᠳᠪᠦᠷᠢᠯᠡᠯ᠎ᠦᠨ ᠥᠨᠳᠥᠷ ᠪᠦᠲᠦᠮᠵᠢ᠎ᠪᠡᠷ ᠬᠡᠷᠡᠭᠯᠡᠭᠴᠢᠳ᠎ᠦᠨ ᠥᠪᠡᠷᠮᠢᠴᠡ ᠬᠡᠷᠡᠭᠴᠡᠭᠡ᠎ᠳᠦ ᠲᠤᠰᠬᠠᠯ ᠥᠭᠬᠦ᠎ᠶᠢ ᠠᠬᠢᠭᠤᠯᠬᠤ ᠬᠡᠷᠡᠭᠲᠡᠢ᠃ ᠬᠡᠷᠡᠭᠯᠡᠭᠡ᠎ᠶᠢᠨ ᠰᠢᠨ᠎ᠡ ᠠᠬᠤᠢ ᠪᠠᠢᠳᠠᠯ ᠡᠵᠡᠩᠨᠡᠯᠲᠡ᠎ᠶᠢᠨ ᠰᠢᠨ᠎ᠡ ᠬᠡᠯᠪᠡᠷᠢ ᠪᠠᠢᠳᠠᠯ᠎ᠢ ᠪᠣᠢᠵᠢᠭᠤᠯᠵᠤ᠂ ᠬᠡᠷᠡᠭᠯᠡᠭᠡ᠎ᠶᠢᠨ ᠮᠥᠩᠭᠥᠨ ᠭᠦᠢᠯᠭᠡᠭᠡᠨ᠎ᠦ ᠦᠢᠯᠡᠳᠬᠦᠨ ᠪᠠ ᠦᠢᠯᠡᠴᠢᠯᠡᠭᠡ᠎ᠶᠢ ᠪᠠᠶᠠᠯᠢᠭ᠍ᠵᠢᠭᠤᠯᠵᠤ᠂ ᠬᠡᠷᠡᠭᠯᠡᠭᠡ᠎ᠶᠢᠨ ᠰᠠᠢᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠲᠡᠢ ᠭᠡᠪᠡ᠃

ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠵᠢᠯ ᠭᠠᠷᠤᠢ᠎ᠶᠢᠨ ᠲᠤᠷᠰᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠪᠦᠬᠦ ᠤᠯᠤᠰ᠎ᠤᠨ ᠰᠤᠷᠭᠠᠨ ᠬᠥᠮᠦᠵᠢᠯ᠎ᠦᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠬᠢᠨᠠᠮᠠᠭᠠᠢ ᠲᠤᠭᠤᠰᠢᠯᠠᠭᠤᠯᠵᠤ᠂ ᠡᠯ᠎ᠡ ᠵᠦᠢᠯ᠎ᠦᠨ ᠡᠭᠦᠷᠭᠡ᠎ᠶᠢᠨ ᠨᠠᠢᠳᠠᠪᠤᠷᠢᠵᠢᠭᠤᠯᠤᠯᠲᠠ᠎ᠶᠢ ᠬᠦᠴᠦᠲᠡᠢ ᠠᠬᠢᠭᠤᠯᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ ᠯᠠᠪᠳᠠᠭᠤᠨ ᠪᠠᠲᠤᠲᠠᠢ ᠠᠬᠢᠴᠠ ᠲᠠᠢ ᠪᠣᠯᠪᠠ᠃ ᠦᠷᠭᠦᠯᠵᠢᠯᠡᠨ ᠡᠷᠡᠯᠬᠡᠭᠯᠡᠨ ᠤᠷᠤᠭᠰᠢᠯᠠᠵᠤ᠂ ᠥᠨᠢ ᠤᠳᠠᠭᠠᠨ ᠴᠢᠷᠮᠠᠢᠨ ᠠᠵᠢᠯᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠠᠬᠢᠭᠤᠯᠬᠤ ᠵᠣᠬᠢᠴᠠᠭᠤᠯᠬᠤ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠂ ᠠᠵᠤ ᠦᠢᠯᠡᠰ᠎ᠦᠨ ᠬᠥᠭᠵᠢᠯᠲᠡ ᠪᠠ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡᠨ᠎ᠦ ᠲᠣᠭᠣᠷᠢᠨ᠎ᠳᠤ᠂ ᠤᠯᠤᠰ᠎ᠤᠨ ᠬᠥᠭᠵᠢᠯᠲᠡ᠎ᠳᠦ ᠪᠠᠴᠢᠮ ᠱᠠᠭᠠᠷᠳᠠᠭᠳᠠᠵᠤ ᠪᠠᠢᠭ᠎ᠠ ᠰᠢᠨ᠎ᠡ᠎ᠶᠢ ᠡᠭᠦᠳᠬᠦ ᠴᠢᠳᠠᠪᠤᠷᠢᠲᠠᠨ᠎ᠢ ᠨᠡᠩ ᠤᠯᠠᠨ ᠬᠥᠮᠥᠵᠢᠭᠦᠯᠬᠦ ᠬᠡᠷᠡᠭᠲᠡᠢ᠃ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠤᠯᠠᠨ ᠲᠦᠮᠡᠨ᠎ᠦ ᠠᠩᠬᠠᠷᠴᠤ ᠪᠠᠢᠭ᠎ᠠ ᠲᠣᠪᠣᠢᠮ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠰᠤᠷᠭᠠᠭᠤᠯᠢ᠎ᠳᠤ ᠣᠷᠣᠬᠤ ᠨᠠᠰᠤᠨ᠎ᠤ ᠬᠥᠮᠥᠨ ᠠᠮᠠ᠎ᠶᠢᠨ ᠬᠤᠪᠢᠷᠠᠯᠲᠠ᠎ᠳᠤ ᠵᠣᠬᠢᠴᠠᠭᠤᠯᠤᠨ᠂ ᠲᠥᠪ ᠭᠣᠣᠯᠴᠢ᠎ᠶᠢ ᠠᠬᠢᠭᠤᠯᠬᠤ᠂ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠪᠠ ᠪᠠᠢᠷᠢᠰᠢᠭᠤᠯᠤᠯᠲᠠ᠎ᠶᠢ ᠰᠢᠯᠢᠳᠡᠭᠵᠢᠭᠦᠯᠬᠦ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠬᠠᠩᠭᠠᠯᠭ᠎ᠠ᠎ᠶᠢ ᠲᠠᠰᠤᠷᠠᠯᠳᠡ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃

ᠬᠤᠷᠠᠯᠳᠤᠭᠠᠨ᠎ᠢᠶᠠᠷ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠸᠠᠷ᠎ᠤᠨ ᠲᠡᠮᠳᠡᠭ᠎ᠦᠨ ᠬᠠᠤᠯᠢ (ᠵᠠᠰᠠᠪᠤᠷᠢ ᠣᠷᠣᠭᠤᠯᠤᠭᠰᠠᠨ ᠡᠬᠡ ᠲᠥᠰᠥᠯ)》᠎ᠶᠢ ᠶᠠᠷᠢᠯᠴᠠᠭᠠᠳ ᠵᠠᠷᠴᠢᠮ ᠳᠡᠭᠡᠷ᠎ᠡ᠎ᠪᠡᠨ ᠪᠠᠲᠤᠯᠠᠵᠤ᠂ ᠲᠣᠰ ᠡᠬᠡ ᠲᠥᠰᠥᠯ᠎ᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠳᠤ ᠳᠡᠪᠰᠢᠭᠦᠯᠵᠦ ᠬᠢᠨᠠᠨ ᠶᠠᠷᠢᠯᠴᠠᠭᠤᠯᠬᠤ᠎ᠪᠠᠷ ᠲᠣᠭᠲᠠᠪᠠ᠃ ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠲᠠᠸᠠᠷ᠎ᠤᠨ ᠲᠡᠮᠳᠡᠭ᠎ᠦᠨ ᠬᠠᠮᠢᠶᠠᠷᠤᠯᠲᠠ ᠪᠠ ᠬᠠᠮᠠᠭᠠᠯᠠᠯᠲᠠ᠎ᠶᠢ ᠬᠠᠤᠯᠢ ᠶᠣᠰᠣᠭᠠᠷ ᠴᠢᠩᠭᠠᠳᠬᠠᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠦᠵᠡᠭᠦᠯᠬᠦ ᠲᠠᠸᠠᠷ᠎ᠤᠨ ᠲᠡᠮᠳᠡᠭ᠎ᠦᠨ ᠠᠬᠢᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ ᠭᠡᠪᠡ᠃

ᠬᠤᠷᠠᠯᠳᠤᠭᠠᠨ᠎ᠢᠶᠠᠷ 《ᠣᠷᠣᠰᠢᠭᠤᠯᠭ᠎ᠠ᠎ᠶᠢᠨ ᠬᠠᠮᠢᠶᠠᠷᠤᠯᠲᠠ᠎ᠶᠢᠨ ᠳᠦᠷᠢᠮ (ᠵᠠᠰᠠᠪᠤᠷᠢ ᠣᠷᠣᠭᠤᠯᠤᠭᠰᠠᠨ ᠡᠬᠡ ᠲᠥᠰᠥᠯ)》᠎ᠢ ᠬᠢᠨᠠᠨ ᠶᠠᠷᠢᠯᠴᠠᠵᠤ ᠪᠠᠲᠤᠯᠠᠪᠠ᠃

ᠬᠤᠷᠠᠯᠳᠤᠭᠠᠨ᠎ᠢᠶᠠᠷ ᠪᠠᠰᠠ ᠪᠤᠰᠤᠳ ᠵᠦᠢᠯᠡᠰ᠎ᠢ ᠰᠤᠳᠤᠯᠵᠠᠢ᠃
ᠢᠷᠡᠯᠲᠡ᠄ ᠰᠢᠨᠬᠤᠸᠠ ᠬᠣᠷᠢᠶ᠎ᠠ

ᠢᠷᠡᠯᠲᠡ᠄          ᠵᠠᠰᠠᠭ᠎᠎ᠤᠨ ᠤᠷᠳᠣᠨ
          
ᠬᠠᠮᠢᠶ᠎ᠡ ᠪᠦᠬᠦᠢ ᠰᠣᠨᠢᠨ
 
            