ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ 12 ᠳ᠋ᠤᠭᠠᠷ ᠰᠠᠷ᠎ᠠ᠎ᠶᠢᠨ 8 ᠤ ᠡᠳᠦᠷ ᠬᠤᠷᠠᠯᠳᠤᠭᠠᠨ ᠬᠤᠷᠠᠯᠳᠤᠭᠤᠯᠵᠤ᠂ 2026 ᠣᠨ᠎ᠤ ᠠᠵᠤ ᠠᠬᠤᠢ᠎ᠶᠢᠨ ᠠᠵᠢᠯ᠎ᠢ ᠵᠠᠳᠠᠯᠤᠨ ᠰᠤᠳᠤᠯᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠥᠬᠥ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠢ ᠤᠳᠤᠷᠢᠳᠬᠤ ᠳᠦᠷᠢᠮ》᠎ᠢ ᠬᠢᠨᠠᠨ ᠵᠥᠪᠯᠡᠪᠡ᠃ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ ᠰᠢ᠎ᠵᠢᠨ᠎ᠫᠢᠩ ᠬᠤᠷᠠᠯᠳᠤᠭᠠᠨ᠎ᠢ ᠡᠷᠬᠢᠯᠡᠪᠡ᠃
ᠡᠨᠡ ᠵᠢᠯ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠠᠬᠢᠴᠠ᠎ᠳᠠᠬᠢ ᠴᠢᠬᠤᠯᠠ ᠠᠴᠢ ᠬᠣᠯᠪᠣᠭᠳᠠᠯ᠎ᠲᠠᠢ ᠨᠢᠭᠡᠨ ᠵᠢᠯ ᠪᠣᠯᠣᠨ᠎ᠠ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠥᠷᠦᠨ᠂ ᠡᠷᠡᠯᠬᠡᠭᠯᠡᠨ ᠲᠡᠮᠡᠴᠡᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠥᠪᠯᠡᠵᠦ᠂ ᠬᠣᠷᠸ᠎ᠠ ᠲᠥᠷᠥ᠎ᠶᠢᠨ ᠪᠣᠳᠣᠯᠭ᠎ᠠ᠎ᠶᠢ ᠨᠡᠩ ᠢᠳᠡᠪᠬᠢᠲᠡᠢ ᠪᠥᠭᠡᠳ ᠵᠢᠳᠬᠦᠯ ᠴᠢᠷᠮᠠᠢᠯᠭ᠎ᠠ ᠲᠠᠢ ᠬᠡᠷᠡᠭᠵᠢᠭᠦᠯᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ᠎ᠶᠢ ᠤᠷᠤᠭᠰᠢᠲᠠᠢ ᠪᠡᠶᠡᠯᠡᠭᠦᠯᠦᠮᠡᠷ ᠪᠠᠢᠨ᠎ᠠ᠃ ᠮᠠᠨ᠎ᠤ ᠤᠯᠤᠰ᠎ᠤᠨ ᠠᠵᠤ ᠠᠬᠤᠢ᠎ᠶᠢᠨ ᠠᠵᠢᠯᠯᠠᠭᠠᠨ ᠶᠡᠷᠦᠩᠬᠡᠢ᠎ᠳᠦ᠎ᠪᠡᠨ ᠲᠣᠭᠲᠠᠭᠤᠨ ᠪᠥᠭᠡᠳ ᠲᠣᠭᠲᠠᠭᠤᠨ᠎ᠤ ᠳᠤᠮᠳᠠ ᠤᠷᠤᠭᠰᠢᠯᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠲᠣᠭᠲᠠᠭᠤᠨ᠎ᠢᠶᠠᠷ ᠬᠥᠭᠵᠢᠵᠦ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ᠎ᠢ ᠠᠯᠬᠤᠵᠤ᠂ ᠭᠣᠣᠯᠳᠠᠯᠭ᠎ᠠ ᠪᠣᠯᠬᠤ ᠬᠦᠷᠢᠶᠡᠨ᠎ᠳᠡᠬᠢ ᠲᠦᠭᠰᠢᠭᠦᠷᠢ᠎ᠶᠢ ᠠᠷᠢᠯᠭᠠᠬᠤ ᠠᠵᠢᠯ ᠢᠳᠡᠪᠬᠢ ᠠᠬᠢᠴᠠ᠎ᠲᠠᠢ ᠪᠣᠯᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠡᠩ ᠬᠦᠴᠦᠲᠡᠢ ᠪᠣᠯᠵᠤ᠂ ᠨᠡᠢᠭᠡᠮ᠎ᠦᠨ ᠶᠡᠬᠡ ᠲᠠᠯ᠎ᠠ ᠲᠣᠭᠲᠠᠭᠤᠨ ᠪᠠᠢᠳᠠᠯ᠎ᠢᠶᠠᠨ ᠪᠠᠲᠤᠯᠠᠵᠤ ᠪᠠᠢᠨ᠎ᠠ᠃ ᠥᠩᠭᠡᠷᠡᠭᠰᠡᠨ 5 ᠵᠢᠯ᠎ᠳᠦ᠂ ᠪᠢᠳᠡ ᠡᠯ᠎ᠡ ᠵᠦᠢᠯ᠎ᠦᠨ ᠳᠠᠭᠠᠷᠢᠯᠲᠠ ᠥᠷᠢᠰᠦᠯᠳᠦᠭᠡᠨ᠎ᠢ ᠪᠦᠲᠦᠮᠵᠢᠲᠡᠢ ᠠᠷᠭᠠᠴᠠᠵᠤ᠂ ᠮᠠᠨ᠎ᠤ ᠤᠯᠤᠰ᠎ᠤᠨ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ ᠵᠡᠷᠭᠡ ᠬᠠᠲᠠᠭᠤ ᠪᠣᠳᠠᠲᠤ ᠬᠦᠴᠦᠨ ᠪᠠ ᠰᠣᠶᠣᠯ᠂ ᠪᠠᠢᠭᠤᠯᠤᠯ᠂ ᠭᠠᠳᠠᠭᠠᠳᠤ ᠬᠠᠷᠢᠯᠴᠠᠭ᠎ᠠ ᠵᠡᠷᠭᠡ ᠵᠥᠭᠡᠯᠡᠨ ᠪᠣᠳᠠᠲᠤ ᠬᠦᠴᠦᠨ ᠢᠯᠡᠳᠲᠡ ᠳᠡᠭᠡᠭᠰᠢᠯᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭ᠎ᠠ ᠠᠮᠵᠢᠯᠲᠠ᠎ᠲᠠᠢ ᠳᠠᠭᠤᠰᠴᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢᠨ ᠰᠢᠨ᠎ᠡ ᠠᠶᠠᠨ ᠰᠠᠢᠨ ᠡᠬᠢᠯᠡᠯᠲᠡ᠎ᠲᠠᠢ ᠪᠣᠯᠵᠤ ᠪᠠᠢᠨ᠎ᠠ ᠭᠡᠵᠦ ᠬᠤᠷᠠᠯᠳᠤᠭᠠᠨ᠎ᠢᠶᠠᠷ ᠦᠵᠡᠪᠡ᠃
ᠬᠤᠷᠠᠯᠳᠤᠭᠠᠨ᠎ᠢᠶᠠᠷ ᠴᠢᠬᠤᠯᠠᠴᠢᠯᠠᠬᠤ᠎ᠳᠤ᠎ᠪᠠᠨ᠂ ᠢᠷᠡᠬᠦ ᠵᠢᠯ᠎ᠦᠨ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ᠎ᠳᠦ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠣᠨᠣᠯᠵᠢᠬᠤᠨ᠎ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠲᠥᠯᠥᠪ ᠪᠠᠢᠳᠠᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠤᠯᠤᠰ᠎ᠤᠨ ᠳᠣᠲᠣᠭᠠᠳᠤ᠎ᠶᠢᠨ ᠠᠵᠤ ᠠᠬᠤᠢ᠎ᠶᠢᠨ ᠠᠵᠢᠯ ᠪᠠ ᠳᠡᠯᠡᠬᠡᠢ᠎ᠶᠢᠨ ᠠᠵᠤ ᠠᠬᠤᠢ ᠠᠷᠠᠯᠵᠢᠶᠠᠨ᠎ᠤ ᠲᠡᠮᠡᠴᠡᠯ᠎ᠢ ᠨᠡᠩ ᠰᠠᠢᠲᠤᠷ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠯᠡᠵᠦ᠂ ᠬᠣᠷᠸ᠎ᠠ ᠲᠥᠷᠥ᠎ᠶᠢᠨ ᠪᠣᠳᠣᠯᠭ᠎ᠠ᠎ᠶᠢ ᠨᠡᠩ ᠢᠳᠡᠪᠬᠢᠲᠡᠢ ᠪᠥᠭᠡᠳ ᠵᠢᠳᠬᠦᠯ ᠴᠢᠷᠮᠠᠢᠯᠭ᠎ᠠ ᠲᠠᠢ ᠬᠡᠷᠡᠭᠵᠢᠭᠦᠯᠵᠦ᠂ ᠲᠥᠷᠥ᠎ᠶᠢᠨ ᠪᠣᠳᠣᠯᠭ᠎ᠠ᠎ᠶᠢᠨ ᠪᠠᠷᠠᠯᠠᠯ ᠴᠢᠨᠠᠷ ᠬᠠᠨᠳᠤᠯᠭᠠᠲᠤ ᠴᠢᠨᠠᠷ ᠬᠠᠮᠵᠢᠯᠴᠠᠬᠤ ᠴᠢᠨᠠᠷ᠎ᠢ ᠴᠢᠩᠭᠠᠳᠬᠠᠵᠤ᠂ ᠳᠣᠲᠣᠭᠠᠳᠤ ᠬᠡᠷᠡᠭᠴᠡᠭᠡ᠎ᠶᠢ ᠦᠷᠭᠦᠯᠵᠢᠯᠡᠨ ᠥᠷᠭᠡᠳᠬᠡᠵᠦ᠂ ᠬᠠᠩᠭᠠᠯᠭ᠎ᠠ᠎ᠶᠢ ᠰᠢᠯᠢᠳᠡᠭᠵᠢᠭᠦᠯᠦᠨ᠂ ᠨᠡᠮᠡᠭᠳᠡᠯ᠎ᠢ ᠰᠢᠯᠢᠳᠡᠭᠵᠢᠭᠦᠯᠵᠦ᠂ ᠦᠯᠡᠳᠡᠭᠳᠡᠯ᠎ᠢ ᠭᠦᠢᠯᠭᠡᠭᠡᠨ ᠲᠡᠢ ᠪᠣᠯᠭᠠᠵᠤ᠂ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠭᠠᠳ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠠᠬᠢᠭᠤᠯᠵᠤ᠂ ᠭᠣᠣᠯᠳᠠᠯᠭ᠎ᠠ ᠪᠣᠯᠬᠤ ᠬᠦᠷᠢᠶᠡᠨ᠎ᠳᠡᠬᠢ ᠲᠦᠭᠰᠢᠭᠦᠷᠢ᠎ᠶᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠠᠵᠢᠯ ᠣᠯᠭᠣᠯᠲᠠ᠎ᠶᠢ᠂ ᠠᠵᠤ ᠠᠬᠤᠢᠯᠠᠯ᠎ᠢ᠂ ᠵᠠᠬ᠎ᠠ ᠳᠡᠯᠭᠡᠭᠦᠷ᠎ᠢ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠢᠵᠤ᠂ ᠠᠵᠤ ᠠᠬᠤᠢ᠎ᠶᠢ ᠠᠬᠢᠭᠤᠯᠤᠭᠠᠳ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶᠡᠨ᠎ᠦ ᠵᠣᠬᠢᠰᠲᠠᠢ ᠨᠡᠮᠡᠭᠳᠡᠯ᠎ᠢ ᠪᠡᠶᠡᠯᠡᠭᠦᠯᠵᠦ᠂ ᠨᠡᠢᠭᠡᠮ᠎ᠦᠨ ᠡᠶ᠎ᠡ ᠵᠣᠬᠢᠴᠠᠯ ᠪᠠ ᠲᠣᠭᠲᠠᠭᠤᠨ᠎ᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠰᠠᠢᠨ ᠡᠬᠢᠯᠡᠯᠲᠡ᠎ᠶᠢ ᠣᠯᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠢᠷᠡᠬᠦ ᠵᠢᠯ᠎ᠦᠨ ᠠᠵᠤ ᠠᠬᠤᠢ᠎ᠶᠢᠨ ᠠᠵᠢᠯ᠎ᠳᠤ ᠲᠣᠭᠲᠠᠭᠤᠨ᠎ᠤ ᠳᠤᠮᠳᠠ ᠤᠷᠤᠭᠰᠢᠯᠠᠬᠤ᠂ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ ᠦᠷ᠎ᠡ ᠠᠰᠢᠭ᠋᠎ᠢᠶᠠᠨ ᠨᠡᠮᠡᠭᠳᠡᠭᠦᠯᠬᠦ᠎ᠶᠢ ᠪᠠᠷᠢᠮᠲᠠᠯᠠᠵᠤ᠂ ᠨᠡᠩ ᠢᠳᠡᠪᠬᠢᠲᠡᠢ ᠡᠳ᠋᠎ᠦᠨ ᠵᠠᠰᠠᠭ᠎ᠤᠨ ᠳᠦᠷᠦ᠎ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠢᠯᠭᠠᠬᠤ ᠵᠣᠭᠣᠰᠤᠨ᠎ᠤ ᠳᠦᠷᠦ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠵᠦ᠂ ᠤᠭ᠎ᠤᠨ ᠬᠡᠷᠡᠭᠵᠢᠭᠦᠯᠵᠦ ᠪᠠᠢᠭᠰᠠᠨ ᠳᠦᠷᠦ᠎ᠶᠢᠨ ᠪᠣᠳᠣᠯᠭ᠎ᠠ ᠪᠠ ᠨᠡᠮᠡᠭᠳᠡᠯ᠎ᠦᠨ ᠳᠦᠷᠦ᠎ᠶᠢᠨ ᠪᠣᠳᠣᠯᠭ᠎ᠠ᠎ᠶᠢᠨ ᠬᠤᠷᠠᠮᠠᠯ ᠦᠢᠯᠡᠳᠦᠯ᠎ᠢ ᠪᠠᠳᠠᠷᠠᠭᠤᠯᠵᠤ᠂ ᠰᠥᠷᠭᠡᠦ ᠦᠶᠡᠯᠡᠯ ᠪᠠ ᠦᠶᠡᠯᠡᠯ ᠠᠯᠤᠰᠯᠠᠨ ᠲᠣᠬᠢᠷᠠᠭᠤᠯᠬᠤ ᠡᠷᠴᠢᠮ᠎ᠢ ᠴᠢᠩᠭᠠᠷᠠᠭᠤᠯᠵᠤ᠂ ᠬᠣᠷᠸ᠎ᠠ ᠠᠵᠤ ᠠᠬᠤᠢ᠎ᠶᠢᠨ ᠵᠠᠰᠠᠯᠲᠠ᠎ᠶᠢᠨ ᠦᠷ᠎ᠡ ᠪᠦᠲᠦᠮᠵᠢ᠎ᠶᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠢ ᠪᠠᠶ᠋ᠢᠭᠤᠯᠬᠤ ᠬᠡᠷᠡᠭᠲᠡᠢ; ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠎ᠶᠢ ᠪᠠᠷᠢᠮᠲᠠᠯᠠᠵᠤ᠂ ᠰᠢᠨ᠎ᠡ ᠬᠥᠳᠡᠯᠭᠡᠭᠴᠢ ᠡᠨᠧᠷᠭᠢ᠎ᠶᠢ ᠱᠠᠯᠠᠪᠳᠠᠨ ᠪᠣᠢᠵᠢᠭᠤᠯᠵᠤ ᠪᠤᠵᠠᠭᠠᠢᠷᠠᠭᠤᠯᠬᠤ ᠬᠡᠷᠡᠭᠲᠡᠢ; ᠥᠭᠡᠷᠡᠴᠢᠯᠡᠯᠲᠡ᠎ᠶᠢᠨ ᠰᠢᠪᠲᠤᠯᠤᠯᠲᠠ᠎ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠭᠴᠢ ᠬᠦᠴᠦᠨ ᠪᠠ ᠠᠮᠢᠵᠢᠷᠠᠯ᠎ᠤᠨ ᠬᠦᠴᠦᠨ᠎ᠢ ᠴᠢᠩᠭᠠᠳᠬᠠᠬᠤ ᠬᠡᠷᠡᠭᠲᠡᠢ; ᠭᠠᠳᠠᠭᠠᠳᠤ ᠨᠡᠭᠡᠭᠡᠯᠲᠡ᠎ᠶᠢ ᠪᠠᠷᠢᠮᠲᠠᠯᠠᠵᠤ᠂ ᠤᠯᠠᠨ ᠬᠦᠷᠢᠶᠡᠨ᠎ᠳᠡᠬᠢ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ᠋ ᠬᠦᠷᠳᠡᠬᠦ᠎ᠶᠢ ᠠᠬᠢᠭᠤᠯᠬᠤ ᠬᠡᠷᠡᠭᠲᠡᠢ; ᠵᠣᠬᠢᠴᠠᠩᠭᠤᠢ ᠬᠥᠭᠵᠢᠯᠲᠡ᠎ᠶᠢ ᠪᠠᠷᠢᠮᠲᠠᠯᠠᠵᠤ᠂ ᠬᠤᠳᠠ ᠬᠥᠳᠡᠭᠡ᠎ᠶᠢᠨ ᠠᠭᠤᠰᠤᠯᠴᠠᠯ ᠪᠠ ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠠᠬᠢᠭᠤᠯᠬᠤ ᠬᠡᠷᠡᠭᠲᠡᠢ; 《ᠬᠣᠣᠰ ᠨᠡᠭᠦᠷᠡᠰᠦᠲᠥ᠋ᠷᠥᠭᠴᠢ》᠎ᠪᠡᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠪᠥᠬᠥ ᠲᠠᠯ᠎ᠠ᠎ᠶᠢᠨ ᠨᠣᠭᠣᠭᠠᠨ ᠰᠢᠯᠵᠢᠯᠲᠡ᠎ᠶᠢ ᠠᠬᠢᠭᠤᠯᠬᠤ ᠬᠡᠷᠡᠭᠲᠡᠢ; ᠠᠷᠠᠳ᠎ᠤᠨ ᠠᠮᠢᠳᠤᠷᠠᠯ᠎ᠢ ᠴᠢᠬᠤᠯᠠᠴᠢᠯᠠᠬᠤ᠎ᠶᠢ ᠪᠠᠷᠢᠮᠲᠠᠯᠠᠵᠤ᠂ ᠠᠷᠠᠳ ᠤᠯᠠᠨ᠎ᠳᠤ ᠢᠯᠡᠭᠦᠬᠡᠨ ᠪᠣᠳᠠᠲᠠᠢ ᠠᠵᠢᠯ ᠬᠢᠵᠦ ᠥᠭᠬᠦ᠎ᠪᠡᠷ ᠴᠢᠷᠮᠠᠢᠬᠤ ᠬᠡᠷᠡᠭᠲᠡᠢ; ᠬᠣᠷᠢᠭ᠎ᠠ ᠱᠤᠭᠤᠮ᠎ᠢ ᠪᠠᠲᠤ ᠰᠠᠬᠢᠬᠤ᠎ᠶᠢ ᠪᠠᠷᠢᠮᠲᠠᠯᠠᠵᠤ᠂ ᠭᠣᠣᠯᠳᠠᠯᠭ᠎ᠠ ᠪᠣᠯᠬᠤ ᠬᠦᠷᠢᠶᠡᠨ᠎ᠳᠡᠬᠢ ᠲᠦᠭᠰᠢᠭᠦᠷᠢ᠎ᠶᠢ ᠢᠳᠡᠪᠬᠢᠲᠡᠢ ᠪᠥᠭᠡᠳ ᠯᠠᠪᠳᠠᠭᠤᠨ᠎ᠢᠶᠠᠷ ᠰᠢᠢᠳᠪᠦᠷᠢᠯᠡᠬᠦ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠴᠢᠬᠤᠯᠠᠴᠢᠯᠠᠬᠤ᠎ᠳᠤ᠎ᠪᠠᠨ᠂ ᠨᠠᠮ᠎ᠤᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠴᠢᠩᠭᠠᠳᠬᠠᠬᠤ ᠬᠡᠷᠡᠭᠲᠡᠢ᠃ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠭᠠᠳ ᠠᠵᠤ ᠠᠬᠤᠢ᠎ᠶᠢᠨ ᠠᠵᠢᠯ᠎ᠢ ᠰᠠᠢᠲᠤᠷ ᠬᠢᠵᠦ᠂ ᠴᠢᠨᠠᠷ ᠰᠠᠢᠲᠠᠢ᠂ ᠦᠷᠭᠦᠯᠵᠢᠯᠡᠬᠦᠢᠴᠡ ᠬᠥᠭᠵᠢᠯᠲᠡ᠎ᠶᠢ ᠪᠡᠶᠡᠯᠡᠭᠦᠯᠬᠦ ᠬᠡᠷᠡᠭᠲᠡᠢ᠃ ᠤᠯᠤᠰ᠎ᠤᠨ ᠪᠠ ᠣᠷᠣᠨ ᠨᠤᠲᠤᠭ᠎ᠤᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ ᠵᠢᠴᠢ ᠲᠤᠰᠬᠠᠢ ᠵᠦᠢᠯ᠎ᠦᠨ ᠲᠥᠯᠦᠪᠵᠢᠭᠦᠯᠭᠡ᠎ᠶᠢ ᠰᠠᠢᠲᠤᠷ ᠨᠠᠢᠷᠠᠭᠤᠯᠤᠨ ᠵᠣᠬᠢᠶᠠᠬᠤ ᠬᠡᠷᠡᠭᠲᠡᠢ᠃ ᠵᠢᠯ᠎ᠦᠨ ᠰᠡᠭᠦᠯᠴᠢ ᠣᠨ᠎ᠤ ᠡᠬᠢᠨ᠎ᠳᠡᠬᠢ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠬᠠᠩᠭᠠᠵᠤ ᠪᠠᠲᠤᠯᠠᠬᠤ ᠠᠵᠢᠯ᠎ᠢ ᠰᠠᠢᠲᠤᠷ ᠬᠢᠵᠦ᠂ ᠬᠦᠴᠢᠷᠳᠡᠯᠲᠡᠢ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠢ ᠬᠠᠯᠠᠮᠵᠢᠯᠠᠵᠤ᠂ ᠠᠵᠤ ᠠᠬᠤᠢᠯᠠᠯ᠎ᠤᠨ ᠳᠠᠩᠰᠠᠨ᠎ᠳᠠᠬᠢ ᠵᠣᠭᠣᠰ ᠪᠠ ᠬᠥᠯᠥᠰᠦᠨ ᠠᠵᠢᠯᠴᠢᠨ᠎ᠤ ᠴᠠᠯᠢᠩ᠎ᠢ ᠨᠢ ᠥᠷᠢᠲᠦᠵᠦ ᠤᠳᠠᠭᠠᠰᠢᠷᠠᠭᠤᠯᠤᠭᠰᠠᠨ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠠᠷᠠᠳ᠎ᠤᠨ ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠷᠢᠮᠵᠢᠶ᠎ᠠ᠎ᠶᠢ ᠪᠠᠲᠤ ᠰᠠᠬᠢᠬᠤ ᠬᠡᠷᠡᠭᠲᠡᠢ᠃ ᠴᠠᠭ ᠢᠮᠠᠭᠲᠠ ᠰᠠᠨᠠᠭᠠᠰᠢᠷᠠᠨ ᠠᠵᠢᠯᠯᠠᠬᠤ ᠬᠠᠷᠢᠭᠤᠴᠠᠯᠭᠠᠲᠤ ᠰᠡᠳᠬᠢᠯᠭᠡ᠎ᠪᠡᠷ ᠠᠶᠤᠯ ᠦᠭᠡᠢ ᠦᠢᠯᠡᠳᠪᠦᠷᠢᠯᠡᠯ᠎ᠢ ᠰᠠᠢᠲᠤᠷ ᠠᠳᠬᠤᠵᠤ᠂ ᠬᠦᠨᠳᠦ ᠶᠡᠬᠡ ᠣᠨᠴᠠ ᠶᠡᠬᠡ ᠡᠨᠳᠡᠯ ᠭᠠᠷᠬᠤ᠎ᠶᠢ ᠡᠷᠡᠰ ᠰᠡᠷᠭᠡᠢᠯᠡᠨ ᠬᠣᠷᠢᠭᠯᠠᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠥᠬᠥ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠢ ᠤᠳᠤᠷᠢᠳᠬᠤ ᠳᠦᠷᠢᠮ》᠎ᠢ ᠲᠣᠭᠲᠠᠭᠠᠬᠤ ᠨᠢ ᠨᠠᠮ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠤᠳᠤᠷᠢᠳᠤᠯᠭ᠎ᠠ᠎ᠪᠠᠨ ᠰᠢᠨᠵᠢᠯᠡᠬᠦ ᠤᠬᠠᠭᠠᠨᠴᠢᠯᠠᠬᠤ᠂ ᠳᠦᠷᠢᠮᠵᠢᠭᠦᠯᠬᠦ᠂ ᠵᠢᠷᠤᠮᠵᠢᠭᠤᠯᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠨᠡᠩ ᠲᠡᠭᠦᠯᠳᠡᠷᠵᠢᠭᠰᠡᠨ ᠰᠢᠰᠲ᠋ᠧᠮ᠎ᠢ ᠪᠠᠢᠭᠤᠯᠵᠤ᠂ ᠨᠡᠩ ᠥᠨᠳᠥᠷ ᠲᠦᠪᠰᠢᠨᠲᠦ ᠨᠡᠢᠭᠡᠮ ᠵᠢᠷᠤᠮᠲᠤ ᠬᠠᠤᠯᠢ᠎ᠪᠠᠷ ᠵᠠᠰᠠᠭᠰᠠᠨ ᠤᠯᠤᠰ᠎ᠢ ᠪᠠᠶ᠋ᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠪᠡ᠃
ᠬᠤᠷᠠᠯᠳᠤᠭᠠᠨ᠎ᠢᠶᠠᠷ ᠴᠢᠬᠤᠯᠠᠴᠢᠯᠠᠬᠤ᠎ᠳᠤ᠎ᠪᠠᠨ᠂ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠨᠠᠮ᠎ᠠᠴᠠ ᠬᠠᠤᠯᠢ ᠲᠣᠭᠲᠠᠭᠠᠬᠤ᠎ᠶᠢ ᠤᠳᠤᠷᠢᠳᠬᠤ᠂ ᠬᠠᠤᠯᠢ ᠬᠡᠷᠡᠭᠵᠢᠭᠦᠯᠬᠦ᠎ᠶᠢ ᠪᠠᠲᠤᠯᠠᠬᠤ᠂ ᠬᠠᠤᠯᠢ ᠪᠠᠷᠢᠬᠤ᠎ᠶᠢ ᠳᠡᠮᠵᠢᠬᠦ᠂ ᠲᠦᠷᠦᠭᠦᠯᠡᠨ ᠬᠠᠤᠯᠢ ᠰᠠᠬᠢᠬᠤ᠎ᠶᠢ ᠨᠢ ᠪᠣᠳᠠᠲᠠᠢ᠎ᠳᠤ ᠨᠠᠢᠳᠠᠪᠤᠷᠢᠵᠢᠭᠤᠯᠵᠤ᠂ ᠬᠠᠤᠯᠢ᠎ᠪᠠᠷ ᠤᠯᠤᠰ᠎ᠢᠶᠠᠨ ᠵᠠᠰᠠᠬᠤ᠂ ᠬᠠᠤᠯᠢ᠎ᠪᠠᠷ ᠲᠦᠷᠦ ᠪᠠᠷᠢᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠤᠯᠤᠰ ᠲᠦᠷᠦ᠎ᠶᠢᠨ ᠵᠥᠪ ᠴᠢᠭᠯᠡᠯ᠎ᠢ ᠪᠠᠲᠤ ᠡᠵᠡᠮᠳᠡᠵᠦ᠂ ᠬᠠᠤᠯᠢ᠎ᠪᠠᠷ ᠵᠠᠰᠠᠬᠤ ᠢᠲᠡᠭᠡᠯ᠎ᠢᠶᠡᠨ ᠪᠠᠲᠤᠳᠬᠠᠨ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠬᠠᠤᠯᠢ᠎ᠪᠠᠷ ᠵᠠᠰᠠᠬᠤ᠎ᠶᠢ ᠬᠦᠨᠳᠦᠳᠬᠡᠬᠦ᠂ ᠬᠠᠤᠯᠢ ᠴᠠᠭᠠᠵᠠ᠎ᠶᠢ ᠪᠢᠰᠢᠷᠡᠨ ᠵᠢᠷᠦᠬᠡᠰᠢᠶᠡᠬᠦ ᠤᠬᠠᠮᠰᠠᠷ᠎ᠢᠶᠠᠨ ᠴᠢᠩᠭᠠᠳᠬᠠᠬᠤ᠎ᠶᠢ ᠨᠢ ᠠᠬᠢᠭᠤᠯᠵᠤ᠂ ᠰᠢᠨᠵᠢᠯᠡᠬᠦ ᠤᠬᠠᠭᠠᠨᠴᠢ᠎ᠪᠠᠷ ᠬᠠᠤᠯᠢ ᠲᠣᠭᠲᠠᠭᠠᠬᠤ᠂ ᠬᠠᠤᠯᠢ᠎ᠶᠢ ᠴᠢᠩᠭ᠎ᠠ ᠬᠡᠷᠡᠭᠵᠢᠭᠦᠯᠬᠦ᠂ ᠲᠥᠪ ᠭᠣᠣᠯᠴᠢ᠎ᠪᠠᠷ ᠬᠠᠤᠯᠢ ᠪᠠᠷᠢᠬᠤ᠂ ᠪᠦᠬᠦ ᠠᠷᠠᠳ᠎ᠢᠶᠠᠷ᠎ᠢᠶᠠᠨ ᠬᠠᠤᠯᠢ ᠰᠠᠬᠢᠬᠤ᠎ᠶᠢ ᠬᠠᠮᠵᠢᠯᠴᠠᠨ ᠠᠬᠢᠭᠤᠯᠵᠤ᠂ ᠤᠯᠤᠰ᠎ᠤᠨ ᠡᠯ᠎ᠡ ᠲᠠᠯ᠎ᠠ᠎ᠶᠢᠨ ᠠᠵᠢᠯ᠎ᠳᠠᠬᠢ ᠬᠠᠤᠯᠢ᠎ᠪᠠᠷ ᠵᠠᠰᠠᠬᠤ᠎ᠶᠢ ᠪᠦᠬᠦ ᠲᠠᠯ᠎ᠠ᠎ᠪᠠᠷ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠬᠠᠤᠯᠢ᠎ᠪᠠᠷ ᠵᠠᠰᠠᠬᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃
ᠰᠢᠨᠬᠤᠸᠠ ᠬᠣᠷᠢᠶᠠᠨ᠎ᠤ ᠪᠡᠭᠡᠵᠢᠩ᠎ᠦᠨ 12 ᠳ᠋ᠤᠭᠠᠷ ᠰᠠᠷ᠎ᠠ᠎ᠶᠢᠨ 8 ᠤ ᠡᠳᠦᠷ᠎ᠦᠨ ᠴᠠᠬᠢᠯᠭᠠᠨ ᠮᠡᠳᠡᠭᠡ
ᠢᠷᠡᠯᠲᠡ᠄ ᠰᠢᠨᠬᠤᠸᠠ ᠬᠣᠷᠢᠶ᠎ᠠ