ᠰᠢ᠎ᠵᠢᠨ᠎ᠫᠢᠩ ᠯᠢ ᠵᠢᠶᠠ ᠴᠤᠤ᠎ᠶᠢᠨ ᠲᠤᠱᠢᠶᠠᠯ᠎ᠤᠨ ᠮᠡᠳᠡᠭᠦᠯᠦᠯᠲᠡ᠎ᠶ᠋ᠢ ᠰᠣᠨᠣᠰᠪᠠ
ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ 16᠎ᠦ ᠦᠳᠡ᠎ᠶ᠋ᠢᠨ ᠬᠣᠢᠨ᠎ᠠ ᠵᠥᠩ ᠨᠠᠨ ᠬᠠᠶ᠎ᠶ᠋ᠢᠨ ᠶᠢᠩᠲᠡᠶᠳᠦ ᠪᠡᠭᠡᠵᠢᠩ᠎ᠳᠦ ᠲᠤᠰᠢᠶᠠᠯ᠎ᠤᠨ ᠮᠡᠳᠡᠭᠦᠯᠦᠯᠲᠡ ᠬᠢᠬᠦ᠌᠎ᠪᠡᠷ ᠢᠷᠡᠭ᠌ᠰᠡᠨ ᠱᠢᠶᠠᠩᠭᠠᠩ ᠣᠨᠴᠠᠭᠠᠶ ᠵᠠᠰᠠᠭ ᠵᠠᠬᠢᠷᠭᠠᠨ᠎ᠤ ᠣᠷᠣᠨ᠎ᠦ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤᠲᠠᠶ ᠠᠭᠤᠯᠵᠠᠵᠤ᠂ ᠲᠡᠭᠦᠨ ᠤ᠋ ᠱᠢᠶᠠᠩᠭᠠᠩ᠎ᠤᠨ ᠣᠳᠣᠬᠠᠨ᠎ᠤ ᠪᠠᠢᠳᠠᠯ ᠪᠣᠯᠤᠨ ᠣᠨᠴᠠᠭᠠᠶ ᠵᠠᠰᠠᠭ ᠵᠠᠬᠢᠷᠭᠠᠨ᠎ᠦ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠪᠠᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃
ᠰᠢ᠎ᠵᠢᠨ᠎ᠫᠢᠩ᠂ ᠨᠢᠭᠡ ᠵᠢᠯ᠎ᠦᠨ ᠲᠤᠷᠰᠢ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ᠎ᠢ ᠳᠠᠭᠠᠭᠤᠯᠤᠨ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠢᠳᠡᠪᠬᠢᠲᠡᠢ᠎ᠪᠡᠷ ᠤᠷᠤᠭ᠍ᠰᠢᠯᠠᠨ ᠲᠠᠪᠱᠢᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠵᠤ᠂ ᠱᠢᠶᠠᠩᠭᠠᠩ᠎ᠤᠨ ᠨᠠᠢ᠍ᠮᠠᠳᠤᠭᠠᠷ ᠬᠤᠭᠤᠴᠠᠭᠠᠨ᠎ᠤ ᠬᠠᠤᠯᠢ ᠲᠣᠭ᠍ᠲᠠᠭᠠᠬᠤ ᠬᠤᠷᠠᠯ᠎ᠤᠨ ᠰᠣᠩᠭᠣᠭᠤᠯᠢ᠎ᠶ᠋ᠢ ᠠᠮᠵᠢᠯᠲᠠ᠎ᠲᠠᠶ ᠶᠠᠪᠤᠭ᠍ᠳᠠᠭᠤᠯᠵᠤ᠂ ᠠᠵᠤ ᠠᠬᠤᠢ᠎ᠶ᠋ᠢᠨ ᠲᠣᠭ᠍ᠲᠠᠭᠤᠨ ᠨᠡᠮᠡᠭ᠌ᠳᠡᠯ᠎ᠢ ᠪᠡᠶᠡᠯᠡᠭᠦᠯᠵᠦ᠍᠂ ᠱᠢᠶᠠᠩᠭᠠᠩ ᠵᠠᠰᠠᠯᠳᠠ᠎ᠡᠴᠡ ᠮᠠᠨᠳᠤᠯᠳᠠ᠎ᠳᠤ ᠬᠦᠷᠬᠦ ᠱᠢᠨ᠎ᠡ ᠠᠯᠬᠤᠮ᠎ᠢ ᠠᠯᠬᠤᠪᠠ᠃ ᠲᠥᠪ᠎ᠡᠴᠡ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ ᠪᠣᠯᠤᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠢ ᠭᠦᠢᠴᠡᠳ ᠨᠤᠲᠠᠯᠠᠵᠤ ᠪᠠᠢᠨ᠎ᠠ ᠭᠡᠵᠦ ᠢᠯᠡᠳᠭᠡᠪᠡ᠃
ᠰᠢ᠎ᠵᠢᠨ᠎ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠡᠴᠡ《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠪᠠᠢᠯᠳᠤᠬᠤ ᠪᠤᠳᠤᠯᠭ᠎ᠠ᠎ᠶ᠋ᠢᠨ ᠵᠢᠷᠤᠭ ᠲᠦᠰᠦᠪ ᠭᠠᠷᠭᠠᠵᠤ᠂《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》᠂《ᠱᠢᠶᠠᠩᠭᠠᠩᠴᠤᠳ ᠱᠢᠶᠠᠩᠭᠠᠩ᠎ᠢᠶᠡᠨ ᠵᠠᠰᠠᠬᠤ》᠂ ᠳᠡᠭᠡᠳᠦ ᠬᠡᠮᠵᠢᠶ᠎ᠡ᠎ᠪᠡᠷ ᠥᠪᠡᠷᠲᠡᠭᠡᠨ ᠵᠠᠰᠠᠬᠤ ᠴᠢᠭ᠌ᠯᠡᠯᠲᠡ᠎ᠶ᠋ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠱᠢᠶᠠᠩᠭᠠᠩ᠎ᠤᠨ ᠤᠷᠳᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠲᠣᠭ᠍ᠲᠠᠭᠤᠨ᠎ᠢ ᠠᠬᠢᠭᠤᠯᠬᠤ᠎ᠶᠢ ᠴᠢᠬᠤᠯᠠᠴᠢᠯᠠᠪᠠ᠃ ᠣᠨᠴᠠᠭᠠᠶ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ ᠰᠠᠨᠠᠭᠠᠴᠢᠯᠠᠭ᠎ᠠ᠎ᠡᠴᠡ᠎ᠪᠠᠨ ᠤᠯᠤᠰ᠎ᠤᠨ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ ᠲᠡᠶ ᠵᠣᠯᠭᠠᠭᠤᠯᠵᠤ᠂ ᠵᠠᠰᠠᠭ ᠵᠠᠬᠢᠷᠭᠠᠨ᠎ᠤ᠋ ᠤᠳᠤᠷᠢᠳᠤᠮᠵᠢ᠎ᠶ᠋ᠢ ᠪᠠᠷᠢᠮᠲᠠᠯᠠᠨ ᠲᠡᠭᠦᠯᠳᠡᠷᠵᠢᠭᠦᠯᠵᠦ᠍᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶᠢ ᠯᠠᠪᠳᠠᠭᠤᠨ ᠪᠠᠲᠤᠲᠠᠶ ᠠᠬᠢᠭᠤᠯᠵᠤ᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠦ ᠪᠥᠲᠥᠭᠡᠨ ᠪᠠᠢᠭᠤᠯᠤᠯᠲᠠ᠎ᠳᠤ ᠭᠦᠨᠵᠡᠭᠡᠶ ᠣᠷᠣᠯᠴᠠᠵᠤ᠂ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠰᠠᠢᠲᠤᠷ ᠠᠭᠤᠰᠤᠯᠴᠠᠨ ᠦᠶ᠋ᠯᠡᠴᠢᠯᠡᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠯᠢ ᠴᠢᠶᠠᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠭᠠᠨ ᠵᠢᠶ᠍ᠸ᠂ ᠴᠧᠨ ᠸᠸᠨ ᠴᠢᠩ᠂ ᠱᠢᠶᠠ ᠪᠦᠦ ᠯᠦᠩ ᠨᠠᠷ ᠠᠭᠤᠯᠵᠠᠯᠲᠠ᠎ᠳᠤ ᠣᠷᠣᠯᠴᠠᠪᠠ᠃
ᠰᠢᠨᠬᠤᠸᠠ ᠬᠣᠷᠢᠶ᠎ᠡ ᠵᠢᠨ ᠪᠡᠭᠡᠵᠢᠩ ᠦᠨ 12 ᠰᠠᠷ᠎ᠠ᠎ᠶᠢᠨ 16᠎ᠦ ᠴᠠᠬᠢᠯᠭᠠᠨ ᠮᠡᠳᠡᠭᠡ
ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ