ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠰᠢ᠎ᠵᠢᠨ᠎ᠫᠢᠩ᠎ᠦᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭᠠᠨ᠎ᠤ ᠬᠤᠷᠢᠶᠠᠩᠭᠤᠢ》 ᠭᠡᠬᠦ ᠵᠢᠭᠠᠬᠤ ᠮᠠᠲ᠋ᠧᠷᠢᠶᠠᠯ᠎ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄ 2025-12-03

    ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠰᠢ᠎ᠵᠢᠨ᠎ᠫᠢᠩ᠎ᠦᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠵᠢᠭᠠᠬᠤ ᠮᠠᠲ᠋ᠧᠷᠢᠶᠠᠯ᠎ᠳᠤ ᠣᠷᠣᠭᠤᠯᠬᠤ ᠬᠢᠴᠢᠶᠡᠯ᠎ᠦᠨ ᠲᠠᠩᠬᠢᠮ᠎ᠳᠤ ᠣᠷᠣᠭᠤᠯᠬᠤ ᠲᠠᠷᠢᠬᠢ ᠲᠣᠯᠣᠭᠠᠢ᠎ᠳᠤ ᠬᠠᠳᠠᠩᠰᠢᠭᠤᠯᠬᠤ᠎ᠶᠢ ᠤᠯᠠᠮ ᠨᠢᠭᠡ ᠠᠯᠬᠤᠮ ᠠᠬᠢᠭᠤᠯᠵᠤ᠂ ᠨᠡᠩ ᠰᠠᠢᠲᠤᠷ᠎ᠢᠶᠠᠷ ᠶᠣᠰᠣ᠌ ᠰᠤᠷᠲᠠᠬᠤᠨ᠎ᠢᠶᠠᠷ ᠬᠥᠮᠥᠨ᠎ᠢ ᠬᠥᠮᠥᠵᠢᠭᠦᠯᠵᠦ᠂ ᠵᠢᠩᠬᠢᠨᠢ ᠪᠠᠢᠯᠳᠤᠭᠠᠨ᠎ᠤ ᠲᠥᠯᠥᠭᠡ ᠬᠥᠮᠥᠨ ᠬᠥᠮᠥᠵᠢᠭᠦᠯᠬᠦ᠎ᠶᠢᠨ ᠲᠥᠯᠥᠭᠡ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠤᠯᠤᠰ ᠲᠦᠷᠦ᠎ᠶᠢᠨ ᠠᠵᠢᠯ᠎ᠤᠨ ᠬᠡᠯᠲᠡᠰ᠎ᠡᠴᠡ 《ᠰᠢ᠎ᠵᠢᠨ᠎ᠫᠢᠩ᠎ᠦᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭᠠᠨ᠎ᠤ ᠬᠤᠷᠢᠶᠠᠩᠭᠤᠢ》 (ᠳᠣᠷᠣᠭ᠍ᠰᠢ 《ᠬᠤᠷᠢᠶᠠᠩᠭᠤᠢ》 ᠭᠡᠵᠦ ᠳᠥᠭᠥᠮᠴᠢᠯᠡᠨ᠎ᠡ)᠎ᠶᠢ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠭᠡᠳ᠂ ᠴᠢᠯᠦᠭᠡᠯᠡᠬᠦ ᠴᠡᠷᠢᠭ᠎ᠦᠨ ᠬᠡᠪᠯᠡᠯ᠎ᠦᠨ ᠬᠣᠷᠢᠶ᠎ᠠ᠎ᠠᠴᠠ ᠬᠡᠪᠯᠡᠭᠦᠯᠦᠨ ᠲᠠᠷᠬᠠᠭᠠᠪᠠ᠃

    《ᠬᠤᠷᠢᠶᠠᠩᠭᠤᠢ》 ᠪᠣᠯ ᠰᠢ᠎ᠵᠢᠨ᠎ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠰᠢᠰᠲ᠋ᠧᠮ ᠲᠠᠢ ᠲᠠᠢᠯᠪᠤᠷᠢᠯᠠᠭᠰᠠᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ ᠮᠥᠨ᠂ ᠴᠡᠷᠢᠭ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠶᠢᠨ ᠤᠯᠤᠰ ᠲᠦᠷᠦ ᠤᠨᠤᠯ᠎ᠤᠨ ᠬᠢᠴᠢᠶᠡᠯ᠎ᠦᠨ ᠡᠷᠬᠡ ᠰᠦᠷᠲᠦ ᠬᠡᠷᠡᠭᠯᠡᠭᠡᠨ᠎ᠦ ᠨᠣᠮ ᠮᠥᠨ᠂ ᠰᠢᠨ᠎ᠡ ᠴᠠᠭ ᠦᠶ᠎ᠡ᠎ᠶᠢᠨ ᠨᠠᠮ᠎ᠤᠨ ᠴᠡᠷᠢᠭ᠎ᠦᠨ ᠶᠠᠪᠤᠳᠠᠯ᠎ᠤᠨ ᠵᠢᠯᠣᠭᠣᠳᠤᠯᠭ᠎ᠠ᠎ᠶᠢᠨ ᠤᠨᠤᠯ᠎ᠢ ᠰᠢᠰᠲ᠋ᠧᠮᠵᠢᠭᠦᠯᠬᠦ ᠶᠣᠰᠣᠵᠢᠭᠤᠯᠬᠤ ᠰᠤᠳᠤᠯᠭᠠᠨ᠎ᠢ ᠠᠬᠢᠭᠤᠯᠤᠭᠰᠠᠨ ᠴᠢᠬᠤᠯᠠ ᠦᠷ᠎ᠡ ᠪᠦᠲᠦᠭᠡᠯ ᠮᠥᠨ᠃ 《ᠬᠤᠷᠢᠶᠠᠩᠭᠤᠢ》᠎ᠶᠢ ᠨᠠᠢᠷᠠᠭᠤᠯᠤᠨ ᠪᠢᠴᠢᠵᠦ ᠬᠡᠪᠯᠡᠭᠦᠯᠦᠭᠰᠡᠨ ᠪᠠ ᠬᠡᠷᠡᠭᠯᠡᠭᠰᠡᠨ ᠨᠢ ᠰᠢ᠎ᠵᠢᠨ᠎ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠪᠠᠷ ᠰᠦᠭ ᠰᠦᠨᠡᠰᠦ᠎ᠶᠢ ᠨᠡᠩ ᠰᠠᠢᠨ ᠱᠤᠭᠤᠵᠤ ᠬᠥᠮᠥᠨ᠎ᠢ ᠬᠥᠮᠥᠵᠢᠭᠦᠯᠵᠦ᠂ ᠵᠠᠯᠠᠭᠤ ᠳᠠᠷᠤᠭ᠎ᠠ ᠪᠠᠢᠯᠳᠤᠭ᠍ᠴᠢᠳ᠎ᠤᠨ 《ᠬᠣᠶᠠᠷ᠎ᠢ ᠲᠣᠭᠲᠠᠭᠠᠭᠰᠠᠨ》᠎ᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠬᠤ᠎ᠶᠢ ᠬᠥᠲᠥᠯᠥᠨ ᠳᠠᠭᠠᠭᠤᠯᠵᠤ᠂ ᠨᠠᠮ᠎ᠤᠨ ᠵᠢᠯᠣᠭᠣᠳᠤᠯᠭ᠎ᠠ᠎ᠶᠢ ᠲᠠᠭᠠᠬᠤ᠂ ᠴᠡᠷᠢᠭ᠎ᠢ ᠬᠦᠴᠦᠷᠬᠡᠭᠵᠢᠭᠦᠯᠬᠦ᠎ᠪᠡᠷ ᠲᠡᠮᠡᠴᠡᠬᠦ ᠦᠵᠡᠯ ᠰᠠᠨᠠᠭ᠎ᠠ ᠤᠯᠤᠰ ᠲᠦᠷᠦ᠎ᠶᠢᠨ ᠰᠠᠭᠤᠷᠢ᠎ᠶᠢ ᠪᠡᠬᠢᠵᠢᠭᠦᠯᠵᠦ᠂ ᠴᠡᠷᠢᠭ᠎ᠢ ᠬᠦᠴᠦᠷᠬᠡᠭᠵᠢᠭᠦᠯᠬᠦ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠬᠦ ᠴᠠᠭ ᠦᠶ᠎ᠡ᠎ᠶᠢᠨ ᠰᠢᠨ᠎ᠡ ᠬᠥᠮᠥᠨ ᠪᠣᠯᠬᠤ᠎ᠪᠠᠷ ᠴᠢᠷᠮᠠᠢᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃

     《ᠬᠤᠷᠢᠶᠠᠩᠭᠤᠢ》 ᠨᠢ ᠤᠳᠤᠷᠢᠳᠬᠠᠯ᠂ 15 ᠪᠦᠯᠦᠭ᠎ᠦᠨ ᠭᠣᠣᠯ ᠵᠣᠬᠢᠶᠠᠯ ᠪᠠ ᠲᠡᠭᠦᠰᠬᠡᠯ᠎ᠢᠶᠡᠷ ᠪᠦᠷᠢᠯᠳᠦᠵᠦ᠂ ᠨᠠᠮ᠎ᠤᠨ ᠴᠡᠷᠢᠭ᠎ᠦᠨ ᠶᠠᠪᠤᠳᠠᠯ᠎ᠤᠨ ᠵᠢᠯᠣᠭᠣᠳᠤᠯᠭ᠎ᠠ᠎ᠶᠢᠨ ᠤᠨᠤᠯ᠎ᠤᠨ ᠰᠢᠨ᠎ᠡ᠎ᠶᠢ ᠡᠭᠦᠳᠦᠭᠰᠡᠨ ᠬᠥᠭᠵᠢᠯᠲᠡ᠎ᠶᠢᠨ ᠬᠠᠮᠤᠭ᠎ᠤᠨ ᠰᠢᠨ᠎ᠡ ᠦᠷ᠎ᠡ ᠪᠦᠲᠦᠭᠡᠯ᠂ ᠢᠯᠠᠩᠭᠤᠶ᠎ᠠ ᠮᠠᠷᠺᠰ᠎ᠤᠨ ᠦᠵᠡᠯ᠎ᠦᠨ ᠴᠡᠷᠢᠭ᠎ᠦᠨ ᠶᠠᠪᠤᠳᠠᠯ᠎ᠤᠨ ᠤᠨᠤᠯ᠎ᠢ ᠬᠥᠭᠵᠢᠭᠦᠯᠬᠦ᠎ᠳᠦ ᠦᠵᠡᠭᠦᠯᠦᠭᠰᠡᠨ ᠤᠤᠭᠠᠯ ᠡᠭᠦᠳᠦᠯᠲᠡ᠎ᠶᠢᠨ ᠴᠢᠨᠠᠷᠲᠠᠢ ᠬᠤᠪᠢ ᠨᠡᠮᠡᠷᠢ᠎ᠶᠢ ᠪᠦᠬᠦ ᠲᠠᠯ᠎ᠠ᠎ᠪᠠᠷ ᠲᠤᠰᠬᠠᠵᠤ᠂ ᠰᠢ᠎ᠵᠢᠨ᠎ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢᠨ ᠴᠡᠷᠢᠭ᠎ᠢ ᠬᠦᠴᠦᠷᠬᠡᠭᠵᠢᠭᠦᠯᠬᠦ ᠦᠢᠯᠡᠳᠦᠯᠭᠡ᠎ᠶᠢ ᠬᠥᠲᠥᠯᠥᠨ ᠳᠠᠭᠠᠭᠤᠯᠵᠤ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ᠂ ᠠᠪᠴᠢᠷᠠᠭᠰᠠᠨ ᠲᠡᠦᠬᠡᠲᠦ ᠴᠢᠨᠠᠷᠲᠠᠢ ᠬᠤᠪᠢᠰᠤᠯᠲᠠ᠎ᠶᠢ ᠲᠤᠰᠬᠠᠪᠠ᠃ 《ᠬᠤᠷᠢᠶᠠᠩᠭᠤᠢ》 ᠨᠢ ᠤᠭ ᠵᠣᠬᠢᠶᠠᠯ ᠤᠭ ᠪᠦᠲᠦᠭᠡᠯ᠎ᠳᠦ ᠦᠨᠡᠨᠴᠢ ᠪᠠᠢᠵᠤ᠂ ᠵᠢᠭᠠᠨ ᠰᠤᠷᠭᠠᠯᠲᠠ᠎ᠶᠢ ᠤᠳᠤᠷᠢᠳᠬᠤ ᠪᠣᠯᠣᠨ ᠦᠢᠯᠡᠳᠦᠯᠭᠡ᠎ᠳᠦ ᠴᠢᠭᠯᠡᠭᠦᠯᠬᠦ᠎ᠶᠢ ᠳᠣᠪᠣᠶ᠋ᠢᠯᠭᠠᠵᠤ᠂ ᠶᠣᠰᠣ᠌ ᠵᠦᠢ ᠭᠦᠨ ᠤᠬᠠᠭᠠᠨ᠎ᠢ ᠭᠦᠨᠵᠡᠭᠡᠢ ᠲᠠᠢᠯᠪᠤᠷᠢᠯᠠᠵᠤ᠂ ᠨᠠᠮ᠎ᠤᠨ ᠰᠢᠨ᠎ᠡ ᠴᠠᠭ ᠦᠶ᠎ᠡ᠎ᠶᠢᠨ ᠴᠡᠷᠢᠭ᠎ᠢ ᠬᠦᠴᠦᠷᠬᠡᠭᠵᠢᠭᠦᠯᠬᠦ ᠬᠠᠷᠠᠯᠲᠠ᠎ᠶᠢ ᠪᠡᠶᠡᠯᠡᠭᠦᠯᠬᠦ᠂ ᠠᠷᠠᠳ᠎ᠤᠨ ᠴᠡᠷᠢᠭ ᠠᠩᠭᠢ᠎ᠶᠢ ᠳᠡᠯᠡᠬᠡᠢ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ ᠪᠣᠯᠭᠠᠨ ᠪᠦᠬᠦ ᠲᠠᠯ᠎ᠠ᠎ᠪᠠᠷ ᠪᠠᠶ᠋ᠢᠭᠤᠯᠬᠤ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠲᠣᠳᠣᠷᠬᠠᠢ ᠲᠠᠢᠯᠪᠤᠷᠢᠯᠠᠵᠤ᠂ ᠰᠢ᠎ᠵᠢᠨ᠎ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠴᠡᠷᠢᠭ ᠪᠠᠢᠭᠤᠯᠤᠭᠳᠠᠭᠰᠠᠨ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠂ ᠰᠢᠨ᠎ᠡ ᠴᠠᠭ ᠦᠶ᠎ᠡ᠎ᠶᠢᠨ ᠴᠡᠷᠢᠭ᠎ᠢ ᠬᠦᠴᠦᠷᠬᠡᠭᠵᠢᠭᠦᠯᠬᠦ ᠦᠢᠯᠡᠰ᠎ᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭᠠᠨ ᠬᠤᠪᠢᠷᠠᠭᠤᠯᠬᠤ᠎ᠳᠤ ᠲᠤᠰᠠᠲᠠᠢ ᠶᠤᠮ᠃

ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 11 ᠰᠠᠷ᠎ᠠ᠎ᠶᠢᠨ 27 ᠎ᠤ ᠴᠠᠬᠢᠯᠭᠠᠨ ᠮᠡᠳᠡᠭᠡ

ᠢᠷᠡᠯᠲᠡ᠄          ᠵᠠᠰᠠᠭ᠎᠎ᠤᠨ ᠤᠷᠳᠣᠨ
          
ᠬᠠᠮᠢᠶ᠎ᠡ ᠪᠦᠬᠦᠢ ᠰᠣᠨᠢᠨ
 
            