ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠯᠲᠡ ᠦᠭᠡᠢ ᠨᠠᠶ᠋ᠢᠳᠠᠪᠤᠷᠢᠵᠢᠭᠤᠯᠵᠤ ᠰᠢᠯᠢᠳᠡᠭ ᠨᠠᠮ᠎ᠤᠨ ᠰᠤᠷᠲᠠᠯ ᠵᠶ᠋ᠠᠷ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠬᠥᠲᠥᠯᠥᠨ ᠳᠠᠭ᠋ᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄ 2025-05-23

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 15᠎ᠤ ᠴᠠᠭᠢᠯᠭ᠋ᠠᠨ ᠮᠡᠳᠡᠭᠡ 5 ᠰᠠᠷ᠎ᠠ ᠵᠢᠨ 16᠎ᠤ ᠡᠳᠦᠷ ᠬᠡᠪᠯᠡᠭᠳᠡᠭᠰᠡᠨ 10 ᠳ᠋ᠤᠭ᠋ᠠᠷ ᠬᠤᠭᠤᠴᠠᠭ᠋ᠠᠨ᠎ᠤ 《ᠦᠨᠡᠨ》 ᠰᠡᠳᠬᠦᠯ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ 《ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠯᠲᠡ ᠦᠭᠡᠢ ᠨᠠᠶ᠋ᠢᠳᠠᠪᠤᠷᠢᠵᠢᠭᠤᠯᠵᠤ᠂ ᠰᠢᠯᠢᠳᠡᠭ ᠨᠠᠮ᠎ᠤᠨ ᠰᠤᠷᠲᠠᠯ ᠵᠶ᠋ᠠᠷ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠬᠥᠲᠥᠯᠥᠨ ᠳᠠᠭ᠋ᠠᠭᠤᠯᠬᠤ ᠬᠡᠷᠡᠭᠲᠡᠢ》 ᠭᠡᠬᠦ ᠴᠢᠬᠤᠯᠠ ᠵᠣᠬᠢᠶᠠᠯ᠎ᠢ ᠨᠡᠶ᠋ᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ 2012 ᠣᠨ᠎ᠤ 12 ᠰᠠᠷ᠎ᠠ᠎ᠠᠴᠠ 2025 ᠣᠨ᠎ᠤ 3 ᠰᠠᠷ᠎ᠠ ᠪᠤᠯᠲᠠᠯᠠᠭᠢ ᠬᠤᠭᠤᠴᠠᠭ᠋ᠠᠨ᠎ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠵᠢᠨ ᠲᠣᠪᠴᠢᠯᠠᠯ ᠪᠣᠯᠣᠨ᠎ᠠ᠃
    ᠵᠣᠬᠢᠶᠠᠯ᠎ᠳᠤ᠂ ᠨᠠᠮ᠎ᠤᠨ ᠰᠤᠷᠲᠠᠯ᠎ᠤᠨ ᠠᠰᠠᠭᠤᠳᠠᠯ᠎ᠨᠢ ᠲᠦᠷᠦ ᠪᠠᠷᠢᠭᠴᠢ ᠨᠠᠮ᠎ᠤᠨ ᠮᠠᠨᠳᠤᠵᠤ ᠮᠥᠬᠦᠬᠦ᠎ᠲᠠᠢ ᠬᠤᠯᠪᠣᠭᠳᠠᠨ᠎ᠠ᠃ ᠰᠤᠷᠲᠠᠯ᠎ᠤᠨ ᠪᠠᠶ᠋ᠢᠭᠤᠯᠤᠯᠲᠠ᠎ᠨᠢ ᠮᠠᠨ᠎ᠤ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ ᠪᠠᠷᠢᠵᠤ ᠴᠢᠳᠠᠬᠤ ᠡᠰᠡᠬᠦ᠂ ᠲᠦᠷᠦ ᠪᠠᠷᠢᠬᠤ ᠡᠭᠦᠷᠭᠡ᠎ᠪᠠᠨ ᠰᠠᠶ᠋ᠢᠲᠤᠷ ᠭᠦᠢ᠍ᠴᠡᠳᠬᠡᠵᠦ ᠴᠢᠳᠠᠬᠤ ᠡᠰᠡᠬᠦ᠎ᠲᠠᠢ ᠬᠤᠯᠪᠣᠭᠳᠠᠵᠤ ᠪᠠᠶ᠋ᠢᠳᠠᠭ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ ᠪᠢᠳᠡ ᠨᠠᠮ᠎ᠤᠨ ᠳᠣᠲᠣᠭ᠋ᠠᠳᠤ᠎ᠳᠤ ᠣᠷᠣᠰᠢᠵᠤ ᠪᠠᠶ᠋ᠢᠭ᠎ᠠ ᠵᠦᠢ᠍ᠯ ᠵᠦᠢ᠍ᠯ᠎ᠤᠨ ᠠᠰᠠᠭᠤᠳᠠᠯ ᠪᠠ ᠭᠡᠮ ᠰᠣᠭᠤᠭ᠎ᠲᠤ ᠰᠢᠭᠤᠳ ᠬᠠᠨᠳᠤᠵᠤ᠂ ᠲᠥᠪ᠎ᠤᠨ ᠨᠠᠢ᠍ᠮᠠᠨ ᠲᠣᠭᠲᠠᠭ᠋ᠠᠯ᠎ᠢ ᠲᠣᠭᠲᠠᠭ᠋ᠠᠨ ᠬᠡᠷᠡᠭᠵᠢᠭᠦᠯᠬᠦ᠎ᠠᠴᠠ ᠡᠬᠢᠯᠡᠨ ᠠᠰᠠᠭᠤᠳᠠᠯ᠎ᠢ ᠰᠢᠢ᠍ᠳᠪᠦᠷᠢᠯᠡᠵᠦ᠂ ᠰᠢᠨ᠎ᠡ ᠪᠠᠶ᠋ᠢᠳᠠᠯ᠎ᠤᠨ ᠳᠣᠣᠷ᠎ᠠ ᠰᠤᠷᠲᠠᠯ᠎ᠤᠨ ᠪᠠᠶ᠋ᠢᠭᠤᠯᠤᠯᠲᠠ᠎ᠳᠤ ᠶᠠᠭᠤ ᠵᠢ ᠠᠳᠬᠤᠬᠤ᠂ ᠬᠡᠷᠬᠢᠨ ᠠᠳᠬᠤᠬᠤ ᠠᠰᠠᠭᠤᠳᠠᠯ᠎ᠢ ᠰᠢᠢ᠍ᠳᠪᠦᠷᠢᠯᠡᠵᠦ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠪᠠ᠃ ᠰᠢᠨ᠎ᠡ ᠴᠠᠭ ᠦᠶ᠎ᠡ᠎ᠳᠤ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠬᠤᠪᠢᠰᠬᠠᠯᠲᠤ ᠴᠢᠨᠠᠷᠲᠠᠢ ᠳᠠᠪᠲᠠᠯᠲᠠ᠎ᠪᠠᠷ ᠲᠠᠮᠵᠢᠨ ᠰᠠᠬᠢᠯᠭ᠎ᠠ ᠪᠠᠲᠤ ᠰᠤᠯᠠᠷᠠᠵᠤ᠂ ᠰᠤᠷᠲᠠᠯ ᠭᠦᠪᠰᠥᠭᠡᠷ ᠪᠣᠯᠤᠭᠰᠠᠨ ᠪᠠᠶ᠋ᠢᠳᠠᠯ ᠢᠯᠡᠳᠲᠡ ᠬᠤᠪᠢᠷᠠᠵᠤ᠂ ᠦᠨᠡᠨ ᠬᠦ᠌ ᠬᠠᠮᠢᠶᠠᠷᠴᠤ ᠦᠨᠡᠨ ᠬᠦ᠌ ᠴᠢᠩᠳᠠᠯᠠᠵᠤ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠳᠠᠯᠠᠵᠤ᠂ ᠤᠷᠳᠤ ᠬᠤᠭᠤᠴᠠᠭ᠎ᠠ᠎ᠪᠠᠷ ᠬᠠᠮᠢᠶᠠᠷᠴᠤ ᠤᠷᠳᠤ ᠬᠤᠭᠤᠴᠠᠭ᠎ᠠ᠎ᠪᠠᠷ ᠴᠢᠩᠳᠠᠯᠠᠬᠤ ᠠᠭᠤᠷ ᠠᠮᠢᠰᠬᠤᠯ ᠦᠨᠳᠦᠰᠦᠨ᠎ᠳᠡᠭᠡᠨ ᠪᠦᠷᠢᠯᠳᠦᠵᠦ᠂ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠳᠤ ᠴᠣ᠋ ᠰᠢᠨ᠎ᠡ ᠳᠦᠷᠰᠦ ᠪᠠᠶ᠋ᠢᠳᠠᠯ ᠢᠯᠡᠷᠡᠵᠦ᠂ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ ᠦᠷᠭᠦᠯᠵᠢᠯᠡᠨ ᠰᠠᠶ᠋ᠢᠵᠢᠷᠠᠵᠤ᠂ ᠠᠷᠠᠳ ᠲᠦᠮᠡᠨ᠎ᠤ ᠰᠡᠳᠬᠢᠯ᠎ᠳᠠᠬᠢ ᠨᠠᠮ᠎ᠤᠨ ᠳᠦᠷᠢ ᠲᠥᠷᠬᠦ ᠵᠢ ᠲᠠᠭᠢᠨ ᠱᠤᠭᠤᠵᠠᠢ ᠭᠡᠵᠦ ᠴᠢᠬᠤᠯᠠᠴᠢᠯᠠᠪᠠ᠃
    ᠵᠣᠬᠢᠶᠠᠯ᠎ᠳᠤ᠂ ᠨᠠᠢ᠍ᠮᠠᠨ ᠲᠣᠭᠲᠠᠭ᠋ᠠᠯ᠎ᠤᠨ ᠵᠢᠯᠤᠭᠤᠳᠬᠤ ᠦᠵᠡᠯ ᠰᠠᠨᠠᠭ᠎ᠠ ᠪᠣᠯ ᠳᠠᠷᠤᠢ ᠴᠢᠩᠭ᠎ᠠ ᠪᠠᠶ᠋ᠢᠬᠤ ᠱᠠᠭ᠋ᠠᠷᠳᠠᠯᠭ᠎ᠠ ᠮᠥᠨ᠃ ᠨᠠᠮ᠎ᠨᠢ ᠨᠠᠮ᠎ᠢ ᠬᠠᠮᠢᠶᠠᠷᠬᠤ᠂ ᠨᠠᠮ᠎ᠢ ᠴᠢᠩᠭ᠎ᠠ ᠵᠠᠰᠠᠬᠤ ᠵᠢ ᠢᠯᠡᠷᠡᠭᠦᠯᠵᠦ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ᠎ᠠᠴᠠ ᠡᠬᠢᠯᠡᠨ ᠠᠵᠢᠯ᠎ᠤᠨ ᠰᠤᠷᠲᠠᠯ ᠵᠶ᠋ᠠᠨ ᠰᠠᠶ᠋ᠢᠵᠢᠷᠠᠭᠤᠯᠪᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠲᠦᠷᠦᠭᠦᠯᠡᠨ ᠰᠤᠷᠲᠠᠯ ᠵᠶ᠋ᠠᠨ ᠰᠠᠶ᠋ᠢᠵᠢᠷᠠᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠭᠰᠡᠨ᠎ᠨᠢ ᠳᠠᠷᠤᠢ ᠪᠣᠳᠠᠲᠤ ᠠᠵᠢᠯᠯᠠᠭ᠎ᠠ᠎ᠪᠠᠷ ᠵᠶ᠋ᠠᠨ ᠪᠦᠭᠦ ᠨᠠᠮ᠎ᠤᠨ ᠰᠤᠷᠲᠠᠯ ᠵᠶ᠋ᠠᠨ ᠰᠠᠶ᠋ᠢᠵᠢᠷᠠᠭᠤᠯᠬᠤ᠎ᠳᠤ ᠰᠠᠶ᠋ᠢᠨ ᠦᠯᠢᠭᠡᠷ ᠳᠠᠭᠤᠷᠢᠶᠠᠯ ᠦᠵᠡᠭᠦᠯᠭᠦ ᠵᠢᠨ ᠲᠥᠯᠥᠭᠡ ᠶᠤᠮ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠭ᠋ᠠᠭᠤᠯᠵᠤ᠂ ᠳᠡᠭᠡᠷ᠎ᠡ᠎ᠠᠴᠠ ᠳᠣᠷᠣᠭᠰᠢ᠎ᠪᠠᠨ᠂ ᠨᠢᠭᠡ ᠱᠠᠲᠤ᠎ᠨᠢ ᠨᠢᠭᠡ ᠱᠠᠲᠤ᠎ᠪᠠᠨ ᠳᠠᠭ᠋ᠠᠭᠤᠯᠵᠤ᠂ ᠨᠢᠭᠡ ᠱᠠᠲᠤ᠎ᠨᠢ ᠨᠢᠭᠡ ᠱᠠᠲᠤᠨ᠎ᠳᠠᠭᠠᠨ ᠳᠠᠭᠤᠷᠢᠶᠠᠯ ᠦᠵᠡᠭᠦᠯᠵᠦ᠂ ᠤᠬᠠᠮᠰᠠᠷ᠎ᠠᠴᠠ᠎ᠪᠠᠨ ᠵᠢᠱ᠌ᠢᠶ᠎ᠡ ᠦᠵᠡᠭᠦᠯᠦᠨ ᠳᠠᠭ᠋ᠠᠭᠤᠯᠬᠤ ᠦᠢ᠍ᠯᠡᠳᠦᠯ ᠦᠵᠡᠭᠦᠯᠭᠦ ᠬᠡᠷᠡᠭᠲᠡᠢ᠃ ᠪᠢᠳᠠ ᠦᠨᠡᠨ ᠬᠦ᠌ ᠠᠳᠬᠤᠳᠠᠭ ᠯᠠ ᠶᠤᠮ ᠪᠣᠯ ᠰᠢᠢ᠍ᠳᠪᠦᠷᠢᠯᠡᠵᠦ ᠴᠢᠳᠠᠬᠤ ᠦᠭᠡᠢ ᠠᠰᠠᠭᠤᠳᠠᠯ ᠭᠡᠵᠦ ᠦᠭᠡᠢ ᠶᠤᠮ ᠭᠡᠵᠦ ᠵᠢᠭ᠋ᠠᠵᠤ ᠭᠠᠷᠭ᠋ᠠᠪᠠ᠃
    ᠵᠣᠬᠢᠶᠠᠯ᠎ᠳᠤ᠂ ᠰᠤᠷᠲᠠᠯ᠎ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ᠎ᠪᠠᠨ ᠨᠠᠮᠴᠢ ᠴᠢᠨᠠᠷ᠎ᠤᠨ ᠠᠰᠠᠭᠤᠳᠠᠯ ᠪᠣᠯᠣᠨ᠎ᠠ᠃ 《ᠲᠦᠷᠪᠡᠨ ᠰᠤᠷᠲᠠᠯ》᠎ᠤᠨ ᠠᠰᠠᠭᠤᠳᠠᠯ᠎ᠤᠨ ᠦᠨᠳᠦᠰᠦ᠎ᠨᠢ ᠪᠣᠯ ᠨᠠᠮᠴᠢ ᠴᠢᠨᠠᠷ᠎ᠠᠴᠠ ᠲᠡᠷᠰᠯᠡᠵᠦ᠂ ᠵᠣᠷᠢᠯᠲᠠ᠎ᠪᠠᠨ ᠠᠯᠳᠠᠭᠰᠠᠨ ᠶᠠᠪᠤᠳᠠᠯ ᠪᠣᠯᠣᠨ᠎ᠠ᠃ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠎ᠳᠤ ᠡᠷᠬᠡᠪᠰᠢ ᠨᠠᠮ ᠪᠣᠯᠣᠨ ᠠᠷᠠᠳ ᠤᠯᠠᠨ᠎ᠤ ᠴᠢᠰᠤ ᠮᠢᠬᠠᠨ᠎ᠤ ᠪᠠᠷᠢᠯᠳᠤᠯᠭ᠎ᠠ ᠵᠢ ᠪᠠᠲᠤᠯᠠᠬᠤ ᠡᠨᠡ ᠬᠦ᠌ ᠵᠠᠩᠭᠢᠯᠠᠭ᠎ᠠ ᠵᠢ ᠴᠢᠩᠭ᠎ᠠ ᠠᠳᠬᠤᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠯᠲᠡ ᠦᠭᠡᠢ ᠨᠠᠶ᠋ᠢᠳᠠᠪᠤᠷᠢᠵᠢᠭᠤᠯᠵᠤ᠂ 《ᠲᠦᠷᠪᠡᠨ ᠰᠤᠷᠲᠠᠯ》᠎ᠢ ᠵᠠᠯᠠᠷᠠᠭᠤᠯᠬᠤ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠴᠢᠯᠡᠭᠡᠨ᠎ᠠᠴᠠ ᠪᠣᠯᠤᠭᠰᠠᠨ ᠨᠡᠶ᠋ᠢᠯᠡᠭ ᠭᠡᠮ》 ᠡᠭᠦᠰᠬᠦ ᠵᠢ ᠡᠷᠡᠰ ᠰᠡᠷᠭᠡᠶ᠋ᠢᠯᠡᠨ ᠬᠤᠷᠢᠭᠯᠠᠵᠤ᠂ ᠵᠢᠷᠭ᠋ᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠵᠡᠷᠭᠡ ᠭᠠᠵᠢᠭᠤ ᠰᠤᠷᠲᠠᠯ ᠮᠠᠭᠤ ᠳᠠᠳᠬᠠᠯ᠎ᠢ ᠴᠤᠬᠤᠶ᠋ᠢᠮᠠᠬ᠍ᠴᠠ ᠠᠷᠢᠯᠭ᠋ᠠᠵᠤ᠂ 《ᠲᠦᠷᠪᠡᠨ ᠰᠤᠷᠲᠠᠯ》᠎ᠤᠨ ᠨᠢᠭᠤᠭᠳᠠᠮᠠᠯ ᠣᠨᠳᠣᠣᠰᠢᠯ᠎ᠤᠨ ᠰᠢᠨ᠎ᠡ ᠬᠠᠨᠳᠤᠰᠢ ᠵᠢ ᠴᠠᠭ ᠢᠮᠠᠭᠲᠠ ᠰᠡᠷᠭᠡᠶ᠋ᠢᠯᠡᠵᠦ᠂ ᠲᠠᠭᠢᠨ ᠰᠡᠷᠭᠦᠬᠦ ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ! ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠵᠠᠯᠠᠷᠠᠭᠤᠯᠤᠨ ᠵᠠᠰᠠᠬᠤ ᠵᠢ ᠨᠠᠩ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠭᠤᠣᠯᠳᠠᠯᠭ᠎ᠠ᠎ᠲᠠᠢ ᠡᠭᠦᠷᠭᠡ ᠪᠤᠯᠭ᠋ᠠᠵᠤ᠂ ᠴᠢᠭᠯᠡᠭᠦᠯᠦᠯᠲᠦ ᠴᠢᠨᠠᠷᠲᠠᠢ ᠠᠷᠭ᠎ᠠ ᠬᠡᠮᠵᠢᠶ᠎ᠡ ᠵᠢ ᠰᠤᠳᠤᠯᠵᠤ᠂ ᠰᠢᠨᠵᠢᠯᠡᠬᠦ ᠤᠬᠠᠭ᠋ᠠᠨᠴᠢ ᠣᠨᠣᠴᠠᠲᠠᠢ ᠬᠠᠷᠠᠯᠲᠠ᠎ᠲᠠᠢ᠎ᠪᠠᠷ ᠴᠡᠭᠴᠡᠯᠡᠨ ᠵᠠᠰᠠᠵᠤ᠂ ᠬᠠᠲᠠᠭᠤ᠎ᠲᠠᠢ᠎ᠨᠢ ᠬᠠᠯᠳᠠᠵᠤ᠂ ᠪᠣᠳᠠᠲᠤ ᠦᠷ᠎ᠡ ᠪᠦᠲᠦᠮᠵᠢ ᠵᠢ ᠡᠷᠭᠢᠮᠯᠡᠭᠦ ᠬᠡᠷᠡᠭᠲᠡᠢ᠃ ᠴᠥᠬᠦᠷᠡᠰᠢ ᠦᠭᠡᠢ ᠴᠢᠷᠮᠠᠶ᠋ᠢᠨ ᠲᠡᠮᠡᠴᠡᠬᠦ ᠡᠷᠴᠢ ᠵᠣᠷᠢᠭ᠂ ᠪᠡᠷᠬᠡ ᠳᠠᠪᠠᠭ᠎ᠠ ᠵᠢ ᠳᠠᠪᠠᠭ᠍ᠤ ᠰᠥᠰᠥ ᠵᠣᠷᠢᠭ ᠵᠶ᠋ᠠᠷ ᠲᠣᠭᠲᠠᠯ ᠬᠦᠴᠦᠨ ᠵᠶ᠋ᠠᠨ ᠪᠠᠲᠤᠯᠠᠵᠤ᠂ ᠥᠴᠥᠬᠡᠨ ᠴᠦ᠍ ᠨᠠᠶ᠋ᠢᠷ ᠲᠠᠯᠪᠢᠬᠤ ᠦᠭᠡᠢ ᠪᠠᠶ᠋ᠢᠵᠤ᠂ ᠴᠡᠭᠴᠡᠯᠡᠨ ᠵᠠᠰᠠᠬᠤ ᠵᠢ ᠭᠦᠨᠵᠡᠭᠡᠶ᠋ᠢᠷᠡᠭᠦᠯᠵᠦ᠂ ᠲᠤᠭᠤᠰᠢᠲᠠᠢ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠪᠠᠯ ᠭᠡᠮ ᠠᠷᠬᠠᠭ᠎ᠢ ᠠᠯᠬᠤᠮ ᠠᠯᠬᠤᠮ ᠵᠶ᠋ᠠᠷ ᠠᠷᠢᠯᠭ᠋ᠠᠵᠤ᠂ ᠲᠥᠪ ᠴᠢᠬᠡᠴᠢ ᠪᠠᠶ᠋ᠢᠬᠤ ᠵᠢ ᠪᠡᠶᠡᠯᠡᠭᠦᠯᠵᠦ ᠴᠢᠳᠠᠨ᠎ᠠ ᠭᠡᠵᠦ ᠵᠢᠭ᠋ᠠᠵᠤ ᠭᠠᠷᠭ᠋ᠠᠪᠠ᠃
    ᠵᠣᠬᠢᠶᠠᠯ᠎ᠳᠤ᠂ ᠰᠤᠷᠲᠠᠯ᠎ᠤᠨ ᠪᠠᠶ᠋ᠢᠭᠤᠯᠤᠯᠲᠠ ᠡᠭᠦᠷᠢᠳᠡ ᠵᠣᠭᠰᠣᠰᠢ ᠦᠭᠡᠢ᠂ ᠳᠠᠭᠤᠰᠤᠰᠢ ᠦᠭᠡᠢ ᠶᠤᠮ᠃ ᠲᠥᠪ᠎ᠤᠨ ᠨᠠᠢ᠍ᠮᠠᠨ ᠲᠣᠭᠲᠠᠭ᠋ᠠᠯ᠎ᠢ ᠲᠣᠭᠲᠠᠭ᠋ᠠᠨ ᠬᠡᠷᠡᠭᠵᠢᠭᠦᠯᠬᠦ ᠪᠣᠯ ᠮᠠᠨ᠎ᠤ ᠨᠠᠮ᠎ᠤᠨ ᠰᠢᠨ᠎ᠡ ᠴᠠᠭ ᠦᠶ᠎ᠡ ᠵᠢᠨ ᠢᠲᠡᠭᠡᠯ ᠪᠠᠶ᠋ᠢᠭᠤᠯᠬᠤ ᠠᠵᠢᠯᠯᠠᠭ᠎ᠠ ᠮᠥᠨ᠂ ᠡᠷᠬᠡᠪᠰᠢ ᠴᠥᠬᠦᠷᠡᠰᠢ ᠦᠭᠡᠢ ᠪᠠᠶ᠋ᠢᠩᠭᠤ ᠠᠳᠬᠤᠵᠤ᠂ ᠤᠳᠠᠭ᠋ᠠᠨ ᠳᠠᠭ᠋ᠠᠭ᠋ᠠᠮᠠᠭ᠋ᠠᠢ ᠪᠠᠷᠢᠮᠲᠠᠯᠠᠵᠤ᠂ ᠠᠷᠪᠠᠨ ᠵᠢᠯ ᠬᠦᠷᠬᠦ ᠦᠭᠡᠢ ᠪᠣᠯ ᠬᠤᠷᠢᠨ ᠵᠢᠯ᠂ ᠬᠤᠷᠢᠨ ᠵᠢᠯ ᠬᠦᠷᠬᠦ ᠦᠭᠡᠢ ᠪᠣᠯ ᠭᠤᠴᠢᠨ ᠵᠢᠯ ᠴᠢᠷᠮᠠᠶ᠋ᠢᠵᠤ᠂ ᠬᠡᠪ ᠰᠤᠷᠲᠠᠯ᠎ᠢ ᠦᠨᠡᠨ ᠬᠦ᠌ ᠬᠤᠪᠢᠷᠠᠭᠤᠯᠵᠤ᠂ ᠰᠢᠯᠢᠳᠡᠭ ᠨᠠᠮ᠎ᠤᠨ ᠰᠤᠷᠲᠠᠯ ᠵᠶ᠋ᠠᠷ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠬᠥᠲᠥᠯᠥᠨ ᠳᠠᠭ᠋ᠠᠭᠤᠯᠬᠤ ᠬᠡᠷᠡᠭᠲᠡᠢ᠃ ᠪᠢᠳᠡ ᠴᠢᠯᠠᠭᠤᠨ ᠳᠡᠭᠡᠷ᠎ᠡ ᠭᠢᠰᠬᠢᠪᠡᠯ ᠮᠥᠷ᠎ᠲᠠᠢ᠂ ᠲᠡᠮᠦᠷ ᠪᠠᠷᠢᠪᠠᠯ ᠤᠷᠤᠮ᠎ᠲᠠᠢ ᠪᠠᠶ᠋ᠢᠬᠤ ᠡᠷᠴᠢ ᠵᠣᠷᠢᠭ ᠵᠶ᠋ᠠᠷ ᠠᠳᠬᠤᠵᠤ᠂ ᠰᠠᠶ᠋ᠢᠨ ᠵᠶ᠋ᠠᠷ ᠡᠬᠢᠯᠡᠭᠦᠯᠵᠦ ᠰᠠᠶ᠋ᠢᠨ ᠵᠶ᠋ᠠᠷ ᠲᠡᠭᠦᠰᠬᠡᠵᠦ᠂ ᠴᠢᠳᠠᠮᠠᠭ᠋ᠠᠢ ᠠᠵᠢᠯᠯᠠᠵᠤ ᠰᠠᠶ᠋ᠢᠨ ᠦᠷ᠎ᠡ ᠪᠦᠲᠦᠭᠡᠯ ᠭᠠᠷᠭ᠋ᠠᠬᠤ ᠬᠡᠷᠡᠭᠲᠡᠢ᠃ ᠨᠠᠮ᠎ᠤᠨ ᠲᠥᠪ ᠬᠤᠷᠢᠶ᠎ᠠ᠎ᠠᠴᠠ ᠪᠦᠭᠦ ᠨᠠᠮ᠎ᠳᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠪᠠᠷ ᠲᠣᠭᠲᠠᠪᠠ᠂ ᠡᠨᠡ ᠪᠣᠯ ᠡᠨᠡ ᠵᠢᠯ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠭᠤᠣᠯᠳᠠᠯᠭ᠎ᠠ᠎ᠲᠠᠢ ᠡᠭᠦᠷᠭᠡ ᠪᠣᠯᠣᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠨᠠᠮ᠎ᠤᠨ ᠭᠡᠰᠢᠭᠦᠨ᠂ ᠺᠠᠳ᠋ᠷ᠎ᠤᠨ ᠲᠣᠭᠲᠠᠯ ᠬᠦᠴᠦᠨ ᠵᠶ᠋ᠠᠨ ᠨᠡᠮᠡᠭᠳᠡᠭᠦᠯᠬᠦ᠂ ᠳᠠᠳᠬᠠᠯ ᠪᠤᠯᠬᠤ ᠵᠢ ᠠᠬᠢᠭᠤᠯᠵᠤ᠂ ᠰᠢᠯᠢᠳᠡᠭ ᠰᠤᠷᠲᠠᠯ ᠵᠶ᠋ᠠᠷ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠠᠵᠢᠯ ᠬᠢᠵᠦ ᠦᠢ᠍ᠯᠡᠰ ᠪᠣᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
《ᠨᠠᠮ ᠵᠠᠰᠠᠭ᠎ᠤᠨ ᠪᠠᠶ᠋ᠢᠭᠤᠯᠭ᠎ᠠ ᠵᠢᠨ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠳᠦᠷᠢᠮ》᠎ᠢ ᠳᠠᠷᠤᠮᠠᠯᠯᠠᠨ ᠲᠠᠷᠬᠠᠭ᠋ᠠᠪᠠ
ᠰᠢ ᠵᠢᠨ ᠫᠢᠩ 《ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ》 ᠵᠢ ᠨᠠᠶ᠋ᠢᠷᠠᠭᠤᠯᠬᠤ ᠠᠵᠢᠯ᠎ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ
《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠨ ᠰᠤᠷᠤᠯᠴᠠᠯᠭ᠎ᠠ ᠵᠢᠨ ᠤᠨᠤᠯ᠎ᠤᠨ ᠴᠤᠪᠤᠷᠠᠯ》᠎ᠤᠨ ᠠᠷᠪᠠᠨ ᠨᠢᠭᠡᠳᠦᠭᠡᠷ ᠡᠮᠬᠢᠳᠬᠡᠯ᠎ᠠᠴᠠ ᠠᠷᠪᠠᠨ ᠲᠠᠪᠤᠳᠤᠭ᠋ᠠᠷ ᠡᠮᠬᠢᠳᠬᠡᠯ᠎ᠢ ᠬᠡᠪᠯᠡᠨ ᠲᠠᠷᠬᠠᠭ᠋ᠠᠪᠠ
ᠰᠢ ᠵᠢᠨ ᠫᠢᠩ ᠾᠧᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠢᠲᠡᠭᠡᠯ ᠵᠣᠷᠢᠭ ᠵᠶ᠋ᠠᠨ ᠪᠠᠲᠤᠳᠬᠠᠵᠤ ᠴᠢᠨᠠᠷ ᠰᠠᠶ᠋ᠢᠲᠠᠢ ᠬᠥᠭᠵᠢᠯᠲᠡ ᠥᠨᠳᠥᠷ ᠪᠦᠲᠦᠮᠵᠢᠲᠡᠶ ᠵᠠᠰᠠᠯᠲᠠ ᠵᠢ ᠠᠬᠢᠭᠤᠯᠵᠤ ᠳᠤᠮᠳᠠᠳᠤ ᠣᠷᠣᠨ᠎ᠤ ᠡᠬᠡ ᠭᠠᠵᠠᠷ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
ᠰᠢ ᠵᠢᠨ ᠫᠢᠩ ᠾᠧᠨᠠᠨ᠎ᠤ ᠯᠦᠸᠧᠶᠠᠩ ᠬᠤᠲᠠ᠎ᠳᠤ ᠪᠠᠶ᠋ᠢᠴᠠᠭ᠋ᠠᠨ ᠰᠤᠳᠤᠯᠤᠯᠲᠠ ᠬᠢᠵᠡᠢ
 
            