ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 10᠎ᠤ ᠴᠠᠭᠢᠯᠭ᠋ᠠᠨ ᠮᠡᠳᠡᠭᠡ 5 ᠰᠠᠷ᠎ᠠ ᠵᠢᠨ 10᠎ᠤ ᠣᠷᠣᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠤᠷᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠤᠯᠴᠠᠬᠤ ᠠᠵᠢᠯᠯᠠᠭ᠎ᠠ᠎ᠪᠠᠨ ᠲᠡᠭᠦᠰ ᠠᠮᠵᠢᠯᠲᠠ᠎ᠲᠠᠢ ᠲᠡᠭᠦᠰᠬᠡᠭᠡᠳ ᠪᠡᠭᠡᠵᠢᠩ᠎ᠳᠤ ᠪᠤᠴᠠᠵᠤ ᠢᠷᠡᠪᠡ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠥᠪ᠎ᠤᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠶ᠋ᠢᠳ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠵᠶ᠋ᠠᠷ ᠬᠠᠮᠲᠤ ᠪᠤᠴᠠᠵᠤ ᠢᠷᠡᠵᠡᠢ᠃