ᠰᠢᠨᠬᠤᠸᠠ ᠬᠤᠷᠢᠶ᠎ᠠ ᠵᠢᠨ ᠮᠣᠰᠺᠸᠠ ᠵᠢᠨ 5 ᠰᠠᠷ᠎ᠠ ᠵᠢᠨ 8᠎ᠤ ᠴᠠᠭᠢᠯᠭ᠋ᠠᠨ ᠮᠡᠳᠡᠭᠡ ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 8᠎ᠤ ᠦᠳᠡ᠎ᠳᠤ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠮᠣᠰᠺᠸᠠ ᠵᠢᠨ ᠺᠷᠧᠮᠯᠢ ᠣᠷᠳᠣᠨ᠎ᠳᠤ ᠬᠡᠯᠡᠯᠴᠡᠭᠡ ᠬᠢᠭᠰᠡᠨ᠎ᠤ ᠳᠠᠷᠠᠭ᠎ᠠ ᠬᠠᠮᠲᠤ᠎ᠪᠠᠷ ᠰᠤᠷᠪᠤᠯᠵᠢᠯᠠᠬ᠍ᠴᠢᠳ᠎ᠲᠠᠢ ᠠᠭᠤᠯᠵᠠᠪᠠ᠃
ᠰᠢ ᠵᠢᠨ ᠫᠢᠩ᠂ ᠪᠢ ᠰᠠᠶᠢᠬᠠᠨ ᠶᠡᠷᠦᠩᠬᠡᠶ᠋ᠢᠯᠡᠭᠴᠢ ᠫᠦᠲ᠋ᠢᠨ᠎ᠲᠠᠢ ᠭᠦᠨᠵᠡᠭᠡᠢ ᠨᠥᠭᠦᠷᠰᠡᠭ᠂ ᠪᠠᠶᠠᠯᠢᠭ ᠦᠷ᠎ᠡ ᠪᠦᠲᠦᠭᠡᠯ᠎ᠲᠠᠢ ᠬᠡᠯᠡᠯᠴᠡᠭᠡ ᠬᠢᠵᠦ᠂ ᠮᠠᠰᠢ ᠤᠯᠠᠨ ᠰᠢᠨ᠎ᠡ ᠴᠢᠬᠤᠯᠠ ᠬᠠᠮᠲᠤ ᠵᠢᠨ ᠲᠠᠨᠢᠯᠲᠠ᠎ᠲᠠᠢ ᠪᠣᠯᠪᠠ᠃ ᠪᠢᠳᠡ ᠬᠠᠮᠲᠤ᠎ᠪᠠᠷ 《ᠪᠦᠭᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ᠎ᠤᠨ ᠬᠤᠯᠪᠣᠭ᠋ᠠᠨ᠎ᠤ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠲᠠᠶ᠋ᠢᠨ᠂ ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ᠎ᠤ ᠢᠯᠠᠯᠲᠠ ᠣᠯᠣᠭᠰᠠᠨ ᠵᠢᠴᠢ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠪᠠᠶ᠋ᠢᠭᠤᠯᠤᠭᠳᠠᠭᠰᠠᠨ 80 ᠵᠢᠯ᠎ᠤᠨ ᠤᠢ ᠵᠢ ᠳᠤᠷᠠᠰᠬᠠᠬᠤ ᠲᠠᠰᠢᠷᠠᠮ᠎ᠳᠤ ᠳᠤᠮᠳᠠᠳᠤ ᠤᠷᠤᠰ᠎ᠤᠨ ᠰᠢᠨ᠎ᠡ ᠴᠠᠭ ᠦᠶ᠎ᠡ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶ᠋ᠢᠯᠡᠯᠲᠡ》᠎ᠳᠤ ᠭᠠᠷᠤᠨ ᠦᠰᠦᠭ ᠵᠢᠷᠤᠵᠤ᠂ ᠬᠤᠶᠠᠷ ᠤᠯᠤᠰ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠤᠯᠠᠨ ᠬᠤᠪᠢ ᠬᠠᠮᠲᠤᠷᠠᠯᠴᠠᠭ᠋ᠠᠨ᠎ᠤ ᠪᠢᠴᠢᠭ ᠰᠣᠯᠢᠯᠴᠠᠵᠤ᠂ ᠳᠤᠮᠳᠠᠳᠤ ᠤᠷᠤᠰ᠎ᠤᠨ ᠬᠠᠷᠢᠯᠴᠠᠭ᠋ᠠᠨ᠎ᠤ ᠬᠥᠭᠵᠢᠯᠲᠡ᠎ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠭᠰᠡᠨ᠎ᠢ ᠭᠡᠷᠡᠴᠢᠯᠡᠪᠡ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠤᠷᠤᠰ ᠪᠣᠯ ᠮᠢᠨᠤ ᠪᠦᠭᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠵᠢᠨ ᠬᠤᠪᠢ᠎ᠪᠠᠷ ᠬᠠᠮᠤᠭ᠎ᠤᠨ ᠤᠯᠠᠨ ᠠᠶ᠋ᠢᠯᠴᠢᠯᠠᠯᠲᠠ ᠬᠢᠭᠰᠡᠨ ᠤᠯᠤᠰ ᠪᠠᠶ᠋ᠢᠵᠤ᠂ ᠡᠨᠡ ᠤᠳᠠᠭ᠎ᠠ ᠪᠣᠯ ᠠᠷᠪᠠᠨ ᠨᠢᠭᠡᠳᠦᠭᠡᠷ ᠤᠳᠠᠭ᠎ᠠ ᠤᠷᠤᠰ᠎ᠲᠤ ᠢᠷᠡᠵᠦ ᠪᠠᠶ᠋ᠢᠭ᠎ᠠ ᠶᠠᠪᠤᠳᠠᠯ ᠪᠣᠯᠣᠨ᠎ᠠ᠃ ᠮᠠᠷᠭ᠋ᠠᠰᠢ ᠪᠢ ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠨ᠎ᠠ᠂ ᠡᠨᠡ᠎ᠨᠢ ᠮᠥᠨ ᠴᠦ᠍ ᠪᠢ 10 ᠵᠢᠯ᠎ᠤᠨ ᠲᠠᠷᠠᠭ᠎ᠠ ᠡᠨᠡ ᠬᠦ᠌ ᠦᠪᠡᠳᠡᠭᠰᠢ ᠶᠡᠭᠡ ᠳᠤᠷᠠᠰᠬᠠᠬᠤ ᠠᠵᠢᠯᠯᠠᠭ᠎ᠠ᠎ᠳᠤ ᠳᠠᠬᠢᠨᠲᠠ ᠣᠷᠤᠯᠴᠠᠬᠤ ᠶᠠᠪᠤᠳᠠᠯ ᠪᠣᠯᠣᠨ᠎ᠠ᠃ ᠥᠩᠭᠡᠷᠡᠭᠰᠡᠨ 10 ᠵᠢᠯ ᠪᠣᠯ ᠳᠡᠯᠡᠬᠡᠢ ᠵᠢᠨ ᠪᠠᠶ᠋ᠢᠳᠠᠯ᠎ᠳᠤ ᠶᠡᠭᠡ ᠦᠢ᠍ᠮᠡᠭᠡᠨ ᠶᠡᠭᠡ ᠬᠤᠪᠢᠰᠤᠯᠲᠠ ᠭᠠᠷᠤᠭᠰᠠᠨ 10 ᠵᠢᠯ ᠮᠥᠨ᠂ ᠪᠠᠰᠠ ᠴᠤ᠌ ᠳᠤᠮᠳᠠᠳᠤ ᠤᠷᠤᠰ᠎ᠤᠨ ᠬᠠᠷᠢᠯᠴᠠᠭ᠋ᠠᠨ᠎ᠤ ᠶᠡᠭᠡ ᠬᠥᠭᠵᠢᠯᠲᠡ ᠶᠡᠭᠡ ᠳᠠᠪᠠᠯᠲᠠ᠎ᠲᠠᠢ ᠪᠣᠯᠤᠭᠰᠠᠨ 10 ᠵᠢᠯ ᠮᠥᠨ᠃ ᠪᠢᠳᠡ ᠳᠤᠮᠳᠠᠳᠤ ᠣᠷᠣᠰ ᠬᠤᠶᠠᠷ ᠤᠯᠤᠰ᠎ᠤᠨ ᠤᠯᠤᠰ ᠲᠥᠷᠥ ᠵᠢᠨ ᠢᠲᠡᠭᠡᠯᠴᠡᠭᠡ ᠲᠠᠰᠤᠷᠠᠯᠲᠠ ᠦᠭᠡᠢ ᠪᠠᠬᠢᠵᠢᠨ ᠭᠦᠨᠵᠡᠭᠡᠶ᠋ᠢᠷᠡᠬᠦ ᠵᠢ ᠬᠠᠮᠲᠤ᠎ᠪᠠᠷ ᠭᠡᠷᠡᠴᠢᠯᠡᠵᠦ᠂ ᠬᠤᠶᠠᠷ ᠤᠯᠤᠰ᠎ᠤᠨ ᠡᠯ᠎ᠡ ᠬᠦᠷᠢᠶᠡᠨ᠎ᠳᠠᠬᠢ ᠬᠠᠮᠲᠤᠷᠠᠯᠴᠠᠭ᠎ᠠ ᠵᠢᠨ 《ᠡᠳᠦᠷ᠎ᠠᠴᠠ ᠡᠳᠦᠷ ᠥᠭᠡᠳᠡᠯᠡᠨ ᠳᠠᠪᠰᠢᠬᠤ》 ᠵᠢ ᠭᠡᠷᠡᠴᠢᠯᠡᠪᠡ᠃ ᠳᠡᠯᠡᠬᠡᠢ ᠵᠢᠨ ᠬᠤᠪᠢᠷᠠᠯᠲᠠ᠂ ᠴᠠᠭ ᠦᠶ᠎ᠡ ᠵᠢᠨ ᠬᠤᠪᠢᠷᠠᠯᠲᠠ᠂ ᠲᠡᠦᠬᠡ ᠵᠢᠨ ᠬᠤᠪᠢᠷᠠᠯᠲᠠ ᠵᠢᠨ ᠡᠮᠦᠨ᠎ᠡ ᠳᠤᠮᠳᠠᠳᠤ ᠤᠷᠤᠰ ᠬᠤᠶᠠᠷ ᠤᠯᠤᠰ ᠬᠤᠶᠠᠷ ᠲᠠᠯ᠎ᠠ ᠵᠢᠨ ᠬᠠᠷᠢᠯᠴᠠᠭ᠋ᠠᠨ᠎ᠤ ᠤᠷᠤᠭᠰᠢᠯᠠᠯᠲᠠ ᠵᠢᠨ ᠴᠢᠭᠯᠡᠯ ᠪᠣᠯᠣᠨ ᠬᠥᠮᠥᠨ ᠲᠥᠷᠥᠯᠬᠢᠲᠡᠨ᠎ᠤ ᠨᠡᠶ᠋ᠢᠭᠡᠮ᠎ᠤᠨ ᠬᠥᠭᠵᠢᠯᠲᠡ ᠵᠢᠨ ᠶᠡᠭᠡ ᠬᠠᠨᠳᠤᠰᠢ ᠵᠢ ᠪᠠᠲᠤ ᠡᠵᠡᠮᠳᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠪᠦᠭᠦ ᠲᠠᠯ᠎ᠠ᠎ᠪᠠᠷ ᠬᠠᠮᠵᠢᠯᠴᠠᠵᠤ᠂ ᠬᠤᠶᠠᠷ ᠤᠯᠤᠰ᠎ᠤᠨ ᠬᠥᠭᠵᠢᠯ ᠮᠠᠨᠳᠤᠯ᠎ᠢ ᠠᠬᠢᠭᠤᠯᠬᠤ᠂ ᠳᠡᠯᠡᠬᠡᠢ ᠵᠢᠨ ᠲᠥᠪ ᠭᠤᠣᠯᠴᠢ ᠰᠢᠳᠤᠷᠭᠤ ᠶᠣᠰᠣ ᠵᠢ ᠬᠠᠮᠠᠭ᠋ᠠᠯᠠᠬᠤ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃
ᠦᠶ᠎ᠡ ᠵᠢᠨ ᠦᠶ᠎ᠡ᠎ᠳᠡᠭᠡᠨ ᠨᠥᠭᠦᠷᠰᠡᠭ ᠪᠠᠶ᠋ᠢᠬᠤ ᠵᠢ ᠪᠠᠷᠢᠮᠲᠠᠯᠠᠵᠤ᠂ ᠳᠠᠪᠲᠠᠭᠳᠠᠨ ᠪᠣᠯᠪᠠᠰᠤᠷᠠᠭᠰᠠᠨ ᠵᠢᠩᠬᠢᠨᠢ ᠨᠠᠶ᠋ᠢᠵᠠ ᠪᠣᠯᠣᠨ᠎ᠠ᠃ 80 ᠵᠢᠯ᠎ᠤᠨ ᠡᠮᠦᠨ᠎ᠡ ᠴᠡᠷᠢᠭᠯᠡᠬᠦ ᠦᠵᠡᠯ ᠪᠣᠯᠣᠨ ᠨᠠᠼᠢᠰ ᠦᠵᠡᠯ᠎ᠤᠨ ᠨᠢᠭᠦᠯᠲᠦ ᠰᠠᠪᠠᠷ᠎ᠤᠨ ᠡᠮᠦᠨ᠎ᠡ ᠳᠤᠮᠳᠠᠳᠤ ᠤᠷᠤᠰ ᠬᠤᠶᠠᠷ ᠤᠯᠤᠰ᠎ᠤᠨ ᠴᠡᠷᠢᠭ ᠠᠷᠠᠳ ᠬᠠᠷᠭᠢᠰ ᠳᠠᠶ᠋ᠢᠰᠤᠨ᠎ᠢ ᠬᠠᠮᠲᠤ᠎ᠪᠠᠷ ᠬᠤᠷᠣᠰᠤᠨ ᠡᠰᠡᠷᠭᠦᠴᠡᠵᠦ᠂ ᠮᠥᠷᠥ ᠵᠡᠷᠭᠡᠴᠡᠨ ᠪᠠᠶ᠋ᠢᠯᠳᠤᠵᠤ᠂ ᠰᠦᠷ ᠳᠠᠯᠠᠶ᠋ᠢᠴᠠᠲᠠᠢ ᠮᠠᠭᠲᠠᠨ ᠳᠠᠭᠤᠯᠠᠭᠤᠰᠢᠲᠠᠢ ᠲᠡᠦᠬᠡ ᠵᠢᠨ ᠬᠠᠭᠤᠳᠠᠰᠤ ᠵᠢ ᠪᠢᠴᠢᠭᠯᠡᠭᠰᠡᠨ ᠶᠤᠮ᠃ ᠬᠤᠶᠠᠷ ᠤᠯᠤᠰ᠎ᠤᠨ ᠠᠷᠠᠳ ᠲᠦᠮᠡᠨ᠎ᠤ ᠴᠢᠰᠤ ᠪᠠ ᠭᠠᠯ᠎ᠤᠨ ᠳᠤᠮᠳᠠ ᠳᠠᠪᠲᠠᠭᠳᠠᠨ ᠪᠦᠷᠢᠯᠳᠦᠭᠰᠡᠨ ᠠᠭᠤᠤ ᠶᠡᠭᠡ ᠨᠥᠬᠦᠷᠯᠡᠯ᠎ᠨᠢ ᠬᠤᠶᠠᠷ ᠲᠠᠯ᠎ᠠ ᠵᠢᠨ ᠬᠠᠷᠢᠯᠴᠠᠭ᠎ᠠ ᠵᠢᠨ ᠥᠨᠳᠥᠷ ᠲᠦᠪᠰᠢᠨ ᠪᠦᠬᠦᠢ ᠬᠥᠭᠵᠢᠯᠲᠡ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠴᠡᠢ᠃ ᠳᠤᠮᠳᠠᠳᠤ ᠤᠷᠤᠰ ᠬᠤᠶᠠᠷ ᠲᠠᠯ᠎ᠠ᠎ᠪᠠᠷ ᠵᠶ᠋ᠠᠨ ᠤᠯᠤᠰ ᠲᠦᠷᠦ ᠵᠢᠨ ᠢᠲᠡᠭᠡᠯᠴᠡᠭᠡ᠎ᠪᠠᠨ ᠭᠦᠨᠵᠡᠭᠡᠶ᠋ᠢᠷᠡᠭᠦᠯᠵᠦ᠂ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ᠎ᠪᠠᠨ ᠨᠢᠭᠲᠠᠷᠠᠭᠤᠯᠵᠤ᠂ ᠬᠤᠶᠠᠷ ᠲᠠᠯ᠎ᠠ ᠵᠢᠨ ᠬᠠᠷᠢᠯᠴᠠᠭ᠎ᠠ ᠵᠢᠨ ᠨᠡᠩ ᠪᠣᠯᠪᠠᠰᠤᠷᠠᠩᠭᠤᠢ ᠪᠠ ᠪᠠᠲᠤ ᠴᠢᠩᠭ᠎ᠠ ᠢᠷᠡᠭᠡᠳᠦᠢ ᠲᠡᠶ᠋ᠢᠰᠢ ᠤᠷᠤᠭᠰᠢᠯᠠᠬᠤ ᠵᠢ ᠠᠬᠢᠭᠤᠯᠤᠨ᠎ᠠ᠃
ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠵᠢ ᠪᠠᠷᠢᠮᠲᠠᠯᠠᠵᠤ᠂ ᠬᠠᠷᠢᠯᠴᠠᠨ ᠠᠮᠵᠢᠯᠲᠠ ᠣᠯᠣᠭᠰᠠᠨ ᠰᠠᠶ᠋ᠢᠨ ᠬᠠᠨᠢᠲᠠᠨ ᠪᠣᠯᠣᠨ᠎ᠠ᠃ ᠳᠡᠯᠡᠬᠡᠢ ᠵᠢᠨ ᠬᠤᠶᠠᠳᠤᠭ᠋ᠠᠷ ᠶᠡᠭᠡ ᠲᠠᠶ᠋ᠢᠨ᠎ᠤ ᠬᠤᠭᠤᠴᠠᠭ᠋ᠠᠨ᠎ᠳᠤ ᠬᠦᠴᠢᠷ ᠪᠡᠷᠬᠡᠰᠢᠶᠡᠯ ᠬᠠᠷᠰᠢ ᠰᠠᠭ᠋ᠠᠳ᠎ᠢ ᠢᠯᠠᠨ ᠳᠠᠪᠠᠵᠤ ᠬᠠᠷᠢᠯᠴᠠᠨ ᠶᠡᠭᠡ ᠬᠡᠮᠵᠢᠶᠡᠨ᠎ᠤ ᠪᠠᠴᠢᠮ ᠬᠡᠷᠡᠭᠰᠡᠬᠦ ᠡᠳ᠋ ᠪᠣᠳᠠᠰ ᠬᠦᠷᠭᠡᠭᠰᠡᠨ᠎ᠠᠴᠠ ᠠᠪᠤᠭ᠋ᠠᠳ ᠡᠳᠦᠭᠡ ᠬᠤᠶᠠᠷ ᠲᠠᠯ᠎ᠠ ᠵᠢᠨ ᠠᠷᠠᠯᠵᠢᠶᠠᠨ᠎ᠤ ᠬᠡᠮᠵᠢᠶ᠎ᠡ ᠤᠳᠠᠭ᠎ᠠ ᠳᠠᠷᠠᠭ᠋ᠠᠯᠠᠨ ᠰᠢᠨ᠎ᠡ ᠲᠡᠮᠳᠡᠭᠯᠡᠯ᠎ᠢ ᠡᠭᠦᠳᠦᠭᠰᠡᠨ ᠭᠦᠷᠲᠡᠯ᠎ᠡ ᠳᠤᠮᠳᠠᠳᠤ ᠤᠷᠤᠰ᠎ᠤᠨ ᠬᠠᠷᠢᠯᠴᠠᠨ ᠠᠰᠢᠭᠲᠠᠢ ᠬᠠᠮᠲᠤᠷᠠᠯᠴᠠᠭ᠋ᠠᠨ᠎ᠤ 《ᠲᠦᠷᠭᠡᠨ᠎ᠤ ᠭᠠᠯᠲᠤ ᠲᠡᠷᠭᠡ》 ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠲᠤᠶ᠋ᠢᠯ᠎ᠤᠨ ᠶᠡᠷᠦ ᠪᠤᠰᠤ ᠵᠢᠨ ᠲᠡᠦᠬᠡᠨ ᠶᠠᠪᠤᠴᠠ ᠵᠢ ᠥᠩᠭᠡᠷᠡᠭᠦᠯᠵᠡᠢ᠃ ᠳᠤᠮᠳᠠᠳᠤ ᠤᠷᠤᠰ ᠬᠤᠶᠠᠷ ᠲᠠᠯ᠎ᠠ᠎ᠪᠠᠷ ᠵᠶ᠋ᠠᠨ ᠦᠷᠭᠦᠯᠵᠢᠯᠡᠨ ᠡᠯ᠎ᠡ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠪᠣᠳᠠᠰ᠎ᠤᠨ ᠰᠠᠭᠤᠷᠢ ᠵᠢ ᠪᠠᠬᠢᠵᠢᠭᠦᠯᠵᠦ᠂ ᠬᠤᠶᠠᠷ ᠤᠯᠤᠰ᠎ᠤᠨ ᠠᠷᠠᠳ ᠲᠦᠮᠡᠨ᠎ᠳᠤ ᠲᠠᠰᠤᠷᠠᠯᠲᠠ ᠦᠭᠡᠢ ᠪᠤᠶᠠᠨ ᠦᠢ᠍ᠯᠡᠳᠴᠦ᠂ ᠪᠦᠭᠦ ᠪᠥᠮᠪᠥᠷᠴᠡᠭ᠎ᠤᠨ ᠬᠥᠭᠵᠢᠯᠲᠡ᠎ᠳᠤ ᠨᠡᠩ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠨ᠎ᠡ᠃
ᠲᠥᠪ ᠭᠤᠣᠯᠴᠢ ᠰᠢᠳᠤᠷᠭᠤ ᠶᠣᠰᠣ ᠵᠢ ᠪᠠᠷᠢᠮᠲᠠᠯᠠᠵᠤ᠂ ᠤᠯᠠᠨ ᠤᠯᠤᠰ᠎ᠤᠨ ᠡᠮᠬᠢ ᠳᠢᠭᠯᠢᠮ᠎ᠤᠨ ᠬᠠᠮᠠᠭ᠋ᠠᠯᠠᠭᠴᠢ ᠪᠣᠯᠣᠨ᠎ᠠ᠃ ᠳᠤᠮᠳᠠᠳᠤ ᠤᠯᠤᠰ ᠪᠣᠯᠣᠨ ᠣᠷᠣᠰ ᠬᠤᠶᠠᠳᠤᠭ᠋ᠠᠷ ᠤᠳᠠᠭ᠋ᠠᠨ᠎ᠤ ᠳᠡᠯᠡᠬᠡᠢ ᠵᠢᠨ ᠶᠡᠭᠡ ᠳᠠᠶ᠋ᠢᠨ᠎ᠤ ᠠᠽᠢᠶ᠎ᠠ ᠲᠢᠪ ᠪᠣᠯᠣᠨ ᠡᠸᠦ᠋ᠷᠦᠫᠡ ᠲᠢᠪ᠎ᠤᠨ ᠭᠤᠣᠯ ᠳᠠᠶ᠋ᠢᠨ᠎ᠤ ᠲᠠᠯᠠᠪᠤᠷ ᠪᠣᠯᠤᠭᠰᠠᠨ᠎ᠤ ᠬᠤᠪᠢ᠎ᠳᠤ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠳᠠᠶ᠋ᠢᠨ᠎ᠤ ᠢᠯᠠᠯᠲᠠ ᠵᠢ ᠣᠯᠬᠤ᠎ᠳᠤ ᠰᠢᠢ᠍ᠳᠪᠦᠷᠢᠲᠦ ᠴᠢᠨᠠᠷᠲᠠᠢ ᠬᠤᠪᠢ ᠨᠡᠮᠡᠷᠢ ᠦᠵᠡᠭᠦᠯᠦᠭᠰᠡᠨ ᠪᠥᠭᠡᠳ ᠳᠠᠶ᠋ᠢᠨ᠎ᠤ ᠳᠠᠷᠠᠭ᠋ᠠᠬᠢ ᠣᠯᠠᠨ ᠤᠯᠤᠰ᠎ᠤᠨ ᠡᠮᠬᠢ ᠳᠢᠭᠯᠢᠮ᠎ᠤᠨ ᠪᠠᠶ᠋ᠢᠭᠤᠯᠤᠭᠳᠠᠬᠤ ᠰᠠᠭᠤᠷᠢ ᠵᠢ ᠲᠠᠯᠪᠢᠭᠰᠠᠨ ᠪᠠᠶ᠋ᠢᠨ᠎ᠠ᠃ ᠳᠡᠯᠡᠬᠡᠢ ᠨᠡᠶ᠋ᠢᠭᠡᠮ᠎ᠤᠨ ᠲᠣᠭᠲᠠᠭᠤᠨ᠂ ᠢᠳᠡᠪᠬᠢᠲᠡᠢ᠂ ᠳᠠᠪᠰᠢᠩᠭᠤᠢ ᠬᠦᠴᠦᠨ ᠪᠣᠯᠤᠭᠰᠠᠨ᠎ᠤ ᠬᠤᠪᠢ᠎ᠳᠤ ᠳᠤᠮᠳᠠᠳᠤ ᠤᠷᠤᠰ ᠬᠤᠶᠠᠷ ᠤᠯᠤᠰ ᠦᠷᠭᠦᠯᠵᠢᠯᠡᠨ ᠡᠷᠡᠰ ᠪᠠᠲᠤ᠎ᠪᠠᠷ ᠬᠠᠮᠲᠤ ᠵᠣᠭᠰᠣᠵᠤ᠂ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠎ᠪᠠᠷ ᠭᠤᠣᠯ ᠪᠤᠯᠭ᠋ᠠᠬᠰᠠᠨ ᠤᠯᠠᠨ ᠤᠯᠤᠰ᠎ᠤᠨ ᠰᠢᠰᠲ᠋ᠧᠮ ᠪᠣᠯᠣᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠳᠢᠭᠯᠢᠮ᠎ᠢ ᠡᠷᠡᠰ ᠬᠠᠮᠠᠭ᠋ᠠᠯᠠᠵᠤ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ ᠵᠢᠨ ᠤᠯᠠᠨ ᠲᠦᠢ᠍ᠯᠵᠢᠯᠳᠡ ᠵᠢ ᠦᠷᠭᠦᠯᠵᠢᠯᠡᠨ ᠠᠬᠢᠭᠤᠯᠤᠨ᠎ᠠ᠃
ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠬᠤ ᠵᠢ ᠪᠠᠷᠢᠮᠲᠠᠯᠠᠵᠤ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠳᠠᠭ᠋ᠠᠭᠤᠯᠤᠭᠴᠢ ᠪᠣᠯᠣᠨ᠎ᠠ᠃ ᠳᠡᠯᠡᠬᠡᠢ ᠵᠢᠨ ᠢᠷᠡᠭᠡᠳᠦᠢ ᠬᠤᠪᠢ ᠵᠠᠶᠠᠭ᠎ᠠ ᠵᠢ ᠡᠯ᠎ᠡ ᠤᠯᠤᠰ ᠬᠠᠮᠲᠤ᠎ᠪᠠᠷ ᠡᠵᠡᠮᠰᠢᠪᠡᠯ ᠵᠣᠬᠢᠨ᠎ᠠ᠂ ᠪᠦᠭᠦ ᠪᠥᠮᠪᠥᠷᠴᠡᠭ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠡᠯ᠎ᠡ ᠤᠯᠤᠰ ᠬᠠᠮᠲᠤ᠎ᠪᠠᠷ ᠡᠳ᠋ᠯᠡᠪᠡᠯ ᠵᠣᠬᠢᠨ᠎ᠠ᠃ ᠳᠤᠮᠳᠠᠳᠤ ᠤᠷᠤᠰ ᠴᠥᠮ ᠳᠡᠯᠡᠬᠡᠢ ᠵᠢᠨ ᠲᠣᠮᠣ ᠤᠯᠤᠰ ᠪᠠ ᠴᠢᠬᠤᠯᠠ ᠰᠢᠨ᠎ᠡ᠎ᠪᠠᠷ ᠮᠠᠨᠳᠤᠭᠰᠠᠨ ᠵᠠᠬ᠎ᠠ ᠳᠡᠯᠭᠡᠭᠦᠷ᠎ᠤᠨ ᠤᠯᠤᠰ ᠪᠣᠯᠬᠤᠷ ᠴᠥᠮ ᠪᠦᠭᠦ ᠪᠥᠮᠪᠥᠷᠴᠡᠭ᠎ᠤᠨ ᠵᠠᠰᠠᠯᠲᠠ ᠵᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶ᠋ᠢᠰᠢ ᠬᠥᠭᠵᠢᠬᠦ ᠵᠢ ᠠᠬᠢᠭᠤᠯᠬᠤ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ ᠪᠠᠶ᠋ᠢᠨ᠎ᠠ᠃ ᠬᠤᠶᠠᠷ ᠲᠠᠯ᠎ᠠ᠎ᠪᠠᠷ ᠵᠶ᠋ᠠᠨ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ᠂ ᠠᠯᠳᠠᠨ ᠲᠣᠭᠤᠰᠭ᠋᠎ᠠ ᠤᠯᠤᠰ᠎ᠤᠳ ᠵᠡᠷᠭᠡ ᠤᠯᠠᠨ ᠲᠠᠯᠠᠲᠤ ᠲᠠᠪᠴᠠᠩ᠎ᠳᠠᠬᠢ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠪᠠᠲᠤ ᠰᠠᠬᠢᠵᠤ᠂ ᠪᠦᠭᠦ ᠪᠥᠮᠪᠥᠷᠴᠡᠭ᠎ᠤᠨ ᠵᠠᠰᠠᠯᠲᠠ ᠵᠢ ᠵᠥᠪ ᠴᠢᠭᠯᠡᠯ ᠵᠶ᠋ᠠᠷ ᠬᠥᠲᠥᠯᠥᠨ ᠳᠠᠭ᠋ᠠᠭᠤᠯᠵᠤ᠂ ᠲᠦᠭᠡᠮᠡᠯ ᠬᠠᠷᠠᠭ᠋ᠠᠯᠵᠠᠯᠲᠤ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠶ᠋ᠢᠵᠢᠯᠲᠡ ᠵᠢ ᠠᠬᠢᠭᠤᠯᠤᠨ᠎ᠠ ᠭᠡᠵᠦ ᠴᠢᠬᠤᠯᠠᠴᠢᠯᠠᠪᠠ᠃
ᠰᠢ ᠵᠢᠨ ᠫᠢᠩ᠂ ᠤᠷᠪᠠᠭ᠋ᠠᠨ ᠬᠥᠷᠪᠡᠭᠡᠨ ᠬᠤᠪᠢᠷᠠᠯᠲᠠ ᠰᠤᠯᠪᠢᠴᠠᠨ ᠣᠷᠣᠰᠢᠭᠰᠠᠨ ᠳᠡᠯᠡᠬᠡᠢ ᠵᠢᠨ ᠪᠠᠶ᠋ᠢᠳᠠᠯ᠎ᠤᠨ ᠡᠮᠦᠨ᠎ᠡ ᠳᠤᠮᠳᠠᠳᠤ ᠤᠷᠤᠰ ᠬᠤᠶᠠᠷ ᠤᠯᠤᠰ ᠥᠨᠢᠳᠡ ᠵᠢᠨ ᠡᠶᠡᠯᠳᠡᠭ ᠬᠥᠷᠰᠢ ᠵᠢᠨ ᠨᠥᠭᠦᠷᠰᠡᠭ ᠬᠠᠷᠢᠯᠴᠠᠭ᠎ᠠ᠂ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠳᠡᠭᠦ ᠵᠣᠷᠢᠭ ᠰᠠᠨᠠᠭ᠎ᠠ ᠵᠢ ᠡᠷᠡᠰ ᠪᠠᠷᠢᠮᠲᠠᠯᠠᠵᠤ᠂ ᠰᠠᠯᠬᠢ ᠪᠣᠷᠣᠭ᠋ᠠᠨ᠎ᠢ ᠬᠠᠮᠲᠤ᠎ᠪᠠᠷ ᠥᠩᠭᠡᠷᠡᠭᠦᠯᠵᠦ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠳᠤᠮᠳᠠᠳᠤ ᠤᠷᠤᠰ᠎ᠤᠨ ᠬᠠᠷᠢᠯᠴᠠᠭ᠋ᠠᠨ᠎ᠤ ᠥᠨᠳᠥᠷᠴᠡ᠂ ᠥᠷᠭᠡᠴᠡ᠂ ᠤᠶᠠᠨ ᠬᠠᠳᠠᠨ ᠴᠢᠨᠠᠷ᠎ᠢ ᠪᠦᠭᠦ ᠲᠠᠯ᠎ᠠ᠎ᠪᠠᠷ ᠳᠡᠭᠡᠭᠰᠢᠯᠡᠭᠦᠯᠵᠦ᠂ ᠳᠡᠯᠡᠬᠡᠢ ᠵᠢᠨ ᠡᠩᠬᠡ ᠲᠠᠶ᠋ᠢᠪᠤᠩ ᠪᠣᠯᠣᠨ ᠠᠮᠤᠷ ᠲᠦᠪᠰᠢᠨ᠎ᠳᠤ ᠨᠡᠩ ᠤᠯᠠᠨ ᠲᠣᠭᠲᠠᠭᠤᠨ ᠴᠢᠨᠠᠷ ᠨᠡᠮᠡᠷᠢᠯᠡᠵᠦ᠂ ᠪᠦᠭᠦ ᠪᠥᠮᠪᠥᠷᠴᠡᠭ᠎ᠤᠨ ᠬᠥᠭᠵᠢᠯ ᠴᠡᠴᠡᠭᠯᠡᠯ᠎ᠳᠤ ᠨᠡᠩ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭ᠋ᠠᠨ᠎ᠠ ᠭᠡᠵᠦ ᠴᠢᠬᠤᠯᠠᠴᠢᠯᠠᠪᠠ᠃
ᠼᠠᠢ ᠴᠢ᠂ ᠸᠠᠩ ᠢ ᠨᠠᠷ ᠣᠷᠣᠯᠴᠠᠵᠠᠢ᠃