ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 7᠎ᠤ ᠴᠠᠭᠢᠯᠭ᠋ᠠᠨ ᠮᠡᠳᠡᠭᠡ ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 7᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ 《ᠡᠩᠬᠡ ᠲᠠᠶ᠋ᠢᠪᠤᠩ᠎ᠤᠨ ᠭᠠᠯ ᠪᠠᠮᠪᠠᠷ ᠴᠠᠭ ᠦᠶ᠎ᠡ ᠵᠢᠨ ᠰᠢᠨ᠎ᠡ ᠬᠠᠭᠤᠳᠠᠰᠤ — ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠲᠡᠶ᠋ᠢᠨ ᠪᠣᠯᠣᠨ ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠡᠶ᠋ᠢᠨ᠎ᠤ ᠢᠯᠠᠯᠲᠠ ᠣᠯᠣᠭᠰᠠᠨ 80 ᠵᠢᠯ᠎ᠤᠨ ᠣᠶ ᠵᠢ ᠳᠤᠷᠠᠰᠬᠠᠬᠤ ᠳᠤᠮᠳᠠᠳᠤ ᠣᠷᠣᠰ᠎ᠤᠨ ᠰᠣᠶᠣᠯ ᠢᠷᠭᠡᠨᠰᠢᠯ᠎ᠤᠨ ᠰᠣᠯᠢᠯᠴᠠᠭ᠋ᠠᠨ᠎ᠤ ᠠᠵᠢᠯᠯᠠᠭ᠎ᠠ》᠎ᠳᠤ ᠪᠠᠶᠠᠷ᠎ᠤᠨ ᠵᠠᠬᠢᠳᠠᠯ ᠢᠯᠡᠭᠡᠪᠡ᠃
ᠰᠢ ᠵᠢᠨ ᠫᠢᠩ᠂ 80 ᠵᠢᠯ᠎ᠤᠨ ᠡᠮᠦᠨ᠎ᠡ ᠳᠤᠮᠳᠠᠳᠤ ᠤᠯᠤᠰ᠎ᠤᠨ ᠠᠷᠠᠳ ᠲᠦᠮᠡᠨ ᠪᠣᠯᠣᠨ ᠤᠷᠤᠰ᠎ᠤᠨ ᠠᠷᠠᠳ ᠲᠦᠮᠡᠨ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠲᠠᠶ᠋ᠢᠨ᠎ᠤ ᠢᠯᠠᠯᠲᠠ ᠣᠯᠬᠤ᠎ᠳᠤ ᠪᠠᠯᠠᠷᠠᠰᠢ ᠦᠭᠡᠢ ᠲᠡᠦᠬᠡᠲᠦ ᠬᠤᠪᠢ ᠨᠡᠮᠡᠷᠢ ᠦᠵᠡᠭᠦᠯᠵᠦ᠂ ᠠᠷᠢᠭᠤᠨ ᠴᠢᠰᠤ᠎ᠪᠠᠷ ᠵᠶ᠋ᠠᠨ ᠡᠪᠳᠡᠷᠡᠰᠢ ᠦᠭᠡᠢ ᠪᠠᠲᠤ ᠪᠠᠬᠢ ᠠᠭᠤᠤ ᠶᠡᠭᠡ ᠨᠥᠬᠦᠷᠯᠡᠯ᠎ᠢ ᠪᠠᠶ᠋ᠢᠭᠤᠯᠵᠤ᠂ ᠬᠤᠶᠠᠷ ᠤᠯᠤᠰ᠎ᠤᠨ ᠬᠠᠷᠢᠯᠴᠠᠭ᠎ᠠ ᠵᠢᠨ ᠥᠨᠳᠥᠷ ᠲᠦᠪᠰᠢᠨ ᠪᠦᠬᠦᠢ ᠬᠥᠭᠵᠢᠯᠲᠡ᠎ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ 80 ᠵᠢᠯ᠎ᠤᠨ ᠳᠠᠷᠠᠭ᠋ᠠᠬᠢ ᠥᠨᠥᠳᠥᠷ᠂ ᠬᠤᠶᠠᠷ ᠲᠠᠯ᠎ᠠ ᠵᠢᠨ ᠬᠠᠮᠲᠤ ᠵᠢᠨ ᠴᠢᠷᠮᠠᠶ᠋ᠢᠯᠭ᠎ᠠ᠎ᠪᠠᠷ ᠳᠤᠮᠳᠠᠳᠤ ᠣᠷᠣᠰ᠎ᠤᠨ ᠬᠠᠷᠢᠯᠴᠠᠭ᠎ᠠ ᠲᠠᠰᠤᠷᠠᠯᠲᠠ ᠦᠭᠡᠢ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠵᠤ᠂ ᠰᠢᠨ᠎ᠡ ᠭᠡᠯᠪᠡᠷᠢ ᠵᠢᠨ ᠲᠣᠮᠣ ᠤᠯᠤᠰ᠎ᠤᠨ ᠬᠠᠷᠢᠯᠴᠠᠭ᠋ᠠᠨ᠎ᠤ ᠬᠡᠪ ᠳᠠᠭᠤᠷᠢᠶᠠᠯ᠎ᠢ ᠱᠤᠭᠤᠵᠠᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠴᠢᠩᠭ᠋ᠠᠳᠬᠠᠬᠤ᠎ᠨᠢ ᠣᠶ᠋ᠢᠯᠠᠭ᠋ᠠᠯᠴᠠᠭ᠎ᠠ᠎ᠪᠠᠨ ᠨᠡᠮᠡᠭᠳᠡᠭᠦᠯᠬᠦ᠂ ᠡᠶᠡᠯᠳᠡᠭ ᠬᠥᠷᠰᠢ ᠵᠢᠨ ᠨᠥᠬᠦᠷᠯᠡᠯ᠎ᠢ ᠪᠠᠳᠠᠷᠠᠭᠤᠯᠬᠤ᠂ ᠬᠤᠶᠠᠷ ᠲᠠᠯ᠎ᠠ ᠵᠢᠨ ᠬᠠᠷᠢᠯᠴᠠᠭ᠎ᠠ ᠵᠢᠨ ᠬᠥᠭᠵᠢᠯᠲᠡ ᠵᠢᠨ ᠨᠡᠶ᠋ᠢᠭᠡᠮ ᠠᠷᠠᠳ᠎ᠤᠨ ᠰᠠᠨᠠᠭ᠋ᠠᠨ᠎ᠤ ᠰᠠᠭᠤᠷᠢ ᠵᠢ ᠪᠠᠬᠢᠵᠢᠭᠦᠯᠬᠦ᠎ᠳᠤ ᠴᠢᠬᠤᠯᠠ ᠪᠥᠭᠡᠳ ᠠᠯᠤᠰ ᠭᠡᠳᠤ ᠵᠢᠨ ᠠᠴᠢ ᠬᠤᠯᠪᠣᠭᠳᠠᠯ᠎ᠲᠠᠢ ᠶᠤᠮ᠃ ᠬᠤᠶᠠᠷ ᠤᠯᠤᠰ᠎ᠤᠨ ᠵᠠᠭᠤᠴᠢᠯᠠᠭᠤᠷ ᠬᠠᠮᠲᠤ᠎ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠭᠠᠷ ᠬᠤᠯᠪᠣᠨ ᠬᠠᠮᠲᠤ᠎ᠪᠠᠷ ᠤᠷᠤᠭᠰᠢᠯᠠᠵᠤ᠂ ᠠᠷᠠᠳ᠎ᠤᠨ ᠰᠡᠳᠬᠢᠯ᠎ᠢ ᠬᠤᠯᠪᠣᠭᠰᠠᠨ᠂ ᠤᠯᠠᠨ ᠲᠦᠮᠡᠨ᠎ᠲᠠᠢ ᠣᠶ᠋ᠢᠷᠠᠲᠤᠭᠰᠠᠨ᠂ ᠬᠠᠶ᠋ᠢᠷ᠎ᠠ ᠰᠡᠳᠬᠢᠯᠭᠡ᠎ᠲᠠᠢ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠢᠯᠡᠭᠦᠬᠡᠨ ᠥᠷᠨᠢᠭᠦᠯᠵᠦ᠂ ᠬᠤᠶᠠᠷ ᠤᠯᠤᠰ᠎ᠤᠨ ᠠᠷᠠᠳ ᠲᠦᠮᠡᠨ᠎ᠤ ᠬᠠᠷᠢᠯᠴᠠᠨ ᠣᠶ᠋ᠢᠯᠠᠭ᠋ᠠᠯᠴᠠᠵᠤ ᠬᠠᠷᠢᠯᠴᠠᠨ ᠳᠣᠲᠣᠨᠣ ᠪᠠᠶ᠋ᠢᠬᠤ ᠵᠢ ᠠᠬᠢᠭᠤᠯᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠳᠤᠮᠳᠠᠳᠤ ᠤᠷᠤᠰ᠎ᠤᠨ ᠰᠢᠨ᠎ᠡ ᠴᠠᠭ ᠦᠶ᠎ᠡ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢ ᠬᠥᠭᠵᠢᠭᠦᠯᠬᠦ᠎ᠳᠤ ᠰᠢᠨ᠎ᠡ ᠭᠡᠷᠡᠯ ᠭᠢᠯᠪᠠᠭ᠎ᠠ ᠨᠡᠮᠡᠷᠢᠯᠡᠵᠦ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠭᠦ ᠵᠢ ᠬᠦᠰᠡᠵᠦ ᠪᠠᠶ᠋ᠢᠨ᠎ᠠ ᠭᠡᠵᠦ ᠴᠢᠬᠤᠯᠠᠴᠢᠯᠠᠪᠠ᠃
《ᠡᠩᠬᠡ ᠲᠠᠶ᠋ᠢᠪᠤᠩ᠎ᠤᠨ ᠭᠠᠯ ᠪᠠᠮᠪᠠᠷ ᠴᠠᠭ ᠦᠶ᠎ᠡ ᠵᠢᠨ ᠰᠢᠨ᠎ᠡ ᠬᠠᠭᠤᠳᠠᠰᠤ — ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠳᠠᠶ᠋ᠢᠨ ᠪᠠ ᠵᠥᠪᠯᠡᠯᠲᠦ ᠵᠢᠨ ᠤᠯᠤᠰ ᠵᠶ᠋ᠠᠨ ᠬᠠᠮᠠᠭ᠋ᠠᠯᠠᠬᠤ ᠠᠭᠤᠤ ᠶᠡᠭᠡ ᠳᠠᠶ᠋ᠢᠨ ᠢᠯᠠᠯᠲᠠ ᠣᠯᠣᠭᠰᠠᠨ 80 ᠵᠢᠯ᠎ᠤᠨ ᠣᠶ ᠵᠢ ᠳᠤᠷᠠᠰᠬᠠᠬᠤ ᠳᠤᠮᠳᠠᠳᠤ ᠣᠷᠣᠰ᠎ᠤᠨ ᠰᠣᠶᠣᠯ ᠢᠷᠭᠡᠨᠰᠢᠯ᠎ᠤᠨ ᠰᠣᠯᠢᠯᠴᠠᠭ᠋ᠠᠨ᠎ᠤ ᠠᠵᠢᠯᠯᠠᠭ᠎ᠠ》 ᠵᠢ ᠳᠤᠮᠳᠠᠳᠤ ᠤᠯᠤᠰ᠎ᠤᠨ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ ᠪᠣᠯᠣᠨ ᠣᠷᠣᠰ᠎ᠤᠨ ᠪᠦᠭᠦ ᠣᠷᠣᠰ᠎ᠤᠨ ᠤᠯᠤᠰ᠎ᠤᠨ ᠲᠧᠯᠸᠢᠰ ᠷᠠᠳᠢᠣ᠋ ᠨᠡᠪᠲᠡᠷᠡᠭᠦᠯᠭᠡ ᠵᠢᠨ ᠺᠤᠮᠫᠠᠨᠢ ᠲᠤᠰ ᠡᠳᠦᠷ ᠮᠣᠰᠺᠸᠠ᠎ᠳᠤ ᠬᠠᠮᠲᠤᠷᠠᠨ ᠡᠷᠭᠢᠯᠡᠪᠡ᠃ ᠲᠤᠰ ᠡᠳᠦᠷ᠂ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ ᠪᠠᠰᠠ ᠠᠵᠢᠯᠯᠠᠭ᠎ᠠ᠎ᠳᠤ ᠪᠠᠶᠠᠷ᠎ᠤᠨ ᠵᠠᠬᠢᠳᠠᠯ ᠢᠯᠡᠭᠡᠪᠡ᠃