ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠣᠷᠴᠢᠮᠬᠠᠨ 《ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ》 ᠵᠢ ᠨᠠᠶ᠋ᠢᠷᠠᠭᠤᠯᠬᠤ ᠠᠵᠢᠯ᠎ᠤᠨ ᠲᠠᠯ᠎ᠠ᠎ᠪᠠᠷ ᠴᠢᠬᠤᠯᠠ ᠵᠢᠭ᠋ᠠᠪᠤᠷᠢ ᠪᠠᠭᠤᠯᠭ᠋ᠠᠵᠤ᠂ ᠴᠢᠬᠤᠯᠠᠴᠢᠯᠠᠭᠤᠯᠬᠤᠳᠠᠭᠠᠨ᠂ ᠲᠠᠪᠤᠨ ᠵᠢᠯ᠎ᠤᠨ ᠲᠥᠯᠦᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ ᠦᠷᠭᠦᠯᠵᠢᠯᠡᠨ ᠬᠡᠷᠡᠭᠵᠢᠭᠦᠯᠬᠦ ᠪᠣᠯ ᠮᠠᠨ᠎ᠤ ᠨᠠᠮ᠎ᠤᠨ ᠲᠥᠷᠥ᠎ᠪᠠᠨ ᠵᠠᠰᠠᠬᠤ ᠴᠢᠬᠤᠯᠠ ᠲᠤᠷᠰᠢᠯᠭ᠎ᠠ ᠪᠣᠯᠣᠨ᠎ᠠ᠂ ᠮᠥᠨ ᠴᠤ᠌ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠤᠯᠤᠰ ᠲᠥᠷᠥ ᠵᠢᠨ ᠴᠢᠬᠤᠯᠠ ᠳᠠᠪᠠᠭᠤᠯᠢᠭ ᠪᠣᠯᠣᠨ᠎ᠠ᠃ 《ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ》 ᠵᠢ ᠨᠠᠶ᠋ᠢᠷᠠᠭᠤᠯᠵᠤ ᠬᠡᠷᠡᠭᠵᠢᠭᠦᠯᠬᠦ᠎ᠨᠢ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠴᠢᠬᠤᠯᠠ ᠶᠡᠭᠡ ᠠᠴᠢ ᠬᠤᠯᠪᠣᠭᠳᠠᠯ᠎ᠲᠠᠢ ᠶᠤᠮ᠃ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠠᠷᠠᠳᠴᠢᠯᠠᠯ ᠵᠶ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠬᠠᠤᠯᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠪᠠᠷᠢᠮᠲᠠᠯᠠᠨ᠂ ᠳᠡᠭᠡᠳᠦ ᠳᠠᠪᠬᠤᠷᠭ᠎ᠠ ᠵᠢᠨ ᠲᠥᠰᠥᠪᠯᠡᠯ ᠪᠠ ᠠᠷᠠᠳ ᠣᠯᠠᠨ᠎ᠤ ᠠᠷᠭ᠎ᠠ ᠤᠬᠠᠭ᠋ᠠᠨ᠎ᠢ ᠨᠢᠭᠡᠳᠬᠡᠵᠦ᠂ ᠪᠠᠶ᠋ᠢᠴᠠᠭ᠋ᠠᠨ ᠰᠤᠳᠤᠯᠤᠯᠲᠠ ᠬᠢᠬᠦ ᠮᠠᠭ᠋ᠠᠳᠯᠠᠨ ᠭᠡᠷᠡᠴᠢᠯᠡᠬᠦ᠎ᠪᠠᠨ ᠴᠢᠩᠭ᠋ᠠᠳᠬᠠᠨ᠂ ᠬᠠᠮᠲᠤ ᠵᠢᠨ ᠲᠠᠨᠢᠯᠲᠠ᠎ᠪᠠᠨ ᠥᠷᠭᠡᠨ ᠵᠶ᠋ᠠᠷ ᠨᠢᠭᠲᠠᠷᠠᠭᠤᠯᠵᠤ᠂ ᠣᠯᠠᠨ ᠲᠦᠮᠡᠨ ᠪᠣᠯᠣᠨ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠰᠠᠨᠠᠯ ᠰᠠᠨᠠᠭᠤᠯᠭ᠎ᠠ ᠵᠢ ᠣᠯᠠᠨ ᠠᠷᠭ᠎ᠠ ᠬᠡᠯᠪᠡᠷᠢ᠎ᠪᠠᠷ ᠰᠣᠨᠣᠰᠴᠤ᠂ ᠺᠠᠳ᠋ᠷ ᠤᠯᠠᠨ ᠲᠦᠮᠡᠨ᠎ᠤ ᠦᠢ᠍ᠯᠡᠳᠦᠯᠭᠡ ᠵᠢᠨ ᠶᠠᠪᠤᠴᠠ᠎ᠳᠠᠭᠠᠨ ᠡᠭᠦᠳᠦᠭᠰᠡᠨ ᠰᠢᠨ᠎ᠡ ᠲᠤᠷᠰᠢᠯᠭ᠎ᠠ ᠵᠢ ᠭᠦᠢ᠍ᠴᠡᠳ ᠠᠰᠢᠭᠯᠠᠨ᠂ ᠬᠠᠷᠠᠯᠲᠠ ᠡᠭᠦᠷᠭᠡ ᠪᠠ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠰᠢᠰᠲ᠋ᠧᠮᠲᠦ ᠴᠢᠨᠠᠷ ᠪᠦᠬᠦᠯᠢ ᠴᠣᠭᠴᠠᠲᠤ ᠴᠢᠨᠠᠷ᠂ ᠵᠣᠬᠢᠴᠠᠩᠭᠤᠢ ᠴᠢᠨᠠᠷ᠎ᠢ ᠴᠢᠬᠤᠯᠠᠴᠢᠯᠠᠵᠤ᠂ ᠨᠠᠶ᠋ᠢᠷᠠᠭᠤᠯᠬᠤ ᠠᠵᠢᠯ᠎ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠡᠢ᠃
ᠮᠠᠨ᠎ᠤ ᠤᠯᠤᠰ 2026 ᠣᠨ᠎ᠠᠴᠠ ᠡᠬᠢᠯᠡᠨ 《ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ》 ᠵᠢ ᠬᠡᠷᠡᠭᠵᠢᠭᠦᠯᠬᠦ ᠪᠣᠯᠣᠨ᠎ᠠ᠂ ᠣᠳᠣ ᠨᠠᠮ᠎ᠤᠨ ᠲᠥᠪ ᠬᠤᠷᠢᠶ᠎ᠠ 《ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠰᠠᠨᠠᠭᠤᠯᠭ᠎ᠠ ᠵᠢ ᠲᠤᠭᠤᠷᠪᠢᠨ ᠪᠢᠴᠢᠬᠦ ᠵᠢ ᠵᠣᠬᠢᠶᠠᠨ ᠪᠠᠶ᠋ᠢᠭᠤᠯᠵᠤ ᠪᠠᠶ᠋ᠢᠨ᠎ᠠ᠃ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠠ ᠲᠥᠯᠦᠪᠵᠢᠭᠦᠯᠭᠡ ᠵᠢᠨ ᠰᠠᠨᠠᠭᠤᠯᠭ᠎ᠠ ᠵᠢ ᠲᠤᠭᠤᠷᠪᠢᠬᠤ ᠠᠵᠢᠯ᠎ᠤᠨ ᠪᠠᠶ᠋ᠢᠷᠢᠯᠠᠭᠤᠯᠤᠯᠲᠠ ᠵᠢ ᠦᠨᠳᠦᠰᠦᠯᠡᠨ᠂ ᠬᠠᠮᠢᠶᠠᠲᠠᠢ ᠲᠠᠯ᠎ᠠ ᠵᠢᠨ᠎ᠬᠢᠨ ᠣᠶ᠋ᠢᠷ᠎ᠠ᠎ᠳᠤ ᠤᠯᠠᠨ ᠵᠦᠢ᠍ᠯ᠎ᠤᠨ ᠬᠡᠯᠪᠡᠷᠢ᠎ᠪᠠᠷ 《ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠲᠠᠯ᠎ᠠ᠎ᠪᠠᠷ᠎ᠬᠢ ᠺᠠᠳ᠋ᠷ ᠤᠯᠠᠨ ᠲᠦᠮᠡᠨ᠂ ᠲᠤᠰᠬᠠᠢ ᠮᠡᠷᠭᠡᠵᠢᠯᠲᠡᠨ ᠡᠷᠳᠡᠮᠲᠡᠨ ᠨᠠᠷ᠎ᠤᠨ ᠰᠠᠨᠠᠯ ᠰᠠᠨᠠᠭᠤᠯᠭ᠎ᠠ ᠵᠢ ᠬᠤᠷᠢᠶᠠᠬᠤ᠎ᠪᠠᠷ ᠪᠠᠶ᠋ᠢᠨ᠎ᠠ᠃