ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠮᠣᠰᠺᠸᠠ᠎ᠳᠤ ᠬᠦᠷᠴᠦ ᠣᠷᠣᠰ᠎ᠲᠤ ᠲᠥᠷᠥ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠳᠠᠶ᠋ᠢᠨ ᠢᠯᠠᠯᠲᠠ ᠣᠯᠣᠭᠰᠠᠨ 80 ᠵᠢᠯ᠎ᠤᠨ ᠣᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠪᠠ
ᠨᠡᠶᠢᠲᠡᠯᠡᠭᠰᠡᠨ ᠴᠠᠭ᠄ 2025-05-23

  ᠰᠢᠨᠬᠤᠸᠠ ᠬᠤᠷᠢᠶ᠎ᠠ ᠵᠢᠨ ᠮᠣᠰᠺᠸᠠ ᠵᠢᠨ 5 ᠰᠠᠷ᠎ᠠ ᠵᠢᠨ 7᠎ᠤ ᠴᠠᠭᠢᠯᠭ᠋ᠠᠨ ᠮᠡᠳᠡᠭᠡ ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 7᠎ᠤ ᠣᠷᠣᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ᠂ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠤ ᠤᠷᠢᠯᠭ᠎ᠠ᠎ᠪᠠᠷ ᠤᠷᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠤᠯᠴᠠᠬᠤ᠎ᠪᠠᠷ ᠲᠤᠰᠬᠠᠢ ᠨᠢᠰᠬᠡᠯ ᠵᠶ᠋ᠠᠷ ᠮᠣᠰᠺᠸᠠ᠎ᠳᠤ ᠭᠦᠷᠪᠠ᠃
 

5.8-1.jpg

  


       ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 7᠎ᠤ ᠣᠷᠣᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠤ ᠤᠷᠢᠯᠭ᠎ᠠ᠎ᠪᠠᠷ ᠤᠷᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠤᠯᠴᠠᠬᠤ᠎ᠪᠠᠷ ᠲᠤᠰᠬᠠᠢ ᠨᠢᠰᠬᠡᠯ ᠵᠶ᠋ᠠᠷ ᠮᠣᠰᠺᠸᠠ᠎ᠳᠤ ᠭᠦᠷᠪᠠ᠃ ᠤᠷᠤᠰ᠎ᠤᠨ ᠲᠠᠯ᠎ᠠ ᠵᠢᠨ᠎ᠬᠢᠨ ᠨᠢᠰᠬᠡᠯ᠎ᠤᠨ ᠪᠠᠭᠤᠳᠠᠯ᠎ᠳᠤ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠪᠠ᠃ ᠵᠢᠷᠤᠭ ᠪᠣᠯ ᠰᠢ ᠵᠢᠨ ᠫᠢᠩ ᠶᠣᠰᠣᠯᠠᠯ᠎ᠤᠨ ᠠᠩᠭᠢ ᠵᠢ ᠰᠢᠯᠭ᠋ᠠᠨ ᠦᠵᠡᠵᠦ ᠪᠠᠶ᠋ᠢᠭ᠎ᠠ᠎ᠨᠢ᠃
       ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ
       ᠰᠢ ᠵᠢᠨ ᠫᠢᠩ᠎ᠤᠨ ᠰᠠᠭᠤᠭᠰᠠᠨ ᠲᠤᠰᠬᠠᠢ ᠨᠢᠰᠬᠡᠯ ᠤᠷᠤᠰ᠎ᠤᠨ ᠬᠠᠷᠢᠶ᠎ᠠ ᠣᠭᠲᠠᠷᠭᠤᠢ᠎ᠳᠤ ᠣᠷᠣᠭᠰᠠᠨ᠎ᠤ ᠳᠠᠷᠠᠭ᠎ᠠ᠂ ᠤᠷᠤᠰ᠎ᠤᠨ ᠠᠭ᠋ᠠᠷ᠎ᠤᠨ ᠴᠡᠷᠢᠭ᠎ᠤᠨ ᠪᠠᠶ᠋ᠢᠯᠳᠤᠭ᠋ᠠᠨ᠎ᠤ ᠨᠢᠰᠬᠡᠯ ᠠᠭ᠋ᠠᠷ᠎ᠤᠨ ᠠᠶᠠᠯᠠᠯ᠎ᠢ ᠬᠠᠮᠠᠭ᠋ᠠᠯᠠᠪᠠ᠃
       ᠰᠢ ᠵᠢᠨ ᠫᠢᠩ ᠮᠣᠰᠺᠸᠠ ᠵᠢᠨ ᠹᠦᠨᠦ᠋ᠺᠸᠧᠸ ᠲᠤᠰᠬᠠᠢ ᠨᠢᠰᠬᠡᠯ᠎ᠤᠨ ᠪᠠᠭᠤᠳᠠᠯ᠎ᠳᠤ ᠬᠦᠷᠬᠦ ᠦᠶ᠎ᠡ᠎ᠳᠤ᠂ ᠤᠷᠤᠰ᠎ᠤᠨ ᠳᠡᠳ᠋ ᠶᠡᠷᠦᠩᠬᠡᠢ ᠰᠠᠶ᠋ᠢᠳ ᠭᠧᠯᠢᠺᠸᠧᠠ ᠵᠡᠷᠭᠡ ᠵᠠᠰᠠᠭ᠎ᠤᠨ ᠣᠷᠳᠣᠨ᠎ᠤ ᠳᠡᠭᠡᠳᠦ ᠲᠡᠰ᠎ᠤᠨ ᠠᠯᠪᠠᠨ ᠲᠤᠰᠢᠶᠠᠯᠲᠠᠨ ᠬᠠᠯᠠᠭᠤᠨ ᠵᠶ᠋ᠠᠷ ᠤᠭᠲᠤᠨ ᠠᠪᠤᠪᠠ᠃
       ᠤᠷᠤᠰ᠎ᠤᠨ ᠲᠠᠯ᠎ᠠ ᠵᠢᠨ᠎ᠬᠢᠨ ᠨᠢᠰᠬᠡᠯ᠎ᠤᠨ ᠪᠠᠭᠤᠳᠠᠯ᠎ᠳᠤ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠪᠠ᠃ ᠴᠡᠷᠢᠭ᠎ᠤᠨ ᠬᠥᠭᠵᠢᠮ᠎ᠤᠨ ᠪᠦᠯᠭᠦᠮ ᠳᠤᠮᠳᠠᠳᠤ ᠤᠷᠤᠰ ᠬᠤᠶᠠᠷ ᠤᠯᠤᠰ᠎ᠤᠨ ᠤᠯᠤᠰ᠎ᠤᠨ ᠰᠦᠯᠳᠡ ᠳᠠᠭᠤᠤ ᠵᠢ ᠬᠥᠭᠵᠢᠮᠳᠡᠪᠡ᠃ ᠰᠢ ᠵᠢᠨ ᠫᠢᠩ ᠶᠣᠰᠣᠯᠠᠯ᠎ᠤᠨ ᠠᠩᠭᠢ ᠵᠢ ᠰᠢᠯᠭ᠋ᠠᠨ ᠦᠵᠡᠭᠰᠡᠨ ᠪᠥᠭᠡᠳ ᠵᠢᠭᠰᠠᠭ᠋ᠠᠯ᠎ᠢ ᠰᠣᠨᠢᠷᠬᠠᠪᠠ᠃
       ᠰᠢ ᠵᠢᠨ ᠫᠢᠩ ᠪᠢᠴᠢᠭ᠎ᠤᠨ ᠭᠡᠯᠪᠡᠷᠢ᠎ᠪᠠᠷ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠤ ᠡᠮᠦᠨ᠎ᠡ᠎ᠠᠴᠠ ᠤᠷᠤᠰ᠎ᠤᠨ ᠵᠠᠰᠠᠭ᠎ᠤᠨ ᠣᠷᠳᠣᠨ ᠪᠣᠯᠣᠨ ᠤᠷᠤᠰ᠎ᠤᠨ ᠠᠷᠠᠳ ᠲᠦᠮᠡᠨ᠎ᠳᠤ ᠴᠢᠩ ᠰᠡᠳᠬᠢᠯ᠎ᠤᠨ ᠮᠡᠨᠳᠦᠴᠢᠯᠡᠯ ᠪᠣᠯᠣᠨ ᠰᠠᠶ᠋ᠢᠨ ᠰᠠᠶ᠋ᠢᠬᠠᠨ ᠵᠥᠩᠨᠡᠯ ᠳᠡᠪᠰᠢᠭᠦᠯᠪᠡ᠃
       ᠰᠢ ᠵᠢᠨ ᠫᠢᠩ᠂ ᠳᠤᠮᠳᠠᠳᠤ ᠤᠯᠤᠰ ᠪᠣᠯᠣᠨ ᠤᠷᠤᠰ ᠪᠣᠯ ᠰᠢᠯᠵᠢᠰᠢ ᠦᠭᠡᠢ ᠰᠠᠶ᠋ᠢᠨ ᠬᠥᠷᠰᠢ᠂ ᠵᠣᠪᠠᠭᠤᠷᠢ ᠵᠦᠳᠡᠭᠦᠷᠢ᠎ᠪᠠᠨ ᠬᠠᠮᠲᠤᠳᠬᠠᠭᠰᠠᠨ ᠵᠢᠩᠬᠢᠨᠢ ᠨᠠᠶ᠋ᠢᠵᠠ᠂ ᠬᠠᠷᠢᠯᠴᠠᠨ ᠠᠮᠵᠢᠯᠲᠠ ᠣᠯᠬᠤ ᠵᠢ ᠠᠬᠢᠭᠤᠯᠤᠭᠰᠠᠨ ᠰᠠᠶ᠋ᠢᠨ ᠬᠠᠨᠢᠲᠠᠨ ᠶᠤᠮ᠃ ᠬᠤᠶᠠᠷ ᠲᠠᠯ᠎ᠠ᠎ᠪᠠᠷ ᠵᠶ᠋ᠠᠨ ᠬᠥᠷᠰᠢ ᠵᠡᠷᠭᠡᠯᠡᠳᠡᠭᠡ ᠲᠣᠮᠣ ᠤᠯᠤᠰ᠎ᠤᠨ ᠵᠥᠪ ᠣᠨᠣᠪᠴᠢᠲᠠᠢ ᠬᠠᠷᠢᠯᠴᠠᠬᠤ ᠵᠠᠮ᠎ᠢ ᠨᠢᠭᠡᠨᠲᠡ ᠰᠦᠪᠡᠭᠴᠢᠯᠡᠵᠦ᠂ ᠰᠢᠨ᠎ᠡ ᠴᠠᠭ ᠦᠶ᠎ᠡ ᠵᠢᠨ ᠳᠤᠮᠳᠠᠳᠤ ᠤᠷᠤᠰ᠎ᠤᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠵᠣᠷᠢᠭ ᠰᠠᠨᠠᠭ᠎ᠠ ᠵᠢ ᠴᠣᠭᠴᠠᠯᠠᠪᠠ᠃ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ᠂ ᠪᠣᠯᠪᠠᠰᠤᠷᠠᠩᠭᠤᠢ ᠪᠥᠭᠡᠳ ᠳᠠᠭ᠋ᠠᠭ᠋ᠠᠮᠠᠭ᠋ᠠᠢ ᠳᠤᠮᠳᠠᠳᠤ ᠣᠷᠣᠰ᠎ᠤᠨ ᠬᠠᠷᠢᠯᠴᠠᠭ᠎ᠠ᠎ᠨᠢ ᠬᠤᠶᠠᠷ ᠤᠯᠤᠰ᠎ᠤᠨ ᠠᠷᠠᠳ ᠲᠦᠮᠡᠨ᠎ᠳᠤ ᠯᠤᠲᠤ ᠶᠡᠭᠡ ᠠᠵᠠ ᠵᠢᠷᠭ᠋ᠠᠯ ᠣᠯᠭᠤᠭᠰᠠᠨ ᠪᠥᠭᠡᠳ ᠪᠠᠰᠠ ᠪᠦᠭᠦ ᠪᠥᠮᠪᠥᠷᠴᠡᠭ᠎ᠤᠨ ᠪᠠᠶ᠋ᠢᠯᠳᠤᠬᠤ ᠪᠣᠳᠣᠯᠭ᠎ᠠ ᠵᠢᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ ᠵᠢᠨ ᠣᠯᠠᠨ ᠲᠤᠶ᠋ᠢᠯᠵᠢᠯᠳᠠ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠡᠨᠡ ᠵᠢᠯ ᠪᠣᠯ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠲᠠᠶ᠋ᠢᠨ ᠢᠯᠠᠯᠲᠠ ᠣᠯᠣᠭᠰᠠᠨ 80 ᠵᠢᠯ᠎ᠤᠨ ᠤᠢ ᠪᠠ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠪᠠᠶ᠋ᠢᠭᠤᠯᠤᠭᠳᠠᠭᠰᠠᠨ 80 ᠵᠢᠯ᠎ᠤᠨ ᠤᠢ ᠪᠣᠯᠣᠨ᠎ᠠ᠃ ᠳᠤᠮᠳᠠᠳᠤ ᠤᠷᠤᠰ ᠳᠡᠯᠡᠬᠡᠢ ᠵᠢᠨ ᠭᠤᠣᠯ ᠪᠤᠯᠬᠤ ᠲᠣᠮᠣ ᠤᠯᠤᠰ ᠪᠠ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠠᠶᠤᠯ ᠦᠭᠡᠢ ᠵᠢᠨ ᠵᠥᠪᠯᠡᠯ᠎ᠤᠨ ᠪᠠᠶ᠋ᠢᠩᠭᠤ ᠵᠢᠨ ᠬᠡᠷᠡᠭ ᠡᠷᠭᠢᠯᠡᠭᠴᠢ ᠤᠯᠤᠰ ᠪᠣᠯᠤᠭᠰᠠᠨ᠎ᠤ ᠬᠤᠪᠢ᠎ᠳᠤ᠂ ᠳᠡᠯᠡᠬᠡᠢ ᠵᠢᠨ ᠬᠤᠶᠠᠳᠤᠭ᠋ᠠᠷ ᠶᠡᠭᠡ ᠲᠠᠶ᠋ᠢᠨ᠎ᠤ ᠢᠯᠠᠯᠲᠠ ᠵᠢᠨ ᠦᠷ᠎ᠡ ᠪᠦᠲᠦᠭᠡᠯ᠎ᠢ ᠭᠠᠷ ᠬᠤᠯᠪᠣᠨ ᠬᠠᠮᠠᠭ᠋ᠠᠯᠠᠵᠤ᠂ ᠡᠵᠡᠷᠬᠡᠬᠦ ᠦᠵᠡᠯ ᠪᠠ ᠬᠦᠴᠦᠷᠬᠡᠭᠯᠡᠯ᠎ᠤᠨ ᠤᠯᠤᠰ ᠲᠦᠷᠦ ᠵᠢ ᠡᠷᠡᠰ ᠡᠰᠡᠷᠭᠦᠴᠡᠵᠦ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠨᠡᠩ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠤᠨ᠎ᠠ᠃ ᠪᠢ ᠶᠡᠷᠦᠩᠬᠡᠶ᠋ᠢᠯᠡᠭᠴᠢ ᠫᠦᠲ᠋ᠢᠨ᠎ᠯᠦᠭᠡ ᠬᠤᠶᠠᠷ ᠲᠠᠯ᠎ᠠ ᠵᠢᠨ ᠬᠠᠷᠢᠯᠴᠠᠭ᠎ᠠ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢᠴᠢ ᠬᠠᠮᠲᠤ᠎ᠪᠠᠷ ᠠᠩᠬᠠᠷᠴᠤ ᠪᠠᠶ᠋ᠢᠭ᠎ᠠ ᠳᠡᠯᠡᠬᠡᠢ ᠵᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠤᠬᠠᠢ ᠭᠦᠨᠵᠡᠭᠡᠢ ᠣᠯᠣᠯᠴᠠᠵᠤ᠂ ᠳᠤᠮᠳᠠᠳᠤ ᠤᠷᠤᠰ᠎ᠤᠨ ᠰᠢᠨ᠎ᠡ ᠴᠠᠭ ᠦᠶ᠎ᠡ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢᠨ ᠬᠥᠭᠵᠢᠯᠲᠡ ᠵᠢ ᠠᠬᠢᠭᠤᠯᠬᠤ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠵᠢ ᠬᠦᠰᠡᠵᠦ ᠪᠠᠶ᠋ᠢᠨ᠎ᠠ; ᠣᠯᠠᠨ ᠤᠯᠤᠰ᠎ᠤᠨ ᠤᠳᠤᠷᠢᠳᠬᠤ ᠬᠥᠮᠥᠰ ᠪᠣᠯᠣᠨ ᠣᠷᠣᠰ᠎ᠤᠨ ᠠᠷᠠᠳ ᠲᠦᠮᠡᠨ᠎ᠲᠠᠢ ᠬᠠᠮᠲᠤ᠎ᠪᠠᠷ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠳᠠᠶ᠋ᠢᠨ᠎ᠤ ᠢᠯᠠᠯᠲᠠ ᠵᠢᠨ ᠲᠥᠯᠥᠭᠡ ᠡᠷᠡᠯᠬᠡᠭ ᠪᠠᠭ᠋ᠠᠲᠤᠷᠯᠢᠭ ᠵᠶ᠋ᠠᠷ ᠪᠡᠶ᠎ᠡ ᠦᠷᠡᠭᠳᠡᠭᠰᠡᠨ ᠪᠠᠭ᠋ᠠᠲᠤᠷᠴᠤᠳ᠎ᠢ ᠭᠦᠨ ᠮᠥᠷᠥᠭᠡᠳᠦᠨ ᠰᠠᠨᠠᠭ᠋ᠠᠯᠵᠠᠵᠤ᠂ ᠣᠯᠠᠨ ᠤᠯᠤᠰ᠎ᠤᠨ ᠲᠥᠪ ᠭᠤᠣᠯᠴᠢ ᠰᠢᠳᠤᠷᠭᠤ ᠶᠣᠰᠣ ᠵᠢ ᠬᠠᠮᠠᠭ᠋ᠠᠯᠠᠬᠤ ᠴᠠᠭ ᠦᠶ᠎ᠡ ᠵᠢᠨ ᠬᠦᠴᠦᠷᠬᠡᠭ ᠳᠠᠭᠤᠨ᠎ᠢ ᠬᠠᠮᠲᠤ᠎ᠪᠠᠷ ᠴᠤᠤᠷᠢᠶᠠᠲᠤᠭᠤᠯᠬᠤ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
       ᠼᠠᠢ ᠴᠢ᠂ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠵᠶ᠋ᠠᠷ ᠬᠠᠮᠲᠤ ᠭᠦᠷᠪᠡ᠃
       ᠤᠷᠤᠰ᠎ᠲᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠶ᠋ᠢᠳ ᠵᠠᠩ ᠬᠠᠨ ᠬᠤᠢ ᠪᠠᠰᠠ ᠨᠢᠰᠬᠡᠯ᠎ᠤᠨ ᠪᠠᠭᠤᠳᠠᠯ᠎ᠳᠤ ᠬᠦᠷᠴᠦ ᠤᠭᠲᠤᠵᠠᠢ᠃
       ᠰᠢ ᠵᠢᠨ ᠫᠢᠩ ᠲᠡᠷᠭᠡᠨ᠎ᠳᠤ ᠰᠠᠭᠤᠵᠤ ᠨᠢᠰᠬᠡᠯ᠎ᠤᠨ ᠪᠠᠭᠤᠳᠠᠯ᠎ᠠᠴᠠ ᠪᠠᠭᠤᠳᠠᠯᠯᠠᠬᠤ ᠵᠣᠴᠢᠳ᠎ᠤᠨ ᠪᠠᠭᠤᠳᠠᠯ᠎ᠳᠠᠭᠠᠨ ᠬᠦᠷᠬᠦ ᠵᠠᠮ ᠵᠠᠭᠤᠷ᠎ᠠ᠂ ᠲᠤᠬᠠᠢ ᠵᠢᠨ ᠭᠠᠵᠠᠷ᠎ᠤᠨ ᠠᠷᠠᠳ ᠤᠯᠠᠨ ᠵᠢᠴᠢ ᠳᠤᠮᠳᠠᠳᠤ ᠵᠢᠨ ᠪᠡᠯᠡ ᠣᠷᠣᠭᠤᠯᠤᠭᠰᠠᠨ ᠠᠵᠤ ᠠᠬᠤᠶ᠋ᠢᠯᠠᠯ ᠪᠣᠯᠣᠨ ᠭᠠᠳᠠᠭ᠋ᠠᠳᠤ᠎ᠳᠤ ᠰᠤᠷᠤᠯᠴᠠᠵᠤ ᠪᠠᠶ᠋ᠢᠭ᠎ᠠ ᠰᠤᠷᠤᠬ᠍ᠴᠢᠳ᠎ᠤᠨ ᠲᠥᠯᠥᠭᠡᠯᠡᠭᠴᠢ ᠵᠠᠮ᠎ᠤᠨ ᠬᠤᠶᠠᠷ ᠲᠠᠯ᠎ᠠ᠎ᠳᠤ ᠴᠤᠭᠯᠠᠷᠠᠵᠤ᠂ 《ᠲᠡᠷᠢᠭᠦᠯᠡᠭᠴᠢ ᠰᠢ ᠵᠢᠨ ᠫᠢᠩ᠎ᠤᠨ ᠤᠷᠤᠰ᠎ᠲᠤ ᠠᠶ᠋ᠢᠯᠴᠢᠯᠠᠷ᠎ᠠ ᠢᠷᠡᠭᠰᠡᠨ᠎ᠢ ᠪᠠᠶᠠᠷᠯᠠᠨ ᠤᠭᠲᠤᠶ᠎ᠠ》 ᠭᠡᠬᠦ ᠮᠡᠲᠦ ᠵᠢᠨ ᠤᠯᠠᠭ᠋ᠠᠨ ᠥᠩᠭᠡ ᠵᠢᠨ ᠬᠥᠨᠳᠡᠯᠡᠨ ᠪᠢᠴᠢᠭᠡᠰᠦ ᠡᠷᠭᠦᠵᠦ᠂ ᠳᠤᠮᠳᠠᠳᠤ ᠤᠷᠤᠰ ᠬᠤᠶᠠᠷ ᠤᠯᠤᠰ᠎ᠤᠨ ᠤᠯᠤᠰ᠎ᠤᠨ ᠲᠤᠭ᠎ᠢ ᠬᠤᠷᠤᠶ᠋ᠢᠯᠠᠵᠤ᠂ ᠰᠢ ᠵᠢᠨ ᠫᠢᠩ᠎ᠤᠨ ᠠᠶ᠋ᠢᠯᠴᠢᠯᠠᠷ᠎ᠠ ᠢᠷᠡᠭᠰᠡᠨ᠎ᠢ ᠬᠠᠯᠠᠭᠤᠨ ᠵᠶ᠋ᠠᠷ ᠤᠭᠲᠤᠪᠠ᠃
      

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠣᠷᠣᠰ᠎ᠤᠨ ᠵᠠᠭᠤᠴᠢᠯᠠᠭᠤᠷ᠎ᠲᠤ ᠨᠡᠷ᠎ᠡ ᠬᠠᠳᠠᠭᠰᠠᠨ ᠵᠣᠬᠢᠶᠠᠯ ᠨᠡᠶ᠋ᠢᠲᠡᠯᠡᠪᠡ
ᠰᠢ ᠵᠢᠨ ᠫᠢᠩ 《ᠡᠩᠬᠡ ᠲᠠᠶ᠋ᠢᠪᠤᠩ᠎ᠤᠨ ᠭᠠᠯ ᠪᠠᠮᠪᠠᠷ ᠴᠠᠭ ᠦᠶ᠎ᠡ ᠵᠢᠨ ᠰᠢᠨ᠎ᠡ ᠬᠠᠭᠤᠳᠠᠰᠤ — ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠳᠠᠶ᠋ᠢᠨ ᠪᠣᠯᠣᠨ ᠵᠥᠪᠯᠡᠯᠲᠦ ᠵᠢᠨ ᠤᠯᠤᠰ ᠵᠶ᠋ᠠᠨ ᠬᠠᠮᠠᠭ᠋ᠠᠯᠠᠬᠤ ᠠᠭᠤᠤ ᠶᠡᠭᠡ ᠳᠠᠶ᠋ᠢᠨ ᠢᠯᠠᠯᠲᠠ ᠣᠯᠣᠭᠰᠠᠨ 80 ᠵᠢᠯ᠎ᠤᠨ ᠣᠶ ᠵᠢ ᠳᠤᠷᠠᠰᠬᠠᠬᠤ ᠳᠤᠮᠳᠠᠳᠤ ᠣᠷᠣᠰ᠎ᠤᠨ ᠰᠣᠶᠣᠯ ᠢᠷᠭᠡᠨᠰᠢᠯ᠎ᠤᠨ ᠰᠣᠯᠢᠯᠴᠠᠭ᠋ᠠᠨ᠎ᠤ ᠠᠵᠢᠯᠯᠠᠭ᠎ᠠ》᠎ᠳᠤ ᠪᠠᠶᠠᠷ᠎ᠤᠨ ᠵᠠᠬᠢᠳᠠᠯ ᠢᠯᠡᠭᠡᠪᠡ
《ᠡᠭᠡᠯ ᠪᠣᠷᠣᠭᠵᠢᠭᠤᠨ ᠦᠭᠡ — ᠰᠢ ᠵᠢᠨ ᠫᠢᠩ᠎ᠤᠨ ᠪᠠᠭ᠍ᠠᠷᠬᠠᠳᠠᠭ ᠡᠷᠲᠡᠨ᠎ᠤ ᠰᠣᠩᠭᠤᠳᠠᠭ ᠬᠡᠯᠡᠯᠭᠡ》 (ᠤᠯᠠᠨ ᠤᠯᠤᠰ᠎ᠤᠨ ᠬᠡᠪᠯᠡᠯ) ᠵᠢ ᠣᠷᠣᠰ᠎ᠤᠨ ᠵᠠᠭᠤᠴᠢᠯᠠᠭᠤᠷ᠎ᠲᠤ ᠨᠡᠪᠲᠡᠷᠡᠭᠦᠯᠪᠡ
ᠰᠢ ᠵᠢᠨ ᠫᠢᠩ᠎ᠤᠨ 《ᠳᠤᠮᠳᠠᠳᠤ ᠵᠢᠨ ᠪᠥᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠶ᠋ᠢᠭᠤᠯᠤᠭᠳᠠᠭᠰᠠᠨ 100 ᠵᠢᠯ᠎ᠤᠨ ᠣᠢ ᠵᠢ ᠪᠡᠯᠡᠭᠯᠡᠬᠦ ᠵᠢᠴᠢ ᠪᠥᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ》 ᠵᠢᠨ ᠲᠤᠰᠬᠠᠢ ᠳᠡᠪᠲᠡᠷ ᠬᠡᠪᠯᠡᠭᠳᠡᠪᠡ
ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠰᠤᠷᠪᠤᠯᠵᠢᠯᠠᠬ᠍ᠴᠢᠳ᠎ᠲᠠᠢ ᠠᠭᠤᠯᠵᠠᠪᠠ
 
            