ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠢᠨ᠎ᠡ ᠬᠠᠭᠤᠳᠠᠰᠤ ᠵᠢ ᠪᠢᠴᠢᠭᠯᠡᠶ᠎ᠡ — ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ
ᠨᠡᠶᠢᠲᠡᠯᠡᠭᠰᠡᠨ ᠴᠠᠭ᠄ 2025-05-23

     ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 13᠎ᠤ ᠴᠠᠭᠢᠯᠭ᠋ᠠᠨ ᠮᠡᠳᠡᠭᠡ (2025 ᠣᠨ᠎ᠤ 5 ᠰᠠᠷ᠎ᠠ ᠵᠢᠨ 13᠎ᠤ ᠡᠳᠦᠷ᠂ ᠪᠡᠭᠡᠵᠢᠩ᠎ᠳᠤ)
    ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠰᠢ ᠵᠢᠨ ᠫᠢᠩ
    ᠬᠦᠨᠳᠦᠲᠦ ᠶᠡᠷᠦᠩᠬᠡᠶ᠋ᠢᠯᠡᠭᠴᠢ ᠫᠤᠳ᠋ᠷᠤ᠋᠂
    ᠬᠦᠨᠳᠦᠲᠦ ᠶᠡᠷᠦᠩᠬᠡᠶ᠋ᠢᠯᠡᠭᠴᠢ ᠯᠦᠯᠠ᠂
    ᠬᠦᠨᠳᠦᠲᠦ ᠶᠡᠷᠦᠩᠬᠡᠶ᠋ᠢᠯᠡᠭᠴᠢ ᠪᠦᠧᠧᠯᠢᠴᠢ᠂
    ᠬᠦᠨᠳᠦᠲᠦ ᠪᠠᠩᠬᠢ ᠵᠢᠨ ᠳᠠᠷᠤᠭ᠎ᠠ ᠷᠤᠰᠤᠹ᠂
    ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠪᠦᠷᠢᠯᠳᠦᠭᠦᠨ ᠤᠯᠤᠰ᠎ᠤᠨ ᠲᠥᠯᠥᠭᠡᠯᠡᠭᠴᠢᠳ᠂
    ᠠᠪᠠᠭ᠍ᠠᠢ ᠨᠠᠷ᠂ ᠠᠪᠤᠭ᠋ᠠᠢ ᠨᠠᠷ᠂ ᠨᠠᠶ᠋ᠢᠵᠠ ᠨᠠᠷ ᠠ᠋᠄
    ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠰᠢᠨ᠎ᠡ ᠬᠠᠭᠤᠴᠢᠨ ᠨᠠᠶ᠋ᠢᠵᠠ ᠨᠠᠷ᠎ᠲᠠᠢ ᠪᠡᠭᠡᠵᠢᠩ᠎ᠳᠤ ᠴᠤᠭᠯᠠᠷᠠᠭᠰᠠᠨ᠎ᠳᠠᠭᠠᠨ ᠮᠠᠰᠢ ᠪᠠᠶᠠᠷ᠎ᠲᠠᠢ ᠪᠠᠶ᠋ᠢᠨ᠎ᠠ᠃ ᠪᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠤ ᠡᠮᠦᠨ᠎ᠡ᠎ᠠᠴᠠ ᠤᠯᠠᠨ᠎ᠤ ᠬᠦᠷᠴᠦ ᠢᠷᠡᠭᠰᠡᠨ᠎ᠢ ᠬᠠᠯᠠᠭᠤᠨ ᠵᠶ᠋ᠠᠷ ᠤᠭᠲᠤᠵᠤ ᠪᠠᠶ᠋ᠢᠬᠤ᠎ᠪᠠᠨ ᠢᠯᠡᠳᠬᠡᠶ᠎ᠡ!
    2015 ᠣᠨ᠎ᠳᠤ᠂ ᠪᠢ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠲᠥᠯᠥᠭᠡᠯᠡᠭᠴᠢᠳ᠎ᠲᠠᠢ ᠬᠠᠮᠲᠤ᠎ᠪᠠᠷ ᠪᠡᠭᠡᠵᠢᠩ᠎ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠠᠩᠬᠠᠳᠤᠭ᠋ᠠᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ ᠪᠠᠶ᠋ᠢᠭᠤᠯᠤᠭᠳᠠᠭᠰᠠᠨ᠎ᠢ ᠲᠤᠩᠬᠠᠭᠯᠠᠪᠠ᠃ 10 ᠵᠢᠯ᠎ᠤᠨ ᠲᠤᠷᠰᠢ᠂ ᠬᠤᠶᠠᠷ ᠲᠠᠯ᠎ᠠ ᠵᠢᠨ ᠨᠢᠮᠪᠠᠢ ᠪᠣᠶ᠋ᠢᠵᠢᠭᠤᠯᠤᠯᠲᠠ ᠳᠣᠣᠷ᠎ᠠ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠨᠢ ᠨᠢᠭᠡᠨ ᠨᠢᠯᠬ᠎ᠠ ᠴᠢᠬᠢ ᠪᠠᠶ᠋ᠢᠭᠰᠠᠨ᠎ᠠᠴᠠ᠎ᠪᠠᠨ ᠲᠣᠮᠣ ᠮᠣᠳᠣ ᠪᠣᠯᠵᠤ ᠪᠣᠶ᠋ᠢᠵᠢᠭᠰᠠᠨ᠎ᠳᠤ ᠪᠢ ᠮᠠᠰᠢ ᠪᠠᠶᠠᠷᠯᠠᠵᠤ ᠪᠠᠶ᠋ᠢᠨ᠎ᠠ᠃
    ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠣᠷᠣᠨ᠎ᠯᠤᠭ᠎ᠠ ᠠᠯᠤᠰ ᠬᠤᠯᠠ ᠵᠠᠶ᠋ᠢᠲᠠᠢ ᠪᠤᠯᠪᠠᠴᠤ ᠬᠤᠶᠠᠷ ᠲᠠᠯ᠎ᠠ ᠵᠢᠨ ᠨᠥᠭᠦᠷᠰᠡᠭ ᠶᠠᠪᠤᠯᠴᠠᠭ᠎ᠠ ᠥᠨᠢ ᠤᠳᠠᠭ᠋ᠠᠨ ᠲᠡᠦᠬᠡ᠎ᠲᠠᠢ ᠶᠤᠮ᠃ ᠠᠯᠢ ᠡᠷᠲᠡ 16 ᠳ᠋ᠤᠭ᠋ᠠᠷ ᠵᠠᠭᠤᠨ᠎ᠳᠤ᠂ ᠨᠥᠬᠦᠷᠯᠡᠯ᠎ᠢ ᠳᠦᠭᠦᠷᠡᠩ ᠠᠴᠢᠶᠠᠯᠠᠭᠰᠠᠨ ᠠᠯᠢ ᠤᠯᠠᠨ 《ᠳᠤᠮᠳᠠᠳᠤ ᠤᠯᠤᠰ᠎ᠤᠨ ᠬᠥᠯᠭᠡ ᠣᠩᠭᠤᠴᠠ》 ᠨᠣᠮᠣᠬᠠᠨ ᠳᠠᠯᠠᠢ ᠵᠢᠨ ᠬᠤᠶᠠᠷ ᠭᠦᠪᠡᠭᠡ᠎ᠪᠠᠷ ᠰᠦᠯᠵᠢᠯᠳᠦᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠶᠠᠪᠤᠯᠴᠠᠭ᠎ᠠ ᠰᠣᠯᠢᠯᠴᠠᠭ᠋ᠠᠨ᠎ᠤ ᠬᠥᠰᠢᠭᠡ ᠵᠢ ᠰᠡᠬᠦᠭᠰᠡᠨ ᠶᠤᠮ᠃ ᠳᠡᠭᠡᠷ᠎ᠡ ᠵᠠᠭᠤᠨ᠎ᠤ ᠵᠢᠷᠠᠭ᠋ᠠᠳ ᠣᠨ᠎ᠠᠴᠠ ᠰᠡᠭᠦᠯᠡᠷ᠂ ᠰᠢᠨ᠎ᠡ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠵᠠᠷᠢᠮ ᠤᠯᠤᠰ᠎ᠤᠳ᠎ᠲᠠᠢ ᠬᠠᠷᠢᠯᠴᠠᠭ᠎ᠠ ᠪᠠᠶ᠋ᠢᠭᠤᠯᠬᠤ ᠵᠢ ᠳᠠᠭ᠋ᠠᠯᠳᠤᠨ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠰᠣᠯᠢᠯᠴᠠᠭ᠎ᠠ ᠬᠠᠮᠲᠤᠷᠠᠯᠴᠠᠭ᠎ᠠ ᠤᠯᠠᠮ ᠵᠶ᠋ᠠᠷ ᠨᠢᠭᠲᠠᠷᠠᠵᠤ ᠢᠷᠡᠪᠡ᠃ ᠰᠢᠨ᠎ᠡ ᠵᠠᠭᠤᠨ᠎ᠠᠴᠠ ᠨᠠᠭ᠋ᠠᠰᠢ ᠢᠯᠠᠩᠭᠤᠶ᠎ᠠ ᠣᠶ᠋ᠢᠷ᠎ᠠ ᠵᠢᠨ ᠵᠢᠯ᠎ᠠᠴᠠ ᠨᠠᠭ᠋ᠠᠰᠢ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ ᠬᠤᠪᠢ ᠵᠠᠶᠠᠭ᠎ᠠ᠎ᠪᠠᠨ ᠬᠠᠮᠲᠤᠳᠬᠠᠭᠰᠠᠨ ᠳᠠᠭᠤᠷᠢᠰᠬᠠᠯ᠎ᠢ ᠲᠠᠰᠤᠷᠠᠯᠳᠠ ᠦᠭᠡᠢ ᠪᠢᠴᠢᠭᠯᠡᠪᠡ᠃
    — ᠪᠢᠳᠡ ᠭᠠᠷ ᠬᠤᠯᠪᠣᠨ ᠮᠥᠷᠥ ᠵᠡᠷᠭᠡᠴᠡᠵᠦ᠂ ᠬᠠᠷᠢᠯᠴᠠᠨ ᠳᠡᠮᠵᠢᠯᠴᠡᠪᠡ᠃ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ ᠢᠮᠠᠭᠲᠠ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠪᠠᠷᠢᠮᠲᠠᠯᠠᠵᠤ ᠪᠠᠶ᠋ᠢᠬᠤ ᠵᠢ ᠳᠤᠮᠳᠠᠳᠤ ᠤᠯᠤᠰ ᠮᠠᠭᠲᠠᠨ ᠰᠠᠶ᠋ᠢᠰᠢᠶᠠᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠲᠤᠰ ᠤᠯᠤᠰ᠎ᠤᠨ ᠵᠶ᠋ᠠᠨ ᠪᠠᠶ᠋ᠢᠳᠠᠯ᠎ᠳᠤ ᠨᠡᠶ᠋ᠢᠴᠡᠭᠰᠡᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠡᠷᠡᠰ ᠲᠡᠮᠵᠢᠵᠥ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠤᠯᠤᠰ᠎ᠤᠨ ᠡᠷᠬᠡ ᠮᠡᠳᠡᠯ ᠪᠠ ᠲᠤᠰᠠᠭ᠋ᠠᠷ ᠲᠣᠭᠲᠠᠨᠢᠯ ᠵᠶ᠋ᠠᠨ ᠬᠠᠮᠠᠭ᠋ᠠᠯᠠᠬᠤ ᠵᠢ ᠲᠡᠮᠵᠢᠵᠥ᠂ ᠭᠠᠳᠠᠭ᠋ᠠᠳᠤ ᠵᠢᠨ᠎ᠬᠢᠨ᠎ᠤ ᠭᠠᠷ ᠲᠦᠷᠦᠭᠦ ᠵᠢ ᠡᠰᠡᠷᠭᠦᠴᠡᠨ᠎ᠡ᠃ ᠳᠡᠭᠡᠷ᠎ᠡ ᠵᠠᠭᠤᠨ᠎ᠤ ᠵᠢᠷᠠᠭ᠋ᠠᠳ ᠣᠨ᠎ᠳᠤ᠂ ᠳᠤᠮᠳᠠᠳᠤ ᠤᠯᠤᠰ᠎ᠤᠨ ᠡᠯ᠎ᠡ ᠭᠠᠵᠠᠷ᠎ᠲᠤ ᠶᠡᠭᠡ ᠬᠡᠪᠴᠢᠶᠡᠨ᠎ᠤ ᠤᠯᠠᠨ ᠲᠦᠮᠡᠨ᠎ᠤ ᠵᠢᠭᠰᠠᠭ᠋ᠠᠯ ᠶᠠᠪᠤᠭᠤᠯᠵᠤ᠂ ᠫᠠᠨᠠᠮᠠ ᠵᠢᠨ ᠠᠷᠠᠳ ᠲᠦᠮᠡᠨ᠎ᠤ ᠲᠠᠲᠠᠮᠠᠯ ᠭᠤᠣᠯ᠎ᠤᠨ ᠡᠷᠬᠡ ᠮᠡᠳᠡᠯ ᠵᠶ᠋ᠠᠨ ᠪᠤᠴᠠᠭ᠋ᠠᠨ ᠠᠪᠬᠤ ᠵᠢ ᠳᠡᠮᠵᠢᠪᠡ; ᠳᠠᠯᠠᠭ᠋ᠠᠳ ᠣᠨ᠎ᠳᠤ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ 200 ᠮᠢᠯ ᠳᠠᠯᠠᠢ ᠲᠠᠩᠭᠢᠰ᠎ᠤᠨ ᠡᠷᠬᠡ ᠵᠢ ᠬᠠᠮᠠᠭ᠋ᠠᠯᠠᠬᠤ ᠲᠡᠮᠡᠴᠡᠯ ᠥᠷᠨᠢᠭᠦᠯᠵᠦ᠂ ᠳᠤᠮᠳᠠᠳᠤ ᠤᠯᠤᠰ ᠲᠤᠭ ᠲᠡᠮᠳᠡᠭ ᠲᠣᠳᠣᠷᠬᠠᠢ᠎ᠪᠠᠷ ᠥᠷᠭᠡᠨ ᠤᠯᠠᠨ ᠬᠥᠭᠵᠢᠵᠦ ᠪᠠᠶ᠋ᠢᠭ᠎ᠠ ᠤᠯᠤᠰ᠎ᠤᠨ ᠵᠦᠢ ᠶᠣᠰᠣᠨ᠎ᠤ ᠱᠠᠭ᠋ᠠᠷᠳᠠᠯᠭ᠎ᠠ ᠵᠢ ᠳᠡᠮᠵᠢᠪᠡ᠃ 1992 ᠣᠨ᠎ᠠᠴᠠ ᠨᠠᠭ᠋ᠠᠰᠢ᠂ ᠳᠤᠮᠳᠠᠳᠤ ᠤᠯᠤᠰ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠶᠡᠭᠡ ᠬᠤᠷᠠᠯ᠎ᠳᠤ ᠵᠠᠯᠭ᠋ᠠᠭ᠎ᠠ᠎ᠪᠠᠷ 32 ᠤᠳᠠᠭ᠎ᠠ ᠪᠢᠯᠧᠲ ᠥᠭᠴᠦ᠂ ᠠᠮᠧᠷᠢᠺᠠ ᠵᠢᠨ ᠺᠦᠪᠡ ᠵᠢ ᠪᠢᠲᠡᠭᠦᠮᠵᠢᠯᠡᠬᠦ ᠵᠢ ᠵᠣᠭᠰᠤᠭ᠋ᠠᠬᠤ ᠰᠢᠢ᠍ᠳᠪᠦᠷᠢ ᠵᠢ ᠳᠡᠮᠵᠢᠪᠡ᠃
    — ᠪᠢᠳᠡ ᠤᠷᠤᠰᠬᠠᠯ᠎ᠤᠨ ᠡᠮᠦᠨ᠎ᠡ ᠬᠤᠰᠢᠭᠤᠷᠠᠬᠤ᠂ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠲᠡᠪᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ ᠬᠤᠶᠠᠷ ᠲᠠᠯ᠎ᠠ᠎ᠪᠠᠷ ᠵᠶ᠋ᠠᠨ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠶᠡᠭᠡ ᠬᠠᠨᠳᠤᠰᠢ᠎ᠳᠤ ᠵᠣᠬᠢᠴᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠦᠨ ᠭᠦᠢ᠍ᠯᠭᠡᠭᠡᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢᠨ ᠲᠠᠰᠤᠷᠠᠯᠲᠠ ᠦᠭᠡᠢ ᠭᠦᠨᠵᠡᠭᠡᠶ᠋ᠢᠷᠡᠬᠦ ᠵᠢ ᠠᠬᠢᠭᠤᠯᠪᠠ᠃ ᠬᠤᠶᠠᠷ ᠲᠠᠯ᠎ᠠ᠎ᠪᠠᠷ ᠵᠶ᠋ᠠᠨ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠪᠣᠷᠣ ᠲᠥᠯᠥᠪ᠎ᠤᠨ ᠳᠣᠲᠣᠷ᠎ᠠ 200 ᠭᠠᠷᠤᠢ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠵᠦ᠂ ᠵᠠᠭᠤᠨ ᠲᠦᠮᠡ ᠭᠠᠷᠤᠢ ᠠᠵᠢᠯ᠎ᠤᠨ ᠪᠠᠶ᠋ᠢᠷᠢ ᠵᠢ ᠡᠭᠦᠳᠪᠡ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠳᠠᠭ᠋ᠠᠭᠤᠯᠢ ᠤᠳᠤᠨ᠎ᠤ ᠬᠠᠮᠲᠤᠷᠠᠯᠴᠠᠭ᠎ᠠ᠎ᠨᠢ ᠳᠡᠭᠡᠳᠦ ᠮᠡᠷᠭᠡᠵᠢᠯ᠎ᠤᠨ ᠬᠦᠷᠢᠶᠡᠨ᠎ᠳᠠᠬᠢ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢᠨ ᠬᠡᠪ ᠳᠠᠭᠤᠷᠢᠶᠠᠯ ᠪᠣᠯᠵᠤ᠂ ᠫᠧᠷᠦ᠋ ᠵᠢᠨ ᠴᠢᠶᠠᠨᠺᠠᠢ ᠭᠠᠷᠠᠮ᠎ᠢ ᠤᠷᠤᠭᠰᠢᠲᠠᠢ᠎ᠪᠠᠷ ᠠᠰᠢᠭᠯᠠᠯᠲᠠ᠎ᠳᠤ ᠣᠷᠣᠭᠤᠯᠵᠤ ᠠᠽᠢᠶ᠎ᠠ ᠯᠠᠲ᠋ᠢᠨ ᠠᠮᠧᠷᠢᠺᠠ ᠵᠢᠨ ᠡᠬᠡ ᠬᠠᠭᠤᠷᠠᠢ ᠲᠠᠯᠠᠢ ᠲᠠᠩᠭᠢᠰ᠎ᠤᠨ ᠰᠢᠨ᠎ᠡ ᠨᠡᠪᠲᠡᠷᠡᠬᠦ ᠵᠠᠮ᠎ᠢ ᠨᠡᠭᠡᠭᠡᠪᠡ᠃ ᠳᠤᠮᠳᠠᠳᠤ ᠤᠯᠤᠰ ᠴᠢᠯᠢ᠂ ᠫᠧᠷᠦ᠋᠂ ᠺᠤᠰᠲ᠋ᠠ ᠷᠢᠺᠠ᠂ ᠡᠺᠦ᠋ᠸᠠᠳᠣᠷ᠂ ᠨᠢᠺᠠᠷᠠᠭᠤᠸᠠ ᠵᠡᠷᠭᠡ ᠤᠯᠤᠰ᠎ᠲᠠᠢ ᠴᠢᠯᠦᠭᠡᠲᠦ ᠠᠷᠠᠯᠵᠢᠶᠠᠨ᠎ᠤ ᠬᠡᠯᠡᠯᠴᠡᠭᠡᠷ᠎ᠲᠤ ᠭᠠᠷ᠎ᠤᠨ ᠦᠰᠦᠭ ᠵᠢᠷᠤᠪᠠ᠃ ᠨᠢᠳᠤᠨᠤᠨ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠠᠷᠠᠯᠵᠢᠶᠠᠨ᠎ᠤ ᠬᠡᠮᠵᠢᠶ᠎ᠡ ᠠᠩᠬ᠎ᠠ ᠤᠳᠠᠭ᠎ᠠ 5000 ᠳ᠋ᠦᠩᠰᠢᠭᠤᠷ ᠳ᠋ᠣᠯᠯᠠᠷ᠎ᠢ ᠳᠠᠪᠠᠵᠤ᠂ ᠲᠤᠰ ᠵᠠᠭᠤᠨ᠎ᠤ ᠡᠬᠢᠨ᠎ᠤ ᠦᠶ᠎ᠡ ᠵᠢᠨ 40 ᠭᠠᠷᠤᠢ ᠳᠠᠭᠢᠨ᠎ᠲᠠᠢ ᠲᠡᠩᠴᠡᠪᠡ᠃
    — ᠪᠢᠳᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠪᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ ᠬᠤᠶᠠᠷ ᠲᠠᠯ᠎ᠠ᠎ᠪᠠᠷ ᠵᠶ᠋ᠠᠨ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠬᠠᠮᠲᠤᠷᠠᠯᠴᠠᠭ᠎ᠠ ᠵᠢ ᠢᠳᠡᠪᠬᠢᠲᠡᠢ ᠥᠷᠨᠢᠭᠦᠯᠵᠦ᠂ ᠳᠠᠯᠠᠢ ᠵᠢᠨ ᠰᠢᠭᠤᠷᠭ᠎ᠠ᠂ ᠭᠠᠵᠠᠷ ᠬᠥᠳᠡᠯᠦᠯᠲᠡ ᠵᠡᠷᠭᠡ ᠪᠠᠶ᠋ᠢᠭ᠋ᠠᠯᠢ ᠵᠢᠨ ᠭᠠᠮᠰᠢᠭ᠎ᠢ ᠭᠠᠷ ᠬᠤᠯᠪᠣᠨ ᠠᠷᠭ᠋ᠠᠴᠠᠭ᠋ᠠᠪᠠ᠃ ᠳᠤᠮᠳᠠᠳᠤ ᠤᠯᠤᠰ 1993 ᠣᠨ᠎ᠠᠴᠠ ᠡᠬᠢᠯᠡᠨ ᠤᠷᠢᠳ ᠬᠤᠵᠢᠳ ᠺᠠᠷᠢᠪᠧ ᠵᠢᠨ ᠤᠯᠤᠰ᠎ᠤᠳ᠎ᠲᠤ 38 ᠪᠦᠯᠦᠭ ᠤᠳᠠᠭ᠎ᠠ ᠵᠢᠨ ᠡᠮᠴᠢᠯᠡᠭᠡᠨ᠎ᠤ ᠠᠩᠭᠢ ᠲᠣᠮᠢᠯᠠᠪᠠ᠃ ᠡᠷᠢᠨ ᠵᠠᠭᠤᠨ᠎ᠤ ᠬᠢᠵᠢᠭ᠎ᠤᠨ ᠪᠠᠶ᠋ᠢᠳᠠᠯ᠎ᠤᠨ ᠡᠮᠦᠨ᠎ᠡ᠂ ᠳᠤᠮᠳᠠᠳᠤ ᠤᠯᠤᠰ ᠡᠩ ᠲᠡᠷᠢᠭᠦᠨ᠎ᠳᠤ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠲᠤ 3 ᠳ᠋ᠦᠩᠰᠢᠭᠤᠷ ᠭᠠᠷᠤᠢ ᠰᠢᠷᠬᠡᠭ ᠸᠠᠺᠼᠢᠨ ᠪᠠ 4000 ᠲᠦᠮᠡ ᠰᠢᠬᠠᠮ ᠬᠤᠪᠢ ᠡᠮᠴᠢᠯᠡᠭᠡᠨ᠎ᠤ ᠡᠳ᠋ ᠪᠣᠳᠠᠰ ᠲᠥᠬᠦᠭᠡᠷᠦᠮᠵᠢ ᠬᠠᠩᠭ᠋ᠠᠵᠤ᠂ ᠤᠯᠠᠨ ᠡᠮᠴᠢᠯᠡᠭᠡᠨ᠎ᠤ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ ᠲᠣᠮᠢᠯᠠᠨ ᠲᠤᠰᠠᠯᠠᠵᠤ᠂ ᠭᠠᠵᠠᠷ ᠣᠷᠣᠨ᠎ᠤ ᠤᠯᠤᠰ᠎ᠤᠳ᠎ᠤᠨ ᠲᠦᠭ ᠲᠦᠮᠡᠨ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠢ ᠬᠠᠮᠠᠭ᠋ᠠᠯᠠᠬᠤ᠎ᠳᠤ ᠬᠦᠴᠦᠨ ᠨᠡᠮᠡᠷᠢᠯᠡᠪᠡ᠃
    — ᠪᠢᠳᠡ ᠪᠦᠯᠬᠦᠮᠳᠡᠨ ᠬᠠᠮᠵᠢᠯᠴᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠪᠡ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ ᠬᠤᠶᠠᠷ ᠲᠠᠯ᠎ᠠ᠎ᠪᠠᠷ ᠵᠶ᠋ᠠᠨ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠳᠡᠯᠡᠬᠡᠢ ᠵᠢᠨ ᠲᠥᠪ ᠭᠤᠣᠯᠴᠢ ᠰᠢᠳᠤᠷᠭᠤ ᠶᠣᠰᠣ ᠵᠢ ᠬᠠᠮᠲᠤ᠎ᠪᠠᠷ ᠬᠠᠮᠠᠭ᠋ᠠᠯᠠᠵᠤ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠠᠬᠢᠭᠤᠯᠵᠤ᠂ ᠳᠡᠯᠡᠬᠡᠢ ᠵᠢᠨ ᠤᠯᠠᠨ ᠲᠦᠢ᠍ᠯᠵᠢᠯᠳᠠ ᠪᠣᠯᠣᠨ ᠤᠯᠠᠨ ᠤᠯᠤᠰ᠎ᠤᠨ ᠬᠠᠷᠢᠯᠴᠠᠭ᠎ᠠ ᠵᠢᠨ ᠠᠷᠠᠳᠴᠢᠯᠠᠯ᠎ᠢ ᠠᠬᠢᠭᠤᠯᠪᠠ᠃ ᠪᠢᠳᠡ ᠠᠭᠤᠷ ᠠᠮᠢᠰᠬᠤᠯ᠎ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ᠎ᠤᠨ ᠴᠢᠨᠠᠷᠲᠠᠢ ᠥᠷᠢᠰᠦᠯᠳᠦᠭᠡᠨ᠎ᠢ ᠢᠳᠡᠪᠬᠢᠲᠡᠢ ᠠᠷᠭ᠋ᠠᠴᠠᠭ᠋ᠠᠵᠤ᠂ ᠪᠦᠭᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢᠨ ᠠᠬᠢᠴᠠ ᠵᠢ ᠬᠠᠮᠲᠤ᠎ᠪᠠᠷ ᠠᠬᠢᠭᠤᠯᠪᠠ᠃ ᠳᠤᠮᠳᠠᠳᠤ ᠤᠯᠤᠰ ᠪᠷᠠᠽᠢᠯ᠎ᠲᠠᠢ ᠬᠠᠮᠲᠤᠷᠠᠨ ᠦᠺᠷᠠᠶ᠋ᠢᠨ᠎ᠤ ᠬᠢᠮᠤᠷᠠᠯ᠎ᠢ ᠤᠯᠤᠰ ᠲᠥᠷᠥ ᠵᠢᠨ ᠠᠷᠭ᠎ᠠ᠎ᠪᠠᠷ ᠰᠢᠢ᠍ᠳᠪᠦᠷᠢᠯᠡᠬᠦ 《ᠵᠢᠷᠭᠤᠭ᠋ᠠᠨ ᠲᠠᠯ᠎ᠠ ᠵᠢᠨ ᠬᠠᠮᠲᠤ ᠵᠢᠨ ᠲᠠᠨᠢᠯᠲᠠ》 ᠵᠢ ᠨᠡᠶ᠋ᠢᠲᠡᠯᠡᠵᠦ᠂ 110 ᠭᠠᠷᠤᠢ ᠤᠯᠤᠰ᠎ᠤᠨ ᠢᠳᠡᠪᠬᠢᠲᠡᠢ ᠬᠦᠷᠢᠶᠡᠯᠡᠯ᠎ᠢ ᠣᠯᠵᠤ᠂ ᠣᠯᠠᠨ ᠤᠯᠤᠰ᠎ᠤᠨ ᠬᠠᠯᠠᠮᠰᠢᠯ ᠠᠰᠠᠭᠤᠳᠠᠯ᠎ᠢ ᠰᠢᠢ᠍ᠳᠪᠦᠷᠢᠯᠡᠬᠦ᠎ᠳᠤ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠪᠡ᠃
    ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ ᠨᠢᠭᠡᠨᠲᠡ ᠭᠠᠷ ᠬᠤᠯᠪᠣᠨ ᠬᠠᠮᠲᠤ᠎ᠪᠠᠷ ᠤᠷᠤᠭᠰᠢᠯᠠᠬᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠤᠭᠰᠠᠨ᠎ᠢ ᠪᠣᠳᠠᠲᠤ ᠶᠠᠪᠤᠳᠠᠯ ᠭᠡᠷᠡᠴᠢᠯᠡᠪᠡ᠂ ᠲᠡᠭᠦᠨ᠎ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ᠎ᠪᠠᠷ ᠬᠠᠨᠳᠤᠯᠴᠠᠬᠤ ᠪᠣᠯᠣᠨ᠎ᠠ᠂ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠪᠣᠯᠣᠨ᠎ᠠ᠂ ᠬᠡᠬᠦᠳᠡᠭ ᠴᠡᠭᠡᠵᠢ᠎ᠳᠡᠭᠡᠨ ᠪᠠᠭᠲᠠᠭ᠋ᠠᠵᠤ ᠪᠠᠶ᠋ᠢᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭ᠋ᠠᠮᠵᠢᠲᠠᠢ᠂ ᠦᠨᠳᠦᠰᠦᠨ ᠬᠥᠭᠡᠭᠡᠴᠡᠯᠳᠦᠯ ᠪᠣᠯ ᠠᠷᠠᠳ ᠲᠦᠮᠡᠨ᠎ᠳᠤ ᠪᠤᠶᠠᠨ ᠦᠢ᠍ᠯᠡᠳᠬᠦ ᠪᠠᠶ᠋ᠢᠵᠤ᠂ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ ᠪᠠ ᠥᠷᠭᠡᠨ ᠠᠭᠤᠳᠠᠮ ᠬᠥᠭᠵᠢᠯᠲᠡ ᠵᠢᠨ ᠠᠯᠤᠰ ᠢᠷᠡᠭᠡᠳᠦᠢ᠎ᠲᠠᠢ ᠶᠤᠮ᠃
    ᠡᠷᠬᠢᠮ ᠵᠣᠴᠢᠳ ᠠ᠋᠂ ᠨᠠᠶ᠋ᠢᠵᠠ ᠨᠠᠷ ᠠ᠋!
    ᠣᠳᠣᠬᠠᠨ᠎ᠳᠤ᠂ ᠳᠡᠯᠡᠬᠡᠢ ᠶᠢᠷᠲᠢᠨᠴᠦ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ ᠳᠠᠪᠬᠤᠷ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶ᠋ᠢᠨ᠎ᠠ᠂ ᠡᠯ᠎ᠡ ᠤᠯᠤᠰ ᠭᠠᠭᠴᠠ ᠬᠦ᠌ ᠪᠦᠯᠬᠦᠮᠳᠡᠨ ᠬᠠᠮᠵᠢᠯᠴᠠᠪᠠᠯ ᠰᠠᠶᠢ ᠳᠡᠯᠡᠬᠡᠢ ᠵᠢᠨ ᠡᠩᠬᠡ ᠲᠠᠶ᠋ᠢᠪᠤᠩ ᠲᠣᠭᠲᠠᠭᠤᠨ᠎ᠢ ᠬᠠᠮᠠᠭ᠋ᠠᠯᠠᠵᠤ᠂ ᠪᠦᠭᠦ ᠪᠥᠮᠪᠥᠷᠴᠡᠭ᠎ᠤᠨ ᠬᠥᠭᠵᠢᠯ ᠴᠡᠴᠡᠭᠯᠡᠯ᠎ᠢ ᠠᠬᠢᠭᠤᠯᠵᠤ ᠴᠢᠳᠠᠨ᠎ᠠ᠃ ᠪᠣᠭᠤᠮᠲᠠ ᠵᠢᠨ ᠭᠠᠶ᠋ᠢᠯᠢ ᠵᠢᠨ ᠳᠠᠶ᠋ᠢᠯᠠᠯᠳᠤᠭ᠋ᠠᠨ᠂ ᠠᠷᠠᠯᠵᠢᠶᠠᠨ᠎ᠤ ᠳᠠᠶ᠋ᠢᠯᠠᠯᠳᠤᠭ᠋ᠠᠨ᠎ᠳᠤ ᠢᠯᠠᠭᠴᠢ ᠪᠠᠶ᠋ᠢᠬᠤ ᠦᠭᠡᠢ᠂ ᠡᠵᠡᠷᠬᠡᠬᠦ ᠡᠵᠡᠷᠬᠡᠭᠯᠡᠬᠦ᠎ᠨᠢ ᠵᠥᠪᠭᠡᠨ ᠥᠪᠡᠷ᠎ᠢ᠎ᠪᠠᠨ ᠭᠠᠭᠴᠠᠭ᠋ᠠᠷᠳᠠᠭᠤᠯᠤᠨ᠎ᠠ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ ᠪᠣᠯ ᠴᠥᠮ ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ ᠤᠯᠤᠰ᠎ᠤᠳ᠎ᠤᠨ ᠴᠢᠬᠤᠯᠠ ᠪᠦᠷᠢᠯᠳᠦᠭᠦᠨ ᠮᠥᠨ᠂ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠪᠣᠯ ᠮᠠᠨ᠎ᠤ ᠢᠷᠠᠭᠤ ᠠᠯᠳᠠᠷᠲᠤ ᠤᠯᠠᠮᠵᠢᠯᠠᠯ ᠮᠥᠨ᠂ ᠬᠥᠭᠵᠢᠯ ᠮᠠᠨᠳᠤᠯ ᠪᠣᠯ ᠪᠢᠳᠡᠨ᠎ᠤ ᠲᠥᠷᠥᠯᠬᠢ ᠡᠷᠬᠡ ᠮᠥᠨ᠂ ᠲᠥᠪ ᠭᠤᠣᠯᠴᠢ ᠰᠢᠳᠤᠷᠭᠤ ᠶᠣᠰᠣ ᠪᠣᠯ ᠪᠢᠳᠡᠨ᠎ᠤ ᠬᠠᠮᠲᠤ ᠵᠢᠨ ᠬᠥᠭᠡᠭᠡᠴᠡᠯᠳᠦᠯ ᠮᠥᠨ᠃ ᠭᠠᠵᠠᠷ ᠣᠷᠣᠨ ᠵᠶ᠋ᠠᠷ ᠰᠢᠯᠲᠠᠭ᠋ᠠᠯᠠᠭᠳᠠᠭᠰᠠᠨ ᠤᠯᠤᠰ ᠲᠦᠷᠦ ᠪᠣᠯᠣᠨ ᠯᠡᠭᠧᠷ᠎ᠤᠨ ᠡᠰᠡᠷᠭᠦᠴᠡᠯᠳᠦᠯ᠎ᠤᠨ ᠲᠠᠯᠲᠠ ᠤᠷᠤᠰᠬᠠᠯ ᠭᠦᠪᠦᠯᠵᠡᠵᠦ᠂ ᠭᠠᠭᠴᠠ ᠲᠠᠯᠠᠲᠤ ᠦᠵᠡᠯ᠂ ᠬᠠᠮᠠᠭ᠋ᠠᠯᠠᠬᠤ ᠦᠵᠡᠯ᠎ᠤᠨ ᠰᠥᠷᠭᠡᠦ ᠤᠷᠤᠰᠬᠠᠯ ᠡᠭᠦᠰᠴᠦ ᠪᠠᠶ᠋ᠢᠭ᠎ᠠ ᠪᠠᠶ᠋ᠢᠳᠠᠯ᠎ᠳᠤ ᠴᠢᠭᠯᠡᠭᠦᠯᠦᠨ᠂ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ᠎ᠬᠢᠨ᠎ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ᠎ᠢ ᠡᠬᠢᠯᠡᠭᠦᠯᠵᠦ᠂ ᠬᠥᠭᠵᠢᠯ ᠮᠠᠨᠳᠤᠯ᠎ᠢ ᠬᠠᠮᠲᠤ᠎ᠪᠠᠷ ᠡᠷᠢᠯᠬᠢᠯᠡᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠪᠠᠶ᠋ᠢᠭᠤᠯᠤᠨ᠎ᠠ᠃
    ᠨᠢᠭᠡ ᠪᠣᠯ ᠪᠦᠯᠬᠦᠮᠳᠡᠯ᠎ᠤᠨ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ᠎ᠬᠢᠨ᠎ᠲᠠᠢ ᠲᠤᠰ ᠲᠤᠰ᠎ᠤᠨ ᠵᠶ᠋ᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶ᠋ᠢᠭ᠎ᠠ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ ᠦᠷᠭᠦᠯᠵᠢᠯᠡᠨ ᠬᠠᠷᠢᠯᠴᠠᠨ ᠳᠡᠮᠵᠢᠯᠴᠡᠨ᠎ᠡ᠃ ᠬᠤᠶᠠᠷ ᠲᠠᠯ᠎ᠠ᠎ᠪᠠᠷ ᠵᠶ᠋ᠠᠨ ᠡᠯ᠎ᠡ ᠬᠦᠷᠢᠶᠡᠨ᠎ᠤ ᠶᠠᠪᠤᠯᠴᠠᠭ᠎ᠠ᠎ᠪᠠᠨ ᠨᠢᠭᠲᠠᠷᠠᠭᠤᠯᠵᠤ᠂ ᠳᠡᠯᠡᠬᠡᠢ ᠵᠢᠨ ᠪᠠ ᠭᠠᠵᠠᠷ ᠣᠷᠣᠨ᠎ᠤ ᠴᠢᠬᠤᠯᠠ ᠶᠡᠭᠡ ᠠᠰᠠᠭᠤᠳᠠᠯ᠎ᠤᠨ ᠲᠤᠬᠠᠢ ᠣᠯᠣᠯᠴᠠᠭ᠎ᠠ ᠵᠣᠬᠢᠴᠠᠭᠤᠯᠭ᠎ᠠ᠎ᠪᠠᠨ ᠴᠢᠩᠭ᠋ᠠᠳᠬᠠᠶ᠎ᠠ᠃ ᠢᠷᠡᠭᠡᠳᠦᠢ ᠵᠢᠨ 3 ᠵᠢᠯ᠎ᠳᠤ᠂ ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠪᠦᠷᠢᠯᠳᠦᠭᠦᠨ ᠤᠯᠤᠰ᠎ᠤᠨ 300 ᠲᠦᠷᠦ ᠵᠢᠨ ᠨᠠᠮ᠎ᠤᠨ ᠺᠠᠳ᠋ᠷ᠎ᠢ ᠤᠷᠢᠵᠤ ᠳᠤᠮᠳᠠᠳᠤ ᠤᠯᠤᠰ᠎ᠲᠤ ᠰᠢᠨᠵᠢᠯᠡᠨ ᠪᠠᠶ᠋ᠢᠴᠠᠭ᠋ᠠᠯᠭ᠋ᠠᠵᠤ ᠠᠶ᠋ᠢᠯᠴᠢᠯᠠᠯᠲᠠ ᠭᠢᠯᠭᠡᠵᠦ᠂ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠷᠰᠢᠯᠭ᠎ᠠ᠎ᠪᠠᠨ ᠰᠣᠯᠢᠯᠴᠠᠨ᠎ᠠ᠃ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠤᠯᠠᠨ ᠲᠠᠯ᠎ᠠ ᠵᠢᠨ ᠲᠠᠪᠴᠠᠩ᠎ᠳᠠᠬᠢ ᠨᠥᠯᠥᠭᠡ᠎ᠪᠠᠨ ᠥᠷᠭᠡᠳᠬᠡᠬᠦ ᠵᠢ ᠳᠤᠮᠳᠠᠳᠤ ᠤᠯᠤᠰ ᠳᠡᠮᠵᠢᠵᠦ᠂ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠲᠠᠢ ᠬᠠᠮᠲᠤ᠎ᠪᠠᠷ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠎ᠪᠠᠷ ᠭᠤᠣᠯ ᠪᠤᠯᠭ᠋ᠠᠬᠰᠠᠨ ᠤᠯᠠᠨ ᠤᠯᠤᠰ᠎ᠤᠨ ᠰᠢᠰᠲ᠋ᠧᠮ ᠪᠣᠯᠣᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠳᠢᠭᠯᠢᠮ᠎ᠢ ᠡᠷᠡᠰ ᠬᠠᠮᠠᠭ᠋ᠠᠯᠠᠵᠤ᠂ ᠤᠯᠠᠨ ᠤᠯᠤᠰ᠎ᠤᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠤᠨ ᠳᠤᠮᠳᠠ ᠬᠠᠮᠲᠤ ᠵᠢᠨ ᠳᠠᠭᠤᠨ ᠵᠶ᠋ᠠᠨ ᠴᠤᠤᠷᠢᠶᠠᠲᠤᠭᠤᠯᠤᠨ᠎ᠠ᠃
    ᠬᠤᠶᠠᠷ ᠪᠣᠯ ᠬᠥᠭᠵᠢᠯᠲᠡ ᠵᠢᠨ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠲᠠᠢ ᠬᠠᠮᠲᠤ᠎ᠪᠠᠷ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢ ᠨᠠᠶ᠋ᠢᠳᠠᠪᠤᠷᠢᠵᠢᠭᠤᠯᠵᠤ᠂ ᠤᠯᠠᠨ ᠲᠠᠯᠠᠲᠤ ᠠᠷᠠᠯᠵᠢᠶᠠᠨ᠎ᠤ ᠪᠠᠶ᠋ᠢᠭᠤᠯᠤᠮᠵᠢ ᠵᠢ ᠡᠷᠡᠰ ᠬᠠᠮᠠᠭ᠋ᠠᠯᠠᠵᠤ᠂ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠰᠠᠭ᠋ᠠᠳ ᠦᠭᠡᠢ ᠨᠡᠪᠲᠡᠷᠡᠬᠦ ᠵᠢ ᠬᠠᠮᠠᠭ᠋ᠠᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠵᠢᠨ ᠤᠯᠠᠨ ᠤᠯᠤᠰ᠎ᠤᠨ ᠣᠷᠴᠢᠨ ᠲᠣᠭᠤᠷᠢᠨ᠎ᠢ ᠬᠠᠮᠠᠭ᠋ᠠᠯᠠᠨ᠎ᠠ᠃ ᠬᠤᠶᠠᠷ ᠲᠠᠯ᠎ᠠ᠎ᠪᠠᠷ ᠵᠶ᠋ᠠᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠭᠦᠨᠵᠡᠭᠡᠢ ᠠᠬᠢᠭᠤᠯᠵᠤ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ ᠠᠮᠤ ᠪᠤᠳᠠᠭ᠎ᠠ᠂ ᠡᠨᠧᠷᠭᠢ ᠠᠭᠤᠷᠬᠠᠢ ᠵᠢᠨ ᠭᠠᠷᠤᠯᠲᠠ ᠵᠡᠷᠭᠡ ᠤᠯᠠᠮᠵᠢᠯᠠᠯᠲᠤ ᠬᠦᠷᠢᠶᠡᠨ᠎ᠤ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠴᠡᠪᠡᠷ ᠡᠨᠧᠷᠭᠢ᠂ 5G ᠴᠢᠮᠡᠭᠡ ᠬᠤᠯᠪᠤᠭ᠎ᠠ᠂ ᠲᠣᠭ᠋ᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ᠎ᠪᠠᠷ ᠮᠠᠨᠳᠤᠭᠰᠠᠨ ᠬᠦᠷᠢᠶᠡᠨ᠎ᠤ ᠬᠠᠮᠲᠤᠷᠠᠯᠴᠠᠭ᠎ᠠ᠎ᠪᠠᠨ ᠥᠷᠭᠡᠳᠬᠡᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠬᠠᠨᠢᠲᠠᠨ᠎ᠤ ᠲᠥᠯᠥᠪᠯᠡᠭᠡ ᠵᠢ ᠬᠡᠷᠡᠭᠵᠢᠭᠦᠯᠦᠶ᠎ᠡ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠨᠡᠩ ᠤᠯᠠᠨ ᠰᠢᠯᠢᠳᠡᠭ ᠦᠢ᠍ᠯᠡᠳᠬᠦᠨ᠎ᠢ ᠣᠷᠣᠭᠤᠯᠵᠤ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠲᠠᠬᠢ ᠪᠡᠯᠡ ᠣᠷᠣᠭᠤᠯᠤᠯᠲᠠ᠎ᠪᠠᠨ ᠥᠷᠭᠡᠳᠬᠡᠬᠦ ᠵᠢ ᠵᠣᠷᠢᠭᠵᠢᠭᠤᠯᠤᠨ᠎ᠠ᠃ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠥᠭᠵᠢᠯᠲᠡ ᠵᠢ ᠳᠡᠮᠵᠢᠬᠦ ᠵᠢᠨ ᠲᠥᠯᠥᠭᠡ᠂ ᠳᠤᠮᠳᠠᠳᠤ ᠤᠯᠤᠰ᠎ᠠᠴᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠲᠤ 660 ᠳ᠋ᠦᠩᠰᠢᠭᠤᠷ ᠲᠥᠭᠦᠷᠢᠭ᠎ᠤᠨ ᠠᠷᠠᠳ᠎ᠤᠨ ᠵᠣᠭᠤᠰ᠎ᠤᠨ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠦ ᠬᠠᠩᠭ᠋ᠠᠨ᠎ᠠ᠃
    ᠭᠤᠷᠪᠠ ᠪᠣᠯ ᠪᠣᠯᠪᠠᠰᠤᠨ᠎ᠤ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠲᠠᠢ ᠬᠠᠮᠲᠤ᠎ᠪᠠᠷ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠠᠶ᠋ᠢᠳᠠᠪᠤᠷᠢᠵᠢᠭᠤᠯᠵᠤ᠂ ᠡᠷᠬᠡ ᠲᠡᠭᠰᠢ᠂ ᠬᠠᠷᠢᠯᠴᠠᠨ ᠲᠣᠯᠢᠯᠠᠬᠤ᠂ ᠶᠠᠷᠢᠯᠴᠠᠭ᠎ᠠ᠂ ᠪᠠᠭᠲᠠᠭ᠋ᠠᠮᠵᠢᠲᠠᠢ ᠪᠣᠯᠪᠠᠰᠤᠨ᠎ᠤ ᠦᠵᠡᠯᠲᠡ ᠵᠢ ᠪᠤᠢ ᠪᠤᠯᠭ᠋ᠠᠵᠤ᠂ ᠡᠩᠬᠡ ᠲᠠᠶ᠋ᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ᠎ᠲᠠᠢ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠪᠠᠳᠠᠷᠠᠭᠤᠯᠤᠨ᠎ᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠪᠣᠯᠪᠠᠰᠤᠨ᠎ᠤ ᠰᠣᠯᠢᠯᠴᠠᠭ᠎ᠠ ᠵᠢ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠪᠣᠯᠪᠠᠰᠤᠨ᠎ᠤ ᠶᠠᠷᠢᠯᠴᠠᠭ᠋ᠠᠨ᠎ᠤ ᠶᠡᠭᠡ ᠬᠤᠷᠠᠯ᠎ᠢ ᠡᠷᠭᠢᠯᠡᠨ᠎ᠡ᠃ ᠰᠣᠶᠣᠯ ᠤᠷᠠᠯᠢᠭ᠎ᠤᠨ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ 《ᠯᠠᠲ᠋ᠢᠨ ᠠᠮᠧᠷᠢᠺᠠ ᠵᠢᠨ ᠤᠷᠠᠯᠢᠭ᠎ᠤᠨ ᠤᠯᠠᠷᠢᠯ》᠎ᠢ ᠡᠷᠭᠢᠯᠡᠨ᠎ᠡ᠃ ᠬᠠᠭᠤᠴᠢ ᠰᠤᠳᠤᠯᠤᠯ᠂ ᠡᠷᠲᠡᠨ᠎ᠤ ᠦᠯᠡᠳᠡᠭᠳᠡᠯ ᠪᠠᠭᠤᠷᠢ ᠵᠢ ᠬᠠᠮᠠᠭ᠋ᠠᠯᠠᠬᠤ ᠪᠠ ᠵᠠᠰᠠᠨ ᠰᠡᠷᠭᠦᠭᠡᠬᠦ᠂ ᠮᠦᠽᠧᠢ ᠵᠢᠨ ᠦᠵᠡᠭᠦᠯᠭᠡ ᠵᠡᠷᠭᠡ ᠰᠣᠶᠣᠯ᠎ᠤᠨ ᠥᠪ᠎ᠤᠨ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠡᠷᠲᠡᠨ᠎ᠤ ᠪᠣᠯᠪᠠᠰᠤᠨ᠎ᠤ ᠰᠤᠳᠤᠯᠭ᠋ᠠᠨ ᠥᠷᠨᠢᠭᠦᠯᠵᠦ᠂ ᠰᠣᠶᠣᠯ᠎ᠤᠨ ᠡᠳ᠋ ᠬᠥᠷᠥᠩᠭᠡ ᠵᠢ ᠬᠠᠤᠯᠢ ᠪᠤᠰᠤ᠎ᠪᠠᠷ ᠰᠠᠷᠢᠭ᠋ᠠᠯᠠᠨ ᠵᠥᠭᠡᠭᠡᠪᠦᠷᠢᠯᠡᠬᠦ᠎ᠳᠤ ᠬᠠᠮᠲᠤᠷᠠᠨ ᠴᠣᠬᠢᠯᠲᠠ ᠥᠭᠭᠦᠶ᠎ᠡ᠃
    ᠳᠥᠷᠪᠡ ᠪᠣᠯ ᠨᠠᠶ᠋ᠢᠷᠠᠮᠳᠠᠯ᠎ᠤᠨ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ᠎ᠬᠢᠨ᠎ᠲᠠᠢ ᠬᠠᠮᠲᠤ᠎ᠪᠠᠷ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠵᠢ ᠨᠠᠶ᠋ᠢᠳᠠᠪᠤᠷᠢᠵᠢᠭᠤᠯᠵᠤ᠂ 《ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠢ ᠡᠩᠬᠡ ᠲᠠᠶ᠋ᠢᠪᠤᠩ ᠣᠷᠣᠨ ᠪᠤᠯᠭ᠋ᠠᠬᠤ᠎ᠪᠠᠷ ᠨᠡᠶ᠋ᠢᠲᠡᠯᠡᠭᠰᠡᠨ ᠠᠯᠪᠠᠨ ᠵᠠᠷᠯᠠᠯ》 ᠪᠣᠯᠣᠨ 《ᠴᠥᠮ᠎ᠡ ᠵᠢᠨ ᠵᠡᠪᠰᠡᠭ ᠦᠭᠡᠢ ᠣᠷᠣᠨ᠎ᠢ ᠪᠠᠶ᠋ᠢᠭᠤᠯᠬᠤ ᠲᠤᠬᠠᠢ ᠯᠠᠲ᠋ᠢᠨ ᠠᠮᠧᠷᠢᠺᠠ ᠪᠣᠯᠣᠨ ᠺᠠᠷᠢᠪᠧ ᠵᠢᠨ 33 ᠤᠯᠤᠰ᠎ᠤᠨ ᠢᠯᠡᠷᠬᠡᠶ᠋ᠢᠯᠡᠯᠲᠡ》 ᠵᠢ ᠳᠡᠮᠵᠢᠵᠦ᠂ ᠭᠠᠮᠰᠢᠭ᠎ᠤᠨ ᠰᠦᠢ᠍ᠳᠦᠯ᠎ᠢ ᠵᠠᠰᠠᠬᠤ᠂ ᠰᠦᠯᠵᠢᠶᠡᠨ᠎ᠤ ᠠᠮᠤᠷ ᠲᠦᠪᠰᠢᠨ᠂ ᠰᠦᠷᠳᠡᠭᠦᠯᠦᠯ᠎ᠢ ᠡᠰᠡᠷᠭᠦᠴᠡᠬᠦ᠂ ᠢᠯᠵᠢᠷᠡᠯ᠎ᠢ ᠡᠰᠡᠷᠭᠦᠴᠡᠬᠦ᠂ ᠬᠤᠣᠷ ᠴᠠᠭ᠋ᠠᠵᠠᠯᠠᠬᠤ᠂ ᠤᠯᠤᠰ ᠠᠯᠤᠰᠯᠠᠭᠰᠠᠨ ᠵᠣᠬᠢᠶᠠᠨ ᠪᠠᠶ᠋ᠢᠭᠤᠯᠤᠯᠲᠠ᠎ᠲᠠᠢ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠭᠠᠵᠠᠷ ᠣᠷᠣᠨ᠎ᠤ ᠠᠮᠤᠷ ᠲᠦᠪᠰᠢᠨ ᠲᠣᠭᠲᠠᠭᠤᠨ᠎ᠢ ᠴᠢᠷᠮᠠᠶ᠋ᠢᠨ ᠬᠠᠮᠠᠭ᠋ᠠᠯᠠᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠪᠦᠷᠢᠯᠳᠦᠭᠦᠨ ᠤᠯᠤᠰ᠎ᠤᠨ ᠬᠡᠷᠡᠭᠴᠡᠭᠡ ᠵᠢ ᠦᠨᠳᠦᠰᠦᠯᠡᠨ ᠬᠠᠤᠯᠢ ᠬᠡᠷᠡᠭᠵᠢᠭᠦᠯᠬᠦ ᠪᠣᠯᠪᠠᠰᠤᠷᠠᠯ᠎ᠤᠨ ᠲᠦᠷᠦᠯ ᠵᠦᠢ᠍ᠯ᠎ᠢ ᠬᠡᠷᠡᠭᠵᠢᠭᠦᠯᠵᠦ᠂ ᠴᠢᠳᠠᠯ᠎ᠤᠨ ᠵᠶ᠋ᠠᠨ ᠬᠢᠷᠢ᠎ᠪᠠᠷ ᠲᠣᠨᠣᠭᠯᠠᠯ᠎ᠤᠨ ᠲᠤᠰᠠᠯᠠᠮᠵᠢ ᠬᠠᠩᠭ᠋ᠠᠨ᠎ᠠ᠃
    ᠲᠠᠪᠤ ᠪᠣᠯ ᠠᠷᠠᠳ᠎ᠤᠨ ᠰᠡᠳᠬᠢᠯ᠎ᠤᠨ ᠢᠨᠵᠧᠨᠧᠷᠢᠩ᠃ ᠢᠷᠡᠬᠦ 3 ᠵᠢᠯ᠎ᠳᠤ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠪᠦᠷᠢᠯᠳᠦᠭᠦᠨ ᠤᠯᠤᠰ᠎ᠲᠤ 3500 ᠵᠠᠰᠠᠭ᠎ᠤᠨ ᠣᠷᠳᠣᠨ᠎ᠤ ᠰᠤᠷᠤᠯᠭ᠎ᠠ ᠵᠢᠨ ᠱᠠᠩᠨᠠᠯ᠎ᠤᠨ ᠣᠷᠣᠨ ᠲᠤᠭ᠎ᠠ᠂ 1 ᠲᠦᠮᠡᠨ ᠳᠤᠮᠳᠠᠳᠤ ᠤᠯᠤᠰ᠎ᠲᠤ ᠢᠷᠡᠵᠦ ᠪᠣᠯᠪᠠᠰᠤᠷᠠᠯ ᠭᠦᠷᠳᠡᠭᠦ ᠣᠷᠣᠨ ᠲᠤᠭ᠎ᠠ᠂ 500 ᠤᠯᠠᠨ ᠤᠯᠤᠰ᠎ᠤᠨ ᠬᠢᠲᠠᠳ ᠬᠡᠯᠡᠨ᠎ᠤ ᠪᠠᠭᠰᠢ ᠵᠢᠨ ᠰᠤᠷᠤᠯᠭ᠎ᠠ ᠵᠢᠨ ᠱᠠᠩᠨᠠᠯ᠎ᠤᠨ ᠣᠷᠣᠨ ᠲᠤᠭ᠎ᠠ᠂ 300 ᠶᠠᠳᠠᠭᠤ ᠬᠦᠴᠢᠷᠳᠡᠯᠲᠡᠢ ᠬᠥᠮᠥᠨ ᠠᠮᠠ ᠵᠢ ᠴᠥᠭᠡᠳᠬᠡᠬᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠣᠷᠣᠨ ᠲᠤᠭ᠎ᠠ᠂ 1000 《ᠬᠢᠲᠠᠳ ᠬᠡᠯᠡᠨ᠎ᠤ ᠬᠥᠭᠦᠷᠭᠡ》 ᠵᠢᠨ ᠲᠦᠷᠦᠯ ᠵᠦᠢ᠍ᠯ᠎ᠤᠨ ᠳᠤᠮᠳᠠᠳᠤ ᠤᠯᠤᠰ᠎ᠲᠤ ᠢᠷᠡᠬᠦ ᠪᠦᠯᠭᠦᠮ ᠳᠤᠭᠤᠶ᠋ᠢᠯᠠᠩ᠎ᠤᠨ ᠣᠷᠣᠨ ᠲᠤᠭ᠎ᠠ ᠬᠠᠩᠭ᠋ᠠᠵᠤ᠂ 300 《ᠪᠠᠭ᠎ᠠ ᠮᠥᠷᠲᠡᠭᠡᠨ ᠭᠤᠶ᠋ᠢᠳᠠ》 ᠠᠷᠠᠳ᠎ᠤᠨ ᠠᠮᠢᠳᠤᠷᠠᠯ᠎ᠤᠨ ᠲᠦᠷᠦᠯ ᠵᠦᠢ᠍ᠯ᠎ᠢ ᠬᠡᠷᠡᠭᠵᠢᠭᠦᠯᠵᠦ᠂ ᠯᠦ᠍᠎ᠪᠠᠨ ᠦᠢ᠍ᠯᠡᠳᠬᠡᠯ᠎ᠤᠨ ᠭᠠᠵᠠᠷ ᠵᠡᠷᠭᠡ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠢ ᠢᠳᠡᠪᠬᠢᠲᠡᠢ ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠪᠦᠷᠢᠯᠳᠦᠭᠦᠨ ᠤᠯᠤᠰ᠎ᠤᠨ ᠬᠢᠲᠠᠳ ᠬᠡᠯᠡᠨ᠎ᠤ ᠰᠤᠷᠭ᠋ᠠᠨ ᠬᠥᠮᠦᠵᠢᠯ ᠥᠷᠨᠢᠭᠦᠯᠬᠦ ᠵᠢ ᠲᠡᠮᠵᠢᠨ᠎ᠠ᠃ ᠳᠤᠮᠳᠠᠳᠤ ᠤᠯᠤᠰ 《ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠶ᠋ᠢᠷ᠎ᠠ ᠰᠡᠳᠬᠢᠯᠭᠡ》 ᠭᠡᠬᠦ ᠳᠤᠮᠳᠠᠳᠤ ᠤᠯᠤᠰ᠎ᠤᠨ ᠺᠢᠨᠣ᠋ ᠲᠧᠯᠸᠢᠰ᠎ᠤᠨ ᠫᠷᠣᠭ᠌ᠷᠠᠮ᠎ᠢ ᠳᠡᠯᠭᠡᠨ ᠦᠵᠡᠭᠦᠯᠭᠦ ᠪᠠ ᠨᠠᠪᠲᠠᠷᠡᠭᠦᠯᠵᠦ᠂ ᠵᠢᠯ ᠪᠦᠷᠢ 10 ᠰᠢᠯᠢᠳᠡᠭ ᠲᠧᠯᠸᠢᠰ ᠵᠦᠴᠦᠭᠡ ᠪᠤᠶᠤ ᠰᠢᠯᠢᠳᠡᠭ ᠦᠵᠡᠵᠦ ᠰᠣᠨᠣᠰᠬᠤ ᠫᠷᠣᠭ᠌ᠷᠠᠮ᠎ᠢ ᠬᠠᠷᠢᠯᠴᠠᠨ ᠣᠷᠴᠢᠭᠤᠯᠬᠤ ᠠᠵᠢᠯ᠎ᠢ ᠪᠡᠶᠡᠯᠡᠭᠦᠯᠬᠦ᠎ᠪᠠᠷ ᠴᠢᠷᠮᠠᠶ᠋ᠢᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ᠎ᠬᠢᠨ᠎ᠲᠠᠢ 《ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠵᠢᠭᠤᠯᠴᠢᠯᠠᠯ᠎ᠤᠨ ᠶᠠᠷᠢᠯᠴᠠᠭ᠎ᠠ》 ᠥᠷᠨᠢᠭᠦᠯᠦᠨ᠎ᠡ᠃ ᠬᠤᠶᠠᠷ ᠲᠠᠯ᠎ᠠ ᠵᠢᠨ ᠬᠥᠮᠥᠰ᠎ᠤᠨ ᠨᠥᠭᠦᠷᠰᠡᠭ ᠶᠠᠪᠤᠯᠴᠠᠭ᠎ᠠ᠎ᠳᠤ ᠤᠯᠠᠮ ᠨᠢᠭᠡ ᠠᠯᠬᠤᠮ ᠲᠦᠭᠦᠮ ᠦᠵᠡᠭᠦᠯᠭᠦ ᠵᠢᠨ ᠲᠥᠯᠥᠭᠡ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠣᠷᠣᠨ᠎ᠤ 5 ᠤᠯᠤᠰ᠎ᠲᠤ ᠸᠢᠰᠠ ᠵᠢ ᠬᠡᠯᠲᠦᠷᠢᠭᠦᠯᠬᠦ ᠲᠦᠷᠦᠭᠦᠦ ᠪᠦᠯᠦᠭ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ ᠵᠢᠨ ᠬᠠᠮᠲᠤ ᠭᠠᠵᠠᠷ ᠣᠷᠣᠨ᠎ᠤ ᠤᠯᠤᠰ᠎ᠤᠳ᠎ᠤᠨ ᠪᠦᠷᠬᠦᠴᠡ ᠵᠢᠨ ᠬᠡᠪᠴᠢᠶ᠎ᠡ ᠵᠢ ᠵᠣᠬᠢᠰᠲᠠᠢ ᠴᠠᠭ᠎ᠲᠤ ᠥᠷᠭᠡᠳᠬᠡᠬᠦ᠎ᠪᠠᠷ ᠲᠣᠭᠲᠠᠪᠠ᠃
    ᠡᠷᠬᠢᠮ ᠵᠣᠴᠢᠳ ᠠ᠋᠂ ᠨᠠᠶ᠋ᠢᠵᠠ ᠨᠠᠷ ᠠ᠋!
    ᠳᠤᠮᠳᠠᠳᠤ ᠤᠯᠤᠰ᠎ᠲᠤ 《ᠬᠥᠮᠥᠨ᠎ᠤ ᠠᠮᠢᠳᠤᠷᠠᠯ᠎ᠤᠨ ᠵᠢᠷᠭ᠋ᠠᠯ ᠭᠡᠵᠦ ᠰᠡᠳᠬᠢᠯ ᠵᠶ᠋ᠠᠨ ᠣᠶ᠋ᠢᠯᠠᠭ᠋ᠠᠯᠴᠠᠬᠤ᠎ᠳᠤ ᠪᠤᠢ》 ᠭᠡᠬᠦ ᠡᠷᠲᠡᠨ᠎ᠤ ᠰᠢᠯᠦᠭ ᠪᠠᠶ᠋ᠢᠳᠠᠭ᠂ ᠯᠠᠲ᠋ᠢᠨ ᠠᠮᠧᠷᠢᠺᠠ᠎ᠳᠤ ᠴᠤ᠌ 《ᠨᠠᠶ᠋ᠢᠵᠠ᠎ᠲᠠᠢ ᠪᠠᠶ᠋ᠢᠪᠠᠯ ᠳᠠᠷᠤᠢ ᠡᠳ᠋ ᠡᠷᠳᠡᠨᠢᠰ᠎ᠲᠠᠢ》 ᠭᠡᠬᠦ ᠵᠦᠢ᠍ᠷ ᠦᠭᠡ ᠪᠠᠶ᠋ᠢᠳᠠᠭ᠃ ᠳᠡᠯᠡᠬᠡᠢ ᠵᠢᠨ ᠪᠠᠶ᠋ᠢᠳᠠᠯ ᠶᠠᠭ᠋ᠠᠬᠢᠵᠤ ᠬᠤᠪᠢᠷᠠᠭᠰᠠᠨ ᠴᠤ᠌᠂ ᠳᠤᠮᠳᠠᠳᠤ ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠰᠠᠶ᠋ᠢᠨ ᠨᠠᠶ᠋ᠢᠵᠠ᠂ ᠰᠠᠶ᠋ᠢᠨ ᠬᠠᠨᠢᠲᠠᠨ ᠪᠣᠯᠣᠨ᠎ᠠ᠃ ᠪᠢᠳᠠ ᠭᠠᠷ ᠬᠤᠯᠪᠣᠯᠴᠠᠨ᠂ ᠲᠤᠰ ᠲᠤᠰ᠎ᠤᠨ ᠣᠳᠣᠬᠢᠴᠢᠯᠠᠯᠲᠠ ᠵᠢᠨ ᠠᠶᠠᠨ᠎ᠳᠠᠭᠠᠨ ᠮᠥᠷᠥ ᠵᠡᠷᠭᠡᠴᠡᠨ ᠤᠷᠤᠭᠰᠢᠯᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠶ᠎ᠡ᠃
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠴᠢᠯᠢ ᠵᠢᠨ ᠶᠡᠷᠦᠩᠬᠡᠶ᠋ᠢᠯᠡᠭᠴᠢ ᠪᠦᠸᠧᠯᠢᠴᠢ᠎ᠲᠠᠢ ᠠᠭᠤᠯᠵᠠᠪᠠ
ᠰᠢ ᠵᠢᠨ ᠫᠢᠩ ᠺᠣᠯᠣᠮᠪᠢᠶ᠎ᠠ ᠵᠢᠨ ᠶᠡᠷᠦᠩᠬᠡᠶ᠋ᠢᠯᠡᠭᠴᠢ ᠫᠤᠳ᠋ᠷᠤ᠋᠎ᠲᠠᠢ ᠠᠭᠤᠯᠵᠠᠪᠠ
ᠰᠢ ᠵᠢᠨ ᠫᠢᠩ ᠳᠤᠮᠳᠠᠳᠤ ᠤᠯᠤᠰ᠎ᠤᠨ ᠳ᠋ᠠᠨᠮᠠᠷᠺ᠎ᠤᠨ ᠬᠤᠳᠠᠯᠳᠤᠭ᠋ᠠᠴᠢᠳ᠎ᠤᠨ ᠨᠡᠶ᠋ᠢᠭᠡᠮᠯᠢᠭ᠎ᠤᠨ ᠬᠠᠷᠢᠭᠤᠴᠠᠯᠭ᠋ᠠᠲᠠᠨ᠎ᠳᠤ ᠬᠠᠷᠢᠭᠤ ᠵᠠᠬᠢᠳᠠᠯ ᠢᠯᠡᠭᠡᠪᠡ
ᠰᠢ ᠵᠢᠨ ᠫᠢᠩ ᠳᠤᠭᠤ᠋ ᠵᠢᠨ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠤᠳᠤᠷᠢᠳᠬᠤ ᠬᠥᠮᠥᠨ᠎ᠳᠤ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠯᠲᠡ ᠦᠭᠡᠢ ᠨᠠᠶ᠋ᠢᠳᠠᠪᠤᠷᠢᠵᠢᠭᠤᠯᠵᠤ ᠰᠢᠯᠢᠳᠡᠭ ᠨᠠᠮ᠎ᠤᠨ ᠰᠤᠷᠲᠠᠯ ᠵᠶ᠋ᠠᠷ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠬᠥᠲᠥᠯᠥᠨ ᠳᠠᠭ᠋ᠠᠭᠤᠯᠬᠤ ᠬᠡᠷᠡᠭᠲᠡᠢ
 
            