ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 14᠎ᠤ ᠴᠠᠭᠢᠯᠭ᠋ᠠᠨ ᠮᠡᠳᠡᠭᠡ 5 ᠰᠠᠷ᠎ᠠ ᠵᠢᠨ 14᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠡᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠳᠤ ᠣᠷᠤᠯᠴᠠᠬᠤ᠎ᠪᠠᠷ ᠢᠷᠡᠭᠰᠡᠨ ᠴᠢᠯᠢ ᠵᠢᠨ ᠶᠡᠷᠦᠩᠬᠡᠶ᠋ᠢᠯᠡᠭᠴᠢ ᠪᠦᠸᠧᠯᠢᠴᠢ᠎ᠲᠠᠢ ᠠᠭᠤᠯᠵᠠᠪᠠ᠃
5 ᠰᠠᠷ᠎ᠠ ᠵᠢᠨ 14᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠠᠰ᠎ᠤᠨ ᠬᠤᠷᠠᠯ᠎ᠳᠤ ᠣᠷᠤᠯᠴᠠᠬᠤ᠎ᠪᠠᠷ ᠢᠷᠡᠭᠰᠡᠨ ᠴᠢᠯᠢ ᠵᠢᠨ ᠶᠡᠷᠦᠩᠬᠡᠶ᠋ᠢᠯᠡᠭᠴᠢ ᠪᠦᠸᠧᠯᠢᠴᠢ᠎ᠲᠠᠢ ᠠᠭᠤᠯᠵᠠᠪᠠ᠃ (ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠯᠢ ᠰᠢᠶᠠᠩ ᠰᠡᠭᠦᠳᠡᠷᠯᠡᠪᠡ)
ᠰᠢ ᠵᠢᠨ ᠫᠢᠩ᠂ ᠡᠨᠡ ᠵᠢᠯ ᠪᠣᠯ ᠳᠤᠮᠳᠠᠳᠤ ᠴᠢᠯᠢ ᠵᠢᠨ ᠬᠠᠷᠢᠯᠴᠠᠭ᠎ᠠ ᠪᠠᠶ᠋ᠢᠭᠤᠯᠤᠭᠰᠠᠨ 55 ᠵᠢᠯ᠎ᠤᠨ ᠤᠢ ᠪᠣᠯᠣᠨ᠎ᠠ᠃ 55 ᠵᠢᠯ᠎ᠤᠨ ᠡᠮᠦᠨ᠎ᠡ᠂ ᠬᠤᠶᠠᠷ ᠤᠯᠤᠰ᠎ᠤᠨ ᠠᠬᠠᠮᠠᠳ ᠨᠢᠭᠡ ᠦᠶ᠎ᠡ ᠵᠢᠨ ᠤᠳᠤᠷᠢᠳᠬᠤ ᠬᠥᠮᠥᠰ ᠥᠨᠳᠥᠷ᠎ᠲᠤ ᠵᠣᠭᠰᠣᠨ ᠠᠯᠤᠰ᠎ᠢ ᠪᠠᠷᠠᠯᠠᠵᠤ᠂ ᠬᠦᠢ᠍ᠲᠡᠨ ᠲᠠᠶ᠋ᠢᠨ᠎ᠤ ᠤᠨᠢᠶᠠᠷ ᠬᠦᠳᠡᠩᠢ ᠰᠢᠪᠲᠤᠯᠤᠨ᠂ ᠰᠢᠨ᠎ᠡ ᠳᠤᠮᠳᠠᠳᠤ ᠤᠯᠤᠰ ᠪᠣᠯᠣᠨ ᠡᠮᠦᠨᠡᠲᠦ ᠠᠮᠧᠷᠢᠺᠠ ᠵᠢᠨ ᠤᠯᠤᠰ᠎ᠤᠳ᠎ᠯᠤᠭ᠎ᠠ ᠵᠢᠨ ᠬᠠᠷᠢᠯᠴᠠᠭ᠎ᠠ ᠪᠠᠶ᠋ᠢᠭᠤᠯᠤᠭᠰᠠᠨ ᠠᠩᠬᠠᠨ᠎ᠤ ᠵᠠᠮ᠎ᠢ ᠨᠡᠭᠡᠭᠡᠵᠡᠢ᠃ ᠬᠠᠭ᠋ᠠᠰ ᠵᠠᠭᠤᠨ ᠭᠠᠷᠤᠢ ᠵᠢᠨ ᠲᠤᠷᠰᠢ ᠳᠡᠯᠡᠬᠡᠢ ᠵᠢᠨ ᠪᠠᠶ᠋ᠢᠳᠠᠯ ᠶᠠᠭ᠋ᠠᠬᠢᠵᠤ ᠬᠤᠪᠢᠷᠠᠭᠰᠠᠨ ᠴᠤ᠌ ᠳᠤᠮᠳᠠᠳᠤ ᠴᠢᠯᠢ ᠵᠢᠨ ᠬᠠᠷᠢᠯᠴᠠᠭ᠎ᠠ ᠵᠢᠨ ᠡᠨᠡ ᠬᠦ᠌ ᠬᠥᠯᠭᠡ ᠣᠩᠭᠤᠴᠠ ᠢᠮᠠᠭᠲᠠ ᠰᠠᠯᠬᠢ ᠳᠠᠪᠠᠯᠭ᠋ᠠᠨ᠎ᠢ ᠰᠥᠷᠦᠨ ᠤᠷᠤᠭᠰᠢᠯᠠᠵᠤ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠵᠢᠨ ᠤᠯᠤᠰ᠎ᠤᠳ᠎ᠤᠨ ᠬᠠᠷᠢᠯᠴᠠᠭ᠎ᠠ ᠵᠢᠨ ᠬᠥᠭᠵᠢᠯᠲᠡ ᠵᠢᠨ ᠤᠷᠤᠰᠬᠠᠯ᠎ᠢ ᠬᠥᠲᠥᠯᠥᠨ ᠳᠠᠭ᠋ᠠᠭᠤᠯᠪᠠ᠃ ᠳᠤᠮᠳᠠᠳᠤ ᠤᠯᠤᠰ ᠪᠣᠯᠣᠨ ᠴᠢᠯᠢ ᠬᠤᠶᠠᠷ ᠤᠯᠤᠰ᠎ᠤᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠴᠠᠭ ᠦᠶ᠎ᠡ ᠵᠢᠨ ᠠᠭᠤᠯᠤᠭᠳᠠᠬᠤᠨ᠎ᠢ ᠲᠠᠰᠤᠷᠠᠯᠳᠡ ᠦᠭᠡᠢ ᠪᠠᠶᠠᠯᠢᠭᠵᠢᠭᠤᠯᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠡᠷᠢᠪᠧ ᠵᠢᠨ ᠤᠯᠤᠰ᠎ᠤᠳ᠎ᠤᠨ ᠬᠠᠮᠲᠤ ᠵᠢᠨ ᠬᠥᠭᠵᠢᠯᠲᠡ ᠵᠢᠨ ᠬᠡᠪ ᠳᠠᠭᠤᠷᠢᠶᠠᠯ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤᠷᠠᠯᠴᠠᠭ᠋ᠠᠨ᠎ᠤ ᠬᠡᠪ ᠳᠠᠭᠤᠷᠢᠶᠠᠯ᠎ᠢ ᠪᠤᠢ ᠪᠤᠯᠭ᠋ᠠᠵᠤ᠂ ᠬᠥᠮᠥᠨ ᠲᠥᠷᠥᠯᠬᠢᠲᠡᠨ᠎ᠤ ᠡᠩᠬᠡ ᠲᠠᠶ᠋ᠢᠪᠤᠩ ᠪᠣᠯᠣᠨ ᠲᠠᠪᠰᠢᠯᠳᠠ ᠵᠢᠨ ᠦᠢ᠍ᠯᠡᠰ᠎ᠢ ᠬᠠᠮᠲᠤ᠎ᠪᠠᠷ ᠠᠬᠢᠭᠤᠯᠤᠶ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠤᠮᠳᠠᠳᠤ ᠤᠯᠤᠰ ᠳᠤᠷᠠᠲᠠᠶ᠎ᠠ ᠴᠢᠯᠢ ᠵᠢᠨ᠎ᠬᠢᠨ᠎ᠲᠠᠢ ᠤᠯᠤᠰ ᠲᠦᠷᠦ ᠵᠢᠨ ᠢᠲᠡᠭᠡᠯᠴᠡᠭᠡ᠎ᠪᠠᠨ ᠪᠠᠲᠤᠳᠬᠠᠵᠤ᠂ ᠬᠠᠷᠢᠯᠴᠠᠨ ᠬᠦᠨᠳᠦᠳᠬᠡᠬᠦ᠂ ᠡᠷᠬᠡ ᠲᠡᠭᠰᠢ᠎ᠪᠠᠷ ᠬᠠᠨᠳᠤᠯᠴᠠᠬᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠵᠢ ᠪᠠᠷᠢᠮᠲᠠᠯᠠᠵᠤ᠂ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠷᠰᠢᠯᠭ᠎ᠠ ᠵᠢᠨ ᠰᠣᠯᠢᠯᠴᠠᠭ᠎ᠠ᠎ᠪᠠᠨ ᠴᠢᠩᠭ᠋ᠠᠳᠬᠠᠵᠤ᠂ ᠲᠤᠰ ᠲᠤᠰ᠎ᠤᠨ ᠵᠶ᠋ᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶ᠋ᠢᠭ᠎ᠠ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ ᠡᠷᠡᠰ ᠳᠡᠮᠵᠢᠯᠴᠡᠵᠦ᠂ ᠲᠤᠰ ᠲᠤᠰ᠎ᠤᠨ ᠵᠶ᠋ᠠᠨ ᠡᠵᠡᠨ ᠮᠡᠳᠡᠬᠦ ᠡᠷᠬᠡ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠬᠠᠮᠠᠭ᠋ᠠᠯᠠᠶ᠎ᠠ᠃ ᠬᠤᠶᠠᠷ ᠲᠠᠯ᠎ᠠ᠎ᠪᠠᠷ ᠵᠶ᠋ᠠᠨ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠬᠠᠮᠲᠤᠷᠠᠯᠴᠠᠭ᠋ᠠᠨ᠎ᠤ ᠲᠥᠯᠦᠪᠵᠢᠭᠦᠯᠭᠡ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭ᠋ᠠᠰᠤᠨ᠎ᠤ ᠦᠢ᠍ᠯᠡᠰ᠂ ᠠᠵᠤ ᠦᠢ᠍ᠯᠡᠰ᠎ᠤᠨ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠪᠣᠬᠢᠷᠳᠤᠯ ᠦᠭᠡᠢ ᠠᠭᠤᠷᠬᠠᠢ ᠵᠢᠨ ᠭᠠᠷᠤᠯᠲᠠ ᠵᠡᠷᠭᠡ ᠬᠦᠷᠢᠶᠡᠨ᠎ᠤ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠤᠳᠤᠨ ᠣᠷᠣᠨ᠂ ᠲᠤᠶ᠋ᠢᠯ᠎ᠤᠨ ᠣᠷᠣᠨ᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠡᠮ ᠡᠮᠨᠡᠯᠭᠡ᠂ ᠲᠣᠭ᠋ᠠᠴᠢᠯᠠᠭᠰᠠᠨ ᠠᠵᠤ ᠠᠬᠤᠢ ᠵᠡᠷᠭᠡ ᠰᠢᠨ᠎ᠡ ᠨᠡᠮᠡᠭᠳᠡᠯ᠎ᠤᠨ ᠴᠡᠭ᠎ᠢ ᠪᠣᠶ᠋ᠢᠵᠢᠭᠤᠯᠤᠶᠠ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠴᠢᠯᠢ᠎ᠳᠤ ᠬᠦᠷᠴᠦ ᠪᠡᠯᠡ ᠣᠷᠣᠭᠤᠯᠤᠨ ᠦᠢ᠍ᠯᠡᠰ ᠵᠶ᠋ᠠᠨ ᠮᠠᠨᠳᠤᠭᠤᠯᠬᠤ ᠵᠢ ᠳᠡᠮᠵᠢᠨ᠎ᠠ᠂ ᠴᠢᠯᠢ ᠵᠢᠨ ᠨᠡᠩ ᠤᠯᠠᠨ ᠴᠢᠨᠠᠷ ᠰᠠᠶ᠋ᠢᠲᠠᠢ ᠪᠦᠲᠦᠭᠡᠭᠳᠡᠬᠦᠨ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠤ ᠣᠷᠣᠵᠤ ᠢᠷᠡᠬᠦ ᠵᠢ ᠪᠠᠶᠠᠷᠯᠠᠨ ᠤᠭᠲᠤᠵᠤ ᠪᠠᠶ᠋ᠢᠨ᠎ᠠ᠃ ᠬᠤᠶᠠᠷ ᠲᠠᠯ᠎ᠠ᠎ᠪᠠᠷ ᠵᠶ᠋ᠠᠨ ᠪᠣᠯᠪᠠᠰᠤᠨ ᠵᠶ᠋ᠠᠨ ᠬᠠᠷᠢᠯᠴᠠᠨ ᠲᠣᠯᠢᠳᠠᠬᠤ᠎ᠪᠠᠨ ᠴᠢᠩᠭ᠋ᠠᠳᠬᠠᠵᠤ᠂ ᠰᠤᠷᠭ᠋ᠠᠨ ᠬᠥᠮᠦᠵᠢᠯ᠂ ᠰᠣᠶᠣᠯ᠂ ᠵᠠᠭᠤᠴᠢᠯᠠᠭᠤᠷ᠂ ᠵᠠᠯᠠᠭᠤᠴᠤᠳ ᠵᠡᠷᠭᠡ ᠵᠢᠨ ᠰᠣᠯᠢᠯᠴᠠᠭ᠋ᠠᠨ᠎ᠤ ᠠᠵᠢᠯᠯᠠᠭ᠎ᠠ ᠵᠢ ᠰᠠᠶ᠋ᠢᠲᠤᠷ ᠥᠷᠨᠢᠭᠦᠯᠵᠦ᠂ ᠬᠥᠮᠥᠰ᠎ᠤᠨ ᠶᠠᠪᠤᠯᠴᠠᠭ᠎ᠠ᠎ᠳᠤ ᠲᠦᠭᠦᠮ ᠦᠵᠡᠭᠦᠯᠵᠦ᠂ ᠬᠤᠶᠠᠷ ᠤᠯᠤᠰ᠎ᠤᠨ ᠬᠠᠷᠢᠯᠴᠠᠭ᠋ᠠᠨ᠎ᠤ ᠠᠯᠤᠰ ᠭᠡᠳᠤ ᠵᠢᠨ ᠬᠥᠭᠵᠢᠯᠲᠡ᠎ᠳᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠷᠠᠳ᠎ᠤᠨ ᠰᠠᠨᠠᠭ᠋ᠠᠨ᠎ᠤ ᠰᠠᠭᠤᠷᠢ ᠵᠢ ᠲᠠᠯᠪᠢᠵᠤ ᠥᠭᠭᠦᠶ᠎ᠡ᠃ ᠣᠳᠣᠬᠠᠨ᠎ᠳᠤ᠂ ᠳᠡᠯᠡᠬᠡᠢ ᠵᠢᠨ ᠪᠠᠶ᠋ᠢᠳᠠᠯ ᠬᠤᠪᠢᠷᠠᠯᠲᠠ ᠬᠥᠷᠪᠡᠭᠡᠨ ᠰᠣᠯᠪᠢᠴᠠᠵᠤ᠂ ᠭᠠᠭᠴᠠ ᠲᠠᠯᠠᠲᠤ ᠦᠵᠡᠯ᠂ ᠬᠠᠮᠠᠭ᠋ᠠᠯᠠᠬᠤ ᠦᠵᠡᠯ᠎ᠤᠨ ᠰᠥᠷᠭᠡᠦ ᠤᠷᠤᠰᠬᠠᠯ ᠭᠠᠷᠴᠤ᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠡᠮᠬᠢ ᠳᠢᠭᠯᠢᠮ᠎ᠳᠤ ᠬᠦᠨᠳᠦ ᠨᠣᠴᠢᠲᠠᠢ ᠳᠠᠭ᠋ᠠᠷᠢᠯᠲᠠ ᠤᠴᠠᠷᠠᠭᠤᠯᠵᠤ ᠪᠠᠶ᠋ᠢᠨ᠎ᠠ᠃ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶᠠᠨ᠎ᠤ ᠡᠷᠡᠰ ᠪᠠᠲᠤ ᠬᠠᠮᠠᠭ᠋ᠠᠯᠠᠭᠴᠢ ᠪᠣᠯᠤᠭᠰᠠᠨ᠎ᠤ ᠬᠤᠪᠢ᠎ᠳᠤ ᠳᠤᠮᠳᠠᠳᠤ ᠴᠢᠯᠢ ᠤᠯᠠᠨ ᠲᠠᠯᠠᠲᠤ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠶ᠎ᠠ ᠭᠡᠵᠦ ᠴᠢᠬᠤᠯᠠᠴᠢᠯᠠᠪᠠ᠃
ᠪᠦᠸᠧᠯᠢᠴᠢ᠂ ᠴᠢᠯᠢ ᠳᠤᠮᠳᠠᠳᠤ ᠤᠯᠤᠰ᠎ᠯᠤᠭ᠎ᠠ ᠵᠢᠨ ᠬᠠᠷᠢᠯᠴᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠃ ᠳᠤᠮᠳᠠᠳᠤ ᠤᠯᠤᠰ ᠨᠢᠭᠡᠨᠲᠡ ᠴᠢᠯᠢ ᠵᠢᠨ ᠬᠠᠮᠤᠭ᠎ᠤᠨ ᠴᠢᠬᠤᠯᠠ ᠠᠷᠠᠯᠵᠢᠶᠠᠨ᠎ᠤ ᠬᠠᠨᠢᠲᠠᠨ ᠪᠣᠯᠵᠤ᠂ ᠬᠤᠶᠠᠷ ᠲᠠᠯ᠎ᠠ ᠵᠢᠨ ᠬᠠᠮᠲᠤᠷᠠᠯᠴᠠᠭ᠎ᠠ᠎ᠨᠢ ᠬᠤᠶᠠᠷ ᠤᠯᠤᠰ᠎ᠤᠨ ᠠᠷᠠᠳ ᠲᠦᠮᠡᠨ᠎ᠳᠤ ᠪᠤᠶᠠᠨ ᠦᠢ᠍ᠯᠡᠳᠴᠡᠢ᠃ ᠴᠢᠯᠢ ᠵᠢᠨ᠎ᠬᠢᠨ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠡᠷᠡᠰ ᠪᠠᠷᠢᠮᠲᠠᠯᠠᠵᠤ᠂ ᠳᠤᠮᠳᠠᠳᠤ ᠤᠯᠤᠰ᠎ᠯᠤᠭ᠎ᠠ ᠠᠷᠠᠯᠵᠢᠶ᠎ᠠ᠂ ᠪᠡᠯᠡ ᠣᠷᠣᠭᠤᠯᠤᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠥᠷᠭᠡᠳᠬᠡᠵᠦ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠵᠤ᠂ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠨᠢᠭᠲᠠᠷᠠᠭᠤᠯᠵᠤ᠂ ᠴᠢᠯᠢ ᠳᠤᠮᠳᠠᠳᠤ ᠵᠢᠨ ᠬᠠᠷᠢᠯᠴᠠᠭ᠎ᠠ ᠵᠢᠨ ᠨᠡᠩ ᠤᠯᠠᠨ ᠦᠨᠡᠨ ᠪᠣᠳᠠᠲᠠᠢ ᠦᠷ᠎ᠡ ᠪᠦᠲᠦᠭᠡᠯ ᠣᠯᠬᠤ ᠵᠢ ᠠᠬᠢᠭᠤᠯᠬᠤ ᠵᠢ ᠬᠦᠰᠡᠵᠦ ᠪᠠᠶ᠋ᠢᠨ᠎ᠠ᠃ ᠡᠯ᠎ᠡ ᠤᠯᠤᠰ ᠴᠢᠯᠦᠭᠡᠲᠦ ᠠᠷᠠᠯᠵᠢᠶ᠎ᠠ ᠪᠣᠯᠣᠨ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠲᠡᠭᠦ ᠵᠢ ᠪᠠᠷᠢᠮᠲᠠᠯᠠᠪᠠᠯ ᠵᠣᠬᠢᠨ᠎ᠠ᠂ ᠠᠷᠠᠯᠵᠢᠶ᠎ᠠ᠎ᠨᠢ ᠵᠥᠪᠭᠡᠨ ᠨᠢᠭᠡ ᠤᠯᠤᠰ᠎ᠤᠨ ᠬᠤᠪᠢ ᠵᠢᠨ ᠠᠰᠢᠭ ᠲᠤᠰᠠ᠎ᠳᠤ ᠦᠢ᠍ᠯᠡᠴᠢᠯᠡᠵᠦ ᠪᠤᠯᠬᠤ ᠦᠭᠡᠢ᠂ ᠠᠷᠠᠯᠵᠢᠶᠠᠨ᠎ᠤ ᠳᠠᠶ᠋ᠢᠨ ᠡᠭᠦᠰᠬᠡᠪᠡᠯ ᠭᠠᠷᠬᠤ ᠵᠠᠮ ᠦᠭᠡᠢ ᠶᠤᠮ᠃ ᠴᠢᠯᠢ ᠵᠢᠨ᠎ᠬᠢᠨ ᠳᠤᠷᠠᠲᠠᠶ᠎ᠠ ᠳᠤᠮᠳᠠᠳᠤ ᠤᠯᠤᠰ᠎ᠲᠠᠢ ᠬᠠᠮᠲᠤ᠎ᠪᠠᠷ ᠤᠯᠠᠨ ᠲᠠᠯᠠᠲᠤ ᠦᠵᠡᠯ ᠪᠣᠯᠣᠨ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠡᠷᠬᠡ ᠰᠦᠷ᠎ᠢ ᠡᠷᠡᠰ ᠬᠠᠮᠠᠭ᠋ᠠᠯᠠᠵᠤ᠂ ᠶᠠᠷᠢᠯᠴᠠᠭ᠎ᠠ᠎ᠪᠠᠷ ᠳᠠᠮᠵᠢᠨ ᠵᠥᠷᠢᠯᠳᠦᠭᠡᠨ ᠵᠶ᠋ᠠᠨ ᠰᠢᠢ᠍ᠳᠪᠦᠷᠢᠯᠡᠬᠦ ᠵᠢ ᠪᠠᠷᠢᠮᠲᠠᠯᠠᠵᠤ᠂ ᠳᠡᠯᠡᠬᠡᠢ ᠵᠢᠨ ᠲᠥᠪ ᠭᠤᠣᠯᠴᠢ ᠰᠢᠳᠤᠷᠭᠤ ᠶᠣᠰᠣ ᠵᠢ ᠬᠠᠮᠲᠤ᠎ᠪᠠᠷ ᠬᠠᠮᠠᠭ᠋ᠠᠯᠠᠨ᠎ᠠ ᠭᠡᠵᠦ ᠢᠯᠡᠳᠬᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃
ᠪᠦᠸᠧᠯᠢᠴᠢ ᠳᠤᠮᠳᠠᠳᠤ ᠤᠯᠤᠰ᠎ᠲᠤ ᠠᠶ᠋ᠢᠯᠴᠢᠯᠠᠬᠤ ᠬᠤᠭᠤᠴᠠᠭ᠋ᠠᠨ᠎ᠳᠤ᠂ ᠬᠤᠶᠠᠷ ᠲᠠᠯ᠎ᠠ᠎ᠪᠠᠷ ᠵᠶ᠋ᠠᠨ ᠠᠵᠤ ᠠᠬᠤᠢ᠂ ᠬᠡᠪᠯᠡᠯ᠂ ᠰᠢᠯᠭ᠋ᠠᠨ ᠪᠠᠶ᠋ᠢᠴᠠᠭ᠋ᠠᠬᠤ ᠬᠢᠵᠢᠭ ᠪᠠᠶ᠋ᠢᠴᠠᠭ᠋ᠠᠬᠤ᠂ ᠵᠠᠭᠤᠴᠢᠯᠠᠭᠤᠷ᠎ᠤᠨ ᠤᠶᠤᠨ᠎ᠤ ᠬᠥᠮᠥᠷᠭᠡ ᠵᠡᠷᠭᠡ ᠬᠦᠷᠢᠶᠡᠨ᠎ᠤ ᠤᠯᠠᠨ ᠵᠦᠢ᠍ᠯ᠎ᠤᠨ ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠪᠠ᠃