ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠺᠣᠯᠣᠮᠪᠢᠶ᠎ᠠ ᠵᠢᠨ ᠶᠡᠷᠦᠩᠬᠡᠶ᠋ᠢᠯᠡᠭᠴᠢ ᠫᠤᠳ᠋ᠷᠤ᠋᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2025-05-23

   ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 14᠎ᠤ ᠴᠠᠭᠢᠯᠭ᠋ᠠᠨ ᠮᠡᠳᠡᠭᠡ 5 ᠰᠠᠷ᠎ᠠ ᠵᠢᠨ 14᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠳᠤ ᠣᠷᠤᠯᠴᠠᠬᠤ᠎ᠪᠠᠷ ᠢᠷᠡᠭᠰᠡᠨ ᠺᠣᠯᠣᠮᠪᠢᠶ᠎ᠠ ᠵᠢᠨ ᠶᠡᠷᠦᠩᠬᠡᠶ᠋ᠢᠯᠡᠭᠴᠢ ᠫᠤᠳ᠋ᠷᠤ᠋᠎ᠲᠠᠢ ᠠᠭᠤᠯᠵᠠᠪᠠ᠃

5.14-5-1图.jpg

   


    5 ᠰᠠᠷ᠎ᠠ ᠵᠢᠨ 14᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠠᠰ᠎ᠤᠨ ᠬᠤᠷᠠᠯ᠎ᠳᠤ ᠣᠷᠤᠯᠴᠠᠬᠤ᠎ᠪᠠᠷ ᠢᠷᠡᠭᠰᠡᠨ ᠺᠣᠯᠣᠮᠪᠢᠶ᠎ᠠ ᠵᠢᠨ ᠶᠡᠷᠦᠩᠬᠡᠶ᠋ᠢᠯᠡᠭᠴᠢ ᠫᠤᠳ᠋ᠷᠤ᠋᠎ᠲᠠᠢ ᠠᠭᠤᠯᠵᠠᠪᠠ᠃ (ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠬᠤᠸᠠᠩ ᠵᠢᠩ ᠸᠧᠨ ᠰᠡᠭᠦᠳᠡᠷᠯᠡᠪᠡ)
    ᠰᠢ ᠵᠢᠨ ᠫᠢᠩ᠂ ᠺᠣᠯᠣᠮᠪᠢᠶ᠎ᠠ ᠪᠣᠯ ᠯᠠᠲ᠋ᠢᠨ ᠠᠮᠧᠷᠢᠺᠠ ᠲᠢᠪ᠎ᠤᠨ ᠴᠢᠬᠤᠯᠠ ᠤᠯᠤᠰ ᠮᠥᠨ᠂ ᠳᠤᠮᠳᠠᠳᠤ ᠤᠯᠤᠰ ᠢᠮᠠᠭᠲᠠ ᠪᠠᠶ᠋ᠢᠯᠳᠤᠬᠤ ᠪᠣᠳᠣᠯᠭ᠎ᠠ ᠵᠢᠨ ᠥᠨᠳᠥᠷᠴᠡ ᠪᠠ ᠠᠯᠤᠰ ᠭᠡᠲᠦ ᠵᠢᠨ ᠬᠠᠷᠠᠭ᠋ᠠᠰᠤ᠎ᠠᠴᠠ ᠬᠤᠶᠠᠷ ᠤᠯᠤᠰ᠎ᠤᠨ ᠬᠠᠷᠢᠯᠴᠠᠭ᠎ᠠ ᠵᠢ ᠬᠥᠭᠵᠢᠭᠦᠯᠬᠦ᠎ᠳᠤ ᠬᠠᠨᠳᠤᠭᠰᠠᠭ᠋ᠠᠷ ᠢᠷᠡᠭᠰᠡᠨ ᠶᠤᠮ᠃ ᠡᠨᠡ ᠵᠢᠯ ᠪᠣᠯ ᠳᠤᠮᠳᠠᠳᠤ ᠺᠣᠯᠣᠮᠪᠢᠶ᠎ᠠ ᠵᠢᠨ ᠬᠠᠷᠢᠯᠴᠠᠭ᠎ᠠ ᠪᠠᠶ᠋ᠢᠭᠤᠯᠤᠭᠰᠠᠨ 45 ᠵᠢᠯ᠎ᠤᠨ ᠤᠢ ᠪᠣᠯᠣᠨ᠎ᠠ᠃ ᠰᠢᠨ᠎ᠡ ᠲᠡᠦᠬᠡ ᠵᠢᠨ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠵᠢᠨ᠎ᠬᠢᠨ᠎ᠲᠠᠢ ᠬᠠᠮᠲᠤ᠎ᠪᠠᠷ ᠴᠢᠷᠮᠠᠶ᠋ᠢᠵᠤ᠂ ᠬᠤᠶᠠᠷ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠨᠡᠩ ᠶᠡᠭᠡ ᠬᠥᠭᠵᠢᠯᠲᠡ᠎ᠲᠠᠢ ᠪᠤᠯᠬᠤ ᠵᠢ ᠠᠬᠢᠭᠤᠯᠵᠤ᠂ ᠬᠤᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠶ᠋ᠢᠨ ᠪᠤᠶᠠᠨ ᠦᠢ᠍ᠯᠡᠳᠦᠨ᠎ᠡ᠃ ᠬᠤᠶᠠᠷ ᠲᠠᠯ᠎ᠠ᠎ᠪᠠᠷ ᠵᠶ᠋ᠠᠨ ᠤᠯᠤᠰ ᠲᠦᠷᠦ ᠵᠢᠨ ᠢᠲᠡᠭᠡᠯᠴᠡᠭᠡ᠎ᠪᠠᠨ ᠪᠠᠬᠢᠵᠢᠭᠦᠯᠵᠦ᠂ ᠪᠠᠶ᠋ᠢᠯᠳᠤᠬᠤ ᠪᠣᠳᠣᠯᠭ᠎ᠠ ᠵᠢᠨ ᠣᠯᠣᠯᠴᠠᠭ᠎ᠠ᠎ᠪᠠᠨ ᠴᠢᠩᠭ᠋ᠠᠳᠬᠠᠵᠤ᠂ ᠬᠤᠶᠠᠷ ᠲᠠᠯ᠎ᠠ ᠵᠢᠨ ᠬᠠᠷᠢᠯᠴᠠᠭ᠋ᠠᠨ᠎ᠤ ᠬᠥᠭᠵᠢᠯᠲᠡ ᠵᠢᠨ ᠴᠢᠭᠯᠡᠯ᠎ᠢ ᠪᠠᠲᠤ ᠡᠵᠡᠮᠳᠡᠶ᠎ᠡ᠃ ᠺᠣᠯᠣᠮᠪᠢᠶ᠎ᠠ ᠵᠢᠨ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠲᠣᠮᠣ ᠭᠡᠷ ᠪᠦᠯᠢ᠎ᠳᠤ ᠵᠢᠩᠬᠢᠨᠢ᠎ᠪᠠᠷ ᠣᠷᠣᠯᠴᠠᠬᠰᠠᠨ ᠵᠶ᠋ᠠᠷ ᠠᠵᠠ ᠲᠣᠭᠢᠶᠠᠯ ᠪᠤᠯᠭ᠋ᠠᠵᠤ᠂ ᠬᠤᠶᠠᠷ ᠤᠯᠤᠰ᠎ᠤᠨ ᠬᠠᠮᠲᠤᠷᠠᠯᠴᠠᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠲᠡᠰ ᠳᠡᠪᠰᠢᠭᠦᠯᠬᠦ ᠵᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠵᠢᠨ ᠨᠡᠩ ᠤᠯᠠᠨ ᠰᠢᠯᠢᠳᠡᠭ ᠦᠢ᠍ᠯᠡᠳᠬᠦᠨ᠎ᠢ ᠣᠷᠣᠭᠤᠯᠵᠤ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠺᠣᠯᠣᠮᠪᠢᠶ᠎ᠠ᠎ᠳᠤ ᠬᠦᠷᠴᠦ ᠪᠡᠯᠡ ᠣᠷᠣᠭᠤᠯᠤᠨ ᠦᠢ᠍ᠯᠡᠰ ᠪᠣᠰᠬᠠᠵᠤ᠂ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠣᠷᠤᠯᠴᠠᠬᠤ ᠵᠢ ᠲᠡᠮᠵᠢᠨ᠎ᠡ᠃ ᠬᠤᠶᠠᠷ ᠲᠠᠯ᠎ᠠ᠎ᠪᠠᠷ ᠵᠶ᠋ᠠᠨ ᠰᠠᠯᠬᠢᠨ ᠡᠨᠧᠷᠭᠢ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠲᠣᠭ᠋ᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ᠎ᠪᠠᠷ ᠮᠠᠨᠳᠤᠭᠰᠠᠨ ᠬᠦᠷᠢᠶᠡᠨ᠎ᠤ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠥᠷᠭᠡᠳᠬᠡᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠬᠠᠮᠲᠤ᠎ᠪᠠᠷ ᠪᠡᠶᠡᠯᠡᠭᠦᠯᠦᠶ᠎ᠡ᠃ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 45 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ ᠵᠢ ᠰᠠᠶ᠋ᠢᠲᠤᠷ ᠡᠷᠭᠢᠯᠡᠵᠦ᠂ ᠰᠤᠷᠭ᠋ᠠᠨ ᠬᠥᠮᠦᠵᠢᠯ᠂ ᠰᠣᠶᠣᠯ᠂ ᠵᠢᠭᠤᠯᠴᠢᠯᠠᠯ ᠵᠡᠷᠭᠡ ᠬᠦᠷᠢᠶᠡᠨ᠎ᠤ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠨᠢᠭᠲᠠᠷᠠᠭᠤᠯᠵᠤ᠂ ᠬᠤᠶᠠᠷ ᠤᠯᠤᠰ᠎ᠤᠨ ᠨᠥᠬᠦᠷᠯᠡᠯ᠎ᠤᠨ ᠠᠷᠠᠳ᠎ᠤᠨ ᠰᠠᠨᠠᠭ᠋ᠠᠨ᠎ᠤ ᠰᠠᠭᠤᠷᠢ ᠵᠢ ᠪᠠᠬᠢᠵᠢᠭᠦᠯᠦᠶ᠎ᠡ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤᠷᠠᠯᠴᠠᠭ᠎ᠠ ᠪᠣᠯ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤᠷᠠᠯᠴᠠᠭ᠋ᠠᠨ᠎ᠤ ᠴᠢᠬᠤᠯᠠ ᠪᠦᠷᠢᠯᠳᠦᠭᠦᠨ ᠬᠡᠰᠡᠭ ᠪᠠᠶ᠋ᠢᠵᠤ᠂ ᠳᠡᠯᠡᠬᠡᠢ ᠵᠢᠨ ᠬᠥᠭᠵᠢᠯᠲᠡ ᠵᠢᠨ ᠶᠡᠭᠡ ᠬᠠᠨᠳᠤᠰᠢ ᠪᠣᠯᠣᠨ ᠲᠡᠦᠬᠡ ᠵᠢᠨ ᠤᠷᠤᠰᠬᠠᠯ᠎ᠢ ᠳᠠᠭ᠋ᠠᠵᠤ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ᠎ᠤᠨ ᠤᠯᠤᠰ᠎ᠤᠳ᠎ᠤᠨ ᠬᠠᠮᠲᠤ ᠵᠢᠨ ᠠᠰᠢᠭ ᠲᠤᠰᠠ᠎ᠳᠤ ᠨᠡᠶ᠋ᠢᠴᠡᠵᠦ ᠪᠠᠶ᠋ᠢᠨ᠎ᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ ᠠᠮᠵᠢᠯᠲᠠ᠎ᠲᠠᠢ ᠬᠤᠷᠠᠯᠳᠤᠵᠤ᠂ ᠳᠡᠯᠡᠬᠡᠢ ᠳ᠋ᠠᠬᠢᠨ᠎ᠳᠤ ᠬᠥᠭᠵᠢᠯ ᠮᠠᠨᠳᠤᠯ᠎ᠢ ᠬᠠᠮᠲᠤ᠎ᠪᠠᠷ ᠰᠦᠪᠡᠭᠴᠢᠯᠡᠬᠦ ᠢᠳᠡᠪᠬᠢᠲᠡᠢ ᠳᠣᠬᠢᠶ᠎ᠠ ᠵᠢ ᠲᠠᠯᠪᠢᠵᠠᠢ᠃ ᠺᠣᠯᠣᠮᠪᠢᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ ᠬᠤᠷᠠᠯ᠎ᠢ ᠠᠮᠵᠢᠯᠲᠠ᠎ᠲᠠᠢ ᠡᠷᠭᠢᠯᠡᠭᠦ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠵᠢ ᠪᠠᠭᠲᠠᠭ᠋ᠠᠭᠰᠠᠨ ᠯᠠᠲ᠋ᠢᠨ ᠠᠮᠧᠷᠢᠺᠠ ᠵᠢᠨ ᠤᠯᠤᠰ᠎ᠤᠳ᠎ᠲᠠᠢ ᠬᠠᠮᠲᠤ᠎ᠪᠠᠷ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠠᠷᠠᠳ ᠲᠦᠮᠡᠨ᠎ᠳᠤ ᠨᠡᠩ ᠰᠠᠶ᠋ᠢᠨ ᠪᠤᠶᠠᠨ ᠦᠢ᠍ᠯᠡᠳᠦᠨ᠎ᠡ ᠭᠡᠵᠦ ᠴᠢᠬᠤᠯᠠᠴᠢᠯᠠᠪᠠ᠃
    ᠫᠤᠳ᠋ᠷᠤ᠋᠂ ᠺᠣᠯᠣᠮᠪᠢᠶ᠎ᠠ ᠪᠣᠯᠣᠨ ᠳᠤᠮᠳᠠᠳᠤ ᠤᠯᠤᠰ᠎ᠤᠨ ᠨᠥᠭᠦᠷᠰᠡᠭ ᠬᠠᠷᠢᠯᠴᠠᠭ᠎ᠠ ᠥᠨᠢ ᠤᠳᠠᠭ᠋ᠠᠨ ᠲᠡᠦᠬᠡ᠎ᠲᠠᠢ ᠶᠤᠮ᠂ ᠺᠣᠯᠣᠮᠪᠢᠶ᠎ᠠ ᠵᠢᠨ᠎ᠬᠢᠨ ᠳᠤᠮᠳᠠᠳᠤ ᠤᠯᠤᠰ᠎ᠯᠤᠭ᠎ᠠ ᠵᠢᠨ ᠬᠠᠷᠢᠯᠴᠠᠭ᠎ᠠ᠎ᠪᠠᠨ ᠭᠦᠨᠵᠡᠭᠡᠢ ᠬᠥᠭᠵᠢᠭᠦᠯᠬᠦ ᠵᠢ ᠬᠦᠰᠡᠵᠦ ᠪᠠᠶ᠋ᠢᠨ᠎ᠠ᠃ ᠬᠤᠶᠠᠷ ᠲᠠᠯ᠎ᠠ᠎ᠪᠠᠷ ᠵᠶ᠋ᠠᠨ ᠤᠯᠤᠰ ᠲᠦᠷᠦ ᠵᠢᠨ ᠢᠲᠡᠭᠡᠯᠴᠡᠭᠡ᠎ᠪᠠᠨ ᠭᠦᠨᠵᠡᠭᠡᠶ᠋ᠢᠷᠡᠭᠦᠯᠵᠦ᠂ ᠬᠠᠷᠢᠯᠴᠠᠨ ᠳᠡᠮᠵᠢᠬᠦ᠎ᠪᠠᠨ ᠴᠢᠩᠭ᠋ᠠᠳᠬᠠᠶ᠎ᠠ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠵᠤ᠂ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠰᠢᠨ᠎ᠡ ᠡᠨᠧᠷᠭᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠥᠷᠭᠡᠳᠬᠡᠵᠦ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠤᠶ᠎ᠠ᠃ ᠣᠳᠣᠬᠠᠨ᠎ᠳᠤ᠂ ᠳᠡᠯᠡᠬᠡᠢ ᠵᠢᠨ ᠪᠠᠶ᠋ᠢᠳᠠᠯ ᠡᠭᠡᠳᠡᠷᠡᠭᠡᠨ ᠪᠤᠳᠤᠯᠢᠶᠠᠨᠲᠠᠢ ᠬᠤᠪᠢᠰᠤᠯᠲᠠ ᠶᠡᠬᠡᠲᠡᠢ ᠪᠠᠶ᠋ᠢᠵᠤ᠂ ᠣᠨᠴᠠ ᠵᠠᠷᠢᠮ ᠤᠯᠤᠰ᠎ᠤᠨ ᠠᠰᠢᠭ᠎ᠲᠤ ᠰᠢᠨᠤᠬᠠᠶ᠋ᠢᠷᠠᠬᠤ ᠬᠢᠳᠡᠯ᠎ᠨᠢ ᠳᠡᠯᠡᠬᠡᠢ ᠳ᠋ᠠᠬᠢᠨ᠎ᠳᠤ ᠠᠰᠢᠭ ᠦᠭᠡᠢ ᠪᠠᠶ᠋ᠢᠵᠤ᠂ ᠡᠯ᠎ᠡ ᠤᠯᠤᠰ ᠪᠦᠯᠬᠦᠮᠳᠡᠨ ᠠᠷᠭ᠋ᠠᠴᠠᠭ᠋ᠠᠪᠠᠯ ᠵᠣᠬᠢᠨ᠎ᠠ᠃ ᠺᠣᠯᠣᠮᠪᠢᠶ᠎ᠠ ᠵᠢᠨ᠎ᠬᠢᠨ ᠳᠤᠷᠠᠲᠠᠶ᠎ᠠ ᠳᠤᠮᠳᠠᠳᠤ ᠤᠯᠤᠰ᠎ᠲᠠᠢ ᠨᠢᠭᠲᠠ ᠬᠠᠮᠵᠢᠯᠴᠠᠵᠤ᠂ ᠳᠡᠯᠡᠬᠡᠢ ᠵᠢᠨ ᠲᠥᠪ ᠭᠤᠣᠯᠴᠢ ᠰᠢᠳᠤᠷᠭᠤ ᠶᠣᠰᠣ ᠵᠢ ᠬᠠᠮᠠᠭ᠋ᠠᠯᠠᠵᠤ᠂ ᠬᠥᠭᠵᠢᠵᠦ ᠪᠠᠶ᠋ᠢᠭ᠎ᠠ ᠤᠯᠤᠰ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠨ᠎ᠠ ᠭᠡᠵᠦ ᠢᠯᠡᠳᠬᠡᠪᠡ᠃
    ᠠᠭᠤᠯᠵᠠᠯᠲᠠ ᠵᠢᠨ ᠳᠠᠷᠠᠭ᠎ᠠ᠂ ᠬᠤᠶᠠᠷ ᠤᠯᠤᠰ᠎ᠤᠨ ᠲᠡᠷᠢᠭᠦᠨ 《ᠲᠣᠷᠭ᠋ᠠᠨ ᠵᠠᠮ᠎ᠤᠨ ᠠᠵᠤ ᠠᠬᠤᠢ ᠵᠢᠨ ᠪᠦᠰᠡ ᠪᠣᠯᠣᠨ 21 ᠳ᠋ᠦ᠍ᠭᠡᠷ ᠵᠠᠭᠤᠨ᠎ᠤ ᠳᠠᠯᠠᠶ ᠳᠡᠭᠡᠷᠡᠬᠢ ᠲᠣᠷᠭ᠋ᠠᠨ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠬᠠᠮᠲᠤ᠎ᠪᠠᠷ ᠠᠬᠢᠭᠤᠯᠬᠤ ᠲᠤᠬᠠᠢ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ ᠪᠣᠯᠣᠨ ᠪᠦᠭᠦᠳᠡ ᠨᠠᠶ᠋ᠢᠷᠠᠮᠳᠠᠬᠤ ᠺᠣᠯᠣᠮᠪᠢᠶ᠎ᠠ ᠤᠯᠤᠰ᠎ᠤᠨ ᠵᠠᠰᠠᠭ᠎ᠤᠨ ᠣᠷᠳᠣᠨ᠎ᠤ ᠬᠠᠮᠲᠤᠷᠠᠯᠴᠠᠭ᠋ᠠᠨ᠎ᠤ ᠲᠥᠯᠦᠪᠵᠢᠭᠦᠯᠭᠡ》᠎ᠳᠤ ᠭᠠᠷ᠎ᠤᠨ ᠦᠰᠦᠭ ᠵᠢᠷᠤᠬᠤ ᠵᠢ ᠬᠠᠮᠲᠤ᠎ᠪᠠᠷ ᠭᠡᠷᠡᠴᠢᠯᠡᠪᠡ᠃
    ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃
   
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠳᠤᠮᠳᠠᠳᠤ ᠤᠯᠤᠰ᠎ᠤᠨ ᠳ᠋ᠠᠨᠮᠠᠷᠺ᠎ᠤᠨ ᠬᠤᠳᠠᠯᠳᠤᠭ᠋ᠠᠴᠢᠳ᠎ᠤᠨ ᠨᠡᠶ᠋ᠢᠭᠡᠮᠯᠢᠭ᠎ᠤᠨ ᠬᠠᠷᠢᠭᠤᠴᠠᠯᠭ᠋ᠠᠲᠠᠨ᠎ᠳᠤ ᠬᠠᠷᠢᠭᠤ ᠵᠠᠬᠢᠳᠠᠯ ᠢᠯᠡᠭᠡᠪᠡ
ᠰᠢ ᠵᠢᠨ ᠫᠢᠩ ᠳᠤᠭᠤ᠋ ᠵᠢᠨ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠤᠳᠤᠷᠢᠳᠬᠤ ᠬᠥᠮᠥᠨ᠎ᠳᠤ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠯᠲᠡ ᠦᠭᠡᠢ ᠨᠠᠶ᠋ᠢᠳᠠᠪᠤᠷᠢᠵᠢᠭᠤᠯᠵᠤ ᠰᠢᠯᠢᠳᠡᠭ ᠨᠠᠮ᠎ᠤᠨ ᠰᠤᠷᠲᠠᠯ ᠵᠶ᠋ᠠᠷ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠬᠥᠲᠥᠯᠥᠨ ᠳᠠᠭ᠋ᠠᠭᠤᠯᠬᠤ ᠬᠡᠷᠡᠭᠲᠡᠢ
《ᠨᠠᠮ ᠵᠠᠰᠠᠭ᠎ᠤᠨ ᠪᠠᠶ᠋ᠢᠭᠤᠯᠭ᠎ᠠ ᠵᠢᠨ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠳᠦᠷᠢᠮ》᠎ᠢ ᠳᠠᠷᠤᠮᠠᠯᠯᠠᠨ ᠲᠠᠷᠬᠠᠭ᠋ᠠᠪᠠ
ᠰᠢ ᠵᠢᠨ ᠫᠢᠩ 《ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ》 ᠵᠢ ᠨᠠᠶ᠋ᠢᠷᠠᠭᠤᠯᠬᠤ ᠠᠵᠢᠯ᠎ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ
 
            