ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 13᠎ᠤ ᠴᠠᠭᠢᠯᠭ᠋ᠠᠨ ᠮᠡᠳᠡᠭᠡ 5 ᠰᠠᠷ᠎ᠠ ᠵᠢᠨ 13᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠠᠬᠢ ᠤᠯᠤᠰ᠎ᠤᠨ ᠬᠤᠷᠠᠯ᠎ᠤᠨ ᠲᠥᠪ᠎ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠰᠢ ᠵᠢᠨ ᠫᠢᠩ᠂ ᠳᠤᠮᠳᠠᠳᠤ ᠤᠯᠤᠰ᠎ᠤᠨ᠎ᠬᠢᠨ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ᠎ᠬᠢᠨ᠎ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ᠎ᠢ ᠡᠬᠢᠯᠡᠭᠦᠯᠵᠦ᠂ ᠬᠥᠭᠵᠢᠯᠲᠡ ᠮᠠᠨᠳᠤᠯᠲᠠ ᠵᠢ ᠬᠠᠮᠲᠤ᠎ᠪᠠᠷ ᠰᠦᠪᠡᠭᠴᠢᠯᠡᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠪᠠᠶ᠋ᠢᠭᠤᠯᠤᠨ᠎ᠠ ᠭᠡᠵᠦ ᠨᠡᠶ᠋ᠢᠲᠡᠯᠡᠪᠡ᠃

5 ᠰᠠᠷ᠎ᠠ ᠵᠢᠨ 13᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠠᠬᠢ ᠤᠯᠤᠰ᠎ᠤᠨ ᠬᠤᠷᠠᠯ᠎ᠤᠨ ᠲᠥᠪ᠎ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ (ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠢᠨ ᠪᠦᠸᠧ ᠭᠦ᠋ ᠰᠡᠭᠦᠳᠡᠷᠯᠡᠪᠡ)
ᠵᠤᠨ᠎ᠤ ᠡᠬᠢ᠎ᠪᠠᠷ ᠡᠬᠡ ᠪᠠᠶ᠋ᠢᠭ᠋ᠠᠯᠢ ᠠᠮᠢᠵᠢᠷᠠᠯ᠎ᠤᠨ ᠬᠦᠴᠦᠨ ᠵᠶ᠋ᠠᠷ ᠪᠢᠯᠬᠠᠨ᠎ᠠ᠃ ᠤᠯᠤᠰ᠎ᠤᠨ ᠬᠤᠷᠠᠯ᠎ᠤᠨ ᠲᠥᠪ᠎ᠲᠤ ᠳᠤᠮᠳᠠᠳᠤ ᠤᠯᠤᠰ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠤᠯᠤᠰ᠎ᠤᠨ ᠲᠤᠭ ᠵᠢᠴᠢ ᠬᠤᠯᠪᠣᠭᠳᠠᠯ ᠪᠦᠬᠦᠢ ᠭᠠᠵᠠᠷ ᠣᠷᠣᠨ᠎ᠤ ᠵᠣᠬᠢᠶᠠᠨ ᠪᠠᠶ᠋ᠢᠭᠤᠯᠤᠯᠲᠠ ᠵᠢᠨ ᠲᠤᠭ ᠰᠠᠯᠬᠢᠨ᠎ᠤ ᠠᠶ᠎ᠠ᠎ᠪᠠᠷ ᠨᠠᠮᠢᠷᠠᠨ᠎ᠠ᠃
ᠰᠢ ᠵᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠵᠢᠨ ᠶᠡᠷᠦᠩᠬᠡᠶ᠋ᠢᠯᠡᠭᠴᠢ ᠫᠤᠳ᠋ᠷᠤ᠋᠂ ᠪᠷᠠᠽᠢᠯ᠎ᠤᠨ ᠶᠡᠷᠦᠩᠬᠡᠶ᠋ᠢᠯᠡᠭᠴᠢ ᠯᠦᠯᠠ᠂ ᠴᠢᠯᠢ ᠵᠢᠨ ᠶᠡᠷᠦᠩᠬᠡᠶ᠋ᠢᠯᠡᠭᠴᠢ ᠪᠦᠧᠧᠯᠢᠴᠢ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ ᠵᠢᠴᠢ ᠭᠠᠵᠠᠷ ᠣᠷᠣᠨ᠎ᠤ ᠵᠣᠬᠢᠶᠠᠨ ᠪᠠᠶ᠋ᠢᠭᠤᠯᠤᠯᠲᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠳᠠᠷᠤᠭ᠎ᠠ᠎ᠲᠠᠢ ᠳᠣᠲᠣᠨᠣ᠎ᠪᠠᠷ ᠭᠠᠷ ᠠᠳᠬᠤᠭᠰᠠᠨ ᠪᠥᠭᠡᠳ ᠬᠠᠮᠲᠤ ᠵᠢᠨ ᠰᠡᠭᠦᠳᠡᠷ ᠲᠠᠲᠠᠭᠤᠯᠪᠠ᠃
ᠬᠠᠯᠠᠭᠤᠨ ᠠᠯᠠᠭ᠎ᠠ ᠲᠡᠰᠢᠯᠲᠡ ᠵᠢᠨ ᠳᠤᠮᠳᠠ ᠰᠢ ᠵᠢᠨ ᠫᠢᠩ 《ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢ ᠪᠠᠶ᠋ᠢᠭᠤᠯᠬᠤ ᠰᠢᠨ᠎ᠡ ᠬᠠᠭᠤᠳᠠᠰᠤ ᠵᠢ ᠪᠢᠴᠢᠭᠯᠡᠶ᠎ᠡ》 ᠭᠡᠬᠦ ᠰᠡᠳᠦᠪ ᠵᠶ᠋ᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃
ᠰᠢ ᠵᠢᠨ ᠫᠢᠩ᠂ 2015 ᠣᠨ᠎ᠳᠤ ᠪᠢ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠲᠥᠯᠥᠭᠡᠯᠡᠭᠴᠢᠳ᠎ᠲᠠᠢ ᠬᠠᠮᠲᠤ᠎ᠪᠠᠷ ᠪᠡᠭᠡᠵᠢᠩ᠎ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠠᠩᠬᠠᠳᠤᠭ᠋ᠠᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ ᠪᠠᠶ᠋ᠢᠭᠤᠯᠤᠭᠳᠠᠭᠰᠠᠨ᠎ᠢ ᠲᠤᠩᠬᠠᠭᠯᠠᠪᠠ᠃ 10 ᠵᠢᠯ᠎ᠤᠨ ᠲᠤᠷᠰᠢ ᠬᠤᠶᠠᠷ ᠲᠠᠯ᠎ᠠ ᠵᠢᠨ ᠨᠢᠮᠪᠠᠢ ᠪᠣᠶ᠋ᠢᠵᠢᠭᠤᠯᠤᠯᠲᠠ ᠳᠣᠣᠷ᠎ᠠ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠨᠢ ᠨᠢᠭᠡᠨ ᠨᠢᠯᠬ᠎ᠠ ᠴᠢᠬᠢ ᠪᠠᠶ᠋ᠢᠭᠰᠠᠨ᠎ᠠᠴᠠ᠎ᠪᠠᠨ ᠲᠣᠮᠣ ᠮᠣᠳᠣ ᠪᠣᠯᠵᠤ ᠪᠣᠶ᠋ᠢᠵᠢᠭᠰᠠᠨ ᠪᠠᠶ᠋ᠢᠨ᠎ᠠ᠃ ᠬᠤᠶᠠᠷ ᠲᠠᠯ᠎ᠠ᠎ᠪᠠᠷ ᠵᠶ᠋ᠠᠨ ᠭᠠᠷ ᠬᠤᠯᠪᠣᠨ ᠮᠥᠷᠥ ᠵᠡᠷᠭᠡᠴᠡᠵᠦ᠂ ᠬᠠᠷᠢᠯᠴᠠᠨ ᠳᠡᠮᠵᠢᠵᠦ᠂ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ ᠢᠮᠠᠭᠲᠠ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠪᠠᠷᠢᠮᠲᠠᠯᠠᠵᠤ᠂ ᠲᠤᠮᠳᠠᠳᠤ ᠵᠢᠨ ᠲᠠᠯ᠎ᠠ ᠵᠢᠨ᠎ᠬᠢᠨ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠲᠤᠰ ᠤᠯᠤᠰ᠎ᠤᠨ ᠵᠶ᠋ᠠᠨ ᠪᠠᠶ᠋ᠢᠳᠠᠯ᠎ᠳᠤ ᠨᠡᠶ᠋ᠢᠴᠡᠭᠰᠡᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠡᠷᠡᠰ ᠲᠡᠮᠵᠢᠵᠥ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠤᠯᠤᠰ᠎ᠤᠨ ᠡᠷᠬᠡ ᠮᠡᠳᠡᠯ ᠪᠠ ᠲᠤᠰᠠᠭ᠋ᠠᠷ ᠲᠣᠭᠲᠠᠨᠢᠯ ᠵᠶ᠋ᠠᠨ ᠬᠠᠮᠠᠭ᠋ᠠᠯᠠᠬᠤ ᠵᠢ ᠲᠡᠮᠵᠢᠵᠥ᠂ ᠭᠠᠳᠠᠭ᠋ᠠᠳᠤ ᠵᠢᠨ᠎ᠬᠢᠨ᠎ᠤ ᠭᠠᠷ ᠲᠦᠷᠦᠭᠦ ᠵᠢ ᠡᠰᠡᠷᠭᠦᠴᠡᠪᠡ; ᠬᠤᠶᠠᠷ ᠲᠠᠯ᠎ᠠ᠎ᠪᠠᠷ ᠵᠶ᠋ᠠᠨ ᠤᠷᠤᠰᠬᠠᠯ᠎ᠤᠨ ᠡᠮᠦᠨ᠎ᠡ ᠬᠤᠰᠢᠭᠤᠷᠠᠨ᠂ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠲᠡᠵᠦ᠂ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠶᠡᠭᠡ ᠬᠠᠨᠳᠤᠰᠢ᠎ᠳᠤ ᠵᠣᠬᠢᠴᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠦᠨ ᠭᠦᠢ᠍ᠯᠭᠡᠭᠡᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢᠨ ᠲᠠᠰᠤᠷᠠᠯᠲᠠ ᠦᠭᠡᠢ ᠭᠦᠨᠵᠡᠭᠡᠶ᠋ᠢᠷᠡᠬᠦ ᠵᠢ ᠠᠬᠢᠭᠤᠯᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠪᠠ; ᠬᠤᠶᠠᠷ ᠲᠠᠯ᠎ᠠ᠎ᠪᠠᠷ ᠵᠶ᠋ᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠵᠤ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠬᠠᠮᠲᠤᠷᠠᠯᠴᠠᠭ᠎ᠠ ᠵᠢ ᠢᠳᠡᠪᠬᠢᠲᠡᠢ ᠥᠷᠨᠢᠭᠦᠯᠵᠦ᠂ ᠳᠠᠯᠠᠢ ᠵᠢᠨ ᠰᠢᠭᠤᠷᠭ᠎ᠠ᠂ ᠭᠠᠵᠠᠷ ᠬᠥᠳᠡᠯᠦᠯᠲᠡ ᠵᠡᠷᠭᠡ ᠪᠠᠶ᠋ᠢᠭ᠋ᠠᠯᠢ ᠵᠢᠨ ᠭᠠᠮᠰᠢᠭ ᠪᠠ ᠡᠷᠢᠨ ᠵᠠᠭᠤᠨ᠎ᠤ ᠬᠢᠵᠢᠭ᠎ᠤᠨ ᠪᠠᠶ᠋ᠢᠳᠠᠯ᠎ᠢ ᠭᠠᠷ ᠬᠤᠯᠪᠣᠨ ᠠᠷᠭ᠋ᠠᠴᠠᠭ᠋ᠠᠪᠠ; ᠬᠤᠶᠠᠷ ᠲᠠᠯ᠎ᠠ᠎ᠪᠠᠷ ᠵᠶ᠋ᠠᠨ ᠪᠦᠯᠬᠦᠮᠳᠡᠨ ᠬᠠᠮᠵᠢᠯᠴᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠳᠡᠯᠡᠬᠡᠢ ᠵᠢᠨ ᠲᠥᠪ ᠭᠤᠣᠯᠴᠢ ᠰᠢᠳᠤᠷᠭᠤ ᠶᠣᠰᠣ ᠵᠢ ᠬᠠᠮᠲᠤ᠎ᠪᠠᠷ ᠬᠠᠮᠠᠭ᠋ᠠᠯᠠᠵᠤ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠠᠬᠢᠭᠤᠯᠵᠤ᠂ ᠳᠡᠯᠡᠬᠡᠢ ᠵᠢᠨ ᠤᠯᠠᠨ ᠲᠤᠶ᠋ᠢᠯᠵᠢᠯ ᠪᠣᠯᠣᠨ ᠤᠯᠠᠨ ᠤᠯᠤᠰ᠎ᠤᠨ ᠬᠠᠷᠢᠯᠴᠠᠭ᠎ᠠ ᠵᠢᠨ ᠠᠷᠠᠳᠴᠢᠯᠠᠯ᠎ᠢ ᠠᠬᠢᠭᠤᠯᠪᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ ᠨᠢᠭᠡᠨᠲᠡ ᠭᠠᠷ ᠬᠤᠯᠪᠣᠨ ᠬᠠᠮᠲᠤ᠎ᠪᠠᠷ ᠤᠷᠤᠭᠰᠢᠯᠠᠬᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠤᠭᠰᠠᠨ᠎ᠢ ᠪᠣᠳᠠᠲᠤ ᠶᠠᠪᠤᠳᠠᠯ ᠭᠡᠷᠡᠴᠢᠯᠡᠪᠡ᠃ ᠲᠡᠭᠦᠨ᠎ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ᠎ᠪᠠᠷ ᠬᠠᠨᠳᠤᠯᠴᠠᠬᠤ ᠪᠣᠯᠣᠨ᠎ᠠ᠂ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠪᠣᠯᠣᠨ᠎ᠠ᠂ ᠬᠡᠬᠦᠳᠡᠭ ᠴᠡᠭᠡᠵᠢ᠎ᠳᠡᠭᠡᠨ ᠪᠠᠭᠲᠠᠭ᠋ᠠᠵᠤ ᠪᠠᠶ᠋ᠢᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭ᠋ᠠᠮᠵᠢᠲᠠᠢ᠂ ᠦᠨᠳᠦᠰᠦᠨ ᠬᠥᠭᠡᠭᠡᠴᠡᠯᠳᠦᠯ ᠪᠣᠯ ᠠᠷᠠᠳ ᠲᠦᠮᠡᠨ᠎ᠳᠤ ᠪᠤᠶᠠᠨ ᠦᠢ᠍ᠯᠡᠳᠬᠦ ᠪᠠᠶ᠋ᠢᠵᠤ᠂ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ ᠪᠠ ᠥᠷᠭᠡᠨ ᠠᠭᠤᠳᠠᠮ ᠬᠥᠭᠵᠢᠯᠲᠡ ᠵᠢᠨ ᠠᠯᠤᠰ ᠢᠷᠡᠭᠡᠳᠦᠢ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃
5 ᠰᠠᠷ᠎ᠠ ᠵᠢᠨ 13᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠠᠬᠢ ᠤᠯᠤᠰ᠎ᠤᠨ ᠬᠤᠷᠠᠯ᠎ᠤᠨ ᠲᠥᠪ᠎ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠵᠢᠷᠤᠭ ᠪᠣᠯ ᠰᠢ ᠵᠢᠨ ᠫᠢᠩ ᠪᠣᠯᠣᠨ ᠬᠤᠷᠠᠯ᠎ᠳᠤ ᠣᠷᠣᠯᠴᠠᠬᠰᠠᠨ ᠵᠣᠴᠢᠳ ᠬᠠᠮᠲᠤ ᠵᠢᠨ ᠰᠡᠭᠦᠳᠡᠷ ᠲᠠᠲᠠᠭᠤᠯᠵᠤ ᠪᠠᠶ᠋ᠢᠭ᠎ᠠ᠎ᠨᠢ᠃ (ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠳ᠋ᠢᠩ ᠬᠠᠢ ᠲᠤᠤ ᠰᠡᠭᠦᠳᠡᠷᠯᠡᠪᠡ)
ᠰᠢ ᠵᠢᠨ ᠫᠢᠩ᠂ ᠣᠳᠣᠬᠠᠨ᠎ᠳᠤ ᠳᠡᠯᠡᠬᠡᠢ ᠶᠢᠷᠲᠢᠨᠴᠦ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ ᠳᠠᠪᠬᠤᠷ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶ᠋ᠢᠨ᠎ᠠ᠃ ᠡᠯ᠎ᠡ ᠤᠯᠤᠰ ᠭᠠᠭᠴᠠ ᠬᠦ᠌ ᠪᠦᠯᠬᠦᠮᠳᠡᠨ ᠬᠠᠮᠵᠢᠯᠴᠠᠪᠠᠯ ᠰᠠᠶᠢ ᠳᠡᠯᠡᠬᠡᠢ ᠵᠢᠨ ᠡᠩᠬᠡ ᠲᠠᠶ᠋ᠢᠪᠤᠩ ᠲᠣᠭᠲᠠᠭᠤᠨ᠎ᠢ ᠬᠠᠮᠠᠭ᠋ᠠᠯᠠᠵᠤ᠂ ᠪᠦᠭᠦ ᠪᠥᠮᠪᠥᠷᠴᠡᠭ᠎ᠤᠨ ᠬᠥᠭᠵᠢᠯ ᠴᠡᠴᠡᠭᠯᠡᠯ᠎ᠢ ᠠᠬᠢᠭᠤᠯᠵᠤ ᠴᠢᠳᠠᠨ᠎ᠠ᠃ ᠪᠣᠭᠤᠮᠲᠠ ᠵᠢᠨ ᠭᠠᠶ᠋ᠢᠯᠢ ᠵᠢᠨ ᠳᠠᠶ᠋ᠢᠨ᠂ ᠠᠷᠠᠯᠵᠢᠶᠠᠨ᠎ᠤ ᠳᠠᠶ᠋ᠢᠨ᠎ᠳᠤ ᠢᠯᠠᠭᠴᠢ ᠪᠠᠶ᠋ᠢᠬᠤ ᠦᠭᠡᠢ᠂ ᠡᠵᠡᠷᠬᠡᠬᠦ ᠡᠵᠡᠷᠬᠡᠭᠯᠡᠬᠦ᠎ᠨᠢ ᠵᠥᠪᠭᠡᠨ ᠥᠪᠡᠷ᠎ᠢ᠎ᠪᠠᠨ ᠭᠠᠭᠴᠠᠭ᠋ᠠᠷᠳᠠᠭᠤᠯᠤᠨᠠ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ ᠪᠣᠯ ᠴᠥᠮ ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ ᠤᠯᠤᠰ᠎ᠤᠳ᠎ᠤᠨ ᠴᠢᠬᠤᠯᠠ ᠪᠦᠷᠢᠯᠳᠦᠭᠦᠨ ᠮᠥᠨ᠂ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠪᠣᠯ ᠮᠠᠨ᠎ᠤ ᠢᠷᠠᠭᠤ ᠠᠯᠳᠠᠷᠲᠤ ᠤᠯᠠᠮᠵᠢᠯᠠᠯ ᠮᠥᠨ᠂ ᠬᠥᠭᠵᠢᠯ ᠮᠠᠨᠳᠤᠯ ᠪᠣᠯ ᠪᠢᠳᠡᠨ᠎ᠤ ᠲᠥᠷᠥᠯᠬᠢ ᠡᠷᠬᠡ ᠮᠥᠨ᠂ ᠲᠥᠪ ᠭᠤᠣᠯᠴᠢ ᠰᠢᠳᠤᠷᠭᠤ ᠶᠣᠰᠣ ᠪᠣᠯ ᠪᠢᠳᠡᠨ᠎ᠤ ᠬᠠᠮᠲᠤ ᠵᠢᠨ ᠬᠥᠭᠡᠭᠡᠴᠡᠯᠳᠦᠯ ᠮᠥᠨ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ᠎ᠬᠢᠨ᠎ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ᠎ᠢ ᠡᠬᠢᠯᠡᠭᠦᠯᠵᠦ᠂ ᠬᠥᠭᠵᠢᠯ ᠮᠠᠨᠳᠤᠯ᠎ᠢ ᠬᠠᠮᠲᠤ᠎ᠪᠠᠷ ᠡᠷᠢᠯᠬᠢᠯᠡᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠪᠠᠶ᠋ᠢᠭᠤᠯᠤᠨ᠎ᠠ᠃
ᠨᠢᠭᠡ ᠪᠣᠯ ᠪᠦᠯᠬᠦᠮᠳᠡᠯ᠎ᠤᠨ ᠢᠨᠵᠧᠨᠧᠷᠢᠩ᠃ ᠦᠷᠭᠦᠯᠵᠢᠯᠡᠨ ᠲᠤᠰ ᠲᠤᠰ᠎ᠤᠨ ᠵᠶ᠋ᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶ᠋ᠢᠭ᠎ᠠ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠳᠡᠮᠵᠢᠯᠴᠡᠵᠦ᠂ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠎ᠪᠠᠷ ᠭᠤᠣᠯ ᠪᠤᠯᠭ᠋ᠠᠬᠰᠠᠨ ᠤᠯᠠᠨ ᠤᠯᠤᠰ᠎ᠤᠨ ᠰᠢᠰᠲ᠋ᠧᠮ ᠪᠣᠯᠣᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠳᠢᠭᠯᠢᠮ᠎ᠢ ᠡᠷᠡᠰ ᠬᠠᠮᠠᠭ᠋ᠠᠯᠠᠵᠤ᠂ ᠤᠯᠠᠨ ᠤᠯᠤᠰ᠎ᠤᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠤᠨ ᠳᠤᠮᠳᠠ ᠬᠠᠮᠲᠤ ᠵᠢᠨ ᠳᠠᠭᠤᠨ ᠵᠶ᠋ᠠᠨ ᠴᠤᠤᠷᠢᠶᠠᠲᠤᠭᠤᠯᠤᠨ᠎ᠠ᠃ ᠢᠷᠡᠬᠦ 3 ᠵᠢᠯ᠎ᠳᠤ ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠪᠦᠷᠢᠯᠳᠦᠭᠦᠨ ᠤᠯᠤᠰ᠎ᠤᠨ 300 ᠲᠦᠷᠦ ᠵᠢᠨ ᠨᠠᠮ᠎ᠤᠨ ᠺᠠᠳ᠋ᠷ᠎ᠢ ᠤᠷᠢᠵᠤ ᠳᠤᠮᠳᠠᠳᠤ ᠤᠯᠤᠰ᠎ᠲᠤ ᠰᠢᠨᠵᠢᠯᠡᠨ ᠪᠠᠶ᠋ᠢᠴᠠᠭ᠋ᠠᠯᠭ᠋ᠠᠵᠤ ᠠᠶ᠋ᠢᠯᠴᠢᠯᠠᠯᠲᠠ ᠬᠢᠯᠭᠡᠨ᠎ᠡ᠃
ᠬᠤᠶᠠᠷ ᠪᠣᠯ ᠬᠥᠭᠵᠢᠯᠲᠡ ᠵᠢᠨ ᠢᠨᠵᠧᠨᠧᠷᠢᠩ᠃ ᠬᠠᠮᠲᠤ᠎ᠪᠠᠷ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢ ᠨᠠᠶ᠋ᠢᠳᠠᠪᠤᠷᠢᠵᠢᠭᠤᠯᠵᠤ᠂ ᠤᠯᠠᠨ ᠲᠠᠯᠠᠲᠤ ᠠᠷᠠᠯᠵᠢᠶᠠᠨ᠎ᠤ ᠪᠠᠶ᠋ᠢᠭᠤᠯᠤᠮᠵᠢ ᠵᠢ ᠡᠷᠡᠰ ᠬᠠᠮᠠᠭ᠋ᠠᠯᠠᠵᠤ᠂ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠰᠠᠭ᠋ᠠᠳ ᠦᠭᠡᠢ ᠨᠡᠪᠲᠡᠷᠡᠬᠦ ᠵᠢ ᠬᠠᠮᠠᠭ᠋ᠠᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠵᠢᠨ ᠤᠯᠠᠨ ᠤᠯᠤᠰ᠎ᠤᠨ ᠣᠷᠴᠢᠨ ᠲᠣᠭᠤᠷᠢᠨ᠎ᠢ ᠬᠠᠮᠠᠭ᠋ᠠᠯᠠᠨ᠎ᠠ᠃ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠭᠦᠨᠵᠡᠭᠡᠢ ᠠᠬᠢᠭᠤᠯᠤᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠨᠡᠩ ᠤᠯᠠᠨ ᠰᠢᠯᠢᠳᠡᠭ ᠦᠢ᠍ᠯᠡᠳᠬᠦᠨ᠎ᠢ ᠣᠷᠣᠭᠤᠯᠵᠤ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰᠤᠳᠲᠠᠬᠢ ᠪᠡᠯᠡ ᠣᠷᠣᠭᠤᠯᠤᠯᠲᠠ᠎ᠪᠠᠨ ᠥᠷᠭᠡᠳᠬᠡᠬᠦ ᠵᠢ ᠵᠣᠷᠢᠭᠵᠢᠭᠤᠯᠤᠨ᠎ᠠ᠃
ᠭᠤᠷᠪᠠ ᠪᠣᠯ ᠪᠣᠯᠪᠠᠰᠤᠨ᠎ᠤ ᠢᠨᠵᠧᠨᠧᠷᠢᠩ᠃ ᠬᠠᠮᠲᠤ᠎ᠪᠠᠷ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠠᠶ᠋ᠢᠳᠠᠪᠤᠷᠢᠵᠢᠭᠤᠯᠵᠤ᠂ ᠡᠷᠬᠡ ᠲᠡᠭᠰᠢ᠂ ᠬᠠᠷᠢᠯᠴᠠᠨ ᠲᠣᠯᠢᠯᠠᠬᠤ᠂ ᠶᠠᠷᠢᠯᠴᠠᠭ᠎ᠠ᠂ ᠪᠠᠭᠲᠠᠭ᠋ᠠᠮᠵᠢᠲᠠᠢ ᠪᠣᠯᠪᠠᠰᠤᠨ᠎ᠤ ᠦᠵᠡᠯᠲᠡ ᠵᠢ ᠪᠤᠢ ᠪᠤᠯᠭ᠋ᠠᠵᠤ᠂ ᠡᠩᠬᠡ ᠲᠠᠶ᠋ᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡᠲᠠᠢ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠪᠠᠳᠠᠷᠠᠭᠤᠯᠤᠨ᠎ᠠ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠪᠣᠯᠪᠠᠰᠤᠨ᠎ᠤ ᠰᠣᠯᠢᠯᠴᠠᠭ᠎ᠠ ᠵᠢ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠪᠣᠯᠪᠠᠰᠤᠨ᠎ᠤ ᠶᠠᠷᠢᠯᠴᠠᠭ᠋ᠠᠨ᠎ᠤ ᠶᠡᠭᠡ ᠬᠤᠷᠠᠯ᠎ᠢ ᠡᠷᠭᠢᠯᠡᠨ᠎ᠡ᠃
ᠳᠥᠷᠪᠡ ᠪᠣᠯ ᠨᠠᠶ᠋ᠢᠷᠠᠮᠳᠠᠯ᠎ᠤᠨ ᠢᠨᠵᠧᠨᠧᠷᠢᠩ᠃ ᠬᠠᠮᠲᠤ᠎ᠪᠠᠷ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠵᠢ ᠨᠠᠶ᠋ᠢᠳᠠᠪᠤᠷᠢᠵᠢᠭᠤᠯᠵᠤ᠂ ᠭᠠᠮᠰᠢᠭ᠎ᠤᠨ ᠰᠦᠢ᠍ᠳᠦᠯ᠎ᠢ ᠵᠠᠰᠠᠬᠤ᠂ ᠰᠦᠯᠵᠢᠶᠡᠨ᠎ᠤ ᠠᠮᠤᠷ ᠲᠦᠪᠰᠢᠨ᠂ ᠰᠦᠷᠳᠡᠭᠦᠯᠦᠯ᠎ᠢ ᠡᠰᠡᠷᠭᠦᠴᠡᠬᠦ᠂ ᠢᠯᠵᠢᠷᠡᠯ᠎ᠢ ᠡᠰᠡᠷᠭᠦᠴᠡᠬᠦ᠂ ᠬᠤᠣᠷ ᠴᠠᠭ᠋ᠠᠵᠠᠯᠠᠬᠤ᠂ ᠤᠯᠤᠰ ᠠᠯᠤᠰᠯᠠᠭᠰᠠᠨ ᠵᠣᠬᠢᠶᠠᠨ ᠪᠠᠶ᠋ᠢᠭᠤᠯᠤᠯᠲᠠ᠎ᠲᠠᠢ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠭᠠᠵᠠᠷ ᠣᠷᠣᠨ᠎ᠤ ᠠᠮᠤᠷ ᠲᠦᠪᠰᠢᠨ ᠲᠣᠭᠲᠠᠭᠤᠨ᠎ᠢ ᠴᠢᠷᠮᠠᠶ᠋ᠢᠨ ᠬᠠᠮᠠᠭ᠋ᠠᠯᠠᠨ᠎ᠠ᠃
ᠲᠠᠪᠤ ᠪᠣᠯ ᠠᠷᠠᠳ᠎ᠤᠨ ᠰᠡᠳᠬᠢᠯ᠎ᠤᠨ ᠢᠨᠵᠧᠨᠧᠷᠢᠩ᠃ ᠢᠷᠡᠬᠦ 3 ᠵᠢᠯ᠎ᠳᠤ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠪᠦᠷᠢᠯᠳᠦᠭᠦᠨ ᠤᠯᠤᠰ᠎ᠲᠤ 3500 ᠵᠠᠰᠠᠭ᠎ᠤᠨ ᠣᠷᠳᠣᠨ᠎ᠤ ᠰᠤᠷᠤᠯᠭ᠎ᠠ ᠵᠢᠨ ᠱᠠᠩᠨᠠᠯ᠎ᠤᠨ ᠣᠷᠣᠨ ᠲᠤᠭ᠎ᠠ᠂ 1 ᠲᠦᠮᠡᠨ ᠳᠤᠮᠳᠠᠳᠤ ᠤᠯᠤᠰ᠎ᠲᠤ ᠢᠷᠡᠵᠦ ᠪᠣᠯᠪᠠᠰᠤᠷᠠᠯ ᠭᠦᠷᠳᠡᠭᠦ ᠣᠷᠣᠨ ᠲᠤᠭ᠎ᠠ᠂ 500 ᠤᠯᠠᠨ ᠤᠯᠤᠰ᠎ᠤᠨ ᠬᠢᠲᠠᠳ ᠬᠡᠯᠡᠨ᠎ᠤ ᠪᠠᠭᠰᠢ ᠵᠢᠨ ᠰᠤᠷᠤᠯᠭ᠎ᠠ ᠵᠢᠨ ᠱᠠᠩᠨᠠᠯ᠎ᠤᠨ ᠣᠷᠣᠨ ᠲᠤᠭ᠎ᠠ᠂ 300 ᠶᠠᠳᠠᠭᠤ ᠬᠦᠴᠢᠷᠳᠡᠯᠲᠡᠢ ᠬᠥᠮᠥᠨ ᠠᠮᠠ ᠵᠢ ᠴᠥᠭᠡᠳᠬᠡᠬᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠣᠷᠣᠨ ᠲᠤᠭ᠎ᠠ᠂ 1000 《ᠬᠢᠲᠠᠳ ᠬᠡᠯᠡᠨ᠎ᠤ ᠬᠥᠭᠦᠷᠭᠡ》 ᠵᠢᠨ ᠲᠦᠷᠦᠯ ᠵᠦᠢ᠍ᠯ᠎ᠤᠨ ᠳᠤᠮᠳᠠᠳᠤ ᠤᠯᠤᠰ᠎ᠲᠤ ᠢᠷᠡᠬᠦ ᠪᠦᠯᠭᠦᠮ ᠳᠤᠭᠤᠶ᠋ᠢᠯᠠᠩ᠎ᠤᠨ ᠣᠷᠣᠨ ᠲᠤᠭ᠎ᠠ ᠬᠠᠩᠭ᠋ᠠᠵᠤ᠂ 300 《ᠪᠠᠭ᠎ᠠ ᠮᠥᠷᠲᠡᠭᠡᠨ ᠭᠤᠶ᠋ᠢᠳᠠ》 ᠠᠷᠠᠳ᠎ᠤᠨ ᠠᠮᠢᠳᠤᠷᠠᠯ᠎ᠤᠨ ᠲᠦᠷᠦᠯ ᠵᠦᠢ᠍ᠯ᠎ᠢ ᠬᠡᠷᠡᠭᠵᠢᠭᠦᠯᠵᠦ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠪᠦᠷᠢᠯᠳᠦᠭᠦᠨ ᠤᠯᠤᠰ᠎ᠤᠨ ᠬᠢᠲᠠᠳ ᠬᠡᠯᠡᠨ᠎ᠤ ᠰᠤᠷᠭ᠋ᠠᠨ ᠬᠥᠮᠦᠵᠢᠯ ᠥᠷᠨᠢᠭᠦᠯᠬᠦ ᠵᠢ ᠲᠡᠮᠵᠢᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠣᠷᠣᠨ᠎ᠤ 5 ᠤᠯᠤᠰ᠎ᠲᠤ ᠸᠢᠰᠠ ᠵᠢ ᠬᠡᠯᠲᠦᠷᠢᠭᠦᠯᠬᠦ ᠲᠦᠷᠦᠭᠦᠦ ᠪᠦᠯᠦᠭ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ ᠵᠢᠨ ᠬᠠᠮᠲᠤ ᠭᠠᠵᠠᠷ ᠣᠷᠣᠨ᠎ᠤ ᠤᠯᠤᠰ᠎ᠤᠳ᠎ᠤᠨ ᠪᠦᠷᠬᠦᠴᠡ ᠵᠢᠨ ᠬᠡᠪᠴᠢᠶ᠎ᠡ ᠵᠢ ᠵᠣᠬᠢᠰᠲᠠᠢ ᠴᠠᠭ᠎ᠲᠤ ᠥᠷᠭᠡᠳᠬᠡᠨ᠎ᠡ ᠭᠡᠵᠦ ᠴᠢᠬᠤᠯᠠᠴᠢᠯᠠᠪᠠ᠃
ᠰᠢ ᠵᠢᠨ ᠫᠢᠩ ᠬᠠᠮᠤᠭ᠎ᠤᠨ ᠰᠡᠭᠦᠯ᠎ᠳᠤ᠂ ᠳᠡᠯᠡᠬᠡᠢ ᠵᠢᠨ ᠪᠠᠶ᠋ᠢᠳᠠᠯ ᠶᠠᠭ᠋ᠠᠬᠢᠵᠤ ᠬᠤᠪᠢᠷᠠᠭᠰᠠᠨ ᠴᠤ᠌᠂ ᠳᠤᠮᠳᠠᠳᠤ ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠰᠠᠶ᠋ᠢᠨ ᠨᠠᠶ᠋ᠢᠵᠠ᠂ ᠰᠠᠶ᠋ᠢᠨ ᠬᠠᠨᠢᠲᠠᠨ ᠪᠣᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠲᠠᠢ ᠬᠠᠮᠲᠤ ᠲᠤᠰ ᠲᠤᠰ᠎ᠤᠨ ᠣᠳᠣᠬᠢᠴᠢᠯᠠᠯᠲᠠ ᠵᠢᠨ ᠠᠶᠠᠨ᠎ᠳᠠᠭᠠᠨ ᠮᠥᠷᠥ ᠵᠡᠷᠭᠡᠴᠡᠨ ᠤᠷᠤᠭᠰᠢᠯᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠶ᠎ᠡ ᠭᠡᠵᠦ ᠴᠢᠬᠤᠴᠢᠯᠠᠪᠠ᠃
ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠵᠢᠨ ᠶᠡᠷᠦᠩᠬᠡᠶ᠋ᠢᠯᠡᠭᠴᠢ ᠫᠤᠳ᠋ᠷᠤ᠋᠂ ᠪᠷᠠᠽᠢᠯ᠎ᠤᠨ ᠶᠡᠷᠦᠩᠬᠡᠶ᠋ᠢᠯᠡᠭᠴᠢ ᠯᠦᠯᠠ᠂ ᠴᠢᠯᠢ ᠵᠢᠨ ᠶᠡᠷᠦᠩᠬᠡᠶ᠋ᠢᠯᠡᠭᠴᠢ ᠪᠦᠸᠧᠯᠢᠴᠢ᠂ ᠰᠢᠨ᠎ᠡ ᠨᠡᠭᠡᠭᠡᠨ ᠬᠥᠭᠵᠢᠭᠦᠯᠦᠯᠲᠡ ᠵᠢᠨ ᠪᠠᠩᠬᠢ ᠵᠢᠨ ᠳᠠᠷᠤᠭ᠎ᠠ᠂ ᠪᠷᠠᠽᠢᠯ᠎ᠤᠨ ᠤᠤᠯ᠎ᠤᠨ ᠶᠡᠷᠦᠩᠬᠡᠶ᠋ᠢᠯᠡᠭᠴᠢ ᠷᠤᠰᠤᠹ ᠲᠤᠰ ᠲᠤᠰ ᠪᠠᠶᠠᠷ᠎ᠤᠨ ᠦᠭᠡ ᠬᠡᠯᠡᠪᠡ᠃ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠲᠤᠰᠢᠶᠠᠯ᠎ᠳᠤ ᠭᠠᠷᠬᠤ᠎ᠪᠠᠷ ᠪᠠᠶ᠋ᠢᠭ᠎ᠠ ᠵᠢᠵᠢᠭᠦᠷ ᠲᠡᠷᠢᠭᠦᠯᠡᠭᠴᠢ ᠤᠯᠤᠰ ᠦᠷᠥ᠋ᠭᠤᠸᠠᠢ ᠵᠢᠨ ᠶᠡᠷᠦᠩᠬᠡᠶ᠋ᠢᠯᠡᠭᠴᠢ ᠤᠤᠷᠰᠢ ᠵᠢᠨ ᠣᠨᠴᠠᠭ᠋ᠠᠢ ᠲᠥᠯᠥᠭᠡᠯᠡᠭᠴᠢ᠎ᠠᠴᠠ ᠶᠡᠷᠦᠩᠬᠡᠶ᠋ᠢᠯᠡᠭᠴᠢ ᠵᠢᠨ ᠪᠠᠶᠠᠷ᠎ᠤᠨ ᠵᠠᠬᠢᠳᠠᠯ᠎ᠢ ᠤᠩᠰᠢᠨ ᠨᠡᠶ᠋ᠢᠲᠡᠯᠡᠪᠡ᠃ ᠲᠡᠳᠡ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ — ᠳᠤᠮᠳᠠᠳᠤ ᠤᠯᠤᠰ᠎ᠤᠨ ᠶᠠᠷᠢᠶᠠᠨ᠎ᠤ ᠲᠠᠪᠴᠠᠩ᠎ᠤᠨ 10 ᠵᠢᠯ᠎ᠤᠨ ᠬᠥᠭᠵᠢᠯᠲᠡ ᠵᠢᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ᠎ᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ — ᠳᠤᠮᠳᠠᠳᠤ ᠤᠯᠤᠰ᠎ᠤᠨ ᠬᠠᠮᠲᠤᠷᠠᠯᠴᠠᠭ᠎ᠠ ᠵᠢ ᠠᠬᠢᠭᠤᠯᠬᠤ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠎ᠳᠤ ᠦᠵᠡᠭᠦᠯᠦᠭᠰᠡᠨ ᠳᠤᠮᠳᠠᠳᠤ ᠤᠯᠤᠰ᠎ᠤᠨ ᠴᠢᠬᠤᠯᠠ ᠶᠡᠭᠡ ᠬᠤᠪᠢ ᠨᠡᠮᠡᠷᠢ ᠵᠢ ᠮᠠᠭᠲᠠᠨ ᠰᠠᠶ᠋ᠢᠰᠢᠶᠠᠪᠠ᠃ ᠡᠯ᠎ᠡ ᠲᠠᠯ᠎ᠠ ᠵᠢᠨ᠎ᠬᠢᠨ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠡᠷᠡᠰ ᠳᠡᠮᠵᠢᠬᠦ᠎ᠪᠠᠨ ᠳᠠᠪᠲᠠᠨ ᠢᠯᠡᠷᠬᠡᠶ᠋ᠢᠯᠡᠪᠡ᠃ ᠡᠯ᠎ᠡ ᠲᠠᠯ᠎ᠠ ᠵᠢᠨ᠎ᠬᠢᠨ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠣᠶ᠋ᠢᠯᠠᠭ᠋ᠠᠭᠳᠠᠬᠤᠨ ᠪᠣᠯᠣᠨ ᠭᠤᠷᠪᠠᠨ ᠶᠡᠭᠡ ᠪᠦᠭᠦ ᠪᠥᠮᠪᠥᠷᠴᠡᠭ᠎ᠤᠨ ᠰᠠᠨᠠᠭ᠋ᠠᠴᠢᠯᠠᠭ᠎ᠠ᠎ᠨᠢ ᠳᠡᠯᠡᠬᠡᠢ ᠳ᠋ᠠᠬᠢᠨ᠎ᠳᠤ ᠡᠩᠬᠡ ᠲᠠᠶ᠋ᠢᠪᠤᠩ ᠬᠥᠭᠵᠢᠯ ᠴᠡᠴᠡᠭᠯᠡᠯ ᠲᠠᠪᠰᠢᠯᠳᠠ ᠵᠢᠨ ᠭᠡᠭᠡᠨ ᠰᠠᠷᠠᠭᠤᠯ ᠢᠷᠡᠭᠡᠳᠦᠢ ᠵᠢ ᠨᠡᠭᠡᠭᠡᠵᠦ ᠥᠭᠴᠡᠢ᠃ ᠲᠣᠬᠳᠠᠭ᠋ᠠᠯᠳᠦ ᠪᠤᠰᠤ ᠳᠡᠯᠡᠬᠡᠢ ᠶᠢᠷᠲᠢᠨᠴᠦ᠎ᠳᠤ ᠬᠠᠨᠳᠤᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ — ᠳᠤᠮᠳᠠᠳᠤ ᠤᠯᠤᠰ ᠭᠠᠷ ᠬᠤᠯᠪᠣᠨ ᠬᠠᠮᠲᠤᠷᠠᠯᠴᠠᠵᠤ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ — ᠳᠤᠮᠳᠠᠳᠤ ᠤᠯᠤᠰ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠲᠠᠰᠤᠷᠠᠯᠲᠠ ᠦᠭᠡᠢ ᠰᠢᠨ᠎ᠡ ᠠᠬᠢᠴᠠ᠎ᠲᠠᠢ ᠪᠤᠯᠬᠤ ᠵᠢ ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ — ᠳᠤᠮᠳᠠᠳᠤ ᠤᠯᠤᠰ᠎ᠤᠨ ᠬᠠᠮᠲᠤᠷᠠᠯᠴᠠᠭ᠋ᠠᠨ᠎ᠤ ᠰᠠᠶ᠋ᠢᠨ ᠰᠠᠶ᠋ᠢᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠨ᠎ᠠ᠃ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ — ᠳᠤᠮᠳᠠᠳᠤ ᠤᠯᠤᠰ ᠬᠤᠶᠠᠷ ᠲᠠᠯ᠎ᠠ᠎ᠪᠠᠷ ᠵᠶ᠋ᠠᠨ ᠬᠠᠷᠢᠯᠴᠠᠨ ᠬᠦᠨᠳᠦᠳᠬᠡᠬᠦ ᠵᠢ ᠪᠠᠷᠢᠮᠲᠠᠯᠠᠵᠤ᠂ ᠨᠦᠭᠦᠭᠡ ᠡᠲᠡᠭᠡᠳ᠎ᠤᠨ ᠵᠶ᠋ᠠᠨ ᠡᠷᠬᠡ ᠮᠡᠳᠡᠯ ᠵᠶ᠋ᠠᠨ ᠬᠠᠮᠠᠭ᠋ᠠᠯᠠᠬᠤ ᠪᠠ ᠬᠥᠭᠵᠢᠯᠲᠡ ᠵᠢᠨ ᠵᠠᠮ ᠵᠶ᠋ᠠᠨ ᠪᠡᠶ᠎ᠡ᠎ᠪᠠᠨ ᠳᠠᠭ᠋ᠠᠭ᠋ᠠᠵᠤ ᠰᠣᠩᠭᠤᠬᠤ ᠵᠢ ᠡᠷᠡᠰ ᠳᠡᠮᠵᠢᠨ᠎ᠠ; ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠡᠯ᠎ᠡ ᠤᠯᠤᠰ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠪᠠᠨ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭᠠᠯᠤᠭᠠ ᠵᠣᠯᠭ᠋ᠠᠭᠤᠯᠬᠤ ᠵᠢ ᠴᠢᠩᠭ᠋ᠠᠳᠬᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠂ ᠰᠢᠨ᠎ᠡ ᠡᠨᠧᠷᠭᠢ᠂ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ ᠵᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠵᠢ ᠪᠡᠶᠡᠯᠡᠭᠦᠯᠦᠨ᠎ᠠ; ᠪᠣᠯᠪᠠᠰᠤᠨ᠎ᠤ ᠰᠣᠯᠢᠯᠴᠠᠭ᠎ᠠ ᠶᠠᠷᠢᠯᠴᠠᠭ᠎ᠠ ᠵᠢ ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ — ᠳᠤᠮᠳᠠᠳᠤ ᠤᠯᠤᠰ᠎ᠤᠨ ᠠᠷᠠᠳ ᠲᠦᠮᠡᠨ᠎ᠤ ᠬᠠᠷᠢᠯᠴᠠᠨ ᠣᠶ᠋ᠢᠯᠠᠭ᠋ᠠᠯᠴᠠᠵᠤ ᠬᠠᠷᠢᠯᠴᠠᠨ ᠳᠣᠲᠣᠨᠣ ᠪᠠᠶ᠋ᠢᠬᠤ ᠵᠢ ᠠᠭᠢᠭᠤᠯᠤᠨ᠎ᠠ; ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠡᠷᠬᠡ ᠰᠦᠷ᠎ᠢ ᠡᠷᠡᠰ ᠬᠠᠮᠠᠭ᠋ᠠᠯᠠᠵᠤ᠂ ᠳᠡᠯᠡᠬᠡᠢ ᠵᠢᠨ ᠪᠠ ᠭᠠᠵᠠᠷ ᠣᠷᠣᠨ᠎ᠤ ᠡᠩᠬᠡ ᠲᠠᠶ᠋ᠢᠪᠤᠩ ᠲᠣᠭᠲᠠᠭᠤᠨ ᠪᠠᠶ᠋ᠢᠳᠠᠯ᠎ᠢ ᠬᠠᠮᠠᠭ᠋ᠠᠯᠠᠵᠤ᠂ ᠤᠯᠠᠨ ᠲᠠᠯᠠᠲᠤ ᠦᠵᠡᠯ᠂ ᠴᠢᠯᠦᠭᠡᠲᠦ ᠠᠷᠠᠯᠵᠢᠶ᠎ᠠ ᠵᠢ ᠳᠡᠮᠵᠢᠵᠦ᠂ ᠭᠠᠭᠴᠠ ᠲᠠᠯᠠᠲᠤ ᠦᠵᠡᠯ᠂ ᠬᠠᠮᠠᠭ᠋ᠠᠯᠠᠬᠤ ᠦᠵᠡᠯ᠂ ᠬᠦᠴᠦᠷᠬᠡᠭᠯᠡᠯ᠎ᠤᠨ ᠤᠯᠤᠰ ᠲᠦᠷᠦ ᠪᠠ ᠡᠵᠡᠷᠬᠡᠵᠦ ᠳᠠᠷᠤᠯᠠᠬᠤ ᠠᠵᠢᠯᠯᠠᠭ᠎ᠠ ᠵᠢ ᠡᠰᠡᠷᠭᠦᠴᠡᠨ᠂ ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠨ᠎ᠠ ᠭᠡᠵᠦ ᠢᠯᠡᠳᠬᠡᠵᠡᠭᠡᠪᠡ᠃
ᠲᠤᠰ ᠡᠳᠦᠷ᠎ᠤᠨ ᠦᠳᠡ᠎ᠳᠤ ᠰᠢ ᠵᠢᠨ ᠫᠢᠩ ᠬᠤᠷᠠᠯ᠎ᠳᠤ ᠣᠷᠣᠯᠴᠠᠬᠰᠠᠨ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰᠤᠳᠤᠨᠬᠢᠨᠤ ᠤᠳᠤᠷᠢᠳᠬᠤ ᠬᠥᠮᠥᠰ ᠵᠢᠴᠢ ᠡᠯ᠎ᠡ ᠲᠥᠯᠥᠭᠡᠯᠡᠭᠴᠢᠳ᠎ᠤᠨ ᠪᠦᠯᠭᠦᠮ᠎ᠤᠨ ᠳᠠᠷᠤᠭ᠎ᠠ ᠵᠢ ᠤᠭᠲᠤᠬᠤ ᠳᠠᠶ᠋ᠢᠯᠠᠯᠭ᠎ᠠ ᠬᠢᠪᠡ᠃
ᠼᠠᠢ ᠴᠢ᠂ ᠶᠢᠨ ᠯᠢ ᠨᠠᠷ ᠳᠡᠭᠡᠷ᠎ᠡ ᠳᠤᠷᠠᠳᠤᠭᠰᠠᠨ ᠠᠵᠢᠯᠯᠠᠭ᠎ᠠ᠎ᠳᠤ ᠣᠷᠣᠯᠴᠠᠪᠠ᠃
ᠸᠠᠩ ᠢ ᠡᠭᠢᠯᠡᠯᠲᠡ ᠵᠢᠨ ᠶᠣᠰᠣᠯᠠᠯ᠎ᠢ ᠡᠷᠭᠢᠯᠡᠪᠡ᠃