ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠷᠠᠽᠢᠯ᠎ᠤᠨ ᠶᠡᠷᠦᠩᠬᠡᠶ᠋ᠢᠯᠡᠭᠴᠢ ᠯᠦᠯᠠ᠎ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄ 2025-05-23

   ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 13᠎ᠤ ᠴᠠᠭᠢᠯᠭ᠋ᠠᠨ ᠮᠡᠳᠡᠭᠡ 5 ᠰᠠᠷ᠎ᠠ ᠵᠢᠨ 13᠎ᠤ ᠦᠳᠡ ᠵᠢᠨ ᠬᠤᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠠᠷ ᠢᠷᠡᠭᠰᠡᠨ ᠪᠷᠠᠽᠢᠯ᠎ᠤᠨ ᠶᠡᠷᠦᠩᠬᠡᠶ᠋ᠢᠯᠡᠭᠴᠢ ᠯᠦᠯᠠ᠎ᠲᠠᠢ ᠬᠡᠯᠡᠯᠴᠡᠭᠡ ᠬᠢᠪᠡ᠃
    ᠰᠢ ᠵᠢᠨ ᠫᠢᠩ᠂ ᠨᠢᠳᠤᠨᠤᠨ ᠳᠤᠮᠳᠠᠳᠤ ᠪᠷᠠᠽᠢᠯ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠤᠨ ᠤᠢ ᠵᠢᠨ ᠲᠠᠰᠢᠷᠠᠮ ᠵᠶ᠋ᠠᠷ᠂ ᠬᠤᠶᠠᠷ ᠲᠠᠯ᠎ᠠ᠎ᠪᠠᠷ ᠵᠶ᠋ᠠᠨ ᠬᠤᠶᠠᠷ ᠤᠯᠤᠰ᠎ᠤᠨ ᠬᠠᠷᠢᠯᠴᠠᠭ᠎ᠠ ᠵᠢ ᠭᠠᠷ ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ᠎ᠤᠨ ᠳᠤᠮᠳᠠᠳᠤ ᠪᠷᠠᠽᠢᠯ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠭ᠋ᠠᠨ ᠲᠡᠰ ᠳᠡᠪᠰᠢᠭᠦᠯᠦᠨ᠎ᠡ ᠭᠡᠵᠦ ᠨᠡᠶ᠋ᠢᠲᠡᠯᠡᠪᠡ᠂ ᠡᠨᠡ ᠬᠦ᠌ ᠪᠠᠶ᠋ᠢᠯᠳᠤᠬᠤ ᠪᠣᠳᠣᠯᠭ᠎ᠠ ᠵᠢᠨ ᠰᠢᠢ᠍ᠳᠪᠦᠷᠢᠲᠦ ᠪᠣᠳᠣᠯᠭ᠎ᠠ᠎ᠨᠢ ᠳᠤᠮᠳᠠᠳᠤ ᠪᠷᠠᠽᠢᠯ᠎ᠤᠨ ᠬᠠᠷᠢᠯᠴᠠᠭ᠎ᠠ ᠵᠢᠨ ᠳᠠᠷᠠᠭ᠋ᠠᠴᠢ ᠵᠢᠨ 《ᠰᠢᠵᠢᠷ ᠠᠯᠳᠠᠨ 50 ᠵᠢᠯ》᠎ᠳᠤ ᠠᠤᠭ᠎ᠠ ᠵᠢᠷᠤᠭ ᠲᠥᠰᠥᠪ᠎ᠢ ᠵᠢᠷᠤᠭᠯᠠᠵᠤ ᠥᠭᠴᠡᠢ᠃ ᠤᠷᠪᠠᠭ᠋ᠠᠨ ᠬᠥᠷᠪᠡᠭᠡᠨ᠎ᠲᠠᠢ ᠳᠡᠯᠡᠬᠡᠢ ᠵᠢᠨ ᠪᠠᠶ᠋ᠢᠳᠠᠯ᠎ᠤᠨ ᠡᠮᠦᠨ᠎ᠡ ᠳᠤᠮᠳᠠᠳᠤ ᠪᠷᠠᠽᠢᠯ ᠬᠤᠶᠠᠷ ᠤᠯᠤᠰ ᠬᠥᠮᠥᠨ ᠲᠥᠷᠥᠯᠬᠢᠲᠡᠨ᠎ᠤ ᠲᠠᠪᠰᠢᠯᠳᠠ᠎ᠳᠤ ᠬᠠᠷᠢᠭᠤᠴᠠᠯᠭ᠎ᠠ ᠡᠭᠦᠷᠭᠡᠯᠡᠬᠦ᠂ ᠪᠦᠭᠦ ᠪᠥᠮᠪᠥᠷᠴᠡᠭ᠎ᠤᠨ ᠬᠥᠭᠵᠢᠯᠲᠡ᠎ᠳᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠤᠭ ᠰᠠᠨᠠᠭ᠎ᠠ᠎ᠪᠠᠨ ᠪᠠᠷᠢᠮᠲᠠᠯᠠᠵᠤ᠂ ᠳᠤᠮᠳᠠᠳᠤ ᠪᠷᠠᠽᠢᠯ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠵᠣᠯᠭ᠋ᠠᠯᠴᠠᠭ᠎ᠠ᠎ᠪᠠᠨ ᠲᠠᠰᠤᠷᠠᠯᠳᠠ ᠦᠭᠡᠢ ᠭᠦᠨᠵᠡᠭᠡᠶ᠋ᠢᠷᠡᠭᠦᠯᠵᠦ᠂ ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ ᠤᠯᠤᠰ᠎ᠤᠳ᠎ᠢ ᠭᠠᠷ ᠬᠤᠯᠪᠣᠨ ᠲᠠᠶ᠋ᠢᠴᠢᠯᠠᠵᠤ ᠪᠦᠯᠬᠦᠮᠳᠡᠯ ᠬᠠᠮᠵᠢᠯᠴᠠᠭ᠎ᠠ᠎ᠪᠠᠨ ᠴᠢᠩᠭ᠋ᠠᠳᠬᠠᠶ᠎ᠠ ᠭᠡᠵᠦ ᠵᠢᠭ᠋ᠠᠵᠤ ᠭᠠᠷᠭ᠋ᠠᠪᠠ᠃
 

5.14-2-1.jpg

  


    5 ᠰᠠᠷ᠎ᠠ ᠵᠢᠨ 13᠎ᠤ ᠦᠳᠡ ᠵᠢᠨ ᠬᠤᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠥᠷᠥ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠠᠷ ᠢᠷᠡᠭᠰᠡᠨ ᠪᠷᠠᠽᠢᠯ᠎ᠤᠨ ᠶᠡᠷᠦᠩᠬᠡᠶ᠋ᠢᠯᠡᠭᠴᠢ ᠯᠦᠯᠠ᠎ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠵᠢᠨ ᠫᠢᠩ ᠬᠠᠲᠤᠨ ᠫᠧᠩ ᠯᠢ ᠶᠤᠸᠠᠨ᠎ᠲᠠᠢ᠎ᠪᠠᠨ ᠯᠦᠯᠠ ᠪᠣᠯᠣᠨ ᠲᠡᠭᠦᠨ᠎ᠤ ᠬᠠᠲᠤᠨ ᠯᠥᠸᠧᠰᠠᠩᠷᠧᠯᠠ᠎ᠲᠠᠢ ᠬᠠᠮᠲᠤ ᠵᠢᠨ ᠰᠡᠭᠦᠳᠡᠷ ᠲᠠᠲᠠᠭᠤᠯᠵᠤ ᠪᠠᠶ᠋ᠢᠭ᠎ᠠ᠎ᠨᠢ᠃ (ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠬᠤᠸᠠᠩ ᠵᠢᠩ ᠸᠧᠨ ᠰᠡᠭᠦᠳᠡᠷᠯᠡᠪᠡ)
    ᠰᠢ ᠵᠢᠨ ᠫᠢᠩ᠂ ᠰᠢᠨ᠎ᠡ ᠲᠡᠦᠬᠡ ᠵᠢᠨ ᠭᠠᠷᠤᠭ᠎ᠠ᠎ᠳᠤ ᠵᠣᠭᠰᠣᠵᠤ᠂ ᠳᠤᠮᠳᠠᠳᠤ ᠪᠷᠠᠽᠢᠯ ᠬᠤᠶᠠᠷ ᠲᠠᠯ᠎ᠠ᠎ᠪᠠᠷ ᠵᠶ᠋ᠠᠨ ᠨᠢᠭᠡ᠎ᠳᠤ ᠪᠠᠶ᠋ᠢᠯᠳᠤᠬᠤ ᠪᠣᠳᠣᠯᠭ᠎ᠠ ᠵᠢᠨ ᠢᠲᠡᠭᠡᠯᠴᠡᠭᠡ᠎ᠪᠠᠨ ᠪᠠᠷᠢᠮᠲᠠᠯᠠᠵᠤ᠂ ᠳᠤᠮᠳᠠᠳᠤ ᠪᠷᠠᠽᠢᠯ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠰᠠᠭᠤᠷᠢ ᠵᠢ ᠪᠠᠬᠢᠵᠢᠭᠦᠯᠵᠦ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠰᠢᠯᠢᠳᠡᠭ ᠤᠯᠠᠮᠵᠢᠯᠠᠯ᠎ᠢ ᠪᠠᠷᠢᠮᠲᠠᠯᠠᠵᠤ᠂ ᠨᠦᠭᠦᠭᠡ ᠡᠲᠡᠭᠡᠳ᠎ᠤᠨ ᠵᠶ᠋ᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶ᠋ᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ ᠲᠡᠮᠵᠢᠵᠥ᠂ ᠡᠯ᠎ᠡ ᠱᠠᠲᠤ ᠳᠠᠪᠬᠤᠷᠭ᠎ᠠ᠂ ᠪᠦᠭᠦ ᠲᠠᠯ᠎ᠠ ᠵᠢᠨ ᠶᠠᠪᠤᠯᠴᠠᠭ᠎ᠠ᠎ᠪᠠᠨ ᠴᠢᠩᠭ᠋ᠠᠳᠬᠠᠵᠤ᠂ ᠬᠤᠶᠠᠷ ᠲᠠᠯ᠎ᠠ ᠵᠢᠨ ᠬᠠᠷᠢᠯᠴᠠᠭ᠎ᠠ ᠵᠢᠨ ᠤᠷᠳᠤ ᠬᠤᠭᠤᠴᠠᠭ᠎ᠠ᠎ᠪᠠᠷ ᠡᠷᠡᠭᠦᠯ ᠲᠣᠭᠲᠠᠭᠤᠨ ᠵᠶ᠋ᠠᠷ ᠬᠥᠭᠵᠢᠬᠦ ᠵᠢ ᠪᠠᠲᠤᠯᠠᠶ᠎ᠠ᠃ ᠬᠤᠶᠠᠷ᠎ᠲᠤ᠂ ᠬᠠᠮᠲᠤᠷᠠᠯᠴᠠᠭ᠎ᠠ᠎ᠪᠠᠨ ᠥᠷᠭᠡᠳᠬᠡᠬᠦ ᠵᠢ ᠪᠠᠷᠢᠮᠲᠠᠯᠠᠵᠤ᠂ ᠳᠤᠮᠳᠠᠳᠤ ᠪᠷᠠᠽᠢᠯ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠠᠭᠤᠯᠤᠭᠳᠠᠬᠤᠨ᠎ᠢ ᠪᠠᠶᠠᠯᠢᠭᠵᠢᠭᠤᠯᠵᠤ᠂ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠪᠷᠠᠽᠢᠯ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠲᠠᠢ ᠪᠦᠲᠦᠮᠵᠢᠲᠡᠢ ᠵᠣᠯᠭ᠋ᠠᠭᠤᠯᠬᠤ ᠵᠢ ᠭᠦᠨᠵᠡᠭᠡᠶ᠋ᠢᠷᠡᠭᠦᠯᠵᠦ᠂ ᠬᠤᠶᠠᠷ ᠤᠯᠤᠰ᠎ᠤᠨ ᠡᠯ᠎ᠡ ᠵᠦᠢ᠍ᠯ᠎ᠤᠨ ᠬᠠᠮᠲᠤᠷᠠᠯᠴᠠᠭ᠋ᠠᠨ᠎ᠤ ᠲᠣᠭᠲᠠᠴᠠ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠡᠨᠧᠷᠭᠢ ᠵᠡᠷᠭᠡ ᠤᠯᠠᠮᠵᠢᠯᠠᠯᠲᠤ ᠬᠦᠷᠢᠶᠡᠨ᠎ᠤ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠡᠨᠧᠷᠭᠢ ᠵᠢᠨ ᠭᠡᠯᠪᠡᠷᠢ ᠵᠢ ᠬᠤᠪᠢᠷᠠᠭᠤᠯᠬᠤ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠲᠣᠭ᠋ᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠠᠮᠲᠤᠷᠠᠯᠴᠠᠭ᠋ᠠᠨ᠎ᠤ ᠰᠢᠨ᠎ᠡ ᠣᠷᠣᠨ ᠵᠠᠢ ᠵᠢ ᠥᠷᠭᠡᠳᠬᠡᠵᠦ᠂ ᠬᠤᠶᠠᠷ ᠤᠯᠤᠰ᠎ᠤᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠳᠤ ᠨᠡᠩ ᠤᠯᠠᠨ ᠭᠢᠯᠠᠰ ᠴᠡᠭ᠎ᠢ ᠪᠤᠢ ᠪᠣᠯᠭ᠋ᠠᠶ᠎ᠠ᠃ ᠭᠤᠷᠪᠠ᠎ᠳᠤ᠂ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠪᠠᠷᠢᠮᠲᠠᠯᠠᠵᠤ᠂ ᠳᠤᠮᠳᠠᠳᠤ ᠪᠷᠠᠽᠢᠯ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ᠂ ᠢᠷᠡᠬᠦ ᠵᠢᠯ 《ᠳᠤᠮᠳᠠᠳᠤ ᠪᠷᠠᠽᠢᠯ᠎ᠤᠨ ᠰᠣᠶᠣᠯ᠎ᠤᠨ ᠣᠨ》᠎ᠢ ᠡᠷᠭᠢᠯᠡᠭᠦ᠎ᠪᠠᠷ ᠠᠵᠠ ᠲᠣᠭᠢᠶᠠᠯ ᠪᠤᠯᠭ᠋ᠠᠵᠤ᠂ ᠰᠣᠶᠣᠯ᠂ ᠰᠤᠷᠭ᠋ᠠᠨ ᠬᠥᠮᠦᠵᠢᠯ᠂ ᠵᠢᠭᠤᠯᠴᠢᠯᠠᠯ᠂ ᠵᠠᠭᠤᠴᠢᠯᠠᠭᠤᠷ᠂ ᠣᠷᠣᠨ ᠨᠤᠲᠤᠭ ᠵᠡᠷᠭᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠤᠶᠠᠷ ᠲᠠᠯ᠎ᠠ ᠵᠢᠨ ᠬᠥᠮᠥᠰ᠎ᠤᠨ ᠶᠠᠪᠤᠯᠴᠠᠭ᠎ᠠ᠎ᠳᠤ ᠨᠡᠩ ᠤᠯᠠᠨ ᠲᠦᠭᠦᠮ ᠦᠵᠡᠭᠦᠯᠦᠶ᠎ᠡ᠃ ᠳᠥᠷᠪᠡ᠎ᠳᠤ᠂ ᠤᠯᠠᠨ ᠲᠠᠯ᠎ᠠ ᠵᠢᠨ ᠬᠠᠮᠵᠢᠯᠴᠠᠭ᠎ᠠ ᠵᠢ ᠪᠠᠷᠢᠮᠲᠠᠯᠠᠵᠤ᠂ ᠳᠤᠮᠳᠠᠳᠤ ᠪᠷᠠᠽᠢᠯ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠴᠢᠨᠠᠷ᠎ᠢ ᠳᠡᠭᠡᠭᠰᠢᠯᠡᠭᠦᠯᠦᠶ᠎ᠡ᠃ ᠵᠡᠭᠦᠨ ᠪᠠᠷᠠᠭᠤᠨ ᠬᠠᠭ᠋ᠠᠰ ᠪᠥᠮᠪᠥᠷᠴᠡᠭ᠎ᠤᠨ ᠬᠤᠶᠠᠷ ᠶᠡᠭᠡ ᠬᠥᠭᠵᠢᠵᠦ ᠪᠠᠶ᠋ᠢᠭ᠎ᠠ ᠤᠯᠤᠰ ᠪᠣᠯᠤᠭᠰᠠᠨ᠎ᠤ ᠬᠤᠪᠢ᠎ᠳᠤ ᠬᠤᠶᠠᠷ ᠤᠯᠤᠰ ᠵᠶ᠋ᠠᠷ ᠵᠶ᠋ᠠᠨ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠂ ᠠᠯᠳᠠᠨ ᠲᠣᠭᠤᠰᠭ᠋᠎ᠠ ᠤᠯᠤᠰ᠎ᠤᠳ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ ᠵᠡᠷᠭᠡ ᠤᠯᠠᠨ ᠲᠠᠯᠠᠲᠤ ᠲᠣᠭᠲᠠᠴᠠ᠎ᠳᠠᠬᠢ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠬᠠᠮᠲᠤ᠎ᠪᠠᠷ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠪᠦᠭᠦ ᠪᠥᠮᠪᠥᠷᠴᠡᠭ᠎ᠤᠨ ᠵᠠᠰᠠᠯᠲᠠ ᠵᠢ ᠲᠡᠭᠦᠯᠳᠡᠷᠵᠢᠭᠦᠯᠵᠦ᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠡᠮᠬᠢ ᠳᠢᠭᠯᠢᠮ᠎ᠢ ᠬᠠᠮᠠᠭ᠋ᠠᠯᠠᠵᠤ᠂ ᠲᠤᠭ ᠲᠡᠮᠳᠡᠭ ᠲᠣᠳᠣᠷᠬᠠᠢ᠎ᠪᠠᠷ ᠭᠠᠭᠴᠠ ᠲᠠᠯᠠᠲᠤ ᠦᠵᠡᠯ᠂ ᠬᠠᠮᠠᠭ᠋ᠠᠯᠠᠬᠤ ᠦᠵᠡᠯ ᠪᠣᠯᠣᠨ ᠡᠵᠡᠷᠬᠡᠵᠦ ᠳᠠᠷᠤᠯᠠᠬᠤ ᠠᠵᠢᠯᠯᠠᠭ᠎ᠠ ᠵᠢ ᠡᠰᠡᠷᠭᠦᠴᠡᠶ᠎ᠡ ᠭᠡᠵᠦ ᠴᠢᠬᠤᠯᠠᠴᠢᠯᠠᠪᠠ᠃
  

5.14-2-2.jpg

  


    5 ᠰᠠᠷ᠎ᠠ ᠵᠢᠨ 13᠎ᠤ ᠦᠳᠡ ᠵᠢᠨ ᠬᠤᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠥᠷᠥ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠠᠷ ᠢᠷᠡᠭᠰᠡᠨ ᠪᠷᠠᠽᠢᠯ᠎ᠤᠨ ᠶᠡᠷᠦᠩᠬᠡᠶ᠋ᠢᠯᠡᠭᠴᠢ ᠯᠦᠯᠠ᠎ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ᠎ᠠᠴᠠ ᠡᠮᠦᠨ᠎ᠡ ᠰᠢ ᠵᠢᠨ ᠫᠢᠩ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠵᠡᠭᠦᠨ ᠡᠭᠦᠳᠡᠨ᠎ᠤ ᠭᠠᠳᠠᠨᠠᠬᠢ ᠠᠭᠤᠳᠠᠮ ᠲᠠᠯᠠᠪᠠᠶ᠎ᠳᠤ ᠯᠦᠯᠠ ᠵᠢ ᠤᠭᠲᠤᠬᠤ ᠶᠣᠰᠣᠯᠠᠯ ᠶᠠᠪᠤᠭᠤᠯᠵᠤ ᠪᠠᠶ᠋ᠢᠭ᠎ᠠ᠎ᠨᠢ᠃ (ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠠᠨ ᠶᠠᠨ ᠰᠡᠭᠦᠳᠡᠷᠯᠡᠪᠡ)
    ᠯᠦᠯᠠ᠂ ᠪᠷᠠᠽᠢᠯ ᠳᠤᠮᠳᠠᠳᠤ ᠬᠠᠷᠢᠯᠴᠠᠨ ᠭᠦᠨᠳᠦᠳᠭᠡᠵᠦ᠂ ᠬᠤᠪᠢ ᠵᠠᠶᠠᠭ᠎ᠠ᠎ᠪᠠᠨ ᠬᠠᠮᠲᠤᠳᠬᠠᠵᠤ᠂ ᠬᠤᠶᠠᠷ ᠤᠯᠤᠰ᠎ᠤᠨ ᠬᠠᠷᠢᠯᠴᠠᠭ᠎ᠠ ᠡᠪᠳᠡᠷᠡᠰᠢ ᠦᠭᠡᠢ ᠪᠠᠲᠤ ᠪᠠᠬᠢ ᠪᠠᠶ᠋ᠢᠵᠤ᠂ ᠶᠠᠮᠠᠷᠪᠠ ᠭᠠᠳᠠᠭ᠋ᠠᠳᠤ ᠬᠦᠴᠦᠨ ᠵᠦᠢ᠍ᠯ᠎ᠤᠨ ᠬᠠᠷᠰᠢᠯᠠᠯ ᠡᠪᠳᠡᠯᠭᠡ ᠵᠢ ᠬᠦᠯᠢᠶᠡᠬᠦ ᠦᠭᠡᠢ᠃ ᠪᠤᠰᠤᠳ ᠲᠣᠮᠣ ᠤᠯᠤᠰ᠎ᠲᠠᠢ ᠠᠳᠠᠯᠢ ᠦᠭᠡᠢ᠎ᠨᠢ ᠭᠡᠪᠡᠯ ᠳᠤᠮᠳᠠᠳᠤ ᠤᠯᠤᠰ ᠪᠷᠠᠽᠢᠯ᠎ᠢ ᠪᠠᠭᠲᠠᠭ᠋ᠠᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠪᠠᠨ ᠪᠡᠶᠡᠯᠡᠭᠦᠯᠬᠦ ᠵᠢ ᠴᠢᠩ ᠦᠨᠡᠨ ᠰᠡᠳᠬᠢᠯ᠎ᠠᠴᠠ᠎ᠪᠠᠨ ᠳᠡᠮᠵᠢᠭᠰᠡᠭᠡᠷ ᠢᠷᠡᠵᠠᠢ᠃ ᠪᠷᠠᠽᠢᠯ᠎ᠤᠨ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠪᠷᠠᠽᠢᠯ ᠳᠤᠮᠳᠠᠳᠤ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠵᠤ᠂ ᠨᠡᠩ ᠲᠥᠪ ᠭᠤᠣᠯᠴᠢ᠂ ᠡᠩᠬᠡ ᠲᠠᠶ᠋ᠢᠪᠤᠩ᠂ ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠵᠢ ᠪᠠᠶ᠋ᠢᠭᠤᠯᠵᠤ᠂ ᠡᠯ᠎ᠡ ᠤᠯᠤᠰ᠎ᠲᠤ ᠦᠯᠢᠭᠡᠷ ᠳᠠᠭᠤᠷᠢᠶᠠᠯ ᠪᠣᠯᠣᠨ᠎ᠠ᠃ ᠪᠷᠠᠽᠢᠯ᠎ᠤᠨ᠎ᠬᠢᠨ ᠳᠤᠷᠠᠲᠠᠶ᠎ᠠ ᠲᠤᠰ ᠪᠡᠶ᠎ᠡ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠪᠠᠨ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ᠎ᠯᠤᠭ᠎ᠠ ᠵᠣᠯᠭ᠋ᠠᠭᠤᠯᠵᠤ᠂ ᠬᠤᠶᠠᠷ ᠤᠯᠤᠰ᠎ᠤᠨ ᠠᠵᠤ ᠠᠬᠤᠢ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠰᠠᠨᠰᠠᠷ᠎ᠤᠨ ᠠᠶᠠᠯᠠᠯ᠂ ᠮᠥᠩᠭᠦᠨ ᠭᠦᠢ᠍ᠯᠭᠡᠭᠡᠨ ᠵᠡᠷᠭᠡ ᠬᠦᠷᠢᠶᠡᠨ᠎ᠤ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠦᠨ᠎ᠡ᠃ ᠵᠠᠯᠠᠭᠤᠴᠤᠳ᠎ᠤᠨ ᠰᠣᠯᠢᠯᠴᠠᠭ᠎ᠠ᠂ ᠰᠣᠶᠣᠯ᠎ᠤᠨ ᠰᠣᠯᠢᠯᠴᠠᠭ᠎ᠠ ᠵᠢ ᠥᠷᠭᠡᠳᠬᠡᠵᠦ᠂ ᠬᠤᠶᠠᠷ ᠤᠯᠤᠰ᠎ᠤᠨ ᠠᠷᠠᠳ ᠲᠦᠮᠡᠨ᠎ᠤ ᠶᠠᠪᠤᠯᠴᠠᠭ᠎ᠠ ᠪᠠ ᠨᠥᠭᠦᠷᠰᠡᠭ ᠰᠡᠳᠬᠢᠯᠭᠡ ᠵᠢ ᠨᠡᠮᠡᠭᠳᠡᠭᠦᠯᠦᠨ᠎ᠡ᠃ ᠳᠤᠮᠳᠠᠳᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠤᠭᠰᠠᠨ ᠠᠮᠵᠢᠯᠲᠠ ᠪᠦᠲᠦᠮᠵᠢ ᠬᠥᠮᠥᠰ᠎ᠢ ᠪᠢᠰᠢᠷᠡᠭᠦᠯᠪᠡ᠂ ᠪᠷᠠᠽᠢᠯ ᠳᠤᠷᠠᠲᠠᠶ᠎ᠠ ᠳᠤᠮᠳᠠᠳᠤ ᠤᠯᠤᠰ᠎ᠤᠨ ᠲᠤᠷᠰᠢᠯᠭ᠎ᠠ ᠵᠢ ᠰᠤᠷᠤᠯᠴᠠᠨ ᠲᠣᠯᠢ ᠪᠤᠯᠭ᠋ᠠᠵᠤ᠂ ᠨᠡᠩ ᠤᠯᠠᠨ ᠬᠥᠮᠥᠨ᠎ᠢ ᠶᠠᠳᠠᠭᠤ ᠬᠦᠴᠢᠷᠳᠡᠯ ᠪᠠ ᠥᠯᠥᠰᠬᠦᠯᠡᠩ᠎ᠠᠴᠠ ᠠᠩᠭᠢᠵᠢᠷᠠᠭᠤᠯᠤᠨ᠎ᠠ᠃ ᠣᠳᠣᠬᠠᠨ᠎ᠤ ᠪᠠᠶ᠋ᠢᠳᠠᠯ ᠳᠣᠣᠷ᠎ᠠ ᠤᠯᠠᠨ ᠲᠠᠯᠠᠲᠤ ᠦᠵᠡᠯ᠎ᠢ ᠡᠷᠡᠰ ᠬᠠᠮᠠᠭ᠋ᠠᠯᠠᠬᠤ᠎ᠨᠢ ᠲᠤᠶ᠋ᠢᠯ᠎ᠤᠨ ᠴᠢᠬᠤᠯᠠ ᠶᠤᠮ᠂ ᠬᠠᠮᠠᠭ᠋ᠠᠯᠠᠬᠤ ᠦᠵᠡᠯ᠂ ᠪᠣᠭᠤᠮᠲᠠ ᠵᠢᠨ ᠭᠠᠶ᠋ᠢᠯᠢ ᠵᠢ ᠳᠤᠷ᠎ᠠ᠎ᠪᠠᠷ ᠵᠶ᠋ᠠᠨ ᠲᠠᠲᠠᠪᠤᠷᠢᠯᠠᠬᠤ᠎ᠨᠢ ᠬᠥᠭᠵᠢᠯ ᠴᠡᠴᠡᠭᠯᠡᠯ᠎ᠢ ᠠᠪᠴᠢᠷᠠᠵᠤ ᠴᠢᠳᠠᠬᠤ ᠦᠭᠡᠢ᠂ ᠵᠥᠪᠭᠡᠨ ᠰᠠᠮᠠᠭᠤᠷᠠᠯ᠎ᠢ ᠪᠤᠢ ᠪᠣᠯᠭ᠋ᠠᠨ᠎ᠠ᠃ ᠳᠤᠮᠳᠠᠳᠤ ᠤᠯᠤᠰ᠎ᠤᠨ ᠪᠦᠭᠦ ᠪᠥᠮᠪᠥᠷᠴᠡᠭ᠎ᠤᠨ ᠥᠷᠢᠰᠦᠯᠳᠦᠭᠡᠨ᠎ᠢ ᠠᠷᠭ᠋ᠠᠴᠠᠭ᠋ᠠᠬᠤ ᠡᠷᠡᠰ ᠪᠠᠲᠤ ᠣᠪᠣᠷ᠎ᠨᠢ ᠡᠯ᠎ᠡ ᠤᠯᠤᠰ᠎ᠤᠨ ᠬᠦᠴᠦᠨ ᠴᠢᠳᠠᠯ ᠪᠠ ᠢᠲᠡᠭᠡᠯ ᠵᠣᠷᠢᠭ᠎ᠢ ᠬᠥᠪᠴᠢᠯᠡᠵᠦ ᠪᠠᠶ᠋ᠢᠨ᠎ᠠ᠃ ᠪᠷᠠᠽᠢᠯ᠎ᠤᠨ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠤᠯᠤᠰ᠎ᠤᠨ ᠬᠡᠷᠡᠭ ᠶᠠᠪᠤᠳᠠᠯ᠎ᠳᠠᠬᠢ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤ ᠵᠢᠨ ᠠᠰᠢᠭ ᠲᠤᠰᠠ ᠵᠢ ᠬᠠᠮᠲᠤ᠎ᠪᠠᠷ ᠬᠠᠮᠠᠭ᠋ᠠᠯᠠᠵᠤ᠂ ᠳᠡᠯᠡᠬᠡᠢ ᠵᠢᠨ ᠲᠥᠪ ᠭᠤᠣᠯᠴᠢ ᠰᠢᠳᠤᠷᠭᠤ ᠶᠣᠰᠣ ᠵᠢ ᠬᠠᠮᠠᠭ᠋ᠠᠯᠠᠨ᠎ᠠ ᠭᠡᠵᠦ ᠢᠯᠡᠳᠬᠡᠪᠡ᠃
    ᠬᠤᠶᠠᠷ ᠤᠯᠤᠰ᠎ᠤᠨ ᠲᠡᠷᠢᠭᠦᠨ ᠪᠠᠰᠠ ᠦᠺᠷᠠᠶ᠋ᠢᠨ᠎ᠤ ᠬᠢᠮᠤᠷᠠᠯ᠎ᠤᠨ ᠲᠤᠬᠠᠢ ᠰᠠᠨᠠᠯ ᠵᠶ᠋ᠠᠨ ᠰᠣᠯᠢᠯᠴᠠᠵᠤ᠂ ᠡᠩᠬᠡ ᠲᠠᠶ᠋ᠢᠪᠤᠩ᠎ᠢ ᠡᠷᠭᠢᠮᠯᠡᠭᠦ ᠳᠠᠪᠰᠢᠩᠭᠤᠢ ᠬᠦᠴᠦᠨ ᠪᠣᠯᠤᠭᠰᠠᠨ᠎ᠤ ᠬᠤᠪᠢ᠎ᠳᠤ ᠳᠤᠮᠳᠠᠳᠤ ᠪᠠ ᠪᠷᠠᠽᠢᠯ ᠬᠤᠶᠠᠷ ᠤᠯᠤᠰ ᠣᠯᠣᠯᠴᠠᠭ᠎ᠠ ᠪᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ 《ᠡᠩᠬᠡ ᠲᠠᠶ᠋ᠢᠪᠤᠩ᠎ᠤᠨ ᠨᠠᠶ᠋ᠢᠵᠠ》 ᠵᠢᠨ ᠳᠤᠭᠤᠶ᠋ᠢᠯᠠᠩ᠎ᠤᠨ ᠦᠢ᠍ᠯᠡᠳᠦᠯ ᠵᠶ᠋ᠠᠨ ᠪᠠᠳᠠᠷᠠᠭᠤᠯᠵᠤ᠂ ᠣᠷᠣᠰ ᠪᠣᠯᠣᠨ ᠦᠺᠷᠠᠶ᠋ᠢᠨ᠎ᠤ ᠰᠢᠭᠤᠳ ᠶᠠᠷᠢᠯᠴᠠᠭ᠎ᠠ ᠬᠢᠬᠦ ᠵᠢ ᠳᠡᠮᠵᠢᠵᠤ᠂ ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ ᠤᠯᠤᠰ᠎ᠤᠳ᠎ᠲᠠᠢ ᠬᠠᠮᠲᠤ᠎ᠪᠠᠷ ᠬᠢᠮᠤᠷᠠᠯ᠎ᠢ ᠰᠢᠢ᠍ᠳᠪᠦᠷᠢᠯᠡᠬᠦ᠎ᠳᠤ ᠪᠦᠲᠦᠭᠡᠯᠴᠢ ᠴᠢᠨᠠᠷᠲᠠᠢ ᠦᠢ᠍ᠯᠡᠳᠦᠯ ᠵᠶ᠋ᠠᠨ ᠦᠷᠭᠦᠯᠵᠢᠯᠡᠨ ᠪᠠᠳᠠᠷᠠᠭᠤᠯᠤᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃
    ᠬᠡᠯᠡᠯᠴᠡᠭᠡ ᠳᠠᠭᠤᠰᠤᠭᠰᠠᠨ᠎ᠤ ᠲᠠᠷᠠᠭ᠎ᠠ ᠬᠤᠶᠠᠷ ᠤᠯᠤᠰ᠎ᠤᠨ ᠲᠡᠷᠢᠭᠦᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠵᠣᠯᠭ᠋ᠠᠯᠴᠠᠭ᠎ᠠ᠂ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠂ ᠬᠥᠳᠡᠭᠡ ᠠᠵᠤ ᠠᠬᠤᠢ᠂ ᠲᠣᠭ᠋ᠠᠴᠢᠯᠠᠭᠰᠠᠨ ᠠᠵᠤ ᠠᠬᠤᠢ᠂ ᠮᠥᠩᠭᠦᠨ ᠭᠦᠢ᠍ᠯᠭᠡᠭᠡᠨ᠂ ᠰᠢᠯᠭ᠋ᠠᠨ ᠪᠠᠶ᠋ᠢᠴᠠᠭ᠋ᠠᠬᠤ ᠬᠢᠵᠢᠭ ᠪᠠᠶ᠋ᠢᠴᠠᠭ᠋ᠠᠬᠤ᠂ ᠵᠠᠭᠤᠴᠢᠯᠠᠭᠤᠷ ᠵᠡᠷᠭᠡ ᠬᠦᠷᠢᠶᠡᠨ᠎ᠤ 20 ᠬᠤᠪᠢ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠬᠤ ᠵᠢ ᠬᠠᠮᠲᠤ᠎ᠪᠠᠷ ᠭᠡᠷᠡᠴᠢᠯᠡᠪᠡ᠃
    ᠬᠤᠶᠠᠷ ᠤᠯᠤᠰ᠎ᠤᠨ ᠲᠡᠷᠢᠭᠦᠨ ᠪᠠᠰᠠ ᠬᠠᠮᠲᠤ᠎ᠪᠠᠷ ᠰᠤᠷᠪᠤᠯᠵᠢᠯᠠᠬ᠍ᠴᠢᠳ᠎ᠲᠠᠢ ᠠᠭᠤᠯᠵᠠᠪᠠ᠃
    ᠬᠤᠶᠠᠷ ᠲᠠᠯ᠎ᠠ᠎ᠪᠠᠷ ᠵᠶ᠋ᠠᠨ 《ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ᠎ᠢ ᠭᠠᠷ ᠬᠤᠯᠪᠣᠨ ᠪᠠᠶ᠋ᠢᠭᠤᠯᠬᠤ ᠳᠤᠮᠳᠠᠳᠤ ᠪᠷᠠᠽᠢᠯ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠴᠢᠩᠭ᠋ᠠᠳᠬᠠᠵᠤ᠂ ᠤᠯᠠᠨ ᠲᠠᠯᠠᠲᠤ ᠦᠵᠡᠯ᠎ᠢ ᠬᠠᠮᠲᠤ᠎ᠪᠠᠷ ᠬᠠᠮᠠᠭ᠋ᠠᠯᠠᠬᠤ ᠲᠤᠬᠠᠢ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶ᠋ᠢᠷᠠᠮᠳᠠᠬᠤ ᠬᠤᠯᠪᠣᠭ᠋ᠠᠨ᠎ᠤ ᠪᠷᠠᠽᠢᠯ ᠤᠯᠤᠰ᠎ᠤᠨ ᠬᠠᠮᠲᠤᠷᠠᠭᠰᠠᠨ ᠢᠯᠡᠷᠬᠡᠶ᠋ᠢᠯᠡᠯᠲᠡ》 ᠪᠣᠯᠣᠨ 《ᠦᠺᠷᠠᠶ᠋ᠢᠨ᠎ᠤ ᠬᠢᠮᠤᠷᠠᠯ᠎ᠤᠨ ᠲᠤᠬᠠᠢ ᠳᠤᠮᠳᠠᠳᠤ ᠪᠷᠠᠽᠢᠯ᠎ᠤᠨ ᠬᠠᠮᠲᠤᠷᠠᠭᠰᠠᠨ ᠢᠯᠡᠷᠬᠡᠶ᠋ᠢᠯᠡᠯᠲᠡ》 ᠵᠢ ᠨᠡᠶ᠋ᠢᠲᠡᠯᠡᠪᠡ᠃
    ᠬᠡᠯᠡᠯᠴᠡᠭᠡ ᠬᠢᠬᠦ᠎ᠠᠴᠠ ᠡᠮᠦᠨ᠎ᠡ ᠰᠢ ᠵᠢᠨ ᠫᠢᠩ ᠬᠠᠳᠤᠨ ᠫᠧᠩ ᠯᠢ ᠶᠤᠸᠠᠨ᠎ᠲᠠᠢ᠎ᠪᠠᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠵᠡᠭᠦᠨ ᠡᠭᠦᠳᠡᠨ᠎ᠤ ᠭᠠᠳᠠᠨᠠᠬᠢ ᠠᠭᠤᠳᠠᠮ ᠲᠠᠯᠠᠪᠠᠢ᠎ᠳᠤ ᠯᠦᠯᠠ ᠪᠣᠯᠣᠨ ᠲᠡᠭᠦᠨ᠎ᠤ ᠬᠠᠳᠤᠨ ᠯᠦᠸᠧᠰᠠᠩᠷᠧᠯᠠ ᠵᠢ ᠤᠭᠲᠤᠬᠤ ᠶᠣᠰᠣᠯᠠᠯ ᠶᠠᠪᠤᠭᠤᠯᠪᠠ᠃
    ᠯᠦᠯᠠ ᠬᠦᠷᠴᠦ ᠢᠷᠡᠬᠦ᠎ᠳᠤ ᠶᠣᠰᠣᠯᠠᠯ᠎ᠤᠨ ᠴᠡᠷᠢᠭ ᠮᠥᠷᠯᠡᠨ ᠶᠣᠰᠣᠯᠠᠪᠠ᠃ ᠰᠢ ᠵᠢᠨ ᠫᠢᠩ ᠪᠣᠯᠣᠨ ᠯᠦᠯᠠ ᠰᠢᠯᠭ᠋ᠠᠨ ᠦᠵᠡᠬᠦ ᠲᠠᠶ᠋ᠢᠰᠠᠨ᠎ᠳᠤ ᠭᠠᠷᠴᠤ᠂ ᠴᠡᠷᠢᠭ᠎ᠤᠨ ᠬᠥᠭᠵᠢᠮ᠎ᠤᠨ ᠠᠩᠭᠢ ᠳᠤᠮᠳᠠᠳᠤ ᠪᠷᠠᠽᠢᠯ ᠬᠤᠶᠠᠷ ᠤᠯᠤᠰ᠎ᠤᠨ ᠤᠯᠤᠰ᠎ᠤᠨ ᠰᠦᠯᠳᠡ ᠳᠠᠭᠤᠤ ᠵᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ᠎ᠳᠤ ᠶᠣᠰᠣᠯᠠᠯ᠎ᠤᠨ ᠫᠤᠤ ᠵᠢ 21 ᠳᠤᠤᠭ᠋ᠠᠷᠭ᠋ᠠᠪᠠ᠃ ᠯᠦᠯᠠ ᠰᠢ ᠵᠢᠨ ᠫᠢᠩ᠎ᠤᠨ ᠪᠡᠷ᠎ᠠ ᠪᠤᠯᠤᠯᠭ᠎ᠠ᠎ᠲᠠᠢ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠶᠣᠰᠣᠯᠠᠯ᠎ᠤᠨ ᠠᠩᠭᠢ ᠵᠢ ᠰᠢᠯᠭ᠋ᠠᠨ ᠦᠵᠡᠭᠰᠡᠨ ᠪᠥᠭᠡᠳ ᠵᠢᠭᠰᠠᠭ᠋ᠠᠯ᠎ᠢ ᠰᠣᠨᠢᠷᠬᠠᠪᠠ᠃
    ᠲᠤᠰ ᠣᠷᠣᠢ ᠰᠢ ᠵᠢᠨ ᠫᠢᠩ ᠪᠣᠯᠣᠨ ᠫᠧᠩ ᠯᠢ ᠶᠤᠸᠠᠨ ᠯᠦᠯᠠ ᠪᠣᠯᠣᠨ ᠲᠡᠭᠦᠨ᠎ᠤ ᠬᠠᠳᠦᠨ᠎ᠢ ᠤᠭᠲᠤᠬᠤ ᠳᠠᠶ᠋ᠢᠯᠠᠯᠭ᠎ᠠ ᠬᠢᠪᠡ᠃
    ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠢᠨ᠎ᠡ ᠬᠠᠭᠤᠳᠠᠰᠤ ᠵᠢ ᠪᠢᠴᠢᠭᠯᠡᠶ᠎ᠡ — ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ
ᠰᠢ ᠵᠢᠨ ᠫᠢᠩ ᠴᠢᠯᠢ ᠵᠢᠨ ᠶᠡᠷᠦᠩᠬᠡᠶ᠋ᠢᠯᠡᠭᠴᠢ ᠪᠦᠸᠧᠯᠢᠴᠢ᠎ᠲᠠᠢ ᠠᠭᠤᠯᠵᠠᠪᠠ
ᠰᠢ ᠵᠢᠨ ᠫᠢᠩ ᠺᠣᠯᠣᠮᠪᠢᠶ᠎ᠠ ᠵᠢᠨ ᠶᠡᠷᠦᠩᠬᠡᠶ᠋ᠢᠯᠡᠭᠴᠢ ᠫᠤᠳ᠋ᠷᠤ᠋᠎ᠲᠠᠢ ᠠᠭᠤᠯᠵᠠᠪᠠ
ᠰᠢ ᠵᠢᠨ ᠫᠢᠩ ᠳᠤᠮᠳᠠᠳᠤ ᠤᠯᠤᠰ᠎ᠤᠨ ᠳ᠋ᠠᠨᠮᠠᠷᠺ᠎ᠤᠨ ᠬᠤᠳᠠᠯᠳᠤᠭ᠋ᠠᠴᠢᠳ᠎ᠤᠨ ᠨᠡᠶ᠋ᠢᠭᠡᠮᠯᠢᠭ᠎ᠤᠨ ᠬᠠᠷᠢᠭᠤᠴᠠᠯᠭ᠋ᠠᠲᠠᠨ᠎ᠳᠤ ᠬᠠᠷᠢᠭᠤ ᠵᠠᠬᠢᠳᠠᠯ ᠢᠯᠡᠭᠡᠪᠡ
 
            