ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠣᠷᠣᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠴᠠᠢ ᠵᠢᠨ ᠵᠣᠭᠤᠭ ᠳᠡᠯᠭᠡᠪᠡ
ᠨᠡᠶᠢᠲᠡᠯᠡᠭᠰᠡᠨ ᠴᠠᠭ᠄ 2025-05-23

    ᠰᠢᠨᠬᠤᠸᠠ ᠬᠤᠷᠢᠶ᠎ᠠ ᠵᠢᠨ ᠮᠣᠰᠺᠸᠠ ᠵᠢᠨ 5 ᠰᠠᠷ᠎ᠠ ᠵᠢᠨ 8᠎ᠤ ᠴᠠᠭᠢᠯᠭ᠋ᠠᠨ ᠮᠡᠳᠡᠭᠡ ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 8᠎ᠤ ᠦᠳᠡ ᠵᠢᠨ ᠬᠤᠶ᠋ᠢᠨ᠎ᠠ᠂ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ ᠪᠣᠯᠣᠨ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ ᠺᠷᠧᠮᠯᠢ ᠣᠷᠳᠣᠨ᠎ᠤ ᠶᠡᠷᠦᠩᠬᠡᠶ᠋ᠢᠯᠡᠭᠴᠢ ᠵᠢᠨ ᠠᠯᠪᠠᠨ ᠭᠡᠷ᠎ᠲᠤ ᠴᠠᠢ ᠵᠢᠨ ᠵᠣᠭᠤᠭ ᠳᠡᠯᠭᠡᠪᠡ᠃
  

5.9-2.jpg


       ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 8᠎ᠤ ᠦᠳᠡ ᠵᠢᠨ ᠬᠤᠶ᠋ᠢᠨ᠎ᠠ᠂ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ ᠪᠣᠯᠣᠨ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ ᠺᠷᠧᠮᠯᠢ ᠣᠷᠳᠣᠨ᠎ᠤ ᠶᠡᠷᠦᠩᠬᠡᠶ᠋ᠢᠯᠡᠭᠴᠢ ᠵᠢᠨ ᠠᠯᠪᠠᠨ ᠭᠡᠷ᠎ᠲᠤ ᠴᠠᠢ ᠵᠢᠨ ᠵᠣᠭᠤᠭ ᠳᠡᠯᠭᠡᠪᠡ᠃
       ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ
       ᠰᠢ ᠵᠢᠨ ᠫᠢᠩ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠵᠢᠨ ᠬᠤᠭᠤᠴᠠᠭ᠋ᠠᠨ᠎ᠳᠤ ᠣᠷᠣᠪᠠ᠃ ᠭᠠᠭᠴᠠ ᠬᠦ᠌ ᠳᠤᠮᠳᠠᠳᠤ ᠤᠷᠤᠰ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ᠎ᠪᠠᠨ ᠪᠠᠷᠢᠮᠲᠠᠯᠠᠪᠠᠯ ᠶᠠᠮᠠᠷᠪᠠ ᠬᠦᠴᠦᠨ ᠴᠦ᠍ ᠭᠡᠳ ᠬᠤᠶᠠᠷ ᠤᠯᠤᠰ᠎ᠤᠨ ᠲᠤᠰ ᠲᠤᠰ᠎ᠤᠨ ᠬᠥᠭᠵᠢᠯ ᠮᠠᠨᠳᠤᠯ ᠵᠶ᠋ᠠᠨ ᠪᠡᠶᠡᠯᠡᠭᠦᠯᠬᠦ ᠵᠢ ᠬᠤᠷᠢᠭᠯᠠᠵᠤ ᠳᠡᠶ᠋ᠢᠯᠭᠦ ᠦᠭᠡᠢ᠂ ᠳᠤᠮᠳᠠᠳᠤ ᠤᠷᠤᠰ᠎ᠤᠨ ᠦᠶ᠎ᠡ ᠵᠢᠨ ᠦᠶ᠎ᠡ᠎ᠳᠡᠭᠡᠨ ᠨᠥᠭᠦᠷᠰᠡᠭ ᠪᠠᠶ᠋ᠢᠬᠤ ᠠᠷᠠᠳ᠎ᠤᠨ ᠰᠡᠳᠬᠢᠯ᠎ᠤᠨ ᠬᠠᠨᠳᠤᠰᠢ ᠵᠢ ᠬᠤᠷᠢᠭᠯᠠᠵᠤ ᠳᠡᠶ᠋ᠢᠯᠭᠦ ᠦᠭᠡᠢ᠂ ᠳᠡᠯᠡᠬᠡᠢ ᠵᠢᠨ ᠤᠯᠠᠨ ᠲᠤᠶ᠋ᠢᠯᠵᠢᠯᠳᠠ ᠪᠠ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠴᠠᠭ ᠦᠶ᠎ᠡ ᠵᠢᠨ ᠤᠷᠤᠰᠬᠠᠯ᠎ᠢ ᠬᠤᠷᠢᠭᠯᠠᠵᠤ ᠳᠡᠶ᠋ᠢᠯᠭᠦ ᠦᠭᠡᠢ ᠶᠤᠮ᠃ ᠪᠢ ᠳᠤᠷᠠᠲᠠᠶ᠎ᠠ ᠶᠡᠷᠦᠩᠬᠡᠶ᠋ᠢᠯᠡᠭᠴᠢ ᠫᠦᠲ᠋ᠢᠨ᠎ᠯᠦᠭᠡ ᠨᠢᠭᠲᠠ ᠬᠠᠷᠢᠯᠴᠠᠭ᠎ᠠ᠎ᠪᠠᠨ ᠪᠠᠲᠤᠯᠠᠵᠤ᠂ ᠳᠤᠮᠳᠠᠳᠤ ᠤᠷᠤᠰ᠎ᠤᠨ ᠬᠠᠷᠢᠯᠴᠠᠭ᠎ᠠ ᠵᠢᠨ ᠴᠢᠭᠯᠡᠯ᠎ᠢ ᠡᠵᠡᠮᠳᠡᠨ ᠠᠶᠠᠯᠠᠯ᠎ᠢ ᠳᠠᠭ᠋ᠠᠭᠤᠯᠵᠤ᠂ ᠪᠦᠭᠦ ᠪᠥᠮᠪᠥᠷᠴᠡᠭ᠎ᠤᠨ ᠵᠠᠰᠠᠯᠲᠠ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃
       ᠫᠦᠲ᠋ᠢᠨ᠂ ᠤᠷᠤᠰ ᠳᠤᠮᠳᠠᠳᠤ ᠢᠮᠠᠭᠲᠠ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠬᠠᠷᠢᠯᠴᠠᠨ ᠳᠡᠮᠵᠢᠵᠦ᠂ ᠬᠤᠶᠠᠷ ᠤᠯᠤᠰ᠎ᠤᠨ ᠨᠥᠬᠦᠷᠯᠡᠯ ᠡᠪᠳᠡᠷᠡᠰᠢ ᠦᠭᠡᠢ ᠪᠠᠲᠤ ᠪᠠᠬᠢ ᠶᠤᠮ᠃ ᠪᠢ ᠳᠤᠷᠠᠲᠠᠶ᠎ᠠ ᠲᠡᠷᠢᠭᠦᠯᠡᠭᠴᠢ ᠰᠢ ᠵᠢᠨ ᠫᠢᠩ᠎ᠯᠦᠭᠡ ᠪᠠᠶ᠋ᠢᠯᠳᠤᠬᠤ ᠪᠣᠳᠣᠯᠭ᠎ᠠ ᠵᠢᠨ ᠣᠯᠣᠯᠴᠠᠭ᠎ᠠ᠎ᠪᠠᠨ ᠨᠢᠭᠲᠠᠷᠠᠭᠤᠯᠵᠤ᠂ ᠬᠤᠶᠠᠷ ᠤᠯᠤᠰ᠎ᠤᠨ ᠬᠠᠷᠢᠯᠴᠠᠭ᠋ᠠᠨ᠎ᠤ ᠬᠥᠭᠵᠢᠯᠲᠡ᠎ᠳᠤ ᠪᠠᠶ᠋ᠢᠯᠳᠤᠬᠤ ᠪᠣᠳᠣᠯᠭ᠎ᠠ ᠵᠢᠨ ᠵᠢᠯᠣᠭᠤᠳᠤᠯᠭ᠎ᠠ ᠬᠠᠩᠭ᠋ᠠᠵᠤ᠂ ᠳᠡᠯᠡᠬᠡᠢ ᠵᠢᠨ ᠨᠠᠷᠢᠨ ᠪᠤᠳᠤᠯᠢᠶᠠᠨᠲᠠᠢ ᠪᠠᠶ᠋ᠢᠳᠠᠯ᠎ᠤᠨ ᠥᠷᠢᠰᠦᠯᠳᠦᠭᠡᠨ᠎ᠢ ᠬᠠᠮᠲᠤ᠎ᠪᠠᠷ ᠠᠷᠭ᠋ᠠᠴᠠᠭ᠋ᠠᠵᠤ᠂ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠤᠶᠠᠷ ᠤᠯᠤᠰ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠵᠤ᠂ ᠳᠡᠯᠡᠬᠡᠢ ᠳ᠋ᠠᠬᠢᠨ᠎ᠤ ᠲᠥᠪ ᠭᠤᠣᠯᠴᠢ᠂ ᠠᠷᠠᠳᠴᠢᠯᠠᠯ᠎ᠲᠠᠢ᠂ ᠤᠯᠠᠨ ᠲᠦᠢ᠍ᠯᠵᠢᠯᠳᠠ ᠲᠡᠶ᠋ᠢᠰᠢ ᠬᠥᠭᠵᠢᠬᠦ ᠵᠢ ᠠᠬᠢᠭᠤᠯᠤᠨ᠎ᠠ ᠭᠡᠵᠦ ᠢᠯᠡᠳᠬᠡᠪᠡ᠃
       ᠬᠤᠶᠠᠷ ᠤᠯᠤᠰ᠎ᠤᠨ ᠲᠡᠷᠢᠭᠦᠨ ᠦᠺᠷᠠᠶ᠋ᠢᠨ᠎ᠤ ᠬᠢᠮᠤᠷᠠᠯ ᠵᠡᠷᠭᠡ ᠠᠰᠠᠭᠤᠳᠠᠯ᠎ᠤᠨ ᠲᠤᠬᠠᠢ ᠰᠠᠨᠠᠯ ᠵᠶ᠋ᠠᠨ ᠰᠣᠯᠢᠯᠴᠠᠪᠠ᠃ ᠰᠢ ᠵᠢᠨ ᠫᠢᠩ᠂ ᠦᠺᠷᠠᠶ᠋ᠢᠨ᠎ᠤ ᠬᠢᠮᠤᠷᠠᠯ᠎ᠤᠨ ᠲᠤᠬᠠᠢ ᠳᠤᠮᠳᠠᠳᠤ ᠤᠯᠤᠰ ᠬᠠᠮᠲᠤ ᠵᠢᠨ᠂ ᠶᠡᠷᠦᠩᠬᠡᠶ᠋ᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠦᠵᠡᠯᠲᠡ ᠵᠢ ᠰᠠᠨᠠᠭ᠋ᠠᠴᠢᠯᠠᠬᠤ ᠵᠢᠨ ᠬᠠᠮᠲᠤ ᠪᠠᠷᠢᠮᠲᠠᠯᠠᠵᠤ᠂ ᠡᠯ᠎ᠡ ᠤᠯᠤᠰ᠎ᠤᠨ ᠵᠦᠢ ᠶᠣᠰᠣᠨ᠎ᠤ ᠠᠮᠤᠷ ᠲᠦᠪᠰᠢᠨ᠎ᠤ ᠠᠩᠬᠠᠷᠤᠯ᠎ᠢ ᠴᠢᠬᠤᠯᠠᠴᠢᠯᠠᠵᠤ᠂ ᠬᠢᠮᠤᠷᠠᠯ ᠡᠭᠦᠰᠬᠦ ᠦᠨᠳᠦᠰᠦ ᠰᠤᠷᠪᠤᠯᠵᠢ ᠵᠢ ᠠᠷᠢᠯᠭ᠋ᠠᠪᠠᠯ ᠵᠣᠬᠢᠨ᠎ᠠ ᠭᠡᠵᠦ ᠦᠵᠡᠵᠦ ᠪᠠᠶ᠋ᠢᠨ᠎ᠠ᠃ ᠳᠤᠮᠳᠠᠳᠤ ᠤᠯᠤᠰ ᠡᠩᠬᠡ ᠲᠠᠶ᠋ᠢᠪᠤᠩ᠎ᠳᠤ ᠠᠰᠢᠭᠲᠠᠢ ᠠᠯᠢᠪᠠ ᠴᠢᠷᠮᠠᠶ᠋ᠢᠯᠭ᠎ᠠ ᠵᠢ ᠪᠠᠶᠠᠷᠯᠠᠨ ᠤᠭᠲᠤᠵᠤ᠂ ᠶᠠᠷᠢᠯᠴᠠᠭ᠎ᠠ᠎ᠪᠠᠷ ᠳᠠᠮᠵᠢᠨ ᠡᠷᠬᠡ ᠲᠡᠭᠰᠢ᠂ ᠥᠨᠢ ᠤᠳᠠᠭ᠋ᠠᠨ᠎ᠤ᠂ ᠬᠢᠵᠠᠭ᠋ᠠᠷᠯᠠᠬᠤ ᠬᠦᠴᠦᠨ᠎ᠲᠠᠢ ᠪᠥᠭᠡᠳ ᠡᠯ᠎ᠡ ᠲᠤᠬᠠᠢ ᠵᠢᠨ ᠲᠠᠯ᠎ᠠ ᠵᠢᠨ᠎ᠬᠢᠨ ᠭᠥᠯᠢᠶᠡᠨ ᠠᠪᠤᠭᠰᠠᠨ ᠨᠠᠶ᠋ᠢᠷᠠᠮᠳᠠᠯ᠎ᠤᠨ ᠬᠡᠯᠡᠯᠴᠡᠭᠡᠷ ᠲᠣᠭᠲᠠᠬᠤ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
       ᠫᠦᠲ᠋ᠢᠨ ᠦᠺᠷᠠᠶ᠋ᠢᠨ᠎ᠤ ᠬᠢᠮᠤᠷᠠᠯ᠎ᠢ ᠤᠯᠤᠰ ᠲᠥᠷᠥ᠎ᠪᠠᠷ ᠰᠢᠢ᠍ᠳᠪᠦᠷᠢᠯᠡᠬᠦ ᠲᠠᠯ᠎ᠠ᠎ᠪᠠᠷ᠎ᠬᠢ ᠳᠤᠮᠳᠠᠳᠤ ᠤᠯᠤᠰ᠎ᠤᠨ ᠪᠤᠰᠤᠳᠴᠢ ᠪᠥᠭᠡᠳ ᠲᠥᠪ ᠭᠤᠣᠯᠴᠢ ᠵᠣᠭᠰᠣᠯᠲᠠ ᠵᠢ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠵᠤ ᠪᠠᠶ᠋ᠢᠨ᠎ᠠ᠂ ᠣᠷᠣᠰ ᠳᠤᠷᠠᠲᠠᠶ᠎ᠠ ᠤᠷᠢᠲᠠᠯ ᠨᠥᠬᠦᠴᠡᠯ ᠳᠤᠷᠠᠳᠬᠤ ᠦᠭᠡᠢ᠎ᠪᠠᠷ ᠨᠠᠶ᠋ᠢᠷᠠᠮᠳᠠᠯ᠎ᠤᠨ ᠬᠡᠯᠡᠯᠴᠡᠭᠡ ᠵᠢ ᠡᠬᠢᠯᠡᠭᠦᠯᠵᠦ᠂ ᠲᠥᠪ ᠭᠤᠣᠯᠴᠢ᠂ ᠥᠨᠢ ᠤᠳᠠᠭ᠋ᠠᠨ᠎ᠤ ᠨᠠᠶ᠋ᠢᠷᠠᠮᠳᠠᠯ᠎ᠤᠨ ᠬᠡᠯᠡᠯᠴᠡᠭᠡᠷ ᠲᠣᠭᠲᠠᠬᠤ ᠵᠢ ᠬᠦᠰᠡᠵᠦ ᠪᠠᠶ᠋ᠢᠨ᠎ᠠ ᠭᠡᠵᠦ ᠢᠯᠡᠷᠬᠡᠶ᠋ᠢᠯᠡᠪᠡ᠃
    
 

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠡᠯᠡᠯᠴᠡᠭᠡ ᠬᠢᠪᠡ
ᠤᠷᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠤᠯᠴᠠᠬᠤ ᠠᠵᠢᠯᠯᠠᠭ᠎ᠠ᠎ᠪᠠᠨ ᠲᠡᠭᠦᠰᠬᠡᠭᠡᠳ ᠰᠢ ᠵᠢᠨ ᠫᠢᠩ ᠪᠡᠭᠡᠵᠢᠩ᠎ᠳᠤ ᠪᠤᠴᠠᠵᠤ ᠢᠷᠡᠪᠡ
ᠰᠢ ᠵᠢᠨ ᠫᠢᠩ ᠣᠷᠣᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠳᠠ ᠬᠢᠬᠦ ᠵᠢᠨ ᠬᠠᠮᠲᠤ ᠵᠦᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ ᠢᠯᠠᠯᠲᠠ ᠣᠯᠤᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠬᠤ ᠠᠵᠢᠯᠯᠠᠭ᠎ᠠ᠎ᠪᠠᠨ ᠲᠡᠭᠦᠰ ᠠᠮᠵᠢᠯᠲᠠᠲᠠᠢ ᠲᠡᠭᠦᠰᠬᠡᠪᠡ
ᠰᠢ ᠵᠢᠨ ᠫᠢᠩ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠠᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠤᠯᠴᠠᠬᠤ ᠵᠢᠨ ᠬᠠᠮᠲᠤ ᠴᠢᠬᠤᠯᠠ ᠶᠠᠷᠢᠶ᠎ᠠ ᠲᠠᠯᠪᠢᠨ᠎ᠠ
ᠴᠢᠩ ᠦᠨᠡᠨ ᠰᠡᠳᠬᠢᠯ ᠬᠤᠪᠢᠷᠠᠰᠢ ᠦᠭᠡᠢ! ᠲᠡᠷᠢᠭᠦᠯᠡᠭᠴᠢ ᠰᠢ ᠵᠢᠨ ᠫᠢᠩ᠎ᠤᠨ ᠠᠬᠠᠮᠠᠳ ᠪᠠᠶ᠋ᠢᠯᠳᠤᠭᠴᠢᠳ᠎ᠲᠤ ᠬᠦᠨᠳᠦᠳᠬᠡᠯ ᠳᠡᠪᠰᠢᠭᠦᠯᠦᠭᠰᠡᠨ ᠰᠡᠳᠬᠢᠯ ᠬᠥᠳᠡᠯᠭᠡᠮ᠎ᠡ ᠬᠤᠷᠣᠮ ᠮᠦᠴᠡ᠎ᠨᠦᠭᠦᠳ
 
            