ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠨᠠᠮ ᠵᠠᠰᠠᠭ᠎ᠤᠨ ᠪᠠᠶ᠋ᠢᠭᠤᠯᠭ᠎ᠠ ᠵᠢᠨ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠳᠦᠷᠢᠮ》᠎ᠢ ᠳᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2025-05-23

     ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠨᠠᠮ ᠵᠠᠰᠠᠭ᠎ᠤᠨ ᠪᠠᠶ᠋ᠢᠭᠤᠯᠭ᠎ᠠ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ᠎ᠢ ᠬᠢᠨᠠᠮᠠᠭ᠋ᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃
       ᠮᠡᠳᠡᠭᠳᠡᠯ᠎ᠳᠤ᠂ 《ᠳᠦᠷᠢᠮ》᠎ᠳᠤ ᠵᠠᠰᠠᠪᠤᠷᠢ ᠣᠷᠣᠭᠤᠯᠬᠤ᠎ᠳᠠᠭᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠪᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠨᠠᠮ ᠵᠠᠰᠠᠭ᠎ᠤᠨ ᠪᠠᠶ᠋ᠢᠭᠤᠯᠭ᠎ᠠ ᠵᠢᠨ ᠵᠠᠷᠤᠳᠠᠯ᠎ᠤᠨ ᠬᠠᠮᠢᠶᠠᠷᠤᠯᠲᠠ᠂ ᠤᠯᠤᠰ᠎ᠤᠨ ᠳᠣᠲᠣᠭ᠋ᠠᠳᠤ ᠵᠢᠨ ᠠᠯᠪᠠᠨ ᠶᠠᠪᠤᠳᠠᠯ ᠵᠶ᠋ᠠᠷ ᠭᠠᠳᠠᠭᠰᠢ ᠭᠠᠷᠬᠤ᠂ ᠠᠯᠪᠠᠨ ᠶᠠᠪᠤᠳᠠᠯ ᠵᠶ᠋ᠠᠷ ᠲᠦᠷ ᠴᠠᠭ ᠭᠠᠳᠠᠭ᠋ᠠᠳᠤ᠎ᠳᠤ (ᠬᠢᠯᠢ) ᠭᠠᠷᠬᠤ᠂ ᠠᠯᠪᠠᠨ ᠶᠠᠪᠤᠳᠠᠯ᠎ᠤᠨ ᠵᠣᠴᠢᠯᠠᠯᠭ᠎ᠠ᠂ ᠠᠯᠪᠠᠨ ᠶᠠᠪᠤᠳᠠᠯ᠎ᠳᠤ ᠲᠡᠷᠭᠡ ᠬᠡᠷᠡᠭᠯᠡᠬᠦ᠂ ᠬᠤᠷᠠᠯ᠎ᠤᠨ ᠠᠵᠢᠯᠯᠠᠭ᠎ᠠ᠂ ᠠᠯᠪᠠᠯᠠᠬᠤ᠎ᠳᠤ ᠬᠡᠷᠡᠭᠯᠡᠬᠦ ᠭᠡᠷ᠂ ᠡᠬᠢ ᠪᠠᠶᠠᠯᠢᠭ᠎ᠢ ᠠᠷᠪᠢᠯᠠᠬᠤ ᠵᠡᠷᠭᠡ ᠲᠣᠭᠲᠠᠭ᠋ᠠᠯ᠎ᠢ ᠴᠠᠭ ᠦᠶ᠎ᠡ ᠵᠢ᠎ᠲᠠᠭᠠᠨ ᠲᠡᠭᠦᠯᠳᠡᠷᠵᠢᠭᠦᠯᠵᠦ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢ᠍ᠳᠬᠡᠬᠦ ᠵᠢ ᠲᠡᠪᠴᠢᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠨᠠᠮ ᠵᠠᠰᠠᠭ᠎ᠤᠨ ᠪᠠᠶ᠋ᠢᠭᠤᠯᠭ᠎ᠠ ᠲᠦᠷᠦᠭᠦᠯᠡᠨ ᠠᠷᠪᠢᠴᠢ ᠭᠠᠮᠲᠠᠢ ᠠᠮᠢᠳᠤᠷᠠᠬᠤ ᠳᠦᠷᠢᠮ᠎ᠤᠨ ᠱᠤᠷᠠᠭ᠎ᠢ ᠤᠯᠠᠮ ᠨᠢᠭᠡ ᠠᠯᠬᠤᠮ ᠴᠢᠩᠭ᠋ᠠᠯᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ᠂ 《ᠲᠦᠷᠪᠡᠨ ᠰᠤᠷᠲᠠᠯ》᠎ᠢ ᠦᠷᠭᠦᠯᠵᠢᠯᠡᠨ ᠵᠠᠯᠠᠷᠠᠭᠤᠯᠤᠨ ᠴᠡᠭᠴᠡᠯᠡᠬᠦ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃
       ᠮᠡᠳᠡᠭᠳᠡᠯ᠎ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠤᠷᠲᠠᠯ᠎ᠤᠨ ᠪᠠᠶ᠋ᠢᠭᠤᠯᠤᠯᠲᠠ ᠨᠠᠮ᠎ᠤᠨ ᠳᠦᠷᠢ ᠲᠥᠷᠬᠦ᠎ᠳᠤ ᠬᠤᠯᠪᠣᠭᠳᠠᠬᠤ᠂ ᠬᠥᠮᠥᠨ᠎ᠤ ᠰᠡᠳᠬᠢᠯ᠎ᠤᠨ ᠬᠠᠨᠳᠤᠰᠢ᠎ᠲᠠᠢ ᠬᠤᠯᠪᠣᠭᠳᠠᠬᠤ᠂ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠪᠦᠲᠦᠵᠦ ᠪᠦᠷᠢᠯᠬᠦ᠎ᠳᠤ ᠬᠤᠯᠪᠣᠭᠳᠠᠬᠤ ᠤᠯᠤᠰ ᠲᠥᠷᠥ ᠵᠢᠨ ᠥᠨᠳᠥᠷᠴᠡ᠎ᠠᠴᠠ 《ᠳᠦᠷᠢᠮ》᠎ᠢ ᠰᠣᠷᠣᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠨᠠᠷᠢᠨ ᠬᠢᠨᠠᠮᠠᠭ᠋ᠠᠢ ᠰᠠᠶ᠋ᠢᠲᠤᠷ ᠠᠳᠬᠤᠵᠤ᠂ ᠡᠯ᠎ᠡ ᠱᠠᠲᠤᠨ᠎ᠤ ᠨᠠᠮ ᠵᠠᠰᠠᠭ᠎ᠤᠨ ᠪᠠᠶ᠋ᠢᠭᠤᠯᠭ᠎ᠠ ᠵᠢᠴᠢ ᠲᠡᠭᠦᠨ᠎ᠤ ᠠᠵᠢᠯᠲᠠᠳ᠎ᠤᠨ 《ᠳᠦᠷᠢᠮ》᠎ᠤᠨ ᠵᠣᠷᠢᠭ ᠰᠠᠨᠠᠭ᠎ᠠ ᠵᠢ ᠭᠦᠨᠵᠡᠭᠡᠢ ᠣᠶ᠋ᠢᠯᠠᠭ᠋ᠠᠬᠤ ᠵᠢ ᠠᠬᠢᠭᠤᠯᠵᠤ᠂ 《ᠳᠦᠷᠢᠮ》᠎ᠤᠨ ᠡᠯ᠎ᠡ ᠵᠦᠢ᠍ᠯ᠎ᠤᠨ ᠲᠣᠭᠲᠠᠭ᠋ᠠᠯ᠎ᠢ ᠡᠷᠡᠰ ᠨᠠᠶ᠋ᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠬᠡᠯᠪᠡᠷᠢ ᠵᠢᠨ ᠪᠠᠶ᠋ᠢᠭᠤᠯᠭ᠎ᠠ ᠵᠢᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠨᠡᠶ᠋ᠢᠭᠡᠮ ᠳᠠᠶᠠᠭ᠋ᠠᠷ᠎ᠲᠤ ᠪᠦᠷᠢᠯᠭᠡᠨ ᠰᠦᠢ᠍ᠳᠬᠡᠬᠦ᠎ᠨᠢ ᠢᠴᠢᠭᠦᠷᠢᠲᠡᠢ᠂ ᠠᠷᠪᠢᠯᠠᠨ ᠭᠠᠮᠨᠠᠬᠤ᠎ᠨᠢ ᠢᠷᠠᠭᠤ ᠠᠯᠳᠠᠷᠲᠠᠢ ᠪᠠᠶ᠋ᠢᠬᠤ ᠭᠦᠨ ᠵᠤᠵᠠᠭ᠋ᠠᠨ ᠠᠭᠤᠷ ᠠᠮᠢᠰᠬᠤᠯ᠎ᠢ ᠴᠢᠨᠠᠭᠰᠢᠳᠠ ᠪᠤᠢ ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ 《ᠳᠦᠷᠢᠮ》᠎ᠢ ᠬᠡᠷᠡᠭᠵᠢᠭᠦᠯᠬᠦ ᠳᠤᠮᠳᠠᠬᠢ ᠴᠢᠬᠤᠯᠠ ᠪᠠᠶ᠋ᠢᠳᠠᠯ ᠪᠣᠯᠣᠨ ᠰᠠᠨᠠᠭᠤᠯᠭ᠎ᠠ ᠵᠢ ᠴᠠᠭ ᠲᠤᠬᠠᠢ᠎ᠳᠤᠨᠢ ᠨᠠᠮ᠎ᠤᠨ ᠲᠥᠪ ᠬᠤᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ᠎ᠳᠤ ᠮᠡᠳᠡᠭᠦᠯᠬᠦ ᠬᠡᠷᠡᠭᠲᠡᠢ᠃
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ 《ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ》 ᠵᠢ ᠨᠠᠶ᠋ᠢᠷᠠᠭᠤᠯᠬᠤ ᠠᠵᠢᠯ᠎ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ
《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠨ ᠰᠤᠷᠤᠯᠴᠠᠯᠭ᠎ᠠ ᠵᠢᠨ ᠤᠨᠤᠯ᠎ᠤᠨ ᠴᠤᠪᠤᠷᠠᠯ》᠎ᠤᠨ ᠠᠷᠪᠠᠨ ᠨᠢᠭᠡᠳᠦᠭᠡᠷ ᠡᠮᠬᠢᠳᠬᠡᠯ᠎ᠠᠴᠠ ᠠᠷᠪᠠᠨ ᠲᠠᠪᠤᠳᠤᠭ᠋ᠠᠷ ᠡᠮᠬᠢᠳᠬᠡᠯ᠎ᠢ ᠬᠡᠪᠯᠡᠨ ᠲᠠᠷᠬᠠᠭ᠋ᠠᠪᠠ
ᠰᠢ ᠵᠢᠨ ᠫᠢᠩ ᠾᠧᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠢᠲᠡᠭᠡᠯ ᠵᠣᠷᠢᠭ ᠵᠶ᠋ᠠᠨ ᠪᠠᠲᠤᠳᠬᠠᠵᠤ ᠴᠢᠨᠠᠷ ᠰᠠᠶ᠋ᠢᠲᠠᠢ ᠬᠥᠭᠵᠢᠯᠲᠡ ᠥᠨᠳᠥᠷ ᠪᠦᠲᠦᠮᠵᠢᠲᠡᠶ ᠵᠠᠰᠠᠯᠲᠠ ᠵᠢ ᠠᠬᠢᠭᠤᠯᠵᠤ ᠳᠤᠮᠳᠠᠳᠤ ᠣᠷᠣᠨ᠎ᠤ ᠡᠬᠡ ᠭᠠᠵᠠᠷ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
ᠰᠢ ᠵᠢᠨ ᠫᠢᠩ ᠾᠧᠨᠠᠨ᠎ᠤ ᠯᠦᠸᠧᠶᠠᠩ ᠬᠤᠲᠠ᠎ᠳᠤ ᠪᠠᠶ᠋ᠢᠴᠠᠭ᠋ᠠᠨ ᠰᠤᠳᠤᠯᠤᠯᠲᠠ ᠬᠢᠵᠡᠢ
ᠰᠢ ᠵᠢᠨ ᠫᠢᠩ 2025 ᠣᠨ᠎ᠤ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠶᠠᠳᠠᠭᠤ ᠬᠦᠴᠢᠷᠳᠡᠯᠲᠡᠢ ᠬᠥᠮᠥᠨ ᠠᠮᠠ ᠵᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠵᠢᠨ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠪᠡ
 
            