ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠤᠭᠤ᠋ ᠵᠢᠨ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠤᠳᠤᠷᠢᠳᠬᠤ ᠬᠥᠮᠥᠨ᠎ᠳᠤ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄ 2025-05-23

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 15᠎ᠤ ᠴᠠᠭᠢᠯᠭ᠋ᠠᠨ ᠮᠡᠳᠡᠭᠡ 5 ᠰᠠᠷ᠎ᠠ ᠵᠢᠨ 14᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠷᠠᠩ — ᠯᠢᠤᠶ᠋ᠢᠰᠢ ᠠᠨ • ᠰᠠᠸᠢ • ᠳ᠋ᠤᠲ᠋ᠤᠹ᠎ᠲᠤ ᠴᠠᠭᠢᠯᠭ᠋ᠠᠨ ᠴᠢᠮᠡᠭᠡ ᠶᠠᠪᠤᠭᠤᠯᠵᠤ᠂ ᠲᠡᠭᠦᠨ᠎ᠤ ᠪᠦᠭᠦᠳᠡ ᠨᠠᠶ᠋ᠢᠷᠠᠮᠳᠠᠬᠤ ᠳᠤᠭᠣ᠋ ᠤᠯᠤᠰ᠎ᠤᠨ ᠶᠡᠷᠦᠩᠬᠡᠶ᠋ᠢᠯᠡᠭᠴᠢ ᠵᠢᠨ ᠲᠤᠰᠢᠶᠠᠯ᠎ᠳᠤ ᠭᠠᠷᠤᠭᠰᠠᠨ᠎ᠳᠤ ᠪᠠᠶᠠᠷ ᠬᠦᠷᠭᠡᠪᠡ᠃ ᠲᠤᠰ ᠡᠳᠦᠷ ᠲᠡᠷᠢᠭᠦᠯᠡᠭᠴᠢ ᠰᠢ ᠵᠢᠨ ᠫᠢᠩ ᠪᠠᠰᠠ ᠹᠦᠯᠸᠢ • ᠠᠶ᠋ᠢᠰᠤᠴᠢᠮᠥ᠋ᠨᠠ • ᠨᠠᠰᠢᠨᠪᠸᠢ᠎ᠳᠤ ᠴᠠᠭᠢᠯᠭ᠋ᠠᠨ ᠴᠢᠮᠡᠭᠡ ᠶᠠᠪᠤᠭᠤᠯᠵᠤ᠂ ᠲᠡᠭᠦᠨ᠎ᠤ ᠪᠦᠭᠦᠳᠠ ᠨᠠᠶ᠋ᠢᠷᠠᠮᠳᠠᠬᠤ ᠳᠤᠭᠣ᠋ ᠤᠯᠤᠰ᠎ᠤᠨ ᠰᠠᠶ᠋ᠢᠳ ᠨᠠᠷ᠎ᠤᠨ ᠬᠤᠷᠠᠯ᠎ᠤᠨ ᠲᠡᠷᠢᠭᠦᠯᠡᠭᠴᠢ ᠵᠢᠨ ᠲᠤᠰᠢᠶᠠᠯ᠎ᠳᠤ ᠭᠠᠷᠤᠭᠰᠠᠨ᠎ᠳᠤ ᠪᠠᠶᠠᠷ ᠬᠦᠷᠭᠡᠪᠡ᠃
    ᠰᠢ ᠵᠢᠨ ᠫᠢᠩ᠂ ᠳᠤᠮᠳᠠᠳᠤ ᠳᠤᠭᠤ᠋ ᠵᠢᠨ ᠨᠥᠭᠦᠷᠰᠡᠭ ᠬᠠᠷᠢᠯᠴᠠᠭ᠎ᠠ ᠵᠢ ᠬᠤᠶᠠᠷ ᠤᠯᠤᠰ᠎ᠤᠨ ᠦᠶ᠎ᠡ ᠦᠶ᠎ᠡ ᠵᠢᠨ ᠤᠳᠤᠷᠢᠳᠬᠤ ᠬᠥᠮᠥᠰ ᠬᠠᠮᠲᠤ᠎ᠪᠠᠷ ᠴᠣᠭᠴᠠᠯᠠᠨ ᠪᠠᠶ᠋ᠢᠭᠤᠯᠵᠤ ᠨᠢᠮᠪᠠᠢ ᠪᠣᠶ᠋ᠢᠵᠢᠭᠤᠯᠵᠠᠢ᠃ ᠬᠠᠭ᠋ᠠᠰ ᠵᠠᠭᠤᠨ ᠭᠠᠷᠤᠢ ᠵᠢᠨ ᠲᠤᠷᠰᠢ ᠬᠤᠶᠠᠷ ᠲᠠᠯ᠎ᠠ᠎ᠪᠠᠷ ᠵᠶ᠋ᠠᠨ ᠢᠮᠠᠭᠲᠠ ᠦᠨᠡᠨᠴᠢ ᠨᠥᠭᠦᠷᠰᠡᠭ᠂ ᠡᠷᠬᠡ ᠲᠡᠭᠰᠢ ᠬᠠᠷᠢᠯᠴᠠᠨ ᠢᠲᠡᠭᠡᠯᠴᠡᠬᠦ᠂ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠳᠡᠭᠦ ᠵᠢ ᠪᠠᠷᠢᠮᠲᠠᠯᠠᠵᠤ᠂ ᠲᠤᠰ ᠲᠤᠰ᠎ᠤᠨ ᠵᠶ᠋ᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶ᠋ᠢᠭ᠎ᠠ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ ᠡᠷᠡᠰ ᠳᠡᠮᠵᠢᠯᠴᠡᠵᠦ᠂ ᠶᠡᠭᠡ ᠪᠠᠭ᠎ᠠ ᠤᠯᠤᠰ ᠡᠷᠬᠡ ᠲᠡᠭᠰᠢ᠎ᠪᠠᠷ ᠬᠠᠨᠳᠤᠯᠴᠠᠬᠤ ᠪᠠ ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ ᠤᠯᠤᠰ᠎ᠤᠳ᠎ᠤᠨ ᠪᠦᠯᠬᠦᠮᠳᠡᠯ ᠬᠠᠮᠲᠤᠷᠠᠯᠴᠠᠭ᠎ᠠ ᠵᠢᠨ ᠬᠡᠪ ᠳᠠᠭᠤᠷᠢᠶᠠᠯ ᠪᠣᠯᠪᠠ᠃ 2024 ᠣᠨ᠎ᠤ ᠳᠤᠮᠳᠠᠳᠤ ᠠᠹᠷᠢᠺᠠ ᠵᠢᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠳᠠᠬᠢ ᠲᠦᠷᠦᠭᠦᠴᠦᠳ᠎ᠤᠨ ᠬᠤᠷᠠᠯ᠎ᠤᠨ ᠬᠤᠭᠤᠴᠠᠭ᠋ᠠᠨ᠎ᠳᠤ ᠳᠤᠮᠳᠠᠳᠤ ᠳᠤᠭᠤ᠋ ᠵᠢᠨ ᠬᠠᠷᠢᠯᠴᠠᠭ᠎ᠠ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠪᠣᠯᠣᠨ ᠳᠡᠭᠡᠭᠰᠢᠯᠡᠵᠦ᠂ ᠬᠤᠶᠠᠷ ᠤᠯᠤᠰ᠎ᠤᠨ ᠬᠠᠷᠢᠯᠴᠠᠭ᠋ᠠᠨ᠎ᠤ ᠰᠢᠨ᠎ᠡ ᠬᠠᠭᠤᠳᠠᠰᠤ ᠵᠢ ᠨᠡᠭᠡᠭᠡᠪᠡ᠃ ᠪᠢ ᠳᠤᠮᠳᠠᠳᠤ ᠳᠤᠭᠤ᠋ ᠵᠢᠨ ᠬᠠᠷᠢᠯᠴᠠᠭ᠎ᠠ ᠵᠢᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠤᠷᠠᠲᠠᠶ᠎ᠠ ᠳᠤᠭᠤ᠋ ᠵᠢᠨ ᠤᠳᠤᠷᠢᠳᠬᠤ ᠬᠥᠮᠥᠰ᠎ᠲᠠᠢ ᠬᠠᠮᠲᠤ᠎ᠪᠠᠷ ᠴᠢᠷᠮᠠᠶ᠋ᠢᠵᠤ᠂ ᠳᠤᠮᠳᠠᠳᠤ ᠠᠹᠷᠢᠺᠠ ᠵᠢᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠳᠠᠬᠢ ᠲᠦᠷᠦᠭᠦᠴᠦᠳ᠎ᠤᠨ ᠬᠤᠷᠠᠯ᠎ᠤᠨ ᠦᠷ᠎ᠡ ᠪᠦᠲᠦᠭᠡᠯ᠎ᠢ ᠨᠠᠶ᠋ᠢᠳᠠᠪᠤᠷᠢᠵᠢᠭᠤᠯᠬᠤ᠎ᠪᠠᠷ ᠠᠵᠠ ᠲᠣᠭᠢᠶᠠᠯ ᠪᠤᠯᠭ᠋ᠠᠵᠤ᠂ ᠤᠯᠠᠮᠵᠢᠯᠠᠯᠲᠤ ᠨᠥᠬᠦᠷᠯᠡᠯ ᠵᠶ᠋ᠠᠨ ᠦᠷᠭᠦᠯᠵᠢᠯᠡᠭᠦᠯᠵᠦ᠂ ᠡᠯ᠎ᠡ ᠬᠦᠷᠢᠶᠡᠨ᠎ᠤ ᠬᠠᠮᠲᠤᠷᠠᠯᠴᠠᠭ᠎ᠠ᠎ᠪᠠᠨ ᠥᠷᠭᠡᠳᠬᠡᠵᠦ᠂ ᠬᠤᠶᠠᠷ ᠤᠯᠤᠰ᠎ᠤᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠠᠭᠤᠯᠤᠭᠳᠠᠬᠤᠨ᠎ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠬᠤᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠶ᠋ᠢᠨ ᠪᠤᠶᠠᠨ ᠦᠢ᠍ᠯᠡᠳᠦᠨ᠎ᠡ ᠭᠡᠵᠦ ᠵᠢᠭ᠋ᠠᠵᠤ ᠭᠠᠷᠭ᠋ᠠᠪᠠ᠃
    ᠲᠤᠰ ᠡᠳᠦᠷ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠶ᠋ᠢᠳ ᠯᠢ ᠴᠢᠶᠠᠩ ᠪᠠᠰᠠ ᠴᠠᠭᠢᠯᠭ᠋ᠠᠨ ᠴᠢᠮᠡᠭᠡ ᠶᠠᠪᠤᠭᠤᠯᠵᠤ᠂ ᠹᠦᠯᠸᠢ ᠵᠢᠨ ᠪᠦᠭᠦᠳᠠ ᠨᠠᠶ᠋ᠢᠷᠠᠮᠳᠠᠬᠤ ᠳᠤᠭᠣ᠋ ᠤᠯᠤᠰ᠎ᠤᠨ ᠰᠠᠶ᠋ᠢᠳ ᠨᠠᠷ᠎ᠤᠨ ᠬᠤᠷᠠᠯ᠎ᠤᠨ ᠲᠡᠷᠢᠭᠦᠯᠡᠭᠴᠢ ᠵᠢᠨ ᠲᠤᠰᠢᠶᠠᠯ᠎ᠳᠤ ᠭᠠᠷᠤᠭᠰᠠᠨ᠎ᠳᠤ ᠪᠠᠶᠠᠷ ᠬᠦᠷᠭᠡᠪᠡ᠃
   
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠯᠲᠡ ᠦᠭᠡᠢ ᠨᠠᠶ᠋ᠢᠳᠠᠪᠤᠷᠢᠵᠢᠭᠤᠯᠵᠤ ᠰᠢᠯᠢᠳᠡᠭ ᠨᠠᠮ᠎ᠤᠨ ᠰᠤᠷᠲᠠᠯ ᠵᠶ᠋ᠠᠷ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠬᠥᠲᠥᠯᠥᠨ ᠳᠠᠭ᠋ᠠᠭᠤᠯᠬᠤ ᠬᠡᠷᠡᠭᠲᠡᠢ
《ᠨᠠᠮ ᠵᠠᠰᠠᠭ᠎ᠤᠨ ᠪᠠᠶ᠋ᠢᠭᠤᠯᠭ᠎ᠠ ᠵᠢᠨ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠳᠦᠷᠢᠮ》᠎ᠢ ᠳᠠᠷᠤᠮᠠᠯᠯᠠᠨ ᠲᠠᠷᠬᠠᠭ᠋ᠠᠪᠠ
ᠰᠢ ᠵᠢᠨ ᠫᠢᠩ 《ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ》 ᠵᠢ ᠨᠠᠶ᠋ᠢᠷᠠᠭᠤᠯᠬᠤ ᠠᠵᠢᠯ᠎ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ
《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠨ ᠰᠤᠷᠤᠯᠴᠠᠯᠭ᠎ᠠ ᠵᠢᠨ ᠤᠨᠤᠯ᠎ᠤᠨ ᠴᠤᠪᠤᠷᠠᠯ》᠎ᠤᠨ ᠠᠷᠪᠠᠨ ᠨᠢᠭᠡᠳᠦᠭᠡᠷ ᠡᠮᠬᠢᠳᠬᠡᠯ᠎ᠠᠴᠠ ᠠᠷᠪᠠᠨ ᠲᠠᠪᠤᠳᠤᠭ᠋ᠠᠷ ᠡᠮᠬᠢᠳᠬᠡᠯ᠎ᠢ ᠬᠡᠪᠯᠡᠨ ᠲᠠᠷᠬᠠᠭ᠋ᠠᠪᠠ
ᠰᠢ ᠵᠢᠨ ᠫᠢᠩ ᠾᠧᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠢᠲᠡᠭᠡᠯ ᠵᠣᠷᠢᠭ ᠵᠶ᠋ᠠᠨ ᠪᠠᠲᠤᠳᠬᠠᠵᠤ ᠴᠢᠨᠠᠷ ᠰᠠᠶ᠋ᠢᠲᠠᠢ ᠬᠥᠭᠵᠢᠯᠲᠡ ᠥᠨᠳᠥᠷ ᠪᠦᠲᠦᠮᠵᠢᠲᠡᠶ ᠵᠠᠰᠠᠯᠲᠠ ᠵᠢ ᠠᠬᠢᠭᠤᠯᠵᠤ ᠳᠤᠮᠳᠠᠳᠤ ᠣᠷᠣᠨ᠎ᠤ ᠡᠬᠡ ᠭᠠᠵᠠᠷ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
 
            