ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ ᠵᠶ᠋ᠠᠷ ᠡᠨᠡ 6 ᠵᠦᠢ᠍ᠯ᠎ᠤᠨ ᠠᠵᠢᠯ᠎ᠢ ᠪᠠᠶ᠋ᠢᠷᠢᠯᠠᠭᠤᠯᠪᠠ
ᠨᠡᠶᠢᠲᠡᠯᠡᠭᠰᠡᠨ ᠴᠠᠭ᠄ 2025-05-23

       1. ᠶᠡᠷᠦᠩᠬᠡᠢ ᠱᠦᠵᠢ ᠰᠢ ᠵᠢᠨ ᠫᠢᠩ᠎ᠤᠨ ᠬᠡᠰᠡᠭ ᠮᠤᠵᠢ ᠣᠷᠣᠨ ᠬᠤᠲᠠ ᠵᠢᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠰᠠᠭᠤᠳᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
       ᠬᠤᠷᠠᠯᠳᠤᠭ᠋ᠠᠨ ᠵᠶ᠋ᠠᠷ ᠴᠢᠬᠤᠯᠠᠴᠢᠯᠠᠭᠰᠠᠨ᠎ᠨᠢ᠂ ᠨᠠᠮ᠎ᠤᠨ ᠲᠥᠪ ᠬᠤᠷᠢᠶᠠᠨ᠎ᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠱᠠᠲᠤᠴᠢ ᠴᠢᠨᠠᠷᠲᠠᠢ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠨ᠂ ᠤᠬᠠᠮᠰᠠᠷ᠎ᠠᠴᠠ᠎ᠪᠠᠨ ᠪᠠᠷᠢᠮᠵᠢᠶᠠᠵᠢᠭᠤᠯᠤᠨ ᠬᠠᠷᠭᠤᠭᠤᠯᠵᠤ᠂ ᠡᠯ᠎ᠡ ᠬᠦᠷᠢᠶᠡᠨ᠎ᠳᠠᠬᠢ ᠬᠠᠷᠠᠯᠲᠠ ᠡᠭᠦᠷᠭᠡ᠎ᠪᠠᠨ ᠵᠣᠬᠢᠰᠲᠠᠢ ᠲᠣᠭᠲᠠᠭ᠋ᠠᠵᠤ᠂ ᠨᠠᠮ᠎ᠤᠨ ᠲᠥᠪ ᠬᠤᠷᠢᠶᠠᠨ᠎ᠤ ᠪᠠᠶ᠋ᠢᠯᠳᠤᠬᠤ ᠪᠣᠳᠣᠯᠭ᠎ᠠ ᠵᠢᠨ ᠵᠣᠷᠢᠯᠲᠠ ᠵᠢ ᠭᠦᠢ᠍ᠴᠡᠳ ᠢᠯᠡᠷᠡᠭᠦᠯᠬᠦ ᠬᠡᠷᠡᠭᠲᠡᠢ᠃
       《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯᠳᠠᠯᠭ᠎ᠠ ᠪᠣᠯᠬᠤ ᠠᠵᠢᠯ᠎ᠢ ᠭᠦᠨᠵᠡᠭᠡᠢ ᠲᠦᠯᠦᠪᠵᠢᠭᠦᠯᠦᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠪᠴᠢᠯᠡᠨ ᠪᠠᠶ᠋ᠢᠭᠤᠯᠵᠤ᠂ ᠠᠵᠤ ᠠᠬᠤᠢ ᠵᠢᠨ ᠦᠷᠭᠦᠯᠵᠢᠯᠡᠨ ᠰᠠᠶ᠋ᠢᠵᠢᠷᠠᠬᠤ ᠵᠢ ᠠᠬᠢᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠬᠠᠮᠲᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠢ᠃
       ᠪᠠᠶ᠋ᠢᠴᠠᠭ᠋ᠠᠨ ᠰᠤᠳᠤᠯᠤᠯᠲᠠ ᠬᠢᠬᠦ᠎ᠪᠠᠨ ᠴᠢᠩᠭ᠋ᠠᠳᠬᠠᠵᠤ᠂ ᠡᠯ᠎ᠡ ᠲᠠᠯ᠎ᠠ ᠵᠢᠨ᠎ᠬᠢᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠰᠣᠨᠣᠰᠴᠤ᠂ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃
      2. ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ
       ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠭᠰᠠᠨ᠎ᠨᠢ᠂ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠪᠦᠲᠦᠭᠡᠨ ᠪᠠᠶ᠋ᠢᠭᠤᠯᠬᠤ ᠪᠣᠯ ᠰᠢᠨ᠎ᠡ ᠴᠠᠭ ᠦᠶ᠎ᠡ᠎ᠳᠤ ᠥᠭᠡᠷᠡᠴᠢᠯᠡᠯᠲᠡ ᠨᠡᠭᠡᠭᠡᠯᠲᠡ ᠵᠢ ᠠᠬᠢᠭᠤᠯᠬᠤ ᠴᠢᠬᠤᠯᠠ ᠪᠠᠶ᠋ᠢᠯᠳᠤᠬᠤ ᠪᠣᠳᠣᠯᠭ᠎ᠠ ᠵᠢᠨ ᠠᠷᠭ᠎ᠠ ᠬᠡᠮᠵᠢᠶ᠎ᠡ ᠪᠣᠯᠣᠨ᠎ᠠ᠃
       ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠯᠦᠭᠡ ᠬᠠᠷᠭᠤᠭᠤᠯᠬᠤ ᠵᠢ ᠳᠡᠮᠵᠢᠵᠦ᠂ ᠳᠦᠷᠢᠮ᠎ᠤᠨ ᠰᠢᠨ᠎ᠡ ᠵᠢ ᠡᠭᠦᠳᠬᠦ ᠡᠷᠴᠢᠮ ᠵᠶ᠋ᠠᠨ ᠴᠢᠨᠠᠭᠰᠢᠳᠠ ᠴᠢᠩᠭ᠋ᠠᠷᠠᠭᠤᠯᠤᠨ᠂ ᠦᠢ᠍ᠯᠡᠴᠢᠯᠡᠭᠡᠨ᠎ᠤ ᠠᠷᠠᠯᠵᠢᠶ᠎ᠠ ᠵᠢ ᠬᠥᠭᠵᠢᠭᠦᠯᠬᠦ᠂ ᠳ᠋ᠠᠶ᠋ᠢᠲ᠋ᠠ ᠵᠢᠨ ᠬᠢᠯᠢ ᠠᠯᠤᠰᠯᠠᠨ ᠰᠢᠯᠵᠢᠭᠦᠯᠵᠤ ᠠᠵᠢᠯᠯᠠᠭᠤᠯᠬᠤ᠎ᠳᠤ ᠳᠦᠭᠦᠮ ᠦᠵᠡᠭᠦᠯᠬᠦ ᠵᠡᠷᠭᠡ ᠲᠠᠯ᠎ᠠ᠎ᠪᠠᠷ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠨ᠂ ᠵᠦᠷᠢᠶᠡᠴᠢᠯᠡᠭᠰᠡᠨ ᠬᠠᠶ᠋ᠢᠨ ᠰᠦᠪᠡᠭᠴᠢᠯᠡᠯᠲᠡ ᠵᠢ ᠥᠷᠨᠢᠭᠦᠯᠵᠦ᠂ ᠨᠢᠭᠡ ᠪᠦᠯᠦᠭ ᠰᠢᠪᠲᠤᠯᠤᠯᠲᠠ ᠵᠢᠨ ᠴᠢᠨᠠᠷᠲᠠᠢ ᠦᠷ᠎ᠡ ᠪᠦᠲᠦᠭᠡᠯ᠎ᠢ ᠲᠦᠷᠭᠡᠬᠡᠨ ᠭᠠᠷᠭ᠋ᠠᠬᠤ ᠬᠡᠷᠡᠭᠲᠡᠢ᠃
       ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠥᠭᠡᠷᠡᠴᠢᠯᠡᠯᠲᠡ ᠵᠢᠨ ᠡᠭᠦᠷᠭᠡ ᠵᠢᠨ ᠡᠷᠬᠡ ᠣᠯᠭᠤᠯᠲᠠ ᠵᠢ ᠥᠷᠭᠡᠳᠬᠡᠵᠦ᠂ ᠠᠵᠤ ᠦᠢ᠍ᠯᠡᠰ᠎ᠤᠨ ᠬᠥᠭᠵᠢᠯᠲᠡ ᠵᠢᠨ ᠪᠣᠳᠠᠲᠤ ᠬᠡᠷᠡᠭᠴᠡᠭᠡ ᠵᠢ ᠦᠨᠳᠦᠰᠦᠯᠡᠨ ᠣᠷᠣᠨ ᠪᠦᠰᠡ ᠵᠢᠨ ᠪᠠᠶ᠋ᠢᠷᠢᠰᠢᠭᠤᠯᠤᠯᠲᠠ ᠵᠢᠨ ᠬᠡᠪᠴᠢᠶ᠎ᠡ ᠵᠢ ᠰᠢᠯᠢᠳᠡᠭᠵᠢᠭᠦᠯᠦᠨ ᠲᠣᠬᠢᠷᠠᠭᠤᠯᠵᠤ᠂ ᠪᠣᠯᠪᠠᠰᠤᠷᠠᠩᠭᠤᠢ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠴᠢᠳᠠᠪᠤᠷᠢ ᠵᠢᠨ ᠲᠡᠰ ᠵᠶ᠋ᠠᠨ ᠳᠡᠭᠡᠭᠰᠢᠯᠡᠭᠦᠯᠬᠦ ᠵᠢ᠎ᠨᠢ ᠯᠠᠪᠳᠠᠭᠤᠨ ᠵᠶ᠋ᠠᠷ ᠲᠦᠯᠬᠢᠨ ᠠᠬᠢᠭᠤᠯᠬᠤ ᠬᠡᠷᠡᠭᠲᠡᠢ᠃
      3. ᠤᠯᠤᠰ᠎ᠤᠨ ᠳᠡᠰ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ᠎ᠨᠦᠭᠦᠳ᠎ᠢ ᠰᠤᠳᠤᠯᠤᠨ ᠭᠦᠨᠵᠡᠭᠡᠶ᠋ᠢᠷᠡᠭᠦᠯᠪᠡ
       ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠭᠰᠠᠨ᠎ᠨᠢ᠂ ᠤᠯᠤᠰ᠎ᠤᠨ ᠲᠡᠰ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠢ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ᠎ᠪᠠᠷ ᠭᠦᠨ ᠳᠡᠰ ᠳᠠᠪᠬᠤᠷᠭ᠎ᠠ ᠵᠢᠨ ᠥᠭᠡᠷᠡᠴᠢᠯᠡᠯᠲᠡ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃
       ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ 《ᠥᠨᠳᠥᠷ ᠪᠦᠲᠦᠮᠵᠢᠲᠡᠢ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ》 ᠵᠢ ᠬᠦᠴᠦᠲᠡᠢ ᠠᠬᠢᠭᠤᠯᠵᠤ᠂ ᠠᠵᠤ ᠠᠬᠤᠶ᠋ᠢᠯᠠᠯ᠎ᠤᠨ ᠲᠤᠰᠬᠠᠯ ᠵᠶ᠋ᠠᠷ ᠲᠣᠪᠣᠶ᠋ᠢᠮ᠎ᠠ ᠪᠠᠶ᠋ᠢᠭ᠎ᠠ ᠲᠥᠭᠵᠢᠷᠡᠯ ᠰᠠᠭ᠋ᠠᠭᠳᠠᠯ᠎ᠤᠨ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃
       ᠭᠠᠵᠠᠷ ᠰᠢᠷᠣᠢ᠂ ᠴᠢᠳᠠᠪᠤᠷᠢᠲᠠᠨ᠂ ᠪᠡᠯᠡ ᠮᠥᠩᠭᠦ ᠵᠡᠷᠭᠡ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠳᠡᠮᠵᠢᠬᠦ ᠲᠦᠷᠦ ᠵᠢᠨ ᠪᠣᠳᠣᠯᠭ᠎ᠠ ᠪᠠ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠤᠯᠤᠰ᠎ᠤᠨ ᠲᠡᠰ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠬᠥᠭᠵᠢᠯᠲᠡ᠎ᠳᠤ ᠨᠡᠩ ᠰᠠᠶ᠋ᠢᠨ ᠣᠷᠴᠢᠨ ᠨᠥᠬᠦᠴᠡᠯ᠎ᠢ ᠪᠤᠢ ᠪᠣᠯᠭ᠋ᠠᠵᠤ ᠥᠭᠬᠦ ᠬᠡᠷᠡᠭᠲᠡᠢ᠃
      4. 《ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠬᠦᠷᠲᠡᠬᠦ ᠳᠦᠷᠢᠮ (ᠲᠥᠰᠥᠯ)》᠎ᠢ ᠬᠢᠨᠠᠨ ᠵᠦᠪᠯᠡᠵᠦ ᠪᠠᠲᠤᠯᠠᠪᠠ
       ᠬᠤᠷᠠᠯᠳᠤᠭ᠋ᠠᠨ ᠵᠶ᠋ᠠᠷ 《ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠬᠥᠷᠲᠡᠬᠦ ᠳᠦᠷᠢᠮ (ᠲᠥᠰᠥᠯ)》᠎ᠢ ᠬᠢᠨᠠᠨ ᠵᠥᠪᠯᠡᠵᠦ ᠪᠠᠲᠤᠯᠠᠪᠠ᠃ ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠭᠰᠠᠨ᠎ᠨᠢ
       ᠳ᠋ᠠᠶ᠋ᠢᠲ᠋ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠰᠠᠭᠤᠷᠢᠨ ᠳᠡᠭᠡᠷ᠎ᠡ ᠳ᠋ᠠᠶ᠋ᠢᠲ᠋ᠠ ᠵᠢᠨ ᠪᠠᠬᠢᠯᠡᠯᠲᠡ ᠵᠢ ᠨᠠᠪᠲᠠᠷᠡᠭᠦᠯᠵᠦ᠂ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠨᠡᠩ ᠲᠦᠭᠡᠮᠡᠯ ᠬᠠᠷᠠᠭ᠋ᠠᠯᠵᠠᠯᠲᠤ ᠪᠦᠭᠡᠳ ᠳᠥᠭᠦᠮ ᠳᠥᠲᠡ ᠪᠣᠯᠭ᠋ᠠᠬᠤ ᠵᠢ ᠠᠬᠢᠭᠤᠯᠬᠤ ᠬᠡᠷᠡᠭᠲᠡᠢ᠃
       ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠣᠭᠲᠠᠯᠴᠠᠭ᠎ᠠ ᠵᠢ ᠪᠠᠶ᠋ᠢᠭᠤᠯᠵᠤ᠂ ᠳ᠋ᠠᠶ᠋ᠢᠲ᠋ᠠ ᠵᠢᠨ ᠡᠬᠢ ᠪᠠᠶᠠᠯᠢᠭ᠎ᠢ ᠠᠭᠤᠰᠤᠯᠴᠠᠭᠤᠯᠤᠨ ᠬᠡᠷᠡᠭᠯᠡᠬᠦ ᠵᠢ ᠠᠬᠢᠭᠤᠯᠵᠤ᠂ ᠨᠡᠶ᠋ᠢᠭᠡᠮ᠎ᠤᠨ ᠵᠠᠰᠠᠯᠲᠠ ᠪᠠ ᠠᠵᠤ ᠦᠢ᠍ᠯᠡᠰ᠎ᠤᠨ ᠠᠮᠢ ᠠᠬᠤᠢ ᠵᠢᠨ ᠴᠡᠴᠡᠭᠯᠡᠯ ᠬᠥᠭᠵᠢᠯ᠎ᠢ ᠨᠡᠩ ᠰᠠᠶ᠋ᠢᠲᠤᠷ ᠡᠷᠴᠢᠮᠵᠢᠭᠦᠯᠦᠨ᠂ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠬᠦᠳᠡᠯᠭᠡᠭᠴᠢ ᠡᠨᠧᠷᠭᠢ ᠵᠢ ᠨᠡᠮᠡᠭᠳᠡᠭᠦᠯᠬᠦ ᠬᠡᠷᠡᠭᠲᠡᠢ᠃
      5. 《ᠤᠯᠤᠰ᠎ᠤᠨ ᠤᠰᠤᠨ ᠳᠡᠭᠡᠷᠡᠬᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠪᠠ ᠠᠪᠤᠷᠠᠨ ᠲᠤᠰᠠᠯᠠᠬᠤ ᠰᠢᠰᠲ᠋ᠧᠮ᠎ᠤᠨ ᠪᠠᠶ᠋ᠢᠷᠢᠰᠢᠭᠤᠯᠤᠯᠲᠠ ᠵᠢᠨ ᠲᠥᠯᠦᠪᠵᠢᠭᠦᠯᠭᠡ (2025 - 2035 ᠣᠨ)》 ᠵᠢ ᠰᠤᠳᠤᠯᠪᠠ
       ᠬᠤᠷᠠᠯᠳᠤᠭ᠋ᠠᠨ ᠵᠶ᠋ᠠᠷ 《ᠤᠯᠤᠰ᠎ᠤᠨ ᠤᠰᠤᠨ ᠳᠡᠭᠡᠷᠡᠬᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠪᠠ ᠠᠪᠤᠷᠠᠨ ᠲᠤᠰᠠᠯᠠᠬᠤ ᠰᠢᠰᠲ᠋ᠧᠮ᠎ᠤᠨ ᠪᠠᠶ᠋ᠢᠷᠢᠰᠢᠭᠤᠯᠤᠯᠲᠠ ᠵᠢᠨ ᠲᠥᠯᠦᠪᠵᠢᠭᠦᠯᠭᠡ (2025 - 2035 ᠣᠨ)》 ᠵᠢ ᠰᠤᠳᠤᠯᠵᠠᠢ᠃ ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠭᠰᠠᠨ᠎ᠨᠢ
       ᠤᠰᠤᠨ ᠳᠡᠭᠡᠷᠡᠬᠢ ᠣᠳᠣᠬᠢᠴᠢᠯᠠᠭᠰᠠᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠪᠠ ᠠᠪᠤᠷᠠᠨ ᠲᠤᠰᠠᠯᠠᠬᠤ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠰᠠᠯᠠᠭ᠎ᠠ ᠮᠥᠴᠢᠷ ᠪᠠ ᠣᠷᠣᠨ ᠨᠤᠲᠤᠭ᠎ᠤᠨ᠎ᠬᠢᠨ᠎ᠤ ᠵᠣᠬᠢᠴᠠᠭᠤᠯᠤᠨ ᠬᠤᠯᠪᠣᠭ᠋ᠠᠯᠠᠬᠤ ᠵᠢ ᠴᠢᠩᠭ᠋ᠠᠳᠬᠠᠵᠤ᠂ ᠴᠢᠬᠤᠯᠠ ᠲᠣᠨᠤᠭ ᠲᠦᠬᠦᠭᠡᠷᠦᠮᠵᠢ ᠪᠠ ᠵᠠᠩᠭᠢᠯᠠᠭ᠎ᠠ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠨ᠂ ᠨᠥᠬᠦᠴᠡᠯ ᠪᠦᠷᠢᠯᠳᠦᠭᠦᠯᠵᠦ ᠪᠠᠶ᠋ᠢᠭ᠋ᠠᠳ ᠨᠡᠶ᠋ᠢᠭᠡᠮ᠎ᠤᠨ ᠬᠥᠷᠥᠩᠭᠡ ᠵᠢ ᠲᠠᠲᠠᠵᠤ ᠬᠢᠨᠠᠨ ᠬᠠᠮᠢᠶᠠᠷᠴᠤ ᠠᠪᠤᠷᠠᠨ ᠲᠤᠰᠠᠯᠠᠬᠤ ᠴᠢᠬᠤᠯᠠ ᠶᠡᠭᠡ ᠢᠨᠵᠧᠨᠧᠷᠢᠩ᠎ᠤᠨ ᠲᠦᠷᠦᠯ ᠵᠦᠢ᠍ᠯ᠎ᠳᠤ ᠣᠷᠣᠯᠴᠠᠭᠤᠯᠵᠤ᠂ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠎ᠳᠤ ᠪᠠᠲᠤ ᠪᠠᠬᠢ ᠪᠠᠲᠤᠯᠠᠭ᠎ᠠ ᠬᠠᠩᠭ᠋ᠠᠬᠤ ᠬᠡᠷᠡᠭᠲᠡᠢ᠃
      6. ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠴᠢᠩᠭ᠋ᠠᠳᠬᠠᠬᠤ᠎ᠪᠠᠷ ᠪᠠᠶ᠋ᠢᠷᠢᠯᠠᠭᠤᠯᠤᠯᠲᠠ ᠬᠢᠪᠡ
       ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠭᠰᠠᠨ᠎ᠨᠢ᠂ ᠣᠶ᠋ᠢᠷ᠎ᠠ ᠵᠢᠨ ᠬᠤᠭᠤᠴᠠᠭ᠋ᠠᠨ᠎ᠳᠤ ᠵᠠᠷᠢᠮ ᠭᠠᠵᠠᠷ ᠣᠷᠣᠨ᠎ᠳᠤ ᠠᠮᠤᠷ ᠲᠦᠪᠰᠢᠨ᠎ᠤ ᠠᠳᠡᠯ ᠵᠠᠯᠭ᠋ᠠᠭ᠎ᠠ᠎ᠪᠠᠷ ᠭᠠᠷᠤᠭᠰᠠᠨ᠎ᠨᠢ ᠰᠤᠷᠭ᠋ᠠᠮᠵᠢ᠎ᠨᠢ ᠭᠦᠨᠵᠡᠭᠡᠢ ᠪᠠᠶ᠋ᠢᠨ᠎ᠠ᠂ ᠡᠨᠡ᠎ᠨᠢ ᠠᠶᠤᠯ ᠦᠭᠡᠢ ᠦᠢ᠍ᠯᠡᠳᠪᠦᠷᠢᠯᠡᠯ᠎ᠢ ᠬᠡᠵᠢᠶ᠎ᠡ ᠴᠦ᠍ ᠬᠥᠩᠭᠡᠪᠴᠢᠯᠡᠵᠦ ᠪᠣᠯᠬᠤ ᠦᠭᠡᠢ ᠭᠡᠳᠡᠭ᠎ᠢ ᠬᠠᠷᠠᠭᠤᠯᠵᠤ ᠪᠠᠶ᠋ᠢᠨ᠎ᠠ᠃
       ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠯ᠎ᠡ ᠲᠠᠯ᠎ᠠ ᠵᠢᠨ᠎ᠬᠢᠨ᠎ᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠎ᠠ ᠪᠤᠲᠠᠲᠠᠶ᠋ᠢᠵᠢᠭᠤᠯᠬᠤ ᠬᠡᠷᠡᠭᠲᠡᠢ᠂ ᠢᠯᠠᠩᠭᠤᠶ᠎ᠠ 《ᠰᠡᠷᠭᠡᠶ᠋ᠢᠯᠡᠯᠲᠡ》 ᠵᠢᠨ ᠲᠠᠯ᠎ᠠ᠎ᠪᠠᠷ ᠨᠡᠩ ᠶᠡᠭᠡ ᠬᠦᠴᠦ ᠣᠷᠣᠭᠤᠯᠵᠤ᠂ ᠠᠶᠤᠯ ᠲᠦᠭᠰᠢᠭᠦᠷᠢ ᠵᠢᠨ ᠲᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ ᠵᠶ᠋ᠠᠨ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭ᠎ᠠ ᠭᠤᠣᠯᠳᠠᠯᠭ᠎ᠠ ᠪᠣᠯᠬᠤ ᠲᠠᠯᠠᠪᠤᠷ ᠭᠠᠵᠠᠷ᠎ᠤᠨ ᠭᠤᠣᠯᠳᠠᠯᠭ᠎ᠠ ᠪᠣᠯᠬᠤ ᠠᠰᠠᠭᠤᠳᠠᠯ᠎ᠳᠤ ᠨᠡᠩ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠴᠡᠭᠴᠡᠯᠡᠨ ᠵᠠᠰᠠᠵᠤ᠂ ᠬᠦᠨᠳᠦ ᠣᠨᠴᠠ ᠶᠡᠭᠡ ᠠᠮᠤᠷ ᠲᠦᠪᠰᠢᠨ᠎ᠤ ᠠᠳᠡᠯ ᠭᠠᠷᠬᠤ ᠵᠢ ᠡᠷᠡᠰ ᠰᠡᠷᠭᠡᠶ᠋ᠢᠯᠡᠨ ᠬᠤᠷᠢᠭᠯᠠᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ ᠪᠠᠶ᠋ᠢᠳᠠᠯ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃
  


 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠨᠢᠭᠡᠨ ᠴᠠᠭ᠎ᠤᠨ ᠤᠴᠢᠷ ᠶᠠᠪᠤᠳᠠᠯ᠎ᠳᠤ ᠲᠥᠭᠡᠷᠢᠭᠳᠡᠬᠦ ᠦᠭᠡᠢ ᠰᠢᠷᠦᠭᠦᠨ ᠰᠠᠯᠬᠢ ᠳᠤᠬᠰᠢᠨ ᠳᠠᠪᠠᠯᠭ᠋ᠠᠨ᠎ᠳᠤ ᠨᠥᠯᠥᠭᠡᠯᠡᠭᠳᠡᠬᠦ ᠦᠭᠡᠢ》 — ᠲᠡᠷᠢᠭᠦᠯᠡᠭᠴᠢ ᠰᠢ ᠵᠢᠨ ᠫᠢᠩ ᠣᠷᠣᠰ᠎ᠲᠤ ᠲᠥᠷᠥ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠡᠶ᠋ᠢᠨ ᠢᠯᠠᠯᠲᠠ ᠣᠯᠣᠭᠰᠠᠨ 80 ᠵᠢᠯ᠎ᠤᠨ ᠣᠶ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠬᠰᠠᠨ ᠲᠤᠬᠠᠢ ᠪᠣᠳᠠᠲᠤ ᠲᠡᠮᠳᠡᠭᠯᠡᠯ
ᠰᠢ ᠵᠢᠨ ᠫᠢᠩ ᠴᠠᠭᠢᠯᠭ᠋ᠠᠨ ᠴᠢᠮᠡᠭᠡ ᠶᠠᠪᠤᠭᠤᠯᠵᠤ ᠠᠯᠪᠠᠨᠢᠰ᠎ᠤᠨ ᠠᠦ᠋ᠰᠲᠷᠠᠯᠢᠶ᠎ᠠ ᠵᠢᠨ ᠶᠡᠷᠦᠩᠬᠡᠢ ᠰᠠᠶ᠋ᠢᠳ ᠵᠶ᠋ᠠᠷ ᠦᠷᠭᠦᠯᠵᠢᠯᠡᠨ ᠰᠣᠩᠭᠤᠭᠳᠠᠭᠰᠠᠨ᠎ᠳᠤ ᠪᠠᠶᠠᠷ ᠬᠦᠷᠭᠡᠪᠡ
ᠰᠢ ᠵᠢᠨ ᠫᠢᠩ ᠪᠷᠠᠽᠢᠯ᠎ᠤᠨ ᠶᠡᠷᠦᠩᠬᠡᠶ᠋ᠢᠯᠡᠭᠴᠢ ᠯᠦᠯᠠ᠎ᠲᠠᠢ ᠬᠡᠯᠡᠯᠴᠡᠭᠡ ᠬᠢᠪᠡ
ᠰᠢ ᠵᠢᠨ ᠫᠢᠩ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠢᠨ᠎ᠡ ᠬᠠᠭᠤᠳᠠᠰᠤ ᠵᠢ ᠪᠢᠴᠢᠭᠯᠡᠶ᠎ᠡ — ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ
 
            