ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠴᠠᠭᠢᠯᠭ᠋ᠠᠨ ᠴᠢᠮᠡᠭᠡ ᠶᠠᠪᠤᠭᠤᠯᠵᠤ ᠠᠯᠪᠠᠨᠢᠰ᠎ᠤᠨ ᠠᠦ᠋ᠰᠲᠷᠠᠯᠢᠶ᠎ᠠ ᠵᠢᠨ ᠶᠡᠷᠦᠩᠬᠡᠢ ᠰᠠᠶ᠋ᠢᠳ ᠵᠶ᠋ᠠᠷ ᠦᠷᠭᠦᠯᠵᠢᠯᠡᠨ ᠰᠣᠩᠭᠤᠭᠳᠠᠭᠰᠠᠨ᠎ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄ 2025-05-23

   ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 13᠎ᠤ ᠴᠠᠭᠢᠯᠭ᠋ᠠᠨ ᠮᠡᠳᠡᠭᠡ 5 ᠰᠠᠷ᠎ᠠ ᠵᠢᠨ 13᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠨᠲ᠋ᠤᠨᠢ • ᠠᠯᠪᠠᠨᠢᠰ᠎ᠲᠤ ᠴᠠᠭᠢᠯᠭ᠋ᠠᠨ ᠴᠢᠮᠡᠭᠡ ᠶᠠᠪᠤᠭᠤᠯᠵᠤ᠂ ᠲᠡᠭᠦᠨ᠎ᠤ ᠠᠦ᠋ᠰᠲᠷᠠᠯᠢᠶ᠎ᠠ ᠵᠢᠨ ᠬᠤᠯᠪᠣᠭ᠋ᠠᠨ᠎ᠤ ᠵᠠᠰᠠᠭ᠎ᠤᠨ ᠣᠷᠳᠣᠨ᠎ᠤ ᠶᠡᠷᠦᠩᠬᠡᠢ ᠰᠠᠶ᠋ᠢᠳ ᠵᠶ᠋ᠠᠷ ᠦᠷᠭᠦᠯᠵᠢᠯᠡᠨ ᠰᠣᠩᠭᠤᠭᠳᠠᠭᠰᠠᠨ᠎ᠳᠤ ᠪᠠᠶᠠᠷ ᠬᠦᠷᠭᠡᠪᠡ᠃
    ᠰᠢ ᠵᠢᠨ ᠫᠢᠩ᠂ ᠥᠩᠭᠡᠷᠡᠭᠰᠡᠨ 3 ᠵᠢᠯ᠎ᠳᠤ ᠪᠢ ᠶᠡᠷᠦᠩᠬᠡᠢ ᠰᠠᠶ᠋ᠢᠳ ᠠᠪᠤᠭ᠋ᠠᠢ᠎ᠲᠠᠢ ᠠᠭᠤᠯᠵᠠᠵᠤ᠂ ᠳᠤᠮᠳᠠᠳᠤ ᠠᠦ᠋ᠰᠲᠷᠠᠯᠢᠶ᠎ᠠ ᠵᠢᠨ ᠬᠠᠷᠢᠯᠴᠠᠭ᠋ᠠᠨ᠎ᠤ ᠬᠥᠭᠵᠢᠯᠲᠡ᠎ᠳᠤ ᠬᠤᠯᠪᠣᠭᠳᠠᠬᠤ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ᠂ ᠪᠦᠭᠦ ᠲᠠᠯ᠎ᠠ ᠵᠢᠨ ᠴᠢᠨᠠᠷᠲᠠᠢ᠂ ᠴᠢᠭᠯᠡᠯ᠎ᠤᠨ ᠴᠢᠨᠠᠷᠲᠠᠢ ᠠᠰᠠᠭᠤᠳᠠᠯ᠎ᠤᠨ ᠲᠤᠬᠠᠢ ᠭᠦᠨᠵᠡᠭᠡᠢ ᠣᠯᠣᠯᠴᠠᠬᠤ ᠵᠢᠨ ᠬᠠᠮᠲᠤ ᠴᠢᠬᠤᠯᠠ ᠬᠠᠮᠲᠤ ᠵᠢᠨ ᠲᠠᠨᠢᠯᠲᠠ᠎ᠲᠠᠢ ᠪᠣᠯᠵᠤ᠂ ᠬᠤᠶᠠᠷ ᠤᠯᠤᠰ᠎ᠤᠨ ᠬᠠᠷᠢᠯᠴᠠᠭ᠎ᠠ ᠵᠢ ᠰᠠᠶ᠋ᠢᠵᠢᠷᠠᠭᠤᠯᠬᠤ ᠪᠠ ᠬᠥᠭᠵᠢᠭᠦᠯᠬᠦ᠎ᠳᠤ ᠪᠠᠶ᠋ᠢᠯᠳᠤᠬᠤ ᠪᠣᠳᠣᠯᠭ᠎ᠠ ᠵᠢᠨ ᠵᠢᠯᠣᠭᠤᠳᠤᠮᠵᠢ ᠬᠠᠩᠭ᠋ᠠᠵᠠᠢ᠃ ᠳᠤᠮᠳᠠᠳᠤ ᠠᠦ᠋ᠰᠲᠷᠠᠯᠢᠶ᠎ᠠ ᠬᠤᠶᠠᠷ ᠲᠠᠯ᠎ᠠ᠎ᠪᠠᠷ ᠵᠶ᠋ᠠᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠬᠤ᠎ᠨᠢ ᠬᠤᠶᠠᠷ ᠤᠯᠤᠰ᠎ᠤᠨ ᠬᠠᠮᠲᠤ ᠵᠢᠨ ᠬᠥᠭᠵᠢᠯᠲᠡ ᠵᠢ ᠪᠡᠶᠡᠯᠡᠭᠦᠯᠬᠦ᠂ ᠳᠡᠯᠡᠬᠡᠢ ᠵᠢᠨ ᠡᠩᠬᠡ ᠲᠠᠶ᠋ᠢᠪᠤᠩ ᠲᠣᠭᠲᠠᠭᠤᠨ ᠪᠠᠶ᠋ᠢᠳᠠᠯ᠎ᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠪᠢ ᠳᠤᠷᠠᠲᠠᠶ᠎ᠠ ᠶᠡᠷᠦᠩᠬᠡᠢ ᠰᠠᠶ᠋ᠢᠳ ᠠᠯᠪᠠᠨᠢᠰ᠎ᠲᠠᠢ ᠬᠠᠮᠲᠤ᠎ᠪᠠᠷ ᠴᠢᠷᠮᠠᠶ᠋ᠢᠵᠤ ᠪᠠᠶ᠋ᠢᠭ᠋ᠠᠳ ᠳᠤᠮᠳᠠᠳᠤ ᠠᠦ᠋ᠰᠳ᠋ᠷᠠᠯᠢᠶ᠎ᠠ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠲᠣᠭᠲᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠵᠤ᠂ ᠬᠤᠶᠠᠷ ᠤᠯᠤᠰ᠎ᠤᠨ ᠠᠷᠠᠳ ᠲᠦᠮᠡᠨ᠎ᠳᠤ ᠨᠠᠩ ᠰᠠᠶ᠋ᠢᠨ ᠪᠤᠶᠠᠨ ᠦᠢ᠍ᠯᠡᠳᠦᠨ᠎ᠡ ᠭᠡᠵᠦ ᠵᠢᠭ᠋ᠠᠵᠤ ᠭᠠᠷᠭ᠋ᠠᠪᠠ᠃
    ᠲᠤᠰ ᠡᠳᠦᠷ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠶ᠋ᠢᠳ ᠯᠢ ᠴᠢᠶᠠᠩ ᠠᠯᠪᠠᠨᠢᠰ᠎ᠲᠤ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠵᠤ᠂ ᠳᠤᠮᠳᠠᠳᠤ ᠤᠯᠤᠰ ᠳᠤᠷᠠᠲᠠᠶ᠎ᠠ ᠠᠦ᠋ᠰᠳ᠋ᠷᠠᠯᠢᠶ᠎ᠠ ᠵᠢᠨ ᠰᠢᠨ᠎ᠡ ᠨᠢᠭᠡ ᠬᠤᠭᠤᠴᠠᠭ᠋ᠠᠨ᠎ᠤ ᠵᠠᠰᠠᠭ᠎ᠤᠨ ᠣᠷᠳᠣᠨ᠎ᠲᠠᠢ ᠬᠠᠮᠲᠤ᠎ᠪᠠᠷ ᠨᠡᠩ ᠪᠣᠯᠪᠠᠰᠤᠷᠠᠩᠭᠤᠢ ᠲᠣᠭᠲᠠᠭᠤᠨ᠂ ᠨᠡᠩ ᠪᠠᠶᠠᠯᠢᠭ ᠦᠷ᠎ᠡ ᠪᠦᠲᠦᠭᠡᠯ᠎ᠲᠠᠢ ᠳᠤᠮᠳᠠᠳᠤ ᠠᠦ᠋ᠰᠲᠷᠠᠯᠢᠶ᠎ᠠ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠪᠠᠶ᠋ᠢᠭᠤᠯᠬᠤ ᠵᠢ ᠠᠬᠢᠭᠤᠯᠤᠨ᠎ᠠ ᠭᠡᠵᠦ ᠢᠯᠡᠳᠬᠡᠪᠡ᠃
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠪᠷᠠᠽᠢᠯ᠎ᠤᠨ ᠶᠡᠷᠦᠩᠬᠡᠶ᠋ᠢᠯᠡᠭᠴᠢ ᠯᠦᠯᠠ᠎ᠲᠠᠢ ᠬᠡᠯᠡᠯᠴᠡᠭᠡ ᠬᠢᠪᠡ
ᠰᠢ ᠵᠢᠨ ᠫᠢᠩ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠢᠨ᠎ᠡ ᠬᠠᠭᠤᠳᠠᠰᠤ ᠵᠢ ᠪᠢᠴᠢᠭᠯᠡᠶ᠎ᠡ — ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ
ᠰᠢ ᠵᠢᠨ ᠫᠢᠩ ᠴᠢᠯᠢ ᠵᠢᠨ ᠶᠡᠷᠦᠩᠬᠡᠶ᠋ᠢᠯᠡᠭᠴᠢ ᠪᠦᠸᠧᠯᠢᠴᠢ᠎ᠲᠠᠢ ᠠᠭᠤᠯᠵᠠᠪᠠ
ᠰᠢ ᠵᠢᠨ ᠫᠢᠩ ᠺᠣᠯᠣᠮᠪᠢᠶ᠎ᠠ ᠵᠢᠨ ᠶᠡᠷᠦᠩᠬᠡᠶ᠋ᠢᠯᠡᠭᠴᠢ ᠫᠤᠳ᠋ᠷᠤ᠋᠎ᠲᠠᠢ ᠠᠭᠤᠯᠵᠠᠪᠠ
 
            