ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠨᠢᠭᠡᠨ ᠴᠠᠭ᠎ᠤᠨ ᠤᠴᠢᠷ ᠶᠠᠪᠤᠳᠠᠯ᠎ᠳᠤ ᠲᠥᠭᠡᠷᠢᠭᠳᠡᠬᠦ ᠦᠭᠡᠢ ᠰᠢᠷᠦᠭᠦᠨ ᠰᠠᠯᠬᠢ ᠳᠤᠬᠰᠢᠨ ᠳᠠᠪᠠᠯᠭ᠋ᠠᠨ᠎ᠳᠤ ᠨᠥᠯᠥᠭᠡᠯᠡᠭᠳᠡᠬᠦ ᠦᠭᠡᠢ》 — ᠲᠡᠷᠢᠭᠦᠯᠡᠭᠴᠢ ᠰᠢ ᠵᠢᠨ ᠫᠢᠩ ᠣᠷᠣᠰ᠎ᠲᠤ ᠲᠥᠷᠥ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠡᠶ᠋ᠢᠨ ᠢᠯᠠᠯᠲᠠ ᠣᠯᠣᠭᠰᠠᠨ 80 ᠵᠢᠯ᠎ᠤᠨ ᠣᠶ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠬᠰᠠᠨ ᠲᠤᠬᠠᠢ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄ 2025-05-23

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 11᠎ᠤ ᠴᠠᠭᠢᠯᠭ᠋ᠠᠨ ᠮᠡᠳᠡᠭᠡ 《ᠳᠡᠯᠡᠬᠡᠢ ᠶᠢᠷᠲᠢᠨᠴᠦ ᠶᠠᠭ ᠰᠠᠶ᠋ᠢᠬᠠᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠳᠤ ᠲᠤᠯᠭ᠋ᠠᠷᠠᠵᠤ ᠪᠠᠶ᠋ᠢᠨ᠎ᠠ》᠃
    ᠡᠨᠡ ᠪᠣᠯ ᠲᠡᠷᠢᠭᠦᠯᠡᠭᠴᠢ ᠰᠢ ᠵᠢᠨ ᠫᠢᠩ᠎ᠤᠨ ᠠᠯᠢ ᠡᠷᠲᠡ ᠠᠷᠪᠠ ᠭᠠᠷᠤᠢ ᠵᠢᠯ᠎ᠤᠨ ᠡᠮᠦᠨ᠎ᠡ ᠲᠥᠰᠥᠭᠡᠯᠡᠭᠰᠡᠨ ᠭᠦᠨᠵᠡᠭᠡᠢ ᠮᠠᠭ᠋ᠠᠳᠯᠠᠯᠲᠠ ᠪᠣᠯᠣᠨ᠎ᠠ᠃ ᠨᠠᠷᠠᠠ ᠮᠠᠨᠳᠤᠵᠤ ᠰᠠᠷᠨᠨ ᠰᠢᠩᠭᠡᠵᠦ᠂ ᠬᠠᠪᠤᠷ ᠨᠠᠮᠤᠷ ᠡᠭᠡᠯᠵᠢᠯᠡᠭᠰᠡᠭᠡᠷ᠃ ᠡᠨᠡ ᠦᠭᠡ᠎ᠨᠢ ᠠᠯᠢ ᠤᠯᠠᠨ ᠲᠣᠮᠣ ᠤᠴᠢᠷ ᠶᠠᠪᠤᠳᠠᠯ᠎ᠤᠳ ᠵᠶ᠋ᠠᠷ ᠣᠯᠠᠨᠲᠠ ᠭᠡᠷᠡᠴᠢᠯᠡᠭᠳᠡᠭᠰᠡᠭᠡᠷ᠃
    ᠬᠥᠮᠥᠨ ᠲᠥᠷᠥᠯᠬᠢᠲᠡᠨ ᠲᠡᠦᠬᠡ ᠵᠢᠨ ᠲᠣᠨᠣᠯᠵᠢᠨ ᠵᠠᠮ᠎ᠳᠤ ᠵᠣᠭᠰᠣᠪᠠ᠃ ᠪᠦᠯᠬᠦᠮᠳᠡᠬᠦ ᠦᠦ ᠡᠰᠡᠬᠦᠯ᠎ᠡ ᠬᠠᠭ᠋ᠠᠴᠠᠬᠤ ᠦᠦ᠂ ᠶᠠᠷᠢᠯᠴᠠᠭ᠎ᠠ ᠬᠢᠬᠦ ᠦᠦ ᠡᠰᠡᠬᠦᠯ᠎ᠡ ᠡᠰᠡᠷᠭᠦᠴᠡᠯᠳᠦᠬᠦ ᠦᠦ᠂ ᠬᠠᠮᠲᠤ᠎ᠪᠠᠷ ᠠᠰᠢᠭ ᠭᠦᠷᠳᠡᠭᠦ ᠦᠦ ᠡᠰᠡᠬᠦᠯ᠎ᠡ ᠦᠯᠦ ᠡᠪᠰᠡᠨ ᠬᠠᠷᠢᠯᠴᠠᠨ ᠦᠵᠡᠯᠴᠡᠬᠦ ᠦᠦ᠂ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠬᠤᠪᠢᠰᠤᠯᠲᠠ ᠶᠠᠭ ᠲᠦᠷᠭᠡᠰᠦᠨ ᠤᠯᠠᠷᠢᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠎ᠠ᠎ᠳᠤ ᠬᠤᠯᠪᠣᠭᠳᠠᠬᠤ 《ᠴᠠᠭ ᠦᠶ᠎ᠡ ᠵᠢᠨ ᠠᠰᠠᠭᠤᠯᠲᠠ》 ᠵᠢᠨ ᠬᠠᠷᠢᠭᠤᠯᠲᠠ ᠵᠢ ᠡᠨᠡ ᠤᠳᠠᠭ᠎ᠠ ᠵᠢᠨ ᠤᠷᠤᠰ᠎ᠲᠠᠬᠢ ᠠᠶ᠋ᠢᠯᠴᠢᠯᠠᠯᠲᠠ᠎ᠠᠴᠠ ᠣᠯᠵᠤ ᠬᠠᠷᠠᠵᠤ ᠪᠣᠯᠣᠨ᠎ᠠ᠃
    5 ᠰᠠᠷ᠎ᠠ ᠵᠢᠨ 7᠎ᠠᠴᠠ 10᠎ᠤ ᠡᠳᠦᠷ ᠪᠤᠯᠲᠠᠯ᠎ᠠ᠂ ᠲᠡᠷᠢᠭᠦᠯᠡᠭᠴᠢ ᠰᠢ ᠵᠢᠨ ᠫᠢᠩ ᠤᠷᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠪᠠ᠃
    ᠴᠠᠭ᠎ᠤᠨ ᠵᠡᠭᠦᠦ ᠠᠷᠪᠠᠨ ᠵᠢᠯ᠎ᠤᠨ ᠡᠮᠦᠨᠡᠬᠢ 70 ᠵᠢᠯ᠎ᠤᠨ ᠣᠶ ᠵᠢᠨ ᠪᠠᠶᠠᠷ᠎ᠤᠨ ᠶᠣᠰᠣᠯᠠᠯ᠎ᠳᠤ ᠣᠷᠤᠯᠴᠠᠬᠤ ᠦᠶ᠎ᠡ᠎ᠳᠤ ᠪᠤᠴᠠᠵᠤ ᠢᠷᠡᠭᠰᠡᠨ ᠰᠢᠭ ᠪᠣᠯᠪᠠ᠃ ᠤᠷᠳᠤ ᠤᠳᠠᠭ᠋ᠠᠨ ᠴᠠᠭ ᠮᠥᠴᠡ ᠵᠢ ᠡᠯᠡᠭᠡᠭᠰᠡᠨ ᠪᠥᠭᠡᠳ ᠢᠷᠠᠭᠤ ᠠᠯᠳᠠᠷ ᠪᠢᠯᠬᠠᠭᠰᠠᠨ ᠮᠣᠰᠺᠸᠠ ᠵᠢᠨ ᠤᠯᠠᠭ᠋ᠠᠨ ᠲᠠᠯᠠᠪᠠᠶ᠎ᠳᠤ 10 ᠵᠢᠯ᠎ᠤᠨ ᠡᠮᠦᠨᠡᠬᠢ᠎ᠲᠠᠢ ᠠᠳᠠᠯᠢᠬᠠᠨ ᠬᠠᠩᠭᠢᠨᠠᠭᠰᠠᠨ ᠲᠠᠭᠤᠨ ᠣᠭᠲᠠᠷᠭᠤᠢ ᠵᠢ ᠳᠣᠩᠰᠣᠯᠭ᠋ᠠᠵᠤ᠂ ᠢᠳᠡᠷᠡᠭᠦᠨ ᠠᠯᠬᠤᠭ᠎ᠠ ᠮᠥᠨ ᠬᠦ᠌ ᠠᠳᠠᠯᠢᠬᠠᠨ ᠢᠳᠡ ᠬᠦᠴᠦᠲᠡᠢ ᠪᠠᠶ᠋ᠢᠯ᠎ᠠ᠃
    ᠴᠠᠭ᠎ᠤᠨ ᠬᠦᠷᠳᠦ ᠡᠷᠭᠢᠯᠳᠦᠭᠰᠡᠭᠡᠷ᠃ ᠡᠳᠦᠷ ᠪᠦᠷᠢ ᠲᠦᠮᠡᠨ ᠪᠣᠳᠠᠰ ᠬᠤᠪᠢᠷᠠᠵᠤ ᠪᠠᠶ᠋ᠢᠪᠠᠴᠤ᠂ ᠨᠢᠭᠡᠨ ᠬᠦᠴᠦᠨ ᠬᠠᠳᠠ ᠴᠢᠯᠠᠭᠤ ᠮᠡᠲᠦ ᠪᠠᠲᠤ ᠴᠢᠩᠭ᠎ᠠ ᠪᠠᠶ᠋ᠢᠵᠤ᠂ ᠨᠢᠭᠡᠨ ᠵᠣᠷᠢᠭ ᠰᠠᠨᠠᠭ᠎ᠠ ᠴᠠᠭ ᠦᠶ᠎ᠡ ᠵᠢ ᠬᠥᠲᠥᠯᠥᠨ ᠳᠠᠭ᠋ᠠᠭᠤᠯᠵᠤ ᠰᠦᠷ ᠳᠠᠯᠠᠶ᠋ᠢᠴᠠᠲᠠᠢ ᠤᠷᠤᠭᠰᠢᠯᠠᠨ᠎ᠠ᠃
    ᠲᠡᠷᠡ ᠪᠣᠯ 《ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠬᠤ》 ᠠᠮᠠᠯᠠᠯᠲᠠ᠂ 《ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ》 ᠬᠠᠳᠠᠨ ᠵᠣᠷᠢᠭ ᠮᠥᠨ᠃ ᠤᠷᠪᠠᠭ᠋ᠠᠨ ᠬᠥᠷᠪᠡᠭᠡᠨ᠎ᠲᠠᠢ ᠪᠠᠶ᠋ᠢᠭᠰᠠᠨ ᠴᠤ᠌ ᠡᠩᠬᠡ ᠲᠠᠶ᠋ᠢᠪᠤᠩ᠎ᠢ ᠬᠠᠮᠠᠭ᠋ᠠᠯᠠᠬᠤ ᠵᠣᠷᠢᠭ ᠦᠯᠦ ᠰᠤᠯᠠᠷᠠᠨ᠎ᠠ; ᠲᠤᠬᠰᠢᠨ ᠳᠠᠪᠠᠯᠭ᠋ᠠᠨ ᠳᠠᠪᠠᠯᠭ᠋ᠠᠯᠠᠵᠤ ᠪᠠᠶ᠋ᠢᠭᠰᠠᠨ ᠴᠤ᠌ ᠬᠠᠮᠲᠤᠷᠠᠯᠴᠠᠬᠤ ᠳᠠᠷᠪᠠᠭᠤᠯ ᠥᠨᠳᠥᠷ᠎ᠲᠤ ᠮᠠᠨᠳᠤᠭᠰᠠᠭ᠋ᠠᠷ᠃
    ᠲᠤᠬᠠᠢ ᠵᠢᠨ ᠭᠠᠵᠠᠷ᠎ᠤᠨ ᠴᠠᠭ ᠵᠶ᠋ᠠᠷ 7᠎ᠤ ᠣᠷᠣᠢ᠂ ᠲᠡᠷᠢᠭᠦᠯᠡᠭᠴᠢ ᠰᠢ ᠵᠢᠨ ᠫᠢᠩ ᠲᠤᠰᠬᠠᠢ ᠨᠢᠰᠬᠡᠯ ᠵᠶ᠋ᠠᠷ ᠬᠦᠷᠴᠦ ᠣᠴᠢᠪᠠ᠃ ᠨᠢᠰᠬᠡᠯ᠎ᠤᠨ ᠪᠠᠭᠤᠳᠠᠯ᠎ᠳᠤ ᠤᠭᠲᠤᠬᠤ᠎ᠪᠠᠷ ᠢᠷᠡᠭᠰᠡᠨ ᠤᠷᠤᠰ᠎ᠤᠨ ᠳᠡᠳ᠋ ᠶᠡᠷᠦᠩᠬᠡᠢ ᠰᠠᠶ᠋ᠢᠳ ᠭᠧᠯᠢᠺᠸᠧᠨ᠄ 《ᠪᠢᠳᠡ ᠴᠥᠮ ᠮᠠᠰᠢ ᠶᠡᠭᠡ ᠰᠣᠨᠢᠷᠬᠠᠯ᠎ᠲᠠᠢ᠎ᠪᠠᠷ ᠲᠠᠨ᠎ᠤ 〈ᠤᠷᠤᠰ᠎ᠤᠨ ᠰᠣᠨᠢᠨ〉 ᠳᠡᠭᠡᠷ᠎ᠡ ᠨᠡᠶ᠋ᠢᠲᠡᠯᠡᠭᠰᠡᠨ ᠨᠡᠷ᠎ᠡ ᠬᠠᠲᠠᠭᠰᠠᠨ ᠵᠣᠬᠢᠶᠠᠯ᠎ᠢ ᠨᠠᠷᠢᠨ ᠬᠢᠨᠠᠮᠠᠭ᠋ᠠᠢ ᠤᠩᠰᠢᠵᠤ᠂ ᠮᠠᠰᠢ ᠶᠡᠭᠡ ᠤᠷᠮᠠᠰᠢᠨ ᠵᠣᠷᠢᠭᠵᠢᠵᠤ᠂ ᠮᠠᠰᠢ ᠶᠡᠭᠡ ᠰᠡᠳᠬᠢᠯ ᠳᠣᠭᠳᠣᠯᠪᠠ》 ᠭᠡᠵᠦ ᠬᠡᠯᠡᠪᠡ᠃
    ᠲᠡᠷᠢᠭᠦᠯᠡᠭᠴᠢ ᠰᠢ ᠵᠢᠨ ᠫᠢᠩ ᠵᠣᠬᠢᠶᠠᠯ᠎ᠳᠠᠭᠠᠨ᠄ 《ᠨᠢᠭᠡᠨ ᠴᠠᠭ᠎ᠤᠨ ᠤᠴᠢᠷ ᠶᠠᠪᠤᠳᠠᠯ᠎ᠳᠤ ᠲᠥᠭᠡᠷᠢᠭᠳᠡᠬᠦ ᠦᠭᠡᠢ᠂ ᠰᠢᠷᠦᠭᠦᠨ ᠰᠠᠯᠬᠢ ᠳᠤᠬᠰᠢᠨ ᠳᠠᠪᠠᠯᠭ᠋ᠠᠨ᠎ᠳᠤ ᠨᠥᠯᠥᠭᠡᠯᠡᠭᠳᠡᠬᠦ ᠦᠭᠡᠢ ᠪᠠᠶ᠋ᠢᠵᠤ᠂ ᠳᠤᠮᠳᠠᠳᠤ ᠤᠷᠤᠰ᠎ᠤᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠲᠣᠬᠲᠠᠭ᠋ᠠᠯᠲᠤ ᠴᠢᠨᠠᠷ ᠪᠣᠯᠣᠨ ᠤᠶᠠᠨ ᠬᠠᠳᠠᠨ ᠴᠢᠨᠠᠷ ᠵᠶ᠋ᠠᠷ ᠳᠡᠯᠡᠬᠡᠢ ᠵᠢᠨ ᠤᠯᠠᠨ ᠲᠤᠶ᠋ᠢᠯᠵᠢᠯᠳᠠ ᠵᠢᠨ ᠠᠬᠢᠴᠠ ᠵᠢ ᠬᠠᠮᠲᠤ᠎ᠪᠠᠷ ᠠᠬᠢᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠬᠠᠮᠲᠤ᠎ᠪᠠᠷ ᠠᠬᠢᠭᠤᠯᠤᠶ᠎ᠠ》 ᠭᠡᠵᠦ ᠪᠢᠴᠢᠪᠡ᠃
    (ᠨᠢᠭᠡ) ᠠᠶ᠋ᠢᠯᠴᠢᠯᠠᠬᠰᠠᠨ ᠴᠠᠭ᠄
    《ᠰᠢᠨ᠎ᠡ ᠴᠠᠭ ᠦᠶ᠎ᠡ ᠵᠢᠨ ᠳᠤᠮᠳᠠᠳᠤ ᠤᠷᠤᠰ᠎ᠤᠨ ᠬᠠᠷᠢᠯᠴᠠᠭ᠎ᠠ ᠨᠡᠩ ᠢᠲᠡᠭᠡᠯ᠎ᠲᠠᠢ᠂ ᠲᠣᠭᠲᠠᠭᠤᠨ ᠪᠠᠲᠤ ᠪᠠᠬᠢ ᠪᠣᠯᠪᠠ》
    ᠲᠦᠷᠦᠭᠦᠬᠡᠨ ᠤᠯᠠᠨ ᠤᠯᠤᠰ᠎ᠤᠨ ᠶᠠᠷᠢᠶ᠎ᠠ ᠬᠡᠯᠡᠯᠴᠡᠭᠡᠨ᠎ᠳᠤ᠄ ᠲᠣᠮᠣ ᠤᠯᠤᠰ᠎ᠤᠨ ᠬᠠᠷᠢᠯᠴᠠᠭ᠎ᠠ ᠡᠭᠡᠳᠡᠷᠡᠭᠡᠨ ᠪᠤᠳᠤᠯᠢᠶᠠᠨᠲᠠᠢ ᠪᠣᠯᠤᠭᠰᠠᠨ ᠪᠠᠶ᠋ᠢᠳᠠᠯ ᠳᠣᠣᠷ᠎ᠠ ᠪᠡᠭᠡᠵᠢᠩ — ᠮᠣᠰᠺᠸᠠ ᠬᠠᠮᠢᠭ᠋ᠠᠰᠢ ᠪᠤᠯᠬᠤ ᠪᠣᠯ ᠭᠡᠵᠦ ᠲᠠᠭ᠋ᠠᠮᠠᠭᠯᠠᠵᠤ ᠪᠠᠶ᠋ᠢᠪᠠ᠃
    ᠦᠨᠡᠨ᠎ᠳᠡᠭᠡᠨ ᠲᠡᠷᠢᠭᠦᠯᠡᠭᠴᠢ ᠰᠢ ᠵᠢᠨ ᠫᠢᠩ᠎ᠤᠨ ᠲᠤᠰᠬᠠᠢ ᠨᠢᠰᠬᠡᠯ ᠤᠷᠤᠰ᠎ᠤᠨ ᠨᠤᠲᠤᠭ᠎ᠲᠤ ᠪᠠᠭᠤᠭᠰᠠᠨ ᠦᠶ᠎ᠡ᠎ᠳᠤ ᠨᠢᠭᠡᠨᠲᠡ ᠲᠣᠳᠣᠷᠬᠠᠢ ᠬᠠᠷᠢᠭᠤᠯᠲᠠ ᠵᠢ ᠥᠭᠭᠦᠭᠰᠡᠨ ᠪᠠᠶ᠋ᠢᠨ᠎ᠠ᠃ ᠨᠡᠷ᠎ᠡ ᠬᠠᠲᠠᠭᠰᠠᠨ ᠵᠣᠬᠢᠶᠠᠯ᠎ᠳᠠᠬᠢ 《ᠰᠢᠷᠦᠭᠦᠨ ᠰᠠᠯᠬᠢ ᠳᠤᠬᠰᠢᠨ ᠳᠠᠪᠠᠯᠭ᠋ᠠᠨ᠎ᠳᠤ ᠨᠥᠯᠥᠭᠡᠯᠡᠭᠳᠡᠬᠦ ᠦᠭᠡᠢ》 ᠭᠡᠰᠡᠨ ᠴᠦ᠍ ᠲᠡᠷᠡ᠂ ᠺᠷᠧᠮᠯᠢ ᠣᠷᠳᠣᠨ᠎ᠳᠤ ᠰᠤᠷᠪᠤᠯᠵᠢᠯᠠᠬ᠍ᠴᠢᠳ᠎ᠲᠠᠢ ᠠᠭᠤᠯᠵᠠᠬᠤ᠎ᠳᠠᠭᠠᠨ ᠴᠢᠬᠤᠯᠠᠴᠢᠯᠠᠭᠰᠠᠨ 《ᠰᠠᠯᠬᠢ ᠪᠣᠷᠣᠭ᠋ᠠᠨ᠎ᠢ ᠬᠠᠮᠲᠤ᠎ᠪᠠᠷ ᠥᠩᠭᠡᠷᠡᠭᠦᠯᠵᠦ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠤᠨ᠎ᠠ》 ᠭᠡᠵᠦ ᠬᠡᠯᠡᠭᠰᠡᠨ ᠴᠦ᠍ ᠲᠡᠷᠡ᠂ ᠳᠤᠮᠳᠠᠳᠤ ᠤᠯᠤᠰ ᠴᠢᠭᠯᠡᠯ ᠵᠶ᠋ᠠᠨ ᠲᠠᠭᠢᠨ ᠳᠠᠪᠲᠠᠨ ᠲᠣᠳᠣᠷᠬᠠᠶ᠋ᠢᠯᠠᠭᠰᠠᠭ᠋ᠠᠷ ᠪᠠᠶ᠋ᠢᠨ᠎ᠠ᠃
    ᠶᠡᠷᠦᠩᠬᠡᠶ᠋ᠢᠯᠡᠭᠴᠢ ᠫᠦᠲ᠋ᠢᠨ ᠴᠤ᠌ ᠠᠳᠠᠯᠢᠬᠠᠨ ᠣᠪᠣᠷ ᠵᠶ᠋ᠠᠷ᠄ 《ᠬᠤᠶᠠᠷ ᠤᠯᠤᠰ᠎ᠤᠨ ᠨᠥᠬᠦᠷᠯᠡᠯ ᠡᠪᠳᠡᠷᠡᠰᠢ ᠦᠭᠡᠢ ᠪᠠᠲᠤ ᠪᠠᠬᠢ ᠶᠤᠮ》᠂ 《ᠣᠷᠣᠰ ᠳᠤᠮᠳᠠᠳᠤ ᠵᠢᠨ ᠬᠠᠷᠢᠯᠴᠠᠭ᠎ᠠ ᠨᠢᠭᠡᠨ ᠴᠠᠭ᠎ᠤᠨ ᠤᠴᠢᠷ ᠶᠠᠪᠤᠳᠠᠯ᠎ᠳᠤ ᠲᠥᠭᠡᠷᠢᠭᠳᠡᠬᠦ ᠦᠭᠡᠢ᠂ ᠶᠠᠮᠠᠷᠪᠠ ᠭᠠᠳᠠᠭ᠋ᠠᠳᠤ ᠣᠷᠴᠢᠨ᠎ᠤ ᠬᠠᠷᠰᠢᠯᠠᠯ᠎ᠳᠤ ᠴᠤ᠌ ᠨᠥᠯᠥᠭᠡᠯᠡᠭᠳᠡᠬᠦ ᠦᠭᠡᠢ ᠶᠤᠮ》 ᠭᠡᠪᠡ᠃
    ᠤᠯᠤᠰ᠎ᠤᠨ ᠲᠡᠷᠢᠭᠦᠨ᠎ᠤ ᠪᠠᠶ᠋ᠢᠯᠳᠤᠬᠤ ᠪᠣᠳᠣᠯᠭ᠎ᠠ ᠵᠢᠨ ᠵᠢᠯᠣᠭᠤᠳᠤᠯᠭ᠎ᠠ᠎ᠨᠢ ᠭᠦᠨ ᠵᠤᠵᠠᠭ᠋ᠠᠨ ᠭᠠᠳᠠᠭ᠋ᠠᠳᠤ ᠬᠠᠷᠢᠯᠴᠠᠭ᠋ᠠᠨ᠎ᠤ ᠲᠡᠦᠬᠡᠨ ᠬᠠᠭᠤᠳᠠᠰᠤᠨ᠎ᠳᠤ ᠪᠠᠶ᠋ᠢᠵᠤ᠂ ᠬᠠᠮᠤᠭ᠎ᠤᠨ ᠰᠦᠷ ᠬᠦᠴᠦᠨ᠎ᠲᠠᠢ ᠬᠠᠭᠤᠳᠠᠰᠤ ᠪᠣᠯᠣᠨ᠎ᠠ᠃
    8᠎ᠤ ᠥᠷᠯᠥᠭᠡ᠂ ᠲᠡᠷᠢᠭᠦᠯᠡᠭᠴᠢ ᠰᠢ ᠵᠢᠨ ᠫᠢᠩ᠎ᠤᠨ ᠲᠡᠷᠭᠡᠨ ᠠᠩᠭᠢ ᠥᠷᠯᠥᠭᠡ ᠵᠢᠨ ᠤᠷᠢᠬᠠᠨ ᠰᠠᠯᠬᠢ ᠵᠢ ᠤᠭᠲᠤᠨ ᠺᠷᠧᠮᠯᠢ ᠣᠷᠳᠣᠨ᠎ᠳᠤ ᠬᠦᠷᠴᠦ᠂ ᠥᠩᠭᠡ ᠦᠵᠡᠮᠵᠢ ᠲᠡᠷᠡ ᠬᠡᠪ ᠵᠶ᠋ᠠᠷ ᠵᠶ᠋ᠠᠨ ᠪᠠᠶ᠋ᠢᠯ᠎ᠠ᠃ ᠵᠣᠷᠵ ᠶᠡᠭᠡ ᠲᠢᠩᠬᠢᠮ᠎ᠳᠤ ᠬᠤᠶᠠᠷ ᠤᠯᠤᠰ᠎ᠤᠨ ᠲᠡᠷᠢᠭᠦᠨ ᠥᠭᠡᠳᠡ ᠥᠭᠡᠳᠡ᠎ᠠᠴᠠ᠎ᠪᠠᠨ ᠠᠯᠬᠤᠯᠠᠵᠤ᠂ ᠭᠠᠷ ᠠᠳᠬᠤᠯᠴᠠᠪᠠ᠃
    ᠲᠡᠦᠬᠡ ᠪᠣᠯᠣᠨ ᠪᠣᠳᠠᠲᠤ ᠠᠬᠤᠢ᠂ ᠤᠯᠤᠰ ᠪᠣᠯᠣᠨ ᠳᠡᠯᠡᠬᠡᠢ ᠶᠢᠷᠲᠢᠨᠴᠦ᠂ ᠣᠳᠣᠬᠠᠨ᠎ᠤ ᠪᠠ ᠠᠯᠤᠰ ᠭᠡᠳᠦ ᠵᠢᠨ ᠲᠤᠬᠠᠢ ᠵᠦᠢ᠍ᠯ ᠵᠦᠢ᠍ᠯ᠎ᠤᠨ ᠵᠠᠳᠠᠯᠤᠯᠲᠠ᠎ᠨᠢ ᠨᠢᠭᠡᠨ ᠬᠠᠮᠲᠤ ᠵᠢᠨ ᠳ᠋ᠦᠩᠨᠡᠯᠲᠡ ᠵᠢ ᠵᠢᠭ᠋ᠠᠪᠠ᠄ ᠲᠣᠬᠲᠠᠭ᠋ᠠᠯᠲᠤ ᠪᠤᠰᠤ ᠴᠢᠨᠠᠷ ᠵᠶ᠋ᠠᠷ ᠳᠦᠭᠦᠷᠦᠭᠰᠡᠨ ᠳᠡᠯᠡᠬᠡᠢ ᠶᠢᠷᠲᠢᠨᠴᠦ᠎ᠳᠤ ᠲᠤᠰ ᠤᠳᠠᠭ᠋ᠠᠨ᠎ᠤ ᠠᠶ᠋ᠢᠯᠴᠢᠯᠠᠯᠲᠠ᠎ᠨᠢ 《ᠲᠣᠮᠣ ᠤᠯᠤᠰ᠎ᠤᠨ ᠬᠠᠷᠢᠯᠴᠠᠭ᠋ᠠᠨ᠎ᠤ ᠲᠣᠭᠲᠠᠪᠤᠷᠢᠲᠤ ᠴᠢᠨᠠᠷ ᠪᠠ ᠲᠣᠬᠲᠠᠭ᠋ᠠᠯᠲᠤ ᠴᠢᠨᠠᠷ》᠎ᠢ ᠢᠯᠡᠷᠡᠭᠦᠯᠵᠡᠢ᠃
    ᠳᠤᠮᠳᠠᠳᠤ ᠤᠷᠤᠰ ᠬᠤᠶᠠᠷ ᠤᠯᠤᠰ ᠴᠠᠭ ᠬᠤᠭᠤᠴᠠᠭ᠎ᠠ᠎ᠪᠠᠷ ᠨᠥᠬᠦᠷᠯᠡᠯ ᠵᠶ᠋ᠠᠨ ᠵᠤᠵᠠᠭ᠋ᠠᠳᠬᠠᠵᠤ᠂ ᠢᠲᠡᠭᠡᠯᠴᠡᠭᠡ᠎ᠪᠠᠨ ᠬᠤᠷᠠᠮᠳᠤᠭᠤᠯᠪᠠ᠃ ᠰᠢᠨ᠎ᠡ ᠴᠠᠭ ᠦᠶ᠎ᠡ᠎ᠳᠤ ᠣᠷᠣᠭᠰᠠᠨ᠎ᠠᠴᠠ ᠨᠠᠭ᠋ᠠᠰᠢ ᠬᠤᠶᠠᠷ ᠤᠯᠤᠰ᠎ᠤᠨ ᠲᠡᠷᠢᠭᠦᠨ 40 ᠭᠠᠷᠤᠢ ᠤᠳᠠᠭ᠎ᠠ ᠠᠭᠤᠯᠵᠠᠵᠤ᠂ ᠲᠡᠷᠢᠭᠦᠯᠡᠭᠴᠢ ᠰᠢ ᠵᠢᠨ ᠫᠢᠩ ᠤᠷᠤᠰ᠎ᠲᠤ 11 ᠤᠳᠠᠭ᠎ᠠ ᠠᠶ᠋ᠢᠯᠴᠢᠯᠠᠪᠠ᠃ ᠲᠡᠷᠡ ᠡᠨᠡ ᠤᠳᠠᠭ᠎ᠠ ᠤᠷᠤᠰ᠎ᠲᠤ ᠢᠷᠠᠵᠤ ᠶᠡᠷᠦᠩᠬᠡᠶ᠋ᠢᠯᠡᠭᠴᠢ ᠫᠦᠲ᠋ᠢᠨ᠎ᠳᠤ 《ᠤᠷᠤᠰ ᠪᠣᠯ ᠪᠢ ᠪᠦᠭᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠵᠢᠨ ᠬᠤᠪᠢ᠎ᠪᠠᠷ ᠬᠠᠮᠤᠭ᠎ᠤᠨ ᠤᠯᠠᠨ ᠠᠶ᠋ᠢᠯᠴᠢᠯᠠᠬᠰᠠᠨ ᠤᠯᠤᠰ ᠪᠣᠯᠣᠨ᠎ᠠ》 ᠭᠡᠵᠦ ᠬᠡᠯᠡᠪᠡ᠃
    8᠎ᠤ ᠡᠳᠦᠷ᠂ ᠶᠡᠷᠦᠩᠬᠡᠶ᠋ᠢᠯᠡᠭᠴᠢ ᠫᠦᠲ᠋ᠢᠨ ᠠᠵᠢᠯᠯᠠᠭ᠎ᠠ ᠵᠢ ᠡᠷᠭᠢᠯᠡᠭᠰᠡᠨ ᠤᠯᠤᠰ ᠪᠣᠯᠤᠭᠰᠠᠨ᠎ᠤ ᠬᠤᠪᠢ᠎ᠪᠠᠷ ᠵᠣᠴᠢᠳ ᠵᠶ᠋ᠠᠨ ᠤᠭᠲᠤᠵᠤ ᠶᠠᠭ᠋ᠠᠷᠠᠭᠰᠠᠨ ᠨᠢᠭᠡ ᠡᠳᠦᠷ ᠪᠠᠶ᠋ᠢᠵᠤ ᠲᠠᠭ᠋ᠠᠷᠠᠨ᠎ᠠ᠂ ᠭᠡᠪᠡᠴᠦ ᠲᠡᠷᠡ ᠶᠡᠬᠡᠩᠬᠢ ᠴᠠᠭ ᠵᠶ᠋ᠠᠨ ᠳᠤᠮᠳᠠᠳᠤ ᠤᠯᠤᠰ᠎ᠠᠴᠠ ᠢᠷᠡᠭᠰᠡᠨ ᠰᠠᠶ᠋ᠢᠨ ᠨᠠᠶ᠋ᠢᠵᠠ᠎ᠳᠠᠭᠠᠨ ᠵᠣᠷᠢᠭᠤᠯᠤᠭᠰᠠᠨ ᠪᠠᠶ᠋ᠢᠨ᠎ᠠ᠃ ᠤᠭᠲᠤᠬᠤ ᠶᠣᠰᠣᠯᠠᠯ᠂ ᠬᠡᠯᠡᠯᠴᠡᠭᠡ ᠬᠢᠬᠦ᠂ ᠭᠠᠷ᠎ᠤᠨ ᠦᠰᠦᠭ ᠵᠢᠷᠤᠬᠤ ᠪᠠ ᠬᠠᠮᠲᠤᠷᠠᠯᠴᠠᠭ᠋ᠠᠨ᠎ᠤ ᠪᠢᠴᠢᠭ ᠰᠣᠯᠢᠯᠴᠠᠬᠤ ᠶᠣᠰᠣᠯᠠᠯ᠂ ᠬᠠᠮᠲᠤ᠎ᠪᠠᠷ ᠰᠤᠷᠪᠤᠯᠵᠢᠯᠠᠬ᠍ᠴᠢᠳ᠎ᠲᠠᠢ ᠠᠭᠤᠯᠵᠠᠬᠤ᠂ ᠤᠭᠲᠤᠬᠤ ᠳᠠᠶ᠋ᠢᠯᠠᠯᠭ᠎ᠠ᠂ ᠵᠤᠷᠰᠢᠯ ᠶᠣᠰᠣᠭ᠋ᠠᠷ ᠲᠥᠷᠥ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠠᠴᠠ ᠭᠠᠳᠠᠨ᠎ᠠ ᠣᠷᠣᠰ᠎ᠤᠨ᠎ᠬᠢᠨ ᠪᠠᠰᠠ ᠣᠨᠴᠠᠭ᠋ᠠᠶ ᠲᠣᠬᠢᠷᠠᠭᠤᠯᠤᠯᠲᠠ ᠬᠢᠪᠡ᠄ ᠶᠡᠷᠦᠩᠬᠡᠶ᠋ᠢᠯᠡᠭᠴᠢ ᠵᠢᠨ ᠠᠯᠪᠠᠨ ᠭᠡᠷ᠎ᠲᠤ ᠴᠠᠢ ᠵᠢᠨ ᠵᠣᠭᠤᠭ ᠳᠡᠯᠭᠡᠵᠡᠢ᠃
    ᠶᠠᠭ ᠲᠡᠷᠢᠭᠦᠯᠡᠭᠴᠢ ᠰᠢ ᠵᠢᠨ ᠫᠢᠩ᠎ᠤᠨ ᠳᠤᠮᠳᠠᠳᠤ ᠤᠷᠤᠰ᠎ᠤᠨ ᠬᠠᠷᠢᠯᠴᠠᠭ᠎ᠠ ᠵᠢᠨ ᠲᠤᠬᠠᠢ ᠦᠨᠡᠯᠡᠭᠰᠡᠨ ᠰᠢᠭ ᠵᠶ᠋ᠠᠷ 《ᠳᠤᠮᠳᠠᠳᠤ ᠤᠯᠤᠰ ᠪᠣᠯᠣᠨ ᠤᠷᠤᠰ ᠪᠣᠯ ᠴᠥᠮ ᠴᠢᠬᠤᠯᠠ ᠨᠥᠯᠥᠭᠡᠯᠡᠬᠦ ᠬᠦᠴᠦᠨ᠎ᠲᠠᠢ ᠲᠣᠮᠣ ᠤᠯᠤᠰ ᠮᠥᠨ᠂ ᠪᠦᠭᠦ ᠪᠥᠮᠪᠥᠷᠴᠡᠭ᠎ᠤᠨ ᠪᠠᠶ᠋ᠢᠯᠳᠤᠬᠤ ᠪᠣᠳᠣᠯᠭ᠎ᠠ ᠵᠢᠨ ᠲᠣᠭᠲᠠᠭᠤᠨ᠎ᠢ ᠬᠠᠮᠠᠭ᠋ᠠᠯᠠᠬᠤ᠂ ᠪᠦᠭᠦ ᠪᠥᠮᠪᠥᠷᠴᠡᠭ᠎ᠤᠨ ᠵᠠᠰᠠᠯᠲᠠ ᠵᠢ ᠲᠡᠭᠦᠯᠳᠡᠷᠵᠢᠭᠦᠯᠬᠦ ᠪᠦᠲᠦᠭᠡᠯᠴᠢ ᠴᠢᠨᠠᠷᠲᠠᠢ ᠬᠦᠴᠦᠨ ᠮᠥᠨ᠂ ᠢᠯᠡ ᠲᠣᠳᠣ ᠲᠡᠦᠬᠡ ᠵᠢᠨ ᠯᠣᠭᠢᠭ᠎ᠲᠠᠢ᠂ ᠬᠦᠴᠦᠷᠬᠡᠭ ᠶᠡᠭᠡ ᠳᠣᠲᠣᠭ᠋ᠠᠳᠤ ᠬᠥᠳᠡᠯᠭᠡᠬᠦ ᠬᠦᠴᠦᠨ᠎ᠲᠠᠢ᠂ ᠭᠦᠨ ᠵᠤᠵᠠᠭ᠋ᠠᠨ ᠪᠣᠯᠪᠠᠰᠤᠨ᠎ᠤ ᠣᠣᠷ ᠲᠤᠨᠳᠠᠰᠤ᠎ᠲᠠᠢ᠂ ᠭᠤᠷᠪᠠᠳᠤᠭ᠋ᠠᠷ ᠡᠲᠡᠭᠡᠳ᠎ᠲᠤ ᠴᠢᠭᠯᠡᠭᠦᠯᠬᠦ ᠦᠭᠡᠢ ᠪᠥᠭᠡᠳ ᠶᠠᠮᠠᠷᠪᠠ ᠭᠤᠷᠪᠠᠳᠤᠭ᠋ᠠᠷ ᠡᠲᠡᠭᠡᠳ᠎ᠲᠤ ᠬᠢᠵᠠᠭ᠋ᠠᠷᠯᠠᠭᠳᠠᠬᠤ ᠦᠭᠡᠢ᠃》
    ᠲᠡᠦᠬᠡ ᠵᠢᠨ ᠯᠣᠭᠢᠭ ᠭᠡᠵᠦ ᠶᠠᠭᠤ ᠪᠤᠢ?
    ᠥᠩᠭᠡᠷᠡᠭᠰᠡᠨ᠎ᠢ ᠡᠷᠭᠢᠴᠡᠭᠦᠯᠬᠦᠶ᠎ᠡ ᠳᠤᠮᠳᠠᠳᠤ ᠤᠷᠤᠰ᠎ᠤᠨ ᠬᠠᠷᠢᠯᠴᠠᠭ᠎ᠠ ᠲᠤᠭ᠎ᠠ ᠲᠣᠮᠰᠢ ᠦᠭᠡᠢ ᠲᠡᠦᠬᠡ ᠵᠢᠨ ᠨᠠᠷᠢᠨ ᠵᠦᠢ᠍ᠯᠡᠰ᠎ᠤᠨ ᠲᠤᠯᠭ᠋ᠠᠭᠤᠷᠢᠯᠠᠯ᠎ᠲᠠᠢ ᠶᠤᠮ᠃ ᠭᠠᠶ᠋ᠢᠬᠠᠮᠰᠢᠭᠲᠤ ᠴᠠᠭ ᠦᠶ᠎ᠡ᠎ᠠᠴᠠ ᠡᠬᠢᠯᠡᠵᠦ᠂ ᠬᠦᠴᠢᠷ ᠪᠡᠷᠬᠡᠰᠢᠶᠡᠯ᠎ᠲᠠᠢ ᠭᠡᠷᠡᠯ ᠰᠠᠴᠤᠷᠠᠩᠭᠤᠢ ᠣᠨ ᠰᠠᠷ᠎ᠠ ᠵᠢ ᠥᠩᠭᠡᠷᠡᠭᠦᠯᠪᠡ᠃ ᠬᠤᠶᠠᠷ ᠤᠯᠤᠰ᠎ᠤᠨ ᠬᠠᠷᠢᠯᠴᠠᠭ᠎ᠠ 《ᠬᠠᠷᠢᠯᠴᠠᠨ ᠨᠥᠭᠦᠷᠰᠡᠭ ᠤᠯᠤᠰ》᠎ᠠᠴᠠ ᠪᠦᠲᠦᠭᠡᠯᠴᠢ ᠴᠢᠨᠠᠷᠲᠠᠢ ᠬᠠᠨᠢᠲᠠᠨ ᠪᠣᠯᠵᠤ᠂ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠠᠴᠠ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ ᠪᠣᠯᠵᠤ᠂ ᠲᠠᠭᠢᠭ᠋ᠠᠳ ᠰᠢᠨ᠎ᠡ ᠴᠠᠭ ᠦᠶ᠎ᠡ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ ᠪᠣᠯᠵᠤ᠂ ᠲᠡᠦᠬᠡ ᠵᠢᠨ ᠬᠠᠮᠤᠭ᠎ᠤᠨ ᠰᠠᠶ᠋ᠢᠨ ᠴᠠᠭ ᠦᠶ᠎ᠡ ᠵᠢ ᠤᠭᠲᠤᠨ ᠠᠪᠴᠢᠷᠠᠪᠠ᠃ 《ᠬᠥᠷᠰᠢ ᠵᠡᠷᠭᠡᠯᠡᠳᠡᠭᠡ ᠲᠣᠮᠣ ᠤᠯᠤᠰ᠎ᠤᠨ ᠵᠥᠪ ᠵᠶ᠋ᠠᠷ ᠬᠠᠷᠢᠯᠴᠠᠬᠤ ᠵᠠᠮ᠎ᠢ ᠠᠮᠵᠢᠯᠲᠠᠲᠠᠢ᠎ᠪᠠᠷ ᠰᠦᠪᠡᠭᠴᠢᠯᠡᠵᠦ ᠣᠯᠪᠠ》᠂ ᠡᠨᠡ᠎ᠨᠢ ᠮᠥᠨ ᠴᠦ᠍ ᠲᠣᠮᠣ ᠤᠯᠤᠰ᠎ᠤᠨ ᠬᠠᠷᠢᠯᠴᠠᠭ᠋ᠠᠨ᠎ᠳᠤ ᠳᠠᠪᠠᠯᠭ᠋ᠠᠨ᠎ᠢ ᠵᠦᠰᠦᠨ ᠤᠷᠤᠭᠰᠢᠯᠠᠬᠤ ᠥᠷᠭᠡᠨ ᠠᠭᠤᠳᠠᠮ ᠠᠶᠠᠯᠠᠯ᠎ᠤᠨ ᠵᠠᠮ᠎ᠢ ᠨᠡᠭᠡᠭᠡᠵᠦ ᠥᠭᠭᠦᠭᠰᠡᠨ ᠪᠠᠶ᠋ᠢᠨ᠎ᠠ᠃
    ᠳᠣᠲᠣᠭ᠋ᠠᠳᠤ ᠬᠥᠳᠡᠯᠭᠡᠬᠦ ᠬᠦᠴᠦᠨ ᠭᠡᠵᠦ ᠶᠠᠭᠤ ᠪᠤᠢ?
    ᠳᠡᠯᠡᠬᠡᠶ᠋ᠢᠵᠢᠯᠲᠡ ᠪᠣᠯᠣᠨ ᠰᠥᠷᠭᠡᠦ ᠳᠡᠯᠡᠬᠡᠶ᠋ᠢᠵᠢᠯᠲᠡ ᠵᠢᠨ ᠦᠵᠡᠯᠴᠡᠭᠡᠨ᠎ᠤ ᠪᠠᠶ᠋ᠢᠳᠠᠯ ᠳᠣᠣᠷ᠎ᠠ᠂ ᠨᠢᠳᠤᠨᠤᠨ ᠬᠤᠶᠠᠷ ᠲᠠᠯ᠎ᠠ ᠵᠢᠨ ᠠᠷᠠᠯᠵᠢᠶᠠᠨ᠎ᠤ ᠬᠡᠮᠵᠢᠶ᠎ᠡ ᠰᠠᠯᠬᠢ ᠵᠢ ᠰᠥᠷᠦᠨ ᠰᠢᠨ᠎ᠡ ᠲᠡᠮᠳᠡᠭᠯᠡᠯ᠎ᠢ ᠡᠭᠦᠳᠪᠡ᠃ ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠬᠦᠴᠦᠷᠬᠡᠭ ᠶᠡᠭᠡ ᠤᠶᠠᠨ ᠬᠠᠳᠠᠨ ᠴᠢᠨᠠᠷ᠎ᠨᠢ ᠵᠠᠩᠭᠢᠯᠠᠭ᠎ᠠ ᠪᠣᠯᠵᠤ᠂ ᠲᠡᠷᠢᠭᠦᠯᠡᠭᠴᠢ ᠰᠢ ᠵᠢᠨ ᠫᠢᠩ ᠡᠭᠦᠨ᠎ᠢ 《ᠡᠳᠦᠷ᠎ᠠᠴᠠ ᠡᠳᠦᠷ ᠥᠭᠡᠳᠡᠯᠡᠨ ᠳᠡᠭᠵᠢᠷᠡᠵᠦ》 ᠪᠠᠶ᠋ᠢᠨ᠎ᠠ ᠭᠡᠵᠦ ᠳᠦᠷᠰᠦᠯᠡᠪᠡ᠃ ᠨᠥᠭᠡᠴᠡ᠂ ᠨᠡᠮᠡᠭᠳᠡᠯ᠂ ᠬᠤᠪᠢᠰᠤᠯᠲᠠ᠂ ᠲᠡᠷᠡ ᠬᠠᠮᠲᠤᠷᠠᠯᠴᠠᠭ᠋ᠠᠨ᠎ᠤ ᠴᠢᠭᠯᠡᠯ ᠠᠷᠭ᠎ᠠ ᠵᠠᠮ᠎ᠢ ᠪᠦᠭᠦ ᠲᠠᠯ᠎ᠠ᠎ᠪᠠᠷ ᠲᠣᠳᠣᠷᠬᠠᠶ᠋ᠢᠯᠠᠨ ᠥᠭᠦᠯᠡᠵᠦ᠂ 《ᠲᠣᠭᠲᠠᠭᠤᠨ》᠎ᠤ ᠰᠠᠭᠤᠷᠢ ᠵᠢ ᠨᠡᠩ ᠪᠠᠲᠤ ᠪᠠᠬᠢ ᠪᠤᠯᠭ᠋ᠠᠬᠤ᠂ 《ᠤᠷᠤᠭᠰᠢᠯᠠᠬᠤ》 ᠬᠥᠳᠡᠯᠭᠡᠬᠦ ᠡᠨᠧᠷᠭᠢ ᠵᠢ ᠨᠡᠩ ᠭᠦᠢ᠍ᠴᠡᠳ ᠪᠤᠯᠭ᠋ᠠᠬᠤ ᠵᠢ ᠪᠣᠳᠣᠯᠬᠢᠯᠠᠵᠤ ᠪᠠᠶ᠋ᠢᠨ᠎ᠠ᠃ ᠶᠡᠷᠦᠩᠬᠡᠶ᠋ᠢᠯᠡᠭᠴᠢ ᠫᠦᠲ᠋ᠢᠨ᠄ 《ᠤᠷᠤᠰ ᠳᠤᠮᠳᠠᠳᠤ ᠵᠢᠨ ᠬᠠᠷᠢᠯᠴᠠᠭ᠎ᠠ ᠵᠢᠨ ᠬᠥᠭᠵᠢᠯᠲᠡ ᠵᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠥᠷᠭᠡᠳᠬᠡᠬᠦ ᠪᠣᠯ ᠤᠷᠤᠰ᠎ᠤᠨ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠰᠣᠩᠭᠤᠯᠲᠠ ᠪᠣᠯᠣᠨ᠎ᠠ》 ᠭᠡᠵᠦ ᠢᠳᠡᠪᠬᠢᠲᠡᠢ ᠬᠠᠷᠢᠭᠤ ᠥᠭᠴᠡᠢ᠃
    ᠬᠠᠮᠲᠤᠷᠠᠯᠴᠠᠬᠤ᠎ᠨᠢ ᠠᠷᠠᠳ ᠲᠦᠮᠡᠨ᠎ᠤ ᠠᠵᠠ ᠵᠢᠷᠭ᠋ᠠᠯ᠂ ᠪᠦᠭᠦ ᠪᠥᠮᠪᠥᠷᠴᠡᠭ᠎ᠤᠨ ᠬᠥᠭᠵᠢᠯᠲᠡ ᠵᠢᠨ ᠲᠥᠯᠥᠭᠡ ᠶᠤᠮ᠃ ᠠᠶ᠋ᠢᠯᠴᠢᠯᠠᠯᠲᠠ ᠵᠢᠨ ᠬᠤᠭᠤᠴᠠᠭ᠋ᠠᠨ᠎ᠳᠤ᠂ ᠬᠤᠶᠠᠷ ᠲᠠᠯ᠎ᠠ᠎ᠪᠠᠷ ᠵᠶ᠋ᠠᠨ 20 ᠭᠠᠷᠤᠢ ᠵᠦᠢ᠍ᠯ᠎ᠤᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ ᠲᠣᠬᠢᠷᠠᠯᠴᠠᠪᠠ᠃ ᠡᠭᠦᠨ᠎ᠳᠤ᠂ ᠠᠵᠤ ᠠᠬᠤᠢ ᠵᠢᠨ ᠬᠦᠷᠢᠶᠡᠨ᠎ᠳᠠᠬᠢ ᠰᠢᠨᠡᠴᠢᠯᠡᠯᠲᠡ᠂ ᠰᠢᠨ᠎ᠡ ᠬᠡᠪᠯᠡᠯ᠎ᠤᠨ ᠪᠡᠯᠡ ᠣᠷᠣᠭᠤᠯᠤᠯᠲᠠ ᠵᠢ ᠬᠠᠮᠠᠭ᠋ᠠᠯᠠᠬᠤ ᠬᠡᠯᠡᠯᠴᠡᠭᠡᠷ᠎ᠲᠤ ᠭᠠᠷ᠎ᠤᠨ ᠦᠰᠦᠭ ᠵᠢᠷᠤᠵᠤ᠂ ᠬᠠᠮᠠᠭ᠋ᠠᠯᠠᠬᠤ ᠦᠵᠡᠯ᠎ᠤᠨ ᠰᠥᠷᠭᠡᠦ ᠤᠷᠤᠰᠬᠠᠯ᠎ᠢ ᠬᠦᠴᠦᠲᠡᠢ ᠠᠷᠭ᠋ᠠᠴᠠᠭ᠋ᠠᠪᠠ; ᠪᠦᠭᠦ ᠪᠥᠮᠪᠥᠷᠴᠡᠭ᠎ᠤᠨ ᠵᠠᠰᠠᠯᠲᠠ᠎ᠲᠠᠢ ᠳᠠᠬᠢᠨᠲᠠ ᠬᠠᠷᠭᠤᠭᠤᠯᠵᠤ᠂ ᠬᠤᠶᠠᠷ ᠲᠠᠯ᠎ᠠ᠎ᠪᠠᠷ ᠵᠶ᠋ᠠᠨ ᠪᠦᠭᠦ ᠪᠥᠮᠪᠥᠷᠴᠡᠭ᠎ᠤᠨ ᠪᠠᠶ᠋ᠢᠯᠳᠤᠬᠤ ᠪᠣᠳᠣᠯᠭ᠎ᠠ ᠵᠢᠨ ᠲᠣᠭᠲᠠᠭᠤᠨ᠎ᠤ ᠲᠤᠬᠠᠢ ᠬᠠᠮᠲᠤᠷᠠᠭᠰᠠᠨ ᠢᠯᠡᠷᠬᠡᠶ᠋ᠢᠯᠡᠯᠲᠡ᠂ ᠤᠯᠠᠨ ᠤᠯᠤᠰ᠎ᠤᠨ ᠬᠠᠤᠯᠢ ᠵᠢᠨ ᠡᠷᠬᠡ ᠰᠦᠷ᠎ᠢ ᠬᠠᠮᠠᠭ᠋ᠠᠯᠠᠬᠤ ᠲᠤᠬᠠᠢ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠬᠠᠮᠲᠤᠷᠠᠭᠰᠠᠨ ᠢᠯᠡᠷᠬᠡᠶ᠋ᠢᠯᠡᠯᠲᠡ ᠨᠡᠶ᠋ᠢᠲᠡᠯᠡᠵᠦ᠂ ᠳᠡᠯᠡᠬᠡᠢ ᠨᠡᠶ᠋ᠢᠭᠡᠮ᠎ᠳᠤ ᠦᠷᠭᠦᠯᠵᠢᠯᠡᠨ ᠬᠠᠩᠭᠢᠨᠠᠨ ᠴᠤᠤᠷᠢᠶᠠᠲᠤᠪᠠ᠃
    ᠪᠣᠯᠪᠠᠰᠤᠨ᠎ᠤ ᠣᠣᠷ ᠲᠤᠨᠳᠠᠰᠤ ᠭᠡᠵᠦ ᠶᠠᠭᠤ ᠪᠤᠢ?
    ᠬᠤᠶᠠᠷ ᠤᠯᠤᠰ᠎ᠤᠨ ᠪᠣᠯᠪᠠᠰᠤᠨ᠎ᠤ ᠰᠣᠯᠢᠯᠴᠠᠭ᠎ᠠ ᠲᠣᠯᠢᠳᠠᠯ᠎ᠨᠢ ᠲᠤᠰ ᠤᠳᠠᠭ᠎ᠠ ᠭᠠᠷ᠎ᠤᠨ ᠦᠰᠦᠭ ᠵᠢᠷᠤᠭᠰᠠᠨ ᠰᠤᠷᠭ᠋ᠠᠨ ᠬᠥᠮᠦᠵᠢᠯ᠂ ᠺᠢᠨᠣ᠋᠂ ᠵᠠᠭᠤᠴᠢᠯᠠᠭᠤᠷ ᠵᠡᠷᠭᠡ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ ᠯᠠ ᠲᠡᠳᠦᠢ ᠪᠢᠰᠢ᠃ ᠪᠠᠭᠲᠠᠭ᠋ᠠᠮᠵᠢ ᠵᠢᠨ ᠶᠡᠭᠡ᠂ ᠬᠥᠮᠥᠨ ᠠᠮᠠ ᠵᠢᠨ ᠤᠯᠠᠨ᠂ ᠲᠡᠦᠬᠡ ᠵᠢᠨ ᠤᠷᠳᠤ ᠤᠳᠠᠭ᠋ᠠᠨ᠂ ᠪᠣᠯᠪᠠᠰᠤᠨ᠎ᠤ ᠭᠦᠨ ᠵᠤᠵᠠᠭ᠋ᠠᠨ᠎ᠨᠢ ᠥᠩᠭᠡᠷᠡᠭᠰᠡᠨ᠎ᠤ ᠮᠥᠷᠥ ᠵᠡᠷᠭᠡᠴᠡᠨ ᠪᠠᠶ᠋ᠢᠯᠳᠤᠵᠤ ᠪᠠᠶ᠋ᠢᠭᠰᠠᠨ᠎ᠠᠴᠠ᠎ᠪᠠᠨ ᠥᠨᠥᠳᠥᠷ ᠭᠠᠷ ᠬᠤᠯᠪᠣᠨ ᠬᠠᠮᠲᠤ᠎ᠪᠠᠷ ᠤᠷᠤᠭᠰᠢᠯᠠᠵᠤ᠂ ᠢᠵᠢᠯ ᠴᠢᠭᠯᠡᠯ ᠵᠶ᠋ᠠᠷ ᠤᠷᠤᠭᠰᠢᠯᠠᠬᠤ ᠭᠦᠨ ᠳᠠᠪᠬᠤᠷᠭ᠎ᠠ ᠵᠢᠨ ᠯᠣᠭᠢᠭ ᠪᠣᠯ ᠬᠤᠶᠠᠷ ᠶᠡᠭᠡ ᠪᠣᠯᠪᠠᠰᠤᠨ᠎ᠤ ᠲᠡᠦᠬᠡ ᠵᠢᠨ ᠦᠵᠡᠯᠲᠡ᠂ ᠡᠩᠬᠡ ᠲᠠᠶ᠋ᠢᠪᠤᠩ᠎ᠤᠨ ᠦᠵᠡᠯᠲᠡ᠂ ᠡᠮᠬᠢ ᠳᠢᠭᠯᠢᠮ᠎ᠤᠨ ᠦᠵᠡᠯᠲᠡ᠂ ᠬᠥᠭᠵᠢᠯᠲᠡ ᠵᠢᠨ ᠦᠵᠡᠯᠲᠡ ᠵᠢᠨ ᠭᠡᠷᠡᠯ ᠭᠢᠯᠪᠠᠭ᠎ᠠ ᠪᠣᠯᠣᠨ᠎ᠠ᠃ ᠪᠣᠯᠪᠠᠰᠤᠨ᠎ᠤ ᠬᠠᠷᠠᠭ᠋ᠠᠰᠤ ᠵᠢᠨ ᠨᠡᠪᠲᠡᠷᠡᠯᠴᠡᠯ᠎ᠨᠢ ᠤᠯᠤᠰ ᠲᠥᠷᠥ ᠵᠢᠨ ᠢᠲᠡᠭᠡᠯᠴᠡᠭᠡ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠋ᠠᠨ᠎ᠤ ᠬᠠᠮᠤᠭ᠎ᠤᠨ ᠪᠠᠲᠤ ᠪᠠᠬᠢ ᠰᠠᠭᠤᠷᠢ ᠪᠣᠯᠪᠠ᠃
    《ᠰᠢᠷᠣᠢ ᠬᠤᠷᠠᠮᠳᠤᠵᠤ ᠠᠭᠤᠯᠠ ᠪᠣᠯᠵᠤ᠂ ᠤᠰᠤ ᠬᠤᠷᠠᠮᠳᠤᠵᠤ ᠲᠠᠯᠠᠢ ᠪᠣᠯᠣᠨ᠎ᠠ》᠃ ᠲᠡᠦᠬᠡ ᠭᠡᠵᠦ ᠨᠢᠭᠡᠯᠡ ᠳᠣᠣᠷ᠎ᠠ ᠪᠦᠲᠦᠳᠡᠭ ᠪᠢᠰᠢ᠂ ᠬᠠᠷᠢᠨ ᠨᠢᠭᠡ ᠲᠣᠭᠤᠰᠭ᠋᠎ᠠ ᠨᠢᠭᠡ ᠸᠠᠭ᠋ᠠᠷ ᠵᠶ᠋ᠠᠷ ᠵᠡᠷᠭᠡᠯᠡᠨ ᠦᠷᠦᠵᠤ ᠪᠠᠶ᠋ᠢᠭ᠋ᠠᠳ ᠰᠠᠶᠢ ᠥᠨᠥᠳᠥᠷ᠎ᠤᠨ ᠪᠠᠶ᠋ᠢᠳᠠᠯ ᠪᠣᠯᠵᠤ ᠪᠦᠷᠢᠯᠳᠦᠪᠡ᠃
    ᠲᠤᠰ ᠤᠳᠠᠭ᠎ᠠ ᠵᠢᠨ ᠠᠶ᠋ᠢᠯᠴᠢᠯᠠᠯᠲᠠ ᠵᠢᠨ ᠬᠠᠮᠤᠭ᠎ᠤᠨ ᠴᠢᠬᠤᠯᠠ ᠤᠯᠤᠰ ᠲᠦᠷᠦ ᠵᠢᠨ ᠦᠷ᠎ᠡ ᠪᠦᠲᠦᠭᠡᠯ᠎ᠨᠢ ᠺᠷᠧᠮᠯᠢ ᠣᠷᠳᠣᠨ᠎ᠤ ᠲᠣᠭᠤᠰ ᠴᠢᠯᠠᠭᠤᠨ ᠲᠢᠩᠬᠢᠮ᠎ᠳᠤ ᠮᠡᠨᠳᠦᠯᠡᠵᠡᠢ᠃ ᠬᠤᠶᠠᠷ ᠤᠯᠤᠰ᠎ᠤᠨ ᠲᠡᠷᠢᠭᠦᠨ ᠬᠠᠮᠲᠤ᠎ᠪᠠᠷ ᠳᠤᠮᠳᠠᠳᠤ ᠤᠷᠤᠰ᠎ᠤᠨ ᠰᠢᠨ᠎ᠡ ᠴᠠᠭ ᠦᠶ᠎ᠡ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢ ᠤᠯᠠᠮ ᠴᠢᠨᠠᠭᠰᠢᠳᠠ ᠭᠦᠨᠵᠡᠭᠡᠶ᠋ᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶ᠋ᠢᠯᠡᠯᠲᠡ᠎ᠳᠤ ᠭᠠᠷ᠎ᠤᠨ ᠦᠰᠦᠭ ᠵᠢᠷᠤᠪᠠ᠃
    ᠵᠤᠵᠠᠭ᠋ᠠᠨ ᠴᠠᠭ᠋ᠠᠰᠤ ᠤᠷᠳᠤ ᠬᠠᠭᠤᠳᠠᠰᠤᠲᠤ ᠬᠦᠨᠳᠦᠴᠡ᠎ᠲᠠᠢ ᠭᠡᠭᠴᠢ ᠡᠨᠡ ᠪᠢᠴᠢᠭ᠎ᠨᠢ ᠳᠤᠮᠳᠠᠳᠤ ᠤᠷᠤᠰ᠎ᠤᠨ ᠬᠠᠷᠢᠯᠴᠠᠭ᠎ᠠ ᠵᠢᠨ ᠢᠯᠡ ᠲᠣᠳᠣ ᠲᠡᠮᠳᠡᠭ ᠢᠯᠡᠳᠬᠡᠮᠵᠢ ᠵᠢ ᠬᠠᠷᠠᠭᠤᠯᠵᠤ ᠪᠤᠢ᠄ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ᠃
    《ᠵᠦᠪᠭᠡᠨ ᠳᠤᠮᠳᠠᠳᠤ ᠤᠷᠤᠰ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ᠎ᠪᠠᠨ ᠪᠠᠷᠢᠮᠲᠠᠯᠠᠪᠠᠯ᠂ ᠶᠠᠮᠠᠷᠪᠠ ᠬᠦᠴᠦᠨ ᠴᠦ᠍ ᠭᠡᠳ ᠬᠤᠶᠠᠷ ᠤᠯᠤᠰ᠎ᠤᠨ ᠲᠤᠰ ᠲᠤᠰ᠎ᠤᠨ ᠬᠥᠭᠵᠢᠯ ᠮᠠᠨᠳᠤᠯ ᠵᠶ᠋ᠠᠨ ᠪᠡᠶᠡᠯᠡᠭᠦᠯᠬᠦ ᠵᠢ ᠬᠤᠷᠢᠭᠯᠠᠵᠤ ᠳᠡᠶ᠋ᠢᠯᠭᠦ ᠦᠭᠡᠢ᠂ ᠳᠤᠮᠳᠠᠳᠤ ᠤᠷᠤᠰ᠎ᠤᠨ ᠦᠶ᠎ᠡ ᠵᠢᠨ ᠦᠶ᠎ᠡ᠎ᠳᠡᠭᠡᠨ ᠨᠥᠭᠦᠷᠰᠡᠭ ᠪᠠᠶ᠋ᠢᠬᠤ ᠠᠷᠠᠳ᠎ᠤᠨ ᠰᠡᠳᠬᠢᠯ᠎ᠤᠨ ᠬᠠᠨᠳᠤᠰᠢ ᠵᠢ ᠬᠤᠷᠢᠭᠯᠠᠵᠤ ᠳᠡᠶ᠋ᠢᠯᠭᠦ ᠦᠭᠡᠢ᠂ ᠳᠡᠯᠡᠬᠡᠢ ᠵᠢᠨ ᠤᠯᠠᠨ ᠲᠤᠶ᠋ᠢᠯᠵᠢᠯᠳᠠ ᠪᠠ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠴᠠᠭ ᠦᠶ᠎ᠡ ᠵᠢᠨ ᠤᠷᠤᠰᠬᠠᠯ᠎ᠢ ᠬᠤᠷᠢᠭᠯᠠᠵᠤ ᠳᠡᠶ᠋ᠢᠯᠭᠦ ᠦᠭᠡᠢ ᠶᠤᠮ》 ᠭᠡᠵᠦ ᠬᠡᠯᠡᠬᠦ ᠦᠶ᠎ᠡ᠎ᠳᠤ ᠲᠡᠷᠢᠭᠦᠯᠡᠭᠴᠢ ᠰᠢ ᠵᠢᠨ ᠫᠢᠩ᠎ᠤᠨ ᠲᠠᠭᠤᠨ ᠡᠷᠡᠰ ᠪᠠᠲᠤ ᠢᠳᠡ ᠬᠦᠴᠦᠲᠡᠢ ᠪᠠᠶ᠋ᠢᠯ᠎ᠠ᠃
    (ᠬᠤᠶᠠᠷ) ᠪᠠᠶᠠᠷ᠎ᠤᠨ ᠶᠣᠰᠣᠯᠠᠯ᠎ᠤᠨ ᠴᠠᠭ ᠮᠥᠴᠡ᠄
    《ᠲᠡᠦᠬᠡ ᠵᠢᠨ ᠬᠠᠮᠤᠭ᠎ᠤᠨ ᠰᠠᠶ᠋ᠢᠨ ᠵᠠᠯᠭ᠋ᠠᠮᠵᠢᠯᠠᠯ ᠪᠣᠯ ᠰᠢᠨ᠎ᠡ ᠲᠡᠦᠬᠡ ᠵᠢ ᠡᠭᠦᠳᠦᠨ ᠪᠦᠲᠦᠭᠡᠬᠦ ᠶᠠᠪᠤᠳᠠᠯ ᠮᠥᠨ》
    ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ᠎ᠤ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠢ ᠶᠠᠪᠤᠭᠳᠠᠭᠤᠯᠬᠤ ᠮᠡᠳᠡᠭᠡ ᠵᠢ ᠨᠡᠶ᠋ᠢᠲᠡᠯᠡᠭᠰᠡᠨ᠎ᠤ ᠲᠠᠷᠠᠭ᠎ᠠ᠂ ᠶᠡᠷᠦᠩᠬᠡᠶ᠋ᠢᠯᠡᠭᠴᠢ ᠫᠦᠲ᠋ᠢᠨ ᠠᠯᠢ ᠡᠷᠲᠡ᠎ᠠᠴᠠ ᠭᠠᠳᠠᠭ᠋ᠠᠳᠤ᠎ᠳᠤ᠂ ᠲᠡᠷᠢᠭᠦᠯᠡᠭᠴᠢ ᠰᠢ ᠵᠢᠨ ᠫᠢᠩ 《ᠬᠠᠮᠤᠭ᠎ᠤᠨ ᠴᠢᠬᠤᠯᠠ ᠵᠣᠴᠢᠨ》 ᠪᠤᠯᠬᠤ ᠪᠣᠯᠣᠨ᠎ᠠ ᠭᠡᠬᠦ ᠲᠠᠭᠤᠨ᠎ᠢ ᠳᠠᠮᠵᠢᠭᠤᠯᠵᠤ ᠪᠢᠯᠡ᠃
    9᠎ᠤ ᠥᠷᠯᠥᠭᠡ᠂ ᠦᠷ᠎ᠤᠨ ᠲᠤᠶᠠᠭ᠎ᠠ ᠠᠷᠠᠢ ᠮᠠᠨᠳᠤᠬᠤ᠎ᠠᠴᠠ ᠡᠮᠦᠨ᠎ᠡ᠂ ᠮᠣᠰᠺᠸᠠ ᠵᠢᠨ ᠤᠯᠠᠭ᠋ᠠᠨ ᠲᠠᠯᠠᠪᠠᠢ ᠳᠡᠭᠡᠷ᠎ᠡ ᠨᠢᠭᠡᠨᠲᠡ ᠬᠥᠮᠥᠨ᠎ᠤ ᠲᠠᠯᠠᠢ ᠪᠣᠯᠪᠠ᠃ ᠪᠤᠭᠤᠷᠤᠯ ᠨᠠᠰᠤᠲᠠᠨ᠂ ᠨᠢᠯᠬ᠎ᠠ ᠬᠡᠦᠬᠡᠳ᠂ ᠢᠳᠡᠷ ᠵᠠᠯᠠᠭᠤᠴᠤᠳ ᠪᠦᠭᠦᠨ ᠵᠶ᠋ᠠᠷ ᠵᠶ᠋ᠠᠨ ᠢᠷᠡᠵᠡᠭᠡᠯ᠎ᠡ᠂ ᠲᠡᠶ᠋ᠢᠮᠦ᠂ ᠢᠯᠠᠯᠲᠠ ᠵᠢᠨ ᠡᠳᠦᠷ ᠮᠥᠨ ᠴᠤ᠌ ᠠᠷᠠᠳ ᠲᠦᠮᠡᠨ᠎ᠤ ᠪᠠᠶᠠᠷ᠎ᠤᠨ ᠡᠳᠦᠷ᠃
    ᠲᠡᠷᠢᠭᠦᠯᠡᠭᠴᠢ ᠰᠢ ᠵᠢᠨ ᠫᠢᠩ᠎ᠤᠨ ᠮᠠᠰᠢᠨ ᠲᠡᠷᠭᠡᠨ᠎ᠤ ᠠᠩᠭᠢ ᠰᠠᠯᠬᠢᠨ᠎ᠤ ᠠᠶ᠎ᠠ᠎ᠪᠠᠷ ᠨᠠᠮᠢᠷᠠᠭ᠎ᠠ ᠢᠯᠠᠯᠲᠠ ᠵᠢᠨ ᠲᠤᠭ᠎ᠤᠨ ᠬᠠᠵᠠᠭᠤ᠎ᠪᠠᠷ ᠥᠩᠭᠡᠷᠡᠵᠦ᠂ ᠭᠠᠷ᠎ᠲᠠᠭᠠᠨ ᠰᠣᠷᠭᠤᠭ ᠴᠡᠴᠡᠭ ᠡᠷᠭᠦᠭᠰᠡᠨ ᠬᠥᠮᠥᠰ᠎ᠤᠨ ᠬᠠᠵᠠᠭᠤ᠎ᠪᠠᠷ ᠥᠩᠭᠡᠷᠡᠪᠡ᠃ ᠵᠡᠭᠡᠯᠢ ᠳᠡᠭᠡᠷ᠎ᠡ᠂ ᠬᠥᠮᠥᠰ ᠬᠤᠩ ᠴᠢ ᠲᠡᠷᠭᠡ ᠪᠣᠯᠣᠨ ᠲᠠᠪᠤᠨ ᠣᠳᠣᠲᠤ ᠤᠯᠠᠭ᠋ᠠᠨ ᠲᠤᠭ᠎ᠢ ᠣᠯᠵᠤ ᠦᠵᠡᠭᠡᠳ ᠭᠠᠷ ᠳᠠᠯᠠᠯᠤᠨ ᠮᠡᠨᠳᠦᠴᠢᠯᠡᠨ᠎ᠡ᠃
    ᠨᠡᠷᠡᠨ᠎ᠤ ᠭᠡᠷᠡᠯ ᠤᠯᠠᠭ᠋ᠠᠨ ᠲᠠᠯᠠᠪᠠᠢ ᠵᠢ ᠥᠪᠴᠢ ᠭᠡᠶ᠋ᠢᠭᠦᠯᠦᠯ᠎ᠡ᠃ ᠲᠡᠷᠢᠭᠦᠯᠡᠭᠴᠢ ᠰᠢ ᠵᠢᠨ ᠫᠢᠩ ᠺᠷᠧᠮᠯᠢ ᠣᠷᠳᠣᠨ᠎ᠳᠤ ᠬᠦᠷᠬᠦ ᠦᠶ᠎ᠡ᠎ᠳᠤ᠂ ᠶᠡᠷᠦᠩᠬᠡᠶ᠋ᠢᠯᠡᠭᠴᠢ ᠫᠦᠲ᠋ᠢᠨ ᠬᠠᠯᠠᠭᠤᠨ ᠵᠶ᠋ᠠᠷ ᠤᠭᠲᠤᠨ ᠠᠪᠤᠪᠠ᠃
    ᠪᠠᠶᠠᠷ᠎ᠤᠨ ᠶᠣᠰᠣᠯᠠᠯ᠎ᠳᠤ ᠣᠷᠤᠯᠴᠠᠬᠤ᠎ᠪᠠᠷ ᠳᠠᠬᠢᠨᠲᠠ ᠢᠷᠡᠬᠦ᠎ᠳᠤ᠂ ᠠᠷᠪᠠᠨ ᠵᠢᠯ ᠤᠷᠤᠰᠤᠨ ᠣᠲᠣᠭᠰᠠᠨ ᠪᠤᠯᠪᠠᠴᠤ ᠤᠷᠢᠳᠤ ᠵᠢᠨ ᠶᠠᠪᠤᠳᠠᠯ᠎ᠤᠳ ᠲᠣᠪ ᠲᠣᠳᠣᠷᠬᠠᠢ ᠴᠡᠭᠡᠵᠢᠯᠡᠭᠳᠡᠭᠰᠡᠭᠡᠷ᠃
    ᠬᠡᠳᠦᠢ ᠥᠨᠢ ᠤᠳᠠᠭ᠋ᠠᠨ ᠪᠣᠯᠤᠭᠰᠠᠨ ᠴᠤ᠌᠂ ᠲᠡᠦᠬᠡ ᠵᠢᠨ ᠳᠤᠷᠠᠰᠤᠮᠵᠢ ᠪᠣᠯᠣᠨ ᠦᠨᠡᠨ ᠪᠠᠶ᠋ᠢᠳᠠᠯ᠎ᠨᠢ ᠥᠩᠭᠡ ᠬᠤᠪᠢᠷᠠᠰᠢ ᠦᠭᠡᠢ ᠶᠤᠮ᠂ 《ᠪᠢᠳᠡᠨ᠎ᠳᠤ ᠥᠭᠭᠦᠭᠰᠡᠨ ᠰᠡᠩᠬᠡᠷᠡᠭᠦᠯᠦᠯ᠎ᠨᠢ ᠥᠨᠢ ᠡᠭᠦᠷᠢᠳᠡ ᠪᠣᠳᠠᠲᠤ ᠠᠬᠤᠢ ᠵᠢ ᠲᠤᠰᠬᠠᠵᠤ᠂ ᠢᠷᠡᠭᠡᠳᠦᠢ ᠵᠢ ᠬᠠᠷᠠᠭᠤᠯᠤᠨ᠎ᠠ》᠃
    ᠬᠡᠳᠦᠢ ᠥᠨᠢ ᠤᠳᠠᠭ᠋ᠠᠨ ᠪᠣᠯᠤᠭᠰᠠᠨ ᠴᠤ᠌᠂ ᠳᠡᠯᠡᠬᠡᠢ ᠵᠢᠨ ᠪᠠᠶ᠋ᠢᠳᠠᠯ᠎ᠤᠨ ᠶᠡᠭᠡ ᠣᠷᠤᠭ᠎ᠠ ᠪᠤᠰᠬᠠᠭ᠎ᠠ ᠶᠡᠭᠡ ᠬᠤᠪᠢᠰᠤᠯᠲᠠ ᠳᠤᠮᠳᠠ ᠤᠷᠤᠰᠬᠠᠯ᠎ᠤᠨ ᠡᠮᠦᠨ᠎ᠡ ᠵᠣᠭᠰᠣᠵᠤ ᠰᠦᠨᠳᠡᠷᠯᠡᠬᠦ ᠪᠠᠷ᠎ᠠ ᠢᠯᠡᠷᠡᠬᠦ ᠦᠭᠡᠢ ᠪᠠᠶ᠋ᠢᠵᠤ ᠪᠣᠯᠣᠰᠢ ᠦᠭᠡᠢ ᠶᠤᠮ᠃ ᠬᠡᠳᠦᠶ᠋ᠢᠪᠡᠷ ᠭᠠᠭᠴᠠ ᠲᠠᠯᠠᠲᠤ ᠦᠵᠡᠯ᠂ ᠡᠵᠡᠷᠬᠡᠬᠦ ᠦᠵᠡᠯ ᠬᠠᠷᠭᠢᠰ ᠬᠡᠷᠴᠡᠭᠡᠢ ᠠᠵᠢᠯᠯᠠᠭ᠎ᠠ ᠵᠢᠨ ᠬᠤᠣᠷ ᠬᠥᠨᠥᠭᠡᠯ᠎ᠨᠢ ᠬᠦᠨᠳᠦ ᠨᠣᠴᠢᠲᠠᠢ ᠪᠠᠶ᠋ᠢᠭᠰᠠᠨ ᠴᠤ᠌ ᠡᠩᠬᠡ ᠲᠠᠶ᠋ᠢᠪᠤᠩ ᠪᠠ ᠰᠢᠳᠤᠷᠭᠤ ᠶᠣᠰᠣ ᠵᠢ ᠬᠠᠮᠠᠭ᠋ᠠᠯᠠᠬᠤ ᠬᠦᠴᠦᠨ ᠡᠭᠦᠷᠢᠳᠡ ᠪᠠᠶ᠋ᠢᠭᠰᠠᠭ᠋ᠠᠷ ᠪᠤᠢ᠃ ᠳᠤᠮᠳᠠᠳᠤ ᠤᠯᠤᠰ ᠪᠣᠯᠣᠨ ᠤᠷᠤᠰ ᠲᠡᠦᠬᠡ᠎ᠠᠴᠠ ᠨᠡᠩ ᠤᠯᠠᠨ ᠤᠶᠤᠨ ᠤᠬᠠᠭ᠋ᠠᠨ᠎ᠢ ᠰᠢᠩᠭᠡᠬᠡᠨ ᠠᠪᠴᠤ᠂ ᠨᠡᠩ ᠶᠡᠭᠡ ᠬᠠᠷᠢᠭᠤᠴᠠᠯᠭ᠎ᠠ ᠵᠢ ᠡᠭᠦᠷᠭᠡᠯᠡᠨ᠎ᠡ᠃
    ᠲᠡᠷᠢᠭᠦᠯᠡᠭᠴᠢ ᠰᠢ ᠵᠢᠨ ᠫᠢᠩ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ ᠭᠤᠣᠯ ᠶᠣᠰᠣᠯᠠᠯ᠎ᠤᠨ ᠲᠠᠶ᠋ᠢᠰᠠᠨ᠎ᠳᠤ ᠠᠯᠬᠤᠨ ᠭᠦᠷᠪᠡ᠃ ᠬᠠᠮᠲᠤ ᠰᠠᠭᠤᠯᠴᠠᠭᠰᠠᠨ ᠬᠤᠶᠠᠷ ᠤᠯᠤᠰ᠎ᠤᠨ ᠲᠡᠷᠢᠭᠦᠨ ᠳᠣᠲᠣᠨᠣ᠎ᠪᠠᠷ ᠶᠠᠷᠢᠯᠴᠠᠪᠠ᠃ ᠠᠭᠤᠯᠠ ᠤᠰᠤ ᠲᠠᠯᠬᠢᠭᠳᠠᠭᠰᠠᠨ ᠦᠶ᠎ᠡ᠎ᠳᠤ᠂ ᠡᠰᠡᠷᠭᠦᠴᠡᠨ ᠲᠡᠮᠡᠴᠡᠵᠦ ᠬᠦᠴᠢᠷ ᠪᠡᠷᠬᠡ ᠵᠢ ᠬᠠᠮᠲᠤ᠎ᠪᠠᠷ ᠲᠤᠭᠤᠯᠪᠠ᠂ ᠲᠡᠦᠬᠡ ᠵᠢ ᠡᠷᠭᠢᠴᠡᠭᠦᠯᠬᠦᠶ᠎ᠡ᠂ ᠥᠨᠥᠳᠥᠷ ᠬᠡᠴᠢᠨᠡᠭᠡᠨ ᠭᠢᠯᠪᠠᠷ ᠪᠤᠰᠤ᠎ᠪᠠᠷ ᠢᠷᠡᠭᠰᠡᠨ ᠭᠡᠳᠡᠭ᠎ᠢ ᠨᠡᠩ ᠴᠤ᠌ ᠰᠡᠳᠬᠢᠯ ᠳᠣᠭᠳᠣᠯᠤᠨ ᠣᠶ᠋ᠢᠯᠠᠭ᠋ᠠᠨ᠎ᠠ᠃
    ᠶᠡᠷᠦᠩᠬᠡᠶ᠋ᠢᠯᠡᠭᠴᠢ ᠫᠦᠲ᠋ᠢᠨ᠎ᠤ ᠪᠠᠶᠠᠷ᠎ᠤᠨ ᠦᠭᠡ ᠬᠡᠯᠡᠬᠦ ᠦᠶ᠎ᠡ ᠵᠢᠨ ᠬᠠᠩᠭᠢᠨᠠᠮ᠎ᠠ ᠲᠠᠭᠤ ᠣᠭᠲᠠᠷᠭᠤᠢ᠎ᠳᠤ ᠴᠤᠤᠷᠢᠶᠠᠲᠤᠨ᠎ᠠ᠄ 《ᠢᠯᠠᠯᠲᠠ ᠪᠣᠯ ᠠᠷᠢᠭᠤᠨ ᠲᠠᠷᠬᠠᠨ ᠶᠤᠮ᠂ ᠲᠡᠦᠬᠡ ᠵᠢ ᠥᠭᠡᠷᠡᠲᠦᠭᠦᠯᠵᠦ ᠪᠤᠯᠬᠤ ᠦᠭᠡᠢ᠂ ᠢᠯᠠᠭᠴᠢ ᠵᠢ ᠭᠤᠲᠤᠭ᠋ᠠᠵᠤ ᠪᠤᠯᠬᠤ ᠦᠭᠡᠢ》᠂ 《ᠳᠤᠮᠳᠠᠳᠤ ᠤᠯᠤᠰ᠎ᠤᠨ ᠠᠷᠠᠳ ᠲᠦᠮᠡᠨ ᠡᠷᠡᠯᠬᠡᠭ ᠪᠠᠭ᠋ᠠᠲᠤᠷᠯᠢᠭ ᠵᠶ᠋ᠠᠷ ᠪᠠᠶ᠋ᠢᠯᠳᠤᠪᠠ᠂ ᠪᠢᠳᠡ ᠳᠤᠮᠳᠠᠳᠤ ᠤᠯᠤᠰ᠎ᠤᠨ ᠠᠷᠠᠳ ᠲᠦᠮᠡᠨ᠎ᠤ ᠬᠥᠮᠥᠨ ᠲᠥᠷᠥᠯᠬᠢᠲᠡᠨ᠎ᠤ ᠬᠠᠮᠲᠤ ᠵᠢᠨ ᠢᠷᠡᠭᠡᠳᠦᠢ ᠵᠢ ᠨᠡᠭᠡᠭᠡᠬᠦ᠎ᠳᠤ ᠦᠵᠡᠭᠦᠯᠦᠭᠰᠡᠨ ᠬᠤᠪᠢ ᠨᠡᠮᠡᠷᠢ ᠵᠢ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠵᠤ ᠪᠠᠶ᠋ᠢᠨ᠎ᠠ》᠃
    ᠴᠡᠷᠢᠭ᠎ᠤᠨ ᠵᠢᠭᠰᠠᠭ᠋ᠠᠯ᠎ᠢ ᠰᠢᠯᠭ᠋ᠠᠨ ᠦᠵᠡᠬᠦ ᠶᠣᠰᠣᠯᠠᠯ᠎ᠨᠢ ᠴᠠᠭ ᠬᠤᠭᠤᠴᠠᠭ᠎ᠠ᠎ᠪᠠᠷ ᠲᠡᠩᠭᠡᠯᠢᠭ ᠪᠣᠯᠭ᠋ᠠᠪᠠ᠃ ᠶᠡᠷᠦᠩᠬᠡᠶ᠋ᠢᠯᠡᠭᠴᠢ ᠫᠦᠲ᠋ᠢᠨ ᠪᠠᠶ᠋ᠢᠨ ᠪᠠᠶ᠋ᠢᠨ ᠪᠡᠶ᠎ᠡ ᠡᠷᠭᠢᠵᠦ᠂ ᠲᠡᠷᠢᠭᠦᠯᠡᠭᠴᠢ ᠰᠢ ᠵᠢᠨ ᠫᠢᠩ᠎ᠳᠤ ᠲᠤᠭ ᠳᠠᠯᠪᠠᠭ᠎ᠠ᠂ ᠵᠢᠭᠰᠠᠭ᠋ᠠᠯ᠂ ᠵᠡᠪᠰᠡᠭ ᠲᠣᠨᠣᠭᠯᠠᠯ᠎ᠤᠨ ᠲᠤᠬᠠᠢ ᠲᠠᠨᠢᠯᠴᠠᠭᠤᠯᠤᠨ᠎ᠠ᠃ ᠵᠠᠯᠠᠭᠤ ᠪᠠᠶ᠋ᠢᠯᠳᠤᠭᠴᠢᠳ ᠴᠡᠭᠡᠵᠢ ᠲᠡᠨᠢᠢ᠍ᠨ 《ᠦᠷᠠ》 ᠭᠡᠵᠦ ᠬᠠᠰᠬᠢᠷᠬᠤ ᠳᠠᠭᠤᠨ᠎ᠨᠢ ᠡᠭᠦᠯᠡ ᠵᠢ ᠨᠡᠪᠲᠡᠯᠦᠨ ᠥᠨᠳᠥᠷ ᠣᠭᠲᠠᠷᠭᠤᠢ᠎ᠳᠤ ᠴᠤᠤᠷᠢᠶᠠᠲᠤᠨ᠎ᠠ᠃
    ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠭᠤᠷᠪᠠᠨ ᠵᠠᠮ᠎ᠤᠨ ᠴᠡᠷᠢᠭ᠎ᠤᠨ ᠶᠣᠰᠣᠯᠠᠯ᠎ᠤᠨ ᠵᠢᠭᠰᠠᠭ᠋ᠠᠯ᠎ᠤᠨ ᠠᠩᠭᠢ ᠬᠦᠷᠴᠦ ᠢᠷᠡᠪ᠊!
    ᠠᠯᠬᠤᠭ᠎ᠠ ᠢᠳᠡᠷᠡᠭᠦᠨ᠂ ᠴᠤᠭ ᠵᠢᠪᠬᠤᠭ᠎ᠠ ᠪᠠᠳᠠᠷᠠᠩᠭᠤᠢ᠃ ᠲᠡᠷᠢᠭᠦᠯᠡᠭᠴᠢ ᠰᠢ ᠵᠢᠨ ᠫᠢᠩ ᠪᠣᠰᠴᠤ ᠵᠣᠭᠰᠣᠨ ᠮᠡᠨᠳᠦᠴᠢᠯᠡᠯ ᠬᠦᠷᠭᠡᠵᠦ᠂ ᠲᠡᠭᠦᠨ᠎ᠤ ᠬᠠᠷᠠᠴᠠ ᠤᠷᠤᠭᠰᠢᠯᠠᠯᠲᠠ ᠵᠢᠨ ᠡᠩᠨᠡᠭᠡ ᠵᠢ ᠳᠠᠭ᠋ᠠᠵᠤ᠂ ᠲᠡᠷᠲᠡᠭᠡ ᠲᠡᠦᠬᠡ ᠵᠢᠨ ᠥᠩᠭᠡᠷᠡᠭᠰᠡᠨ᠎ᠢ ᠡᠷᠭᠢᠴᠡᠭᠦᠯᠦᠨ ᠬᠠᠷᠠᠬᠤ ᠭᠡᠮᠡᠷ᠃
    ᠠᠽᠢᠶ᠎ᠠ ᠲᠢᠪ᠎ᠤᠨ ᠭᠤᠣᠯ ᠳᠠᠶ᠋ᠢᠨ᠎ᠤ ᠲᠠᠯᠠᠪᠤᠷ᠎ᠤᠨ ᠬᠦᠨᠳᠦ ᠴᠢᠬᠤᠯᠠ ᠵᠢ ᠬᠠᠷᠠᠬᠤᠢ᠃ ᠢᠮᠠᠬᠤ ᠪᠦᠷᠢ ᠠᠭᠤᠯᠠ ᠤᠰᠤᠨ᠎ᠳᠤ ᠬᠠᠯᠠᠭᠤᠨ ᠴᠢᠰᠤ ᠰᠢᠩᠭᠡᠵᠦ᠂ ᠤᠳᠠᠭ᠎ᠠ ᠪᠦᠷᠢ ᠵᠢᠨ ᠪᠠᠶ᠋ᠢᠯᠳᠤᠭ᠋ᠠᠨ᠎ᠳᠤ ᠨᠢᠷᠤᠭᠤ ᠭᠡᠳᠡᠶ᠋ᠢᠨ ᠪᠠᠶ᠋ᠢᠯᠳᠤᠨ᠎ᠠ᠃ ᠲᠠᠪᠤᠨ ᠮᠢᠩᠭ᠋ᠠᠨ ᠵᠢᠯ᠎ᠤᠨ ᠪᠣᠯᠪᠠᠰᠤᠨ᠎ᠨᠢ ᠲᠦᠨᠡᠷ ᠬᠠᠷᠠᠩᠭᠤᠢ ᠴᠠᠭ ᠦᠶ᠎ᠡ᠎ᠳᠤ ᠬᠦᠴᠦᠷᠬᠡᠭ ᠶᠡᠭᠡ ᠬᠦᠴᠦᠨ ᠴᠢᠳᠠᠯ᠎ᠢ ᠪᠠᠳᠠᠷᠠᠭᠤᠯᠵᠤ᠂ ᠪᠦᠭᠦ ᠳᠤᠮᠳᠠᠳᠤ ᠵᠢᠨ ᠬᠥᠪᠡᠭᠦᠳ ᠥᠬᠢᠳ ᠲᠡᠭᠷᠢ ᠭᠠᠵᠠᠷ᠎ᠢ ᠳᠣᠩᠰᠣᠯᠭ᠋ᠠᠭᠰᠠᠨ᠂ ᠴᠢᠳᠬᠦᠷ ᠰᠠᠬᠢᠭᠤᠯᠰᠤᠨ᠎ᠢ ᠤᠶᠠᠷᠠᠭᠤᠯᠤᠭᠰᠠᠨ ᠰᠦᠷ ᠵᠢᠪᠬᠤᠯᠠᠩᠲᠤ ᠲᠤᠤᠯᠢᠰ᠎ᠢ ᠬᠠᠮᠲᠤ᠎ᠪᠠᠷ ᠪᠢᠴᠢᠭᠯᠡᠭᠰᠡᠨ ᠶᠤᠮ᠃
    ᠳᠠᠶ᠋ᠢᠨ᠎ᠤ ᠭᠠᠯ ᠳᠤᠮᠳᠠ ᠭᠠᠷ ᠬᠤᠯᠪᠣᠨ ᠮᠥᠷᠥ ᠵᠡᠷᠭᠡᠴᠡᠨ ᠪᠠᠶ᠋ᠢᠯᠳᠤᠭᠰᠠᠨ ᠴᠠᠭ ᠮᠥᠴᠡ ᠵᠢ ᠬᠠᠷᠠᠬᠤᠢ᠃ ᠲᠦᠨᠡᠷ ᠬᠠᠷᠠᠩᠭᠤᠢ ᠳᠡᠯᠡᠬᠡᠢ ᠶᠢᠷᠲᠢᠨᠴᠦ ᠵᠢ ᠪᠦᠷᠬᠦᠵᠦ᠂ ᠳᠤᠮᠳᠠᠳᠤ ᠤᠯᠤᠰ᠎ᠤᠨ ᠠᠷᠠᠳ ᠲᠦᠮᠡᠨ ᠡᠩᠬᠡ ᠲᠠᠶ᠋ᠢᠪᠤᠩ᠎ᠢ ᠡᠷᠭᠢᠮᠯᠡᠳᠡᠭ ᠳᠡᠯᠡᠬᠡᠢ ᠵᠢᠨ ᠠᠷᠠᠳ ᠲᠦᠮᠡᠨ᠎ᠲᠠᠢ ᠬᠠᠮᠲᠤ᠎ᠪᠠᠷ ᠠᠮᠢ ᠨᠠᠰᠤ᠎ᠪᠠᠷ ᠵᠶ᠋ᠠᠨ ᠠᠮᠢ ᠨᠠᠰᠤ ᠵᠢ ᠬᠠᠮᠠᠭ᠋ᠠᠯᠠᠵᠤ᠂ ᠢᠲᠡᠭᠡᠯ ᠵᠣᠷᠢᠭ ᠵᠶ᠋ᠠᠷ ᠢᠲᠡᠭᠡᠯ ᠵᠣᠷᠢᠭ᠎ᠢ ᠬᠥᠪᠴᠢᠯᠡᠪᠡ᠃ ᠭᠠᠰᠠᠯᠠᠩ ᠵᠣᠪᠠᠯᠠᠩ ᠪᠠ ᠦᠷᠡᠭᠳᠡᠯ᠎ᠤᠨ ᠳᠠᠪᠲᠠᠯᠲᠠ᠎ᠨᠢ ᠢᠯᠠᠯᠲᠠ ᠪᠤᠯᠬᠤ᠎ᠪᠠᠷ ᠪᠠᠷᠠᠬᠤ ᠦᠭᠡᠢ᠂ ᠪᠠᠰᠠ ᠴᠤ᠌ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠬᠤ ᠭᠦᠨ ᠵᠤᠵᠠᠭ᠋ᠠᠨ ᠨᠥᠬᠦᠷᠯᠡᠯ ᠮᠥᠨ᠃
    ᠲᠡᠷᠢᠭᠦᠯᠡᠭᠴᠢ ᠰᠢ ᠵᠢᠨ ᠫᠢᠩ᠎ᠤᠨ ᠨᠦᠭᠦᠭᠡ ᠲᠠᠯ᠎ᠠ᠎ᠳᠤ ᠰᠠᠭᠤᠭᠰᠠᠨ᠎ᠨᠢ ᠡᠩᠭᠡᠷ ᠳᠦᠭᠦᠷᠡᠩ ᠭᠠᠪᠢᠶᠠᠨ ᠲᠡᠮᠳᠡᠭ ᠵᠡᠭᠦᠭᠰᠡᠨ ᠵᠠᠭᠤᠨ ᠨᠠᠰᠤᠲᠠᠢ ᠠᠬᠠᠮᠠᠳ ᠪᠠᠶ᠋ᠢᠯᠳᠤᠭᠴᠢ ᠢᠸᠦᠭᠧᠨᠢ • ᠽᠧᠨᠡᠮᠢᠨᠰᠺᠢ ᠪᠣᠯᠣᠨ᠎ᠠ᠃
    ᠨᠠᠰᠤ ᠠᠬᠠᠰᠢᠷᠠᠵᠤ ᠦᠰᠦ᠎ᠨᠢ ᠪᠤᠭᠤᠷᠤᠯᠲᠤᠭᠰᠠᠨ ᠴᠤ᠌ ᠴᠡᠷᠢᠭ ᠬᠥᠮᠥᠨ᠎ᠤ ᠴᠤᠭ ᠰᠦᠯᠳᠡ᠎ᠨᠢ ᠬᠠᠷᠢᠨ ᠲᠡᠷᠡ ᠬᠡᠪ ᠵᠶ᠋ᠠᠷ ᠵᠶ᠋ᠠᠨ᠃ ᠲᠡᠷᠡ ᠰᠡᠳᠬᠢᠯ ᠬᠥᠳᠡᠯᠦᠨ ᠲᠡᠷᠢᠭᠦᠯᠡᠭᠴᠢ ᠰᠢ ᠵᠢᠨ ᠫᠢᠩ᠎ᠤᠨ ᠭᠠᠷ᠎ᠢ ᠠᠳᠬᠤᠵᠤ᠄ 《ᠳᠡᠯᠡᠬᠡᠢ ᠳᠡᠭᠡᠷ᠎ᠡ ᠶᠠᠮᠠᠷ ᠴᠤ᠌ ᠬᠦᠴᠦᠨ ᠭᠡᠳ ᠪᠢᠳᠡᠨ᠎ᠢ ᠳᠠᠷᠤᠵᠤ ᠳᠡᠶ᠋ᠢᠯᠭᠦ ᠦᠭᠡᠢ ᠶᠤᠮ》 ᠭᠡᠪᠡ᠃ ᠡᠨᠡ ᠪᠣᠯ ᠠᠷᠢᠭᠤᠨ ᠴᠢᠰᠤ ᠪᠠ ᠠᠮᠢ ᠨᠠᠰᠤ᠎ᠪᠠᠷ ᠪᠠᠷᠢᠯᠳᠤᠭᠰᠠᠨ ᠰᠡᠩᠬᠡᠷᠡᠭᠦᠯᠦᠯ ᠪᠣᠯᠣᠨ᠎ᠠ᠃
    ᠡᠨᠡ ᠵᠢᠯ ᠪᠣᠯ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠲᠠᠶ᠋ᠢᠨ ᠢᠯᠠᠯᠲᠠ ᠣᠯᠣᠭᠰᠠᠨ 80 ᠵᠢᠯ᠎ᠤᠨ ᠤᠢ ᠪᠠ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠪᠠᠶ᠋ᠢᠭᠤᠯᠤᠭᠳᠠᠭᠰᠠᠨ 80 ᠵᠢᠯ᠎ᠤᠨ ᠤᠢ ᠪᠣᠯᠣᠨ᠎ᠠ᠃ ᠲᠡᠷᠢᠭᠦᠯᠡᠭᠴᠢ ᠰᠢ ᠵᠢᠨ ᠫᠢᠩ᠂ 《ᠲᠡᠦᠬᠡ ᠵᠢᠨ ᠬᠠᠮᠤᠭ᠎ᠤᠨ ᠰᠠᠶ᠋ᠢᠨ ᠵᠠᠯᠭ᠋ᠠᠮᠵᠢᠯᠠᠯ ᠪᠣᠯ ᠳᠠᠷᠤᠢ ᠰᠢᠨ᠎ᠡ ᠲᠡᠦᠬᠡ ᠵᠢ ᠡᠭᠦᠳᠦᠨ ᠪᠦᠲᠦᠭᠡᠬᠦ ᠶᠠᠪᠤᠳᠠᠯ ᠪᠣᠯᠣᠨ᠎ᠠ》 ᠭᠡᠵᠦ ᠬᠡᠯᠡᠵᠦ ᠥᠩᠭᠡᠷᠡᠪᠡ᠃ ᠲᠡᠷᠡ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠭᠠᠷ᠎ᠤᠨ ᠦᠰᠦᠭ ᠵᠢᠷᠤᠭᠰᠠᠨ ᠲᠡᠷᠡ ᠬᠦ᠌ ᠬᠠᠮᠲᠤᠷᠠᠭᠰᠠᠨ ᠢᠯᠡᠷᠬᠡᠶ᠋ᠢᠯᠡᠯᠲᠡ᠎ᠳᠤ᠂ ᠲᠡᠦᠬᠡ ᠵᠢᠨ ᠤᠯᠠᠷᠢᠯ ᠬᠤᠪᠢᠰᠤᠯ᠎ᠢ ᠥᠭᠦᠯᠡᠵᠦ ᠢᠷᠡᠭᠡᠳᠦᠢ ᠵᠢᠨ ᠲᠤᠬᠠᠢ ᠢᠲᠡᠭᠡᠯ ᠪᠠᠲᠤ ᠢᠩᠭᠢᠵᠦ ᠪᠢᠴᠢᠭᠯᠡᠪᠡ᠄
    《ᠳᠡᠯᠡᠬᠡᠢ ᠵᠢᠨ ᠬᠤᠶᠠᠳᠤᠭ᠋ᠠᠷ ᠲᠠᠶ᠋ᠢᠨ᠎ᠤ ᠲᠡᠦᠬᠡ ᠵᠢ ᠥᠭᠡᠷᠡᠲᠦᠭᠦᠯᠬᠦ᠂ ᠳᠤᠮᠳᠠᠳᠤ ᠤᠷᠤᠰ᠎ᠤᠨ ᠳᠡᠯᠡᠬᠡᠢ ᠵᠢᠨ ᠬᠤᠶᠠᠳᠤᠭ᠋ᠠᠷ ᠲᠠᠶ᠋ᠢᠨ᠎ᠤ ᠲᠡᠦᠬᠡᠨ ᠭᠠᠪᠢᠶ᠎ᠠ ᠵᠢᠳᠬᠦᠯ᠎ᠢ ᠮᠠᠭᠤᠰᠢᠶᠠᠬᠤ ᠪᠠ ᠪᠠᠯᠠᠯᠬᠤ᠂ ᠴᠢᠯᠦᠭᠡᠯᠡᠭᠴᠢ ᠵᠢᠨ ᠳᠦᠷᠢ ᠲᠥᠷᠬᠦ ᠵᠢ ᠭᠤᠲᠤᠭ᠋ᠠᠬᠤ ᠶᠠᠮᠠᠷᠪᠠ ᠠᠵᠢᠯᠯᠠᠭ᠎ᠠ ᠵᠢ ᠡᠷᠡᠰ ᠪᠤᠳᠠ ᠨᠢᠷᠭᠡᠨ᠎ᠡ》;
    《ᠬᠥᠮᠥᠨ ᠲᠥᠷᠥᠯᠬᠢᠲᠡᠨ ᠳᠡᠯᠡᠬᠡᠢ ᠵᠢᠨ ᠬᠤᠶᠠᠳᠤᠭ᠋ᠠᠷ ᠲᠠᠶ᠋ᠢᠨ᠎ᠤ ᠭᠤᠨᠢᠭᠲᠤ ᠵᠦᠴᠦᠭᠡ ᠵᠢᠴᠢ ᠲᠡᠭᠦᠨ᠎ᠤ ᠰᠢᠯᠲᠠᠭ᠋ᠠᠨ ᠪᠠ ᠰᠤᠷᠭ᠋ᠠᠮᠵᠢ ᠵᠢ ᠡᠭᠦᠷᠢᠳᠡ ᠴᠡᠭᠡᠵᠢᠯᠡᠵᠦ᠂ ᠡᠶ᠋ᠢᠮᠦᠷᠬᠦᠦ ᠭᠤᠨᠢᠭᠲᠤ ᠵᠦᠴᠦᠭᠡ ᠵᠢᠨ ᠳᠠᠭᠢᠨ ᠡᠭᠦᠰᠬᠦ ᠵᠢ ᠴᠢᠷᠮᠠᠶ᠋ᠢᠨ ᠬᠤᠷᠢᠭᠯᠠᠬᠤ ᠬᠡᠷᠡᠭᠲᠡᠢ》;
    ᠁
    ᠤᠷᠢᠳᠤᠬᠢ ᠵᠢ ᠵᠠᠯᠭ᠋ᠠᠮᠵᠢᠯᠠᠨ ᠬᠤᠶ᠋ᠢᠰᠢᠬᠢ ᠵᠢ ᠰᠡᠩᠬᠡᠷᠡᠭᠦᠯᠬᠦ ᠴᠢᠬᠤᠯᠠ ᠣᠨ ᠵᠢᠯ᠂ ᠰᠠᠯᠬᠢ ᠳᠡᠭᠳᠡᠨ ᠡᠭᠦᠯᠡ ᠬᠤᠶ᠋ᠢᠯᠠᠷᠠᠭᠰᠠᠨ ᠣᠷᠤᠭ᠎ᠠ ᠪᠤᠰᠬᠠᠭ᠎ᠠ ᠳᠡᠯᠡᠬᠡᠢ ᠵᠢᠨ ᠪᠠᠶ᠋ᠢᠳᠠᠯ᠎ᠤᠨ ᠡᠮᠦᠨ᠎ᠡ᠂ ᠳᠤᠮᠳᠠᠳᠤ ᠤᠷᠤᠰ ᠬᠤᠶᠠᠷ ᠤᠯᠤᠰ ᠨᠢᠭᠲᠠᠷᠠᠨ ᠪᠦᠯᠬᠦᠮᠳᠡᠵᠦ᠂ 《ᠳᠡᠯᠡᠬᠡᠢ ᠵᠢᠨ ᠬᠤᠶᠠᠳᠤᠭ᠋ᠠᠷ ᠲᠠᠶ᠋ᠢᠨ᠎ᠤ ᠢᠯᠠᠯᠲᠠ ᠵᠢᠨ ᠦᠷ᠎ᠡ ᠪᠦᠲᠦᠭᠡᠯ᠎ᠢ ᠭᠠᠷ ᠬᠤᠯᠪᠣᠨ ᠬᠠᠮᠠᠭ᠋ᠠᠯᠠᠵᠤ᠂ ᠡᠵᠡᠷᠬᠡᠬᠦ ᠦᠵᠡᠯ ᠪᠣᠯᠣᠨ ᠬᠦᠴᠦᠷᠬᠡᠭᠯᠡᠯ᠎ᠤᠨ ᠤᠯᠤᠰ ᠲᠦᠷᠦ ᠵᠢ ᠡᠷᠡᠰ ᠡᠰᠡᠷᠭᠦᠴᠡᠵᠦ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠨᠡᠩ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠤᠨ᠎ᠠ》᠃
    ᠴᠡᠷᠢᠭ᠎ᠤᠨ ᠵᠢᠭᠰᠠᠭ᠋ᠠᠯ᠎ᠢ ᠰᠢᠯᠭ᠋ᠠᠨ ᠦᠵᠡᠬᠦ ᠶᠣᠰᠣᠯᠠᠯ ᠲᠡᠭᠦᠰᠬᠦ᠎ᠳᠤ᠂ ᠲᠡᠷᠢᠭᠦᠯᠡᠭᠴᠢ ᠰᠢ ᠵᠢᠨ ᠫᠢᠩ ᠪᠠᠶᠠᠷ᠎ᠤᠨ ᠶᠣᠰᠣᠯᠠᠯ᠎ᠳᠤ ᠣᠷᠣᠯᠴᠠᠬᠰᠠᠨ ᠪᠤᠰᠤᠳ ᠤᠳᠤᠷᠢᠳᠬᠤ ᠬᠥᠮᠥᠰ᠎ᠲᠠᠢ ᠬᠠᠮᠲᠤ᠎ᠪᠠᠷ ᠤᠯᠠᠭ᠋ᠠᠨ ᠲᠠᠯᠠᠪᠠᠢ᠎ᠠᠴᠠ ᠠᠯᠤᠺᠰᠠᠨᠳ᠋ᠷ ᠴᠡᠴᠡᠷᠯᠢᠭ᠎ᠲᠤ ᠠᠯᠬᠤᠨ ᠭᠦᠷᠪᠡ᠃ ᠨᠡᠷ᠎ᠡ ᠦᠭᠡᠢ ᠦᠷᠡᠭᠳᠡᠭᠰᠡᠨ ᠪᠠᠭ᠋ᠠᠲᠤᠷᠴᠤᠳ᠎ᠤᠨ ᠪᠤᠩᠬᠤᠨ᠎ᠤ ᠡᠮᠦᠨ᠎ᠡ᠂ ᠲᠡᠳᠡ ᠲᠥᠪ ᠵᠣᠭᠰᠣᠨ ᠨᠠᠮᠠᠨᠴᠢᠯᠠᠪᠠ᠃
    ᠨᠢᠭᠡ ᠭᠠᠩ ᠲᠤᠭᠤᠯᠭ᠎ᠠ᠂ ᠨᠢᠭᠡ ᠤᠯᠠᠭ᠋ᠠᠨ ᠲᠤᠭ᠂ ᠨᠢᠭᠡ ᠪᠠᠭᠴᠠ ᠤᠨᠲᠠᠷᠠᠰᠢ ᠦᠭᠡᠢ ᠭᠠᠯ᠃
    9᠎ᠤ ᠦᠳᠡ᠎ᠳᠤ᠂ ᠲᠡᠷᠢᠭᠦᠯᠡᠭᠴᠢ ᠰᠢ ᠵᠢᠨ ᠫᠢᠩ ᠵᠥᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ᠎ᠤ ᠢᠯᠠᠯᠲᠠ ᠣᠯᠣᠭᠰᠠᠨ 80 ᠵᠢᠯ᠎ᠤᠨ ᠤᠢ ᠵᠢ ᠪᠡᠯᠭᠡᠯᠡᠬᠦ ᠳᠠᠶ᠋ᠢᠯᠠᠯᠭ᠎ᠠ᠎ᠳᠤ ᠣᠷᠣᠯᠴᠠᠪᠠ᠃
    《ᠢᠯᠠᠯᠲᠠ ᠵᠢᠨ ᠡᠳᠦᠷ》᠂ 《ᠪᠠᠶ᠋ᠢᠯᠳᠤᠭᠴᠢ ᠵᠢᠨ ᠳᠠᠭᠤᠤ》᠂ 《ᠡᠬᠡ ᠤᠯᠤᠰ ᠬᠠᠮᠢᠭ᠎ᠠ᠎ᠠᠴᠠ ᠡᠬᠢᠯᠡᠭᠰᠡᠨ ᠪᠤᠢ》 ᠁ ᠵᠢᠷᠤᠭ ᠳᠦᠷᠰᠦ ᠰᠢᠩᠭᠡᠭᠡᠯᠲᠡ᠎ᠨᠢ ᠬᠥᠭᠵᠢᠮ ᠠᠶᠠᠰ᠎ᠢ ᠳᠠᠭ᠋ᠠᠯᠳᠤᠨ ᠰᠣᠯᠢᠭᠳᠠᠵᠤ᠂ ᠳᠠᠶ᠋ᠢᠨ᠎ᠤ ᠤᠨᠢᠶᠠᠷ ᠤᠳᠤᠭ᠎ᠠ᠂ ᠡᠩᠬᠡ ᠲᠠᠶ᠋ᠢᠪᠤᠩ᠎ᠤᠨ ᠨᠡᠷᠡᠨ᠎ᠤ ᠭᠡᠷᠡᠯ ᠨᠠᠭ᠋ᠠᠰᠢᠯᠠᠨ ᠬᠠᠷᠠᠭᠳᠠᠨ᠎ᠠ᠃ ᠬᠥᠮᠥᠰ ᠲᠡᠭᠦᠨ᠎ᠤ ᠳᠣᠲᠣᠷ᠎ᠠ ᠰᠣᠭᠲᠣᠭᠤᠷᠠᠵᠤ᠂ ᠤᠬᠠᠵᠤ᠂ ᠪᠣᠳᠣᠯᠬᠢᠯᠠᠵᠤ ᠰᠡᠳᠬᠢᠨ᠎ᠡ᠃
    ᠡᠶ᠋ᠢᠮᠦ ᠨᠢᠭᠡᠨ ᠨᠠᠷᠢᠨ ᠵᠦᠢ᠍ᠯᠡᠰ ᠪᠤᠢ᠃ ᠳᠠᠶ᠋ᠢᠯᠠᠯᠭ᠎ᠠ ᠳᠠᠭᠤᠰᠤᠭᠰᠠᠨ᠎ᠤ ᠳᠠᠷᠠᠭ᠎ᠠ᠂ ᠲᠡᠷᠢᠭᠦᠯᠡᠭᠴᠢ ᠰᠢ ᠵᠢᠨ ᠫᠢᠩ ᠤᠳᠠᠯ ᠦᠭᠡᠢ ᠰᠠᠭᠤᠳᠠᠯ᠎ᠠᠴᠠ᠎ᠪᠠᠨ ᠰᠠᠯᠬᠤ ᠭᠡᠵᠦ ᠪᠠᠶ᠋ᠢᠭᠰᠠᠨ ᠦᠶ᠎ᠡ᠎ᠳᠤ᠂ 《ᠡᠪ ᠬᠠᠮᠲᠤ ᠨᠠᠮ ᠪᠠᠶ᠋ᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶ᠋ᠢᠵᠤ ᠴᠢᠳᠠᠬᠤ ᠦᠭᠡᠢ》 ᠭᠡᠬᠦ ᠳᠠᠭᠤᠤ ᠬᠠᠩᠭᠢᠨᠠᠪᠠ᠃ ᠡᠨᠡ ᠪᠣᠯ ᠬᠥᠭᠵᠢᠮ᠎ᠤᠨ ᠠᠩᠭᠢ ᠲᠤᠰᠬᠠᠶ᠋ᠢᠯᠠᠨ ᠳᠤᠮᠳᠠᠳᠤ ᠤᠯᠤᠰ᠎ᠤᠨ ᠬᠦᠨᠳᠦᠲᠦ ᠵᠣᠴᠢᠨ᠎ᠳᠤ ᠬᠥᠭᠵᠢᠮᠳᠡᠨ ᠡᠷᠭᠦᠭᠰᠡᠨ ᠪᠢᠯᠡ᠃
    ᠲᠡᠷᠢᠭᠦᠯᠡᠭᠴᠢ ᠰᠢ ᠵᠢᠨ ᠫᠢᠩ ᠤᠷᠤᠭᠰᠢ ᠠᠯᠬᠤᠵᠤ ᠣᠴᠢᠨ᠂ ᠭᠠᠷ ᠠᠳᠬᠤᠵᠤ᠂ ᠬᠠᠮᠲᠤ ᠵᠢᠨ ᠰᠡᠭᠦᠳᠡᠷ ᠲᠠᠲᠠᠭᠤᠯᠪᠠ᠃ ᠬᠠᠮᠲᠤ ᠵᠢᠨ ᠭᠠᠰᠠᠯᠠᠩ ᠵᠣᠪᠠᠯᠠᠩᠲᠤ ᠲᠡᠦᠬᠡ᠂ ᠡᠰᠡᠷᠭᠦᠴᠡᠨ ᠲᠡᠮᠡᠴᠡᠭᠰᠡᠨ ᠲᠡᠦᠬᠡ ᠵᠢ ᠥᠩᠭᠡᠷᠡᠭᠦᠯᠪᠡ᠂ ᠪᠡᠭᠡᠵᠢᠩ — ᠮᠣᠰᠺᠸᠠ ᠵᠢᠨ ᠰᠡᠳᠬᠢᠯ᠎ᠤᠨ ᠵᠠᠢ ᠡᠶ᠋ᠢᠮᠦ ᠣᠶ᠋ᠢᠷᠠᠬᠠᠨ ᠠᠵᠢ!
    1945 ᠣᠨ᠎ᠤ 9 ᠰᠠᠷ᠎ᠠ ᠵᠢᠨ 3᠎ᠤ ᠡᠳᠦᠷ᠂ 1945 ᠣᠨ᠎ᠤ 5 ᠰᠠᠷ᠎ᠠ ᠵᠢᠨ 9᠎ᠤ ᠡᠳᠦᠷ᠂ ᠲᠡᠦᠬᠡᠨ᠎ᠳᠤ ᠲᠡᠮᠳᠡᠭᠯᠡᠭᠳᠡᠭᠰᠡᠨ᠂ ᠬᠥᠮᠥᠰ᠎ᠤᠨ ᠰᠡᠳᠬᠢᠯ᠎ᠢ ᠳᠣᠬᠳᠣᠯᠤᠭᠤᠯᠤᠬᠰᠠᠨ ᠡᠨᠡ ᠬᠤᠶᠠᠷ ᠴᠠᠭ ᠬᠤᠭᠤᠴᠠᠭ᠎ᠠ᠂ ᠳᠤᠮᠳᠠᠳᠤ ᠤᠯᠤᠰ᠂ ᠵᠥᠪᠯᠡᠯᠲᠦ᠂ ᠦᠬᠦᠯ᠎ᠤᠨ ᠳᠠᠪᠠᠭ᠎ᠠ ᠵᠢ ᠲᠤᠭᠤᠯᠵᠤ᠂ ᠨᠤᠭᠤᠷᠠᠯ ᠪᠦᠳᠦᠷᠢᠯ᠎ᠤᠨ ᠳᠤᠮᠳᠠ ᠡᠷᠡᠯᠬᠡᠭ ᠪᠠᠭ᠋ᠠᠲᠤᠷᠯᠢᠭ ᠵᠶ᠋ᠠᠷ ᠲᠡᠮᠡᠴᠡᠵᠦ᠂ ᠢᠯᠠᠯᠲᠠ ᠵᠢᠨ ᠪᠦᠷᠢᠶ᠎ᠡ ᠵᠢᠨ ᠲᠠᠭᠤᠨ ᠤᠳᠠᠲᠠᠯ᠎ᠠ ᠴᠤᠤᠷᠢᠶᠠᠲᠤᠨ᠎ᠠ᠃ 3500 ᠭᠠᠷᠤᠢ ᠲᠦᠮᠡ᠂ 2700 ᠭᠠᠷᠤᠢ ᠲᠦᠮᠡ᠂ ᠬᠡᠪᠴᠢᠶ᠎ᠡ᠎ᠪᠠᠷ ᠮᠤᠨᠳᠠᠭ ᠶᠡᠭᠡ᠂ ᠵᠢᠷᠦᠬᠡ ᠰᠢᠮᠰᠢᠷᠡᠭᠦᠯᠦᠮ᠎ᠡ ᠡᠨᠡ ᠬᠤᠶᠠᠷ ᠲᠤᠭ᠎ᠠ᠎ᠨᠢ ᠳᠡᠯᠡᠬᠡᠢ ᠵᠢᠨ ᠬᠤᠶᠠᠳᠤᠭ᠋ᠠᠷ ᠲᠡᠶ᠋ᠢᠨ᠎ᠤ ᠳᠤᠮᠳᠠᠳᠤ ᠤᠯᠤᠰ ᠪᠣᠯᠣᠨ ᠵᠥᠪᠯᠡᠯᠲᠦ ᠵᠢᠨ ᠠᠽᠢᠶ᠎ᠠ ᠲᠢᠪ ᠪᠣᠯᠣᠨ ᠡᠸᠦ᠋ᠷᠦᠫᠡ ᠲᠢᠪ᠎ᠤᠨ ᠭᠤᠣᠯ ᠲᠡᠶ᠋ᠢᠨ᠎ᠤ ᠲᠠᠯᠠᠪᠤᠷ᠎ᠲᠠᠬᠢ ᠦᠬᠦᠵᠦ ᠰᠢᠷᠬᠠᠲᠤᠭᠰᠠᠨ ᠬᠥᠮᠥᠨ᠎ᠤ ᠲᠤᠭ᠎ᠠ ᠪᠣᠯᠣᠨ᠎ᠠ᠃
    ᠳᠤᠷᠠᠰᠬᠠᠵᠤ ᠪᠠᠶ᠋ᠢᠭ᠎ᠠ ᠵᠢᠨ ᠤᠴᠢᠷ ᠭᠡᠪᠡᠯ ᠬᠤᠶᠠᠷ ᠪᠠᠭ᠋ᠠᠲᠤᠷᠯᠢᠭ ᠤᠯᠤᠰ᠂ ᠪᠠᠭ᠋ᠠᠲᠤᠷᠴᠤᠳ᠎ᠤᠨ ᠵᠣᠷᠢᠭ ᠰᠠᠨᠠᠭ᠎ᠠ᠎ᠪᠠᠷ ᠦᠨᠳᠦᠰᠦᠲᠡᠨ᠎ᠤ ᠠᠮᠢᠨ ᠰᠤᠳᠠᠰᠤ᠎ᠪᠠᠨ ᠴᠣᠬ᠍ᠴᠠᠯᠠᠨ᠎ᠠ; ᠤᠴᠢᠷ᠎ᠨᠢ ᠡᠩᠬᠡ ᠲᠠᠶ᠋ᠢᠪᠤᠩ ᠪᠠ ᠰᠢᠳᠤᠷᠭᠤ ᠶᠣᠰᠣ ᠭᠢᠯᠪᠠᠷ ᠪᠤᠰᠤ᠎ᠪᠠᠷ ᠢᠷᠡᠭᠰᠡᠨ ᠶᠤᠮ᠂ ᠭᠠᠷ ᠬᠤᠯᠪᠣᠨ ᠬᠠᠮᠠᠭ᠋ᠠᠯᠠᠬᠤ ᠬᠡᠷᠡᠭᠲᠡᠢ᠃
    《ᠲᠡᠦᠬᠡ᠎ᠪᠠᠨ ᠪᠠᠲᠤ ᠴᠡᠭᠡᠵᠢᠯᠡᠬᠦ᠎ᠨᠢ ᠥᠰᠢᠶ᠎ᠡ ᠬᠤᠷᠣᠰᠤᠯ ᠵᠶ᠋ᠠᠨ ᠦᠷᠭᠦᠯᠵᠢᠯᠡᠭᠦᠯᠬᠦ ᠵᠢᠨ ᠲᠥᠯᠥᠭᠡ ᠪᠢᠰᠢ᠂ ᠬᠠᠷᠢᠨ ᠢᠷᠡᠭᠡᠳᠦᠢ ᠵᠢ ᠨᠡᠩ ᠰᠠᠶ᠋ᠢᠲᠤᠷ ᠨᠡᠭᠡᠭᠡᠬᠦ ᠵᠢᠨ ᠲᠥᠯᠥᠭᠡ ᠶᠤᠮ》 ᠲᠡᠷᠢᠭᠦᠯᠡᠭᠴᠢ ᠰᠢ ᠵᠢᠨ ᠫᠢᠩ ᠲᠡᠦᠬᠡ ᠵᠢᠨ ᠵᠣᠭᠰᠣᠴᠠ᠎ᠠᠴᠠ ᠢᠷᠡᠭᠡᠳᠦᠢ ᠵᠢ ᠪᠠᠷᠠᠯᠠᠨ᠎ᠠ᠃
    ᠬᠤᠶᠠᠷ ᠤᠯᠤᠰ᠎ᠤᠨ ᠲᠡᠷᠢᠭᠦᠨ ᠡᠨᠡ ᠵᠢᠯ᠎ᠤᠨ ᠨᠠᠮᠤᠷ ᠲᠠᠭᠢᠨ ᠪᠣᠯᠵᠣᠪᠠ᠃ ᠲᠡᠷᠡ ᠬᠦ᠌ ᠠᠭᠤᠤ ᠶᠡᠭᠡ ᠲᠡᠦᠬᠡ ᠵᠢᠨ ᠡᠷᠭᠢᠯᠲᠡ ᠵᠢᠨ ᠴᠡᠭ᠎ᠤᠨ ᠳᠤᠷᠠᠰᠬᠠᠯ᠎ᠤᠨ ᠡᠳᠦᠷ᠂ ᠳᠤᠮᠳᠠᠳᠤ ᠤᠯᠤᠰ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠳᠠᠶ᠋ᠢᠨ᠎ᠤ ᠢᠯᠠᠯᠲᠠ ᠣᠯᠣᠭᠰᠠᠨ 80 ᠵᠢᠯ᠎ᠤᠨ ᠤᠢ ᠵᠢ ᠦᠪᠡᠳᠡᠭᠰᠢ ᠶᠡᠭᠡ᠎ᠪᠠᠷ ᠳᠤᠷᠠᠰᠬᠠᠬᠤ ᠪᠣᠯᠣᠨ᠎ᠠ᠃
    (ᠭᠤᠷᠪᠠ) ᠭᠠᠷ ᠠᠳᠬᠤᠯᠴᠠᠭᠰᠠᠨ ᠴᠠᠭ ᠮᠥᠴᠡ
    《ᠬᠠᠮᠤᠭ᠎ᠤᠨ ᠬᠦᠴᠦᠷᠬᠡᠭ ᠬᠦᠴᠦᠨ ᠪᠣᠯ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠬᠤ ᠶᠠᠪᠤᠳᠠᠯ ᠪᠣᠯᠣᠨ᠎ᠠ᠂ ᠬᠠᠮᠤᠭ᠎ᠤᠨ ᠪᠦᠲᠦᠮᠵᠢᠲᠡᠢ ᠠᠷᠭ᠎ᠠ ᠪᠣᠯ ᠦᠨᠡᠨ ᠰᠡᠳᠬᠢᠯ᠎ᠠᠴᠠ᠎ᠪᠠᠨ ᠳᠡᠮᠵᠢᠯᠴᠡᠨ ᠲᠤᠰᠠᠯᠠᠯᠴᠠᠬᠤ ᠶᠠᠪᠤᠳᠠᠯ ᠪᠣᠯᠣᠨ᠎ᠠ》
    ᠪᠠᠶᠠᠷ᠎ᠤᠨ ᠶᠣᠰᠣᠯᠠᠯ᠎ᠳᠤ ᠣᠷᠤᠯᠴᠠᠬᠤ ᠵᠢᠨ ᠵᠠᠪᠰᠠᠷ ᠵᠶ᠋ᠠᠷ᠂ ᠭᠠᠳᠠᠭ᠋ᠠᠳᠤ ᠵᠢᠨ ᠤᠯᠤᠰ ᠲᠦᠷᠦ ᠵᠢᠨ ᠴᠢᠬᠤᠯᠠ ᠬᠥᠮᠥᠰ ᠬᠤᠶ᠋ᠢᠨ᠎ᠠ ᠬᠤᠶ᠋ᠢᠨ᠎ᠠ᠎ᠠᠴᠠ᠎ᠪᠠᠨ ᠬᠦᠷᠦᠯᠴᠡᠨ ᠢᠷᠡᠵᠦ᠂ ᠲᠡᠷᠢᠭᠦᠯᠡᠭᠴᠢ ᠰᠢ ᠵᠢᠨ ᠫᠢᠩ᠎ᠲᠠᠢ ᠭᠠᠷ ᠠᠳᠬᠤᠨ ᠮᠡᠨᠳᠦᠴᠢᠯᠡᠪᠡ᠃ ᠣᠯᠠᠩᠬᠢ᠎ᠨᠢ ᠬᠠᠭᠤᠴᠢᠨ ᠨᠠᠶ᠋ᠢᠵᠠ᠂ ᠵᠠᠷᠢᠮ᠎ᠨᠢ ᠡᠮᠦᠨᠡᠬᠡᠨ ᠰᠠᠶᠢ ᠠᠭᠤᠯᠵᠠᠵᠤ ᠥᠩᠭᠡᠷᠡᠭᠰᠡᠨ᠂ ᠵᠠᠷᠢᠮ᠎ᠨᠢ ᠤᠳᠠᠯ ᠦᠭᠡᠢ ᠪᠠᠰᠠ ᠠᠭᠤᠯᠵᠠᠬᠤ ᠪᠣᠯᠣᠨ᠎ᠠ᠃
    ᠪᠠᠶᠠᠷ᠎ᠤᠨ ᠶᠣᠰᠣᠯᠠᠯ ᠲᠡᠭᠦᠰᠦᠭᠰᠡᠨ ᠲᠡᠷᠡ ᠦᠳᠡ ᠵᠢᠨ ᠬᠤᠶ᠋ᠢᠨ᠎ᠠ᠎ᠠᠴᠠ ᠡᠬᠢᠯᠡᠨ᠂ ᠰᠧᠷᠪᠢᠶ᠎ᠠ᠂ ᠪᠢᠷᠮᠠ᠂ ᠺᠦᠪᠡ᠂ ᠸᠧᠨᠧᠽᠦ᠋ᠧᠯᠠ᠂ ᠰᠯᠦᠸᠠᠺᠢᠶ᠎ᠠ ᠵᠢᠨ ᠤᠳᠤᠷᠢᠳᠬᠤ ᠬᠥᠮᠥᠨ ᠤᠷᠢᠳ ᠬᠤᠵᠢᠳ ᠲᠡᠷᠢᠭᠦᠯᠡᠭᠴᠢ ᠰᠢ ᠵᠢᠨ ᠫᠢᠩ᠎ᠤᠨ ᠪᠠᠭᠤᠭᠰᠠᠨ ᠵᠣᠴᠢᠳ᠎ᠤᠨ ᠪᠠᠭᠤᠳᠠᠯ᠎ᠳᠤ ᠬᠦᠷᠴᠦ ᠢᠷᠡᠨ ᠠᠭᠤᠯᠵᠠᠪᠠ᠃
    ᠤᠯᠤᠰ᠎ᠤᠨ ᠲᠤᠭ ᠡᠮᠬᠢ ᠵᠢᠷᠤᠮ᠎ᠲᠠᠢ ᠰᠣᠯᠢᠭᠳᠠᠵᠤ᠂ ᠠᠭᠤᠯᠵᠠᠯᠲᠠ ᠵᠢᠨ ᠲᠢᠩᠬᠢᠮ᠎ᠤᠨ ᠡᠭᠦᠳᠡ ᠨᠡᠭᠡᠭᠡᠭᠳᠡᠨ ᠬᠠᠭ᠋ᠠᠭᠳᠠᠨ᠎ᠠ᠃ ᠮᠣᠰᠺᠸᠠ᠎ᠳᠠᠬᠢ ᠭᠠᠷ ᠠᠳᠬᠤᠯᠴᠠᠭᠰᠠᠨ ᠴᠠᠭ ᠮᠥᠴᠡ᠎ᠳᠤ᠂ ᠰᠢᠯᠵᠢᠰᠢ ᠦᠭᠡᠢ ᠬᠥᠷᠰᠢ ᠵᠡᠷᠭᠡᠯᠡᠳᠡᠭᠡ ᠤᠯᠤᠰ ᠪᠠᠶ᠋ᠢᠬᠤ ᠪᠥᠭᠡᠳ ᠪᠠᠰᠠ 《ᠲᠡᠭᠷᠢ ᠵᠢᠨ ᠬᠢᠵᠠᠭ᠋ᠠᠷ᠎ᠲᠤ ᠪᠠᠶ᠋ᠢᠭᠰᠠᠨ ᠴᠦ᠍ ᠬᠥᠷᠰᠢ ᠵᠡᠷᠭᠡᠯᠡᠳᠡᠭᠡ ᠤᠯᠤᠰ ᠮᠡᠲᠦ》 ᠠᠯᠤᠰ ᠬᠤᠯᠠ ᠵᠢᠨ ᠤᠯᠤᠰ ᠴᠤ᠌ ᠪᠤᠢ᠃
    ᠬᠤᠶᠠᠷ ᠲᠠᠯ᠎ᠠ ᠵᠢᠨ ᠬᠠᠷᠢᠯᠴᠠᠭ᠋ᠠᠨ᠎ᠤ ᠠᠯᠬᠤᠮ ᠪᠦᠷᠢ ᠵᠢᠨ ᠰᠣᠩᠭᠤᠯᠲᠠ᠎ᠨᠢ ᠴᠥᠮ ᠰᠦᠷ ᠳᠠᠯᠠᠶ᠋ᠢᠴᠠᠲᠠᠢ ᠴᠠᠭ ᠦᠶ᠎ᠡ ᠵᠢᠨ ᠶᠡᠭᠡ ᠤᠷᠤᠰᠬᠠᠯ ᠳᠤᠮᠳᠠ᠂ ᠳᠡᠯᠡᠬᠡᠢ ᠵᠢᠨ ᠪᠠᠶ᠋ᠢᠷᠢᠰᠢᠯ᠎ᠤᠨ ᠶᠡᠭᠡ ᠪᠣᠷᠣ ᠲᠥᠯᠥᠪ᠎ᠤᠨ ᠳᠣᠣᠷ᠎ᠠ ᠶᠠᠪᠤᠭᠳᠠᠵᠤ ᠪᠠᠶ᠋ᠢᠨ᠎ᠠ᠃ ᠬᠥᠮᠥᠰ᠎ᠤᠨ ᠡᠮᠦᠨ᠎ᠡ ᠲᠠᠯᠪᠢᠭᠳᠠᠵᠤ ᠪᠠᠶ᠋ᠢᠭ᠎ᠠ᠎ᠨᠢ ᠵᠠᠪᠠᠯ ᠬᠠᠷᠢᠭᠤᠯᠬᠤ ᠬᠤᠶᠠᠷ ᠰᠡᠳᠦᠪ ᠪᠣᠯᠣᠨ᠎ᠠ᠃
    ᠨᠢᠭᠡ ᠰᠡᠳᠦᠪ᠄ ᠭᠠᠯᠵᠠᠭᠤᠷᠠᠭᠰᠠᠨ ᠮᠡᠲᠦ ᠬᠠᠮᠠᠭ᠋ᠠᠯᠠᠬᠤ ᠦᠵᠡᠯ᠎ᠤᠨ ᠡᠮᠦᠨ᠎ᠡ᠂ ᠠᠵᠤ ᠠᠬᠤᠢ ᠵᠢᠨ ᠳᠡᠯᠡᠬᠡᠶ᠋ᠢᠵᠢᠯᠲᠡ ᠵᠢ ᠦᠷᠭᠦᠯᠵᠢᠯᠡᠨ ᠰᠣᠩᠭᠤᠬᠤ ᠵᠢ ᠪᠠᠷᠢᠮᠲᠠᠯᠠᠬᠤ ᠦᠦ?
    ᠡᠨᠡ ᠪᠣᠯ ᠠᠭᠤᠯᠵᠠᠯᠲᠠ ᠵᠢᠨ ᠳᠤᠮᠳᠠ ᠲᠣᠭᠤᠷᠢᠵᠤ ᠭᠠᠷᠴᠤ ᠴᠢᠳᠠᠬᠤ ᠦᠭᠡᠢ ᠶᠠᠷᠢᠶᠠᠨ᠎ᠤ ᠰᠡᠳᠦᠪ ᠮᠥᠨ᠂ ᠡᠭᠦᠨ᠎ᠳᠤ ᠴᠥᠭᠡᠨ ᠪᠤᠰᠤ ᠤᠯᠤᠰ ᠲᠦᠷᠦ ᠵᠢᠨ ᠴᠢᠬᠤᠯᠠ ᠬᠥᠮᠥᠰ ᠥᠪᠡᠷ᠎ᠤᠨ ᠦᠵᠡᠯᠲᠡ᠎ᠪᠠᠨ ᠳᠡᠯᠭᠡᠪᠡ᠃ ᠨᠢᠭᠡ ᠡᠳᠦᠷ᠎ᠤᠨ ᠡᠮᠦᠨ᠎ᠡ᠂ ᠶᠡᠷᠦᠩᠬᠡᠶ᠋ᠢᠯᠡᠭᠴᠢ ᠫᠦᠲ᠋ᠢᠨ᠄ 《ᠥᠨᠳᠥᠷ ᠪᠣᠭᠤᠮᠲᠠ ᠵᠢᠨ ᠭᠠᠶ᠋ᠢᠯᠢ ᠨᠡᠮᠡᠵᠦ ᠲᠠᠲᠠᠪᠤᠷᠢᠯᠠᠬᠤ᠎ᠨᠢ ᠬᠡᠪ᠎ᠤᠨ ᠶᠣᠰᠣ᠎ᠠᠴᠠ ᠵᠥᠷᠢᠴᠡᠬᠦ ᠪᠥᠭᠡᠳ ᠬᠠᠤᠯᠢ᠎ᠳᠤ ᠨᠡᠶ᠋ᠢᠴᠡᠬᠦ ᠦᠭᠡᠢ᠂ ᠵᠥᠪᠭᠡᠨ ᠥᠪᠡᠷ᠎ᠢ᠎ᠪᠠᠨ ᠵᠠᠯᠭᠢᠬᠤ ᠶᠠᠪᠤᠳᠠᠯ ᠪᠣᠯᠣᠨ᠎ᠠ》 ᠭᠡᠵᠦ ᠰᠢᠭᠤᠳ ᠬᠡᠯᠡᠪᠡ᠃
    ᠳᠤᠮᠳᠠᠳᠤ ᠤᠯᠤᠰ ᠪᠣᠯᠣᠨ ᠡᠸᠦ᠋ᠷᠦᠫᠡ ᠲᠢᠪ᠂ ᠪᠦᠭᠦ ᠪᠥᠮᠪᠥᠷᠴᠡᠭ᠎ᠤᠨ ᠴᠢᠯᠦᠭᠡᠲᠦ ᠠᠷᠠᠯᠵᠢᠶᠠᠨ᠎ᠤ ᠪᠠᠶ᠋ᠢᠭᠤᠯᠤᠮᠵᠢ ᠪᠣᠯᠣᠨ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠡᠮᠬᠢ ᠳᠢᠭᠯᠢᠮ᠎ᠢ ᠬᠠᠮᠠᠭ᠋ᠠᠯᠠᠬᠤ ᠬᠦᠨᠳᠦ ᠡᠭᠦᠷᠭᠡ ᠵᠢ ᠡᠭᠦᠷᠭᠡᠯᠡᠵᠦ ᠪᠠᠶ᠋ᠢᠨ᠎ᠠ᠃ ᠰᠯᠤᠸᠠᠺᠢᠶ᠎ᠠ ᠵᠢᠨ ᠶᠡᠷᠦᠩᠬᠡᠢ ᠰᠠᠶ᠋ᠢᠳ ᠹᠤᠶ᠋ᠢᠽᠦ᠋ᠸᠧ᠂ 《ᠳᠤᠷᠠᠲᠠᠶ᠎ᠠ ᠳᠤᠮᠳᠠᠳᠤ ᠤᠯᠤᠰ᠎ᠲᠠᠢ ᠬᠠᠮᠲᠤ᠎ᠪᠠᠷ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠴᠢᠯᠦᠭᠡᠲᠦ ᠠᠷᠠᠯᠵᠢᠶᠠᠨ᠎ᠤ ᠳᠦᠷᠢᠮ᠎ᠢ ᠬᠠᠮᠠᠭ᠋ᠠᠯᠠᠵᠤ᠂ ᠳᠡᠯᠡᠬᠡᠢ ᠵᠢᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ᠎ᠢ ᠬᠠᠮᠠᠭ᠋ᠠᠯᠠᠨ᠎ᠠ》 ᠭᠡᠵᠦ ᠡᠷᠡᠰ ᠴᠢᠩᠭ᠎ᠠ ᠢᠯᠡᠳᠬᠡᠪᠡ᠃ ᠰᠧᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ ᠮᠣᠰᠺᠸᠠ᠎ᠳᠤ ᠬᠦᠷᠴᠦ᠂ ᠲᠡᠷᠢᠭᠦᠯᠡᠭᠴᠢ ᠰᠢ ᠵᠢᠨ ᠫᠢᠩ᠎ᠲᠠᠢ ᠳᠠᠬᠢᠨᠲᠠ ᠠᠭᠤᠯᠵᠠᠭᠰᠠᠨ ᠪᠥᠭᠡᠳ 《ᠰᠧᠷᠪᠢᠶ᠎ᠠ ᠵᠢᠨ᠎ᠬᠢᠨ ᠳᠤᠷᠠᠲᠠᠶ᠎ᠠ ᠳᠤᠮᠳᠠᠳᠤ ᠵᠢᠨ ᠲᠠᠯ᠎ᠠ᠎ᠲᠠᠢ ᠪᠦᠯᠬᠦᠮᠳᠡᠵᠦ ᠪᠠᠶ᠋ᠢᠭ᠋ᠠᠳ ᠭᠠᠭᠴᠠ ᠲᠠᠯᠠᠲᠤ ᠦᠵᠡᠯ᠂ ᠬᠠᠮᠠᠭ᠋ᠠᠯᠠᠬᠤ ᠦᠵᠡᠯ᠎ᠤᠨ ᠠᠪᠴᠢᠷᠠᠭᠰᠠᠨ ᠥᠷᠢᠰᠦᠯᠳᠦᠭᠡᠨ᠎ᠢ ᠠᠷᠭ᠋ᠠᠴᠠᠭ᠋ᠠᠨ᠎ᠠ》 ᠭᠡᠵᠦ ᠳᠠᠬᠢᠨᠲᠠ ᠴᠢᠬᠤᠯᠠᠴᠢᠯᠠᠪᠠ᠃
    《ᠬᠦᠴᠢᠷ ᠪᠡᠷᠬᠡᠰᠢᠶᠡᠯ᠎ᠢ ᠲᠤᠭᠤᠯᠤᠨ ᠭᠡᠭᠡᠨ ᠰᠠᠷᠠᠭᠤᠯ ᠲᠡᠶ᠋ᠢᠰᠢ ᠤᠷᠤᠭᠰᠢᠯᠠᠬᠤ ᠵᠢᠨ ᠬᠠᠮᠤᠭ᠎ᠤᠨ ᠬᠦᠴᠦᠷᠬᠡᠭ ᠬᠦᠴᠦᠨ ᠪᠣᠯ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠬᠤ ᠶᠠᠪᠤᠳᠠᠯ ᠪᠣᠯᠣᠨ᠎ᠠ᠂ ᠬᠠᠮᠤᠭ᠎ᠤᠨ ᠪᠦᠲᠦᠮᠵᠢᠲᠡᠢ ᠠᠷᠭ᠎ᠠ ᠪᠣᠯ ᠦᠨᠡᠨ ᠰᠡᠳᠬᠢᠯ᠎ᠠᠴᠠ᠎ᠪᠠᠨ ᠳᠡᠮᠵᠢᠯᠴᠡᠨ ᠲᠤᠰᠠᠯᠠᠯᠴᠠᠬᠤ ᠶᠠᠪᠤᠳᠠᠯ ᠪᠣᠯᠣᠨ᠎ᠠ》 ᠭᠡᠵᠦ ᠲᠡᠷᠢᠭᠦᠯᠡᠭᠴᠢ ᠰᠢ ᠵᠢᠨ ᠫᠢᠩ ᠬᠡᠯᠡᠪᠡ᠃
    ᠲᠡᠦᠬᠡ ᠵᠢ ᠡᠷᠡᠯᠬᠡᠭ ᠵᠣᠷᠢᠬᠲᠠᠳ ᠡᠭᠦᠳᠦᠨ ᠪᠦᠲᠦᠭᠡᠭᠰᠡᠨ ᠶᠤᠮ᠃ ᠳᠤᠮᠳᠠᠳᠤ ᠤᠯᠤᠰ᠎ᠤᠨ ᠢᠮᠠᠭᠲᠠ ᠪᠠᠷᠢᠮᠲᠠᠯᠠᠭᠰᠠᠭ᠋ᠠᠷ ᠢᠷᠡᠭᠰᠡᠨ 《ᠨᠡᠭᠡᠭᠡᠯᠲᠡ ᠬᠢᠵᠦ ᠬᠠᠮᠲᠤᠷᠠᠯᠴᠠᠬᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠲᠡᠭᠦ》 ᠵᠣᠭᠰᠣᠯᠲᠠ᠎ᠨᠢ ᠲᠡᠦᠬᠡ ᠵᠢᠨ ᠵᠠᠩᠭᠢᠯᠠᠭ᠎ᠠ ᠵᠢᠨ ᠦᠶ᠎ᠡ᠎ᠳᠤ ᠮᠠᠰᠢ ᠬᠤᠪᠣᠷ ᠨᠠᠨᠳᠢᠨ ᠵᠦᠢ᠍ᠯ ᠶᠤᠮ᠃ ᠲᠡᠷᠢᠭᠦᠯᠡᠭᠴᠢ ᠰᠢ ᠵᠢᠨ ᠫᠢᠩ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠵᠢᠨ ᠡᠯ᠎ᠡ ᠤᠯᠤᠰ᠎ᠲᠠᠢ ᠬᠠᠮᠲᠤ᠎ᠪᠠᠷ 《ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠦᠷ᠎ᠡ ᠪᠦᠲᠦᠭᠡᠯ᠎ᠢ ᠬᠠᠮᠠᠭ᠋ᠠᠯᠠᠨ᠎ᠠ》 ᠭᠡᠵᠦ ᠲᠣᠳᠣᠷᠬᠠᠢ ᠢᠯᠡᠳᠬᠡᠪᠡ᠃
    ᠠᠭᠤᠯᠵᠠᠯᠲᠠ ᠬᠢᠬᠦ ᠦᠶᠡᠰ᠂ ᠭᠠᠳᠠᠭ᠋ᠠᠳᠤ ᠵᠢᠨ ᠤᠯᠤᠰ ᠲᠦᠷᠦ ᠵᠢᠨ ᠴᠢᠬᠤᠯᠠ ᠬᠥᠮᠥᠰ 《ᠨᠢᠭᠡ ᠪᠦᠰᠡ ᠨᠢᠭᠡ ᠵᠠᠮ》᠂ ᠭᠤᠷᠪᠠᠨ ᠶᠡᠭᠡ ᠪᠦᠭᠦ ᠪᠥᠮᠪᠥᠷᠴᠡᠭ᠎ᠤᠨ ᠰᠠᠨᠠᠭ᠋ᠠᠴᠢᠯᠠᠭ᠎ᠠ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠵᠡᠷᠭᠡ ᠤᠬᠠᠭᠳᠠᠬᠤᠨ᠎ᠢ ᠶᠠᠷᠢᠪᠠ᠃ ᠠᠷᠠᠯᠵᠢᠶᠠᠨ᠎ᠤ ᠪᠠᠬᠢᠯᠡᠯᠲᠡ᠎ᠳᠤ ᠥᠨᠥᠴᠢᠨ ᠠᠷᠠᠯ ᠪᠠᠶ᠋ᠢᠭᠤᠯᠬᠤ᠂ ᠮᠡᠷᠭᠡᠵᠢᠯ᠎ᠤᠨ ᠡᠵᠡᠷᠬᠡᠭᠯᠡᠯ ᠵᠶ᠋ᠠᠷ ᠥᠨᠳᠥᠷ ᠬᠡᠷᠡᠮ ᠪᠣᠰᠬᠠᠵᠤ ᠪᠠᠶ᠋ᠢᠭ᠎ᠠ ᠤᠳᠤ ᠦᠶ᠎ᠡ᠎ᠳᠤ᠂ ᠳᠤᠮᠳᠠᠳᠤ ᠤᠯᠤᠰ᠎ᠤᠨ ᠠᠵᠠ ᠲᠣᠭᠢᠶᠠᠯ᠂ ᠳᠤᠮᠳᠠᠳᠤ ᠤᠯᠤᠰ᠎ᠤᠨ ᠬᠠᠷᠢᠭᠤᠴᠠᠯᠭ᠎ᠠ᠂ ᠠᠰᠢᠭ ᠬᠦᠷᠲᠡᠭᠡᠯ᠎ᠨᠢ ᠵᠥᠪᠭᠡᠨ ᠬᠤᠶᠠᠷ ᠲᠠᠯ᠎ᠠ ᠵᠢᠨ᠎ᠬᠢ ᠪᠢᠰᠢ᠂ ᠪᠠᠰᠠ ᠲᠦᠭᠡᠮᠡᠯ ᠬᠠᠷᠠᠭ᠋ᠠᠯᠵᠠᠯᠲᠤ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠶ᠋ᠢᠵᠢᠯᠲᠡ᠎ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ᠂ ᠳᠡᠯᠡᠬᠡᠢ ᠵᠢᠨ ᠠᠵᠤ ᠠᠬᠤᠢ ᠵᠢᠨ ᠰᠥᠷᠭᠡᠦ ᠤᠷᠤᠰᠬᠠᠯ᠎ᠠᠴᠠ ᠭᠠᠷᠬᠤ ᠵᠢ ᠬᠦᠴᠦᠯᠡᠨ ᠠᠬᠢᠭᠤᠯᠵᠤ ᠪᠠᠶ᠋ᠢᠨ᠎ᠠ᠃
    ᠨᠥᠭᠦᠭᠡ ᠨᠢᠭᠡ ᠰᠡᠳᠦᠪ᠄ ᠲᠠᠰᠤᠷᠠᠯᠲᠠ ᠦᠭᠡᠢ ᠲᠣᠯᠣᠭ᠋ᠠᠢ ᠥᠨᠳᠡᠶ᠋ᠢᠵᠦ ᠪᠠᠶ᠋ᠢᠭ᠎ᠠ ᠬᠦᠴᠦᠷᠬᠡᠭᠯᠡᠯ᠎ᠤᠨ ᠤᠯᠤᠰ ᠲᠥᠷᠥ ᠵᠢᠨ ᠡᠮᠦᠨ᠎ᠡ᠂ ᠳᠡᠯᠡᠬᠡᠢ ᠵᠢᠨ ᠬᠤᠶᠠᠳᠤᠭ᠋ᠠᠷ ᠳᠠᠶ᠋ᠢᠨ᠎ᠤ ᠳᠠᠷᠠᠭ᠋ᠠᠬᠢ ᠣᠯᠠᠨ ᠤᠯᠤᠰ᠎ᠤᠨ ᠡᠮᠬᠢ ᠳᠢᠭᠯᠢᠮ᠎ᠳᠤ ᠬᠡᠷᠬᠢᠨ ᠵᠥᠪ ᠬᠠᠨᠳᠤᠬᠤ ᠪᠤᠶ?
    ᠥᠨᠥᠳᠥᠷ᠎ᠤᠨ ᠳᠡᠯᠡᠬᠡᠢ ᠶᠢᠷᠲᠢᠨᠴᠦ ᠵᠢᠨ ᠬᠠᠮᠤᠭ᠎ᠤᠨ ᠦᠨᠳᠦᠰᠦᠨ ᠥᠷᠢᠰᠦᠯᠳᠦᠭᠡᠨ ᠪᠣᠯ ᠡᠮᠬᠢ ᠳᠢᠭᠯᠢᠮ᠎ᠤᠨ ᠥᠷᠢᠰᠦᠯᠳᠦᠭᠡᠨ ᠪᠣᠯᠣᠨ᠎ᠠ᠃ ᠳᠡᠯᠡᠬᠡᠢ ᠵᠢᠨ ᠬᠤᠶᠠᠳᠤᠭ᠋ᠠᠷ ᠶᠡᠭᠡ ᠳᠠᠶ᠋ᠢᠨ᠎ᠤ ᠢᠯᠠᠯᠲᠠ ᠵᠢᠨ ᠦᠷ᠎ᠡ ᠪᠦᠲᠦᠭᠡᠯ᠎ᠤᠨ ᠲᠥᠪᠯᠡᠷᠡᠩᠭᠦᠢ ᠢᠯᠡᠷᠡᠯ ᠪᠣᠯᠤᠭᠰᠠᠨ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠎ᠪᠠᠷ ᠭᠤᠣᠯ ᠪᠤᠯᠭ᠋ᠠᠬᠰᠠᠨ ᠣᠯᠠᠨ ᠤᠯᠤᠰ᠎ᠤᠨ ᠰᠢᠰᠲ᠋ᠧᠮ ᠤᠷᠢᠳ ᠡᠮᠦᠨ᠎ᠡ ᠪᠠᠶ᠋ᠢᠭ᠎ᠠ ᠦᠭᠡᠢ ᠳᠠᠭ᠋ᠠᠷᠢᠯᠲᠠ᠎ᠳᠤ ᠤᠴᠠᠷᠠᠪᠠ᠃
    ᠠᠶ᠋ᠢᠯᠴᠢᠯᠠᠯᠲᠠ ᠬᠢᠬᠦ ᠲᠠᠰᠢᠷᠠᠮ ᠵᠶ᠋ᠠᠷ᠂ ᠲᠡᠷᠢᠭᠦᠯᠡᠭᠴᠢ ᠰᠢ ᠵᠢᠨ ᠫᠢᠩ᠄ 《ᠳᠡᠯᠡᠬᠡᠢ ᠵᠢᠨ ᠪᠠᠶ᠋ᠢᠳᠠᠯ ᠬᠡᠳᠦᠢ ᠡᠭᠡᠳᠡᠷᠡᠭᠡᠨ ᠪᠤᠳᠤᠯᠢᠶᠠᠨᠲᠠᠢ ᠪᠤᠯᠬᠤ ᠲᠤᠳᠤᠮ᠂ ᠪᠢᠳᠡ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠡᠷᠬᠡ ᠰᠦᠷ᠎ᠢ ᠲᠡᠳᠦᠢ ᠪᠠᠷᠢᠮᠲᠠᠯᠠᠨ ᠬᠠᠮᠠᠭ᠋ᠠᠯᠠᠬᠤ ᠬᠡᠷᠡᠭᠲᠡᠢ》 ᠭᠡᠵᠦ ᠭᠦᠨᠵᠡᠭᠡᠢ ᠵᠢᠭ᠋ᠠᠵᠤ ᠭᠠᠷᠭ᠋ᠠᠪᠠ᠃
    ᠳᠡᠯᠡᠬᠡᠢ ᠶᠢᠷᠲᠢᠨᠴᠦ ᠲᠥᠪ ᠭᠤᠣᠯᠴᠢ ᠪᠠᠶ᠋ᠢᠬᠤ ᠬᠡᠷᠡᠭᠲᠡᠢ᠂ ᠬᠠᠷᠭᠢᠰ ᠬᠡᠷᠴᠡᠭᠡᠢ ᠪᠠᠶ᠋ᠢᠵᠤ ᠪᠤᠯᠬᠤ ᠦᠭᠡᠢ᠂ ᠲᠡᠦᠬᠡ 《ᠬᠦᠴᠦᠷᠬᠡᠭᠯᠡᠯ ᠪᠣᠯ ᠨᠡᠶ᠋ᠢᠲᠡ ᠵᠢᠨ ᠶᠣᠰᠣ》 ᠭᠡᠬᠦ ᠪᠠᠯᠠᠷ ᠬᠠᠷᠠᠩᠭᠤᠢ ᠴᠠᠭ ᠦᠶ᠎ᠡ᠎ᠳᠤ ᠪᠤᠴᠠᠵᠤ ᠪᠤᠯᠬᠤ ᠦᠭᠡᠢ᠃ ᠬᠠᠮᠲᠤ ᠵᠢᠨ ᠬᠦᠰᠡᠯ ᠱᠠᠭ᠋ᠠᠷᠳᠠᠯᠭ᠎ᠠ ᠪᠣᠯ ᠪᠠᠰᠠ ᠴᠤ᠌ ᠬᠥᠭᠵᠢᠯᠲᠡ ᠵᠢᠨ ᠶᠡᠭᠡ ᠬᠠᠨᠳᠤᠰᠢ ᠵᠢ ᠳᠠᠭ᠋ᠠᠬᠰᠠᠨ ᠶᠡᠭᠡ ᠶᠣᠰᠣ ᠮᠥᠨ᠃
    ᠲᠡᠦᠬᠡ᠎ᠠᠴᠠ ᠣᠶᠤᠨ ᠤᠬᠠᠭ᠋ᠠᠨ ᠭᠦᠷᠳᠡᠨ᠎ᠡ᠃ ᠪᠢᠷᠮᠠ ᠵᠢᠨ ᠤᠳᠤᠷᠢᠳᠬᠤ ᠬᠥᠮᠥᠨ ᠮᠢᠨ ᠠᠩ ᠯᠠᠢ᠎ᠲᠠᠢ ᠠᠭᠤᠯᠵᠠᠬᠤ᠎ᠳᠠᠭᠠᠨ᠂ ᠲᠡᠷᠢᠭᠦᠯᠡᠭᠴᠢ ᠰᠢ ᠵᠢᠨ ᠫᠢᠩ ᠨᠠᠶ᠋ᠢᠷᠠᠮᠳᠠᠯ ᠵᠶ᠋ᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠪᠠᠨᠳᠦ᠋ᠩ᠎ᠤᠨ ᠵᠣᠷᠢᠭ ᠰᠠᠨᠠᠭ᠋ᠠᠨ᠎ᠤ ᠴᠠᠭ ᠦᠶ᠎ᠡ ᠵᠢᠨ ᠦᠨ᠎ᠡ ᠦᠷᠳᠡᠭ᠎ᠢ ᠴᠢᠬᠤᠯᠠᠴᠢᠯᠠᠵᠤ᠂ ᠬᠤᠶᠠᠷ ᠲᠠᠯ᠎ᠠ᠎ᠪᠠᠷ ᠵᠶ᠋ᠠᠨ ᠬᠥᠭᠵᠢᠵᠦ ᠪᠠᠶ᠋ᠢᠭ᠎ᠠ ᠤᠯᠤᠰ᠎ᠤᠳ᠎ᠤᠨ ᠵᠦᠢ ᠶᠣᠰᠣᠨ᠎ᠤ ᠡᠷᠬᠡ ᠠᠰᠢᠭ᠎ᠢ ᠬᠠᠮᠲᠤ᠎ᠪᠠᠷ ᠬᠠᠮᠠᠭ᠋ᠠᠯᠠᠬᠤ ᠵᠢ ᠰᠠᠨᠠᠭ᠋ᠠᠴᠢᠯᠠᠪᠠ᠃
    ᠪᠣᠳᠠᠲᠤ ᠠᠬᠤᠢ ᠵᠢᠨ ᠳᠤᠮᠳᠠ ᠰᠥᠰᠥ ᠵᠣᠷᠢᠭ ᠵᠶ᠋ᠠᠨ ᠳᠠᠪᠲᠠᠨ ᠪᠣᠯᠪᠠᠰᠤᠷᠠᠭᠤᠯᠤᠨ᠎ᠠ᠃ ᠯᠠᠲ᠋ᠢᠨ ᠠᠮᠧᠷᠢᠺᠠ ᠪᠠ ᠺᠠᠷᠢᠪᠧ ᠵᠢᠨ ᠤᠯᠤᠰ᠎ᠤᠳ ᠣᠶ᠋ᠢᠷ᠎ᠠ ᠵᠢᠨ ᠵᠢᠯ᠎ᠤᠳ᠎ᠲᠤ ᠭᠠᠭᠴᠠ ᠲᠠᠯ᠎ᠠ ᠵᠢᠨ ᠵᠠᠯᠬᠠᠭ᠋ᠠᠯ᠂ ᠡᠵᠡᠷᠬᠡᠬᠦ ᠡᠷᠬᠡ ᠵᠢᠨ ᠳᠠᠷᠤᠯᠠᠯ ᠳᠣᠷᠣᠮᠵᠢᠯᠠᠯ᠎ᠢ ᠬᠠᠰᠢᠷᠠᠲᠠᠯ᠎ᠠ ᠠᠮᠰᠠᠵᠠᠢ᠃ ᠺᠦᠪᠡ ᠵᠢᠨ ᠤᠯᠤᠰ᠎ᠤᠨ ᠲᠡᠷᠢᠭᠦᠯᠡᠭᠴᠢ ᠳ᠋ᠢᠶᠠᠰ — ᠺᠠᠨᠤᠶ᠋ᠢᠷ᠂ ᠸᠧᠨᠧᠽᠦ᠋ᠧᠯᠠ ᠵᠢᠨ ᠶᠡᠷᠦᠩᠬᠡᠶ᠋ᠢᠯᠡᠭᠴᠢ ᠮᠠᠳᠦ᠋ᠯᠦ᠋ᠸᠧ᠎ᠲᠠᠢ ᠲᠤᠰ ᠲᠤᠰ ᠠᠭᠤᠯᠵᠠᠬᠤ᠎ᠳᠠᠭᠠᠨ᠂ ᠲᠡᠷᠢᠭᠦᠯᠡᠭᠴᠢ ᠰᠢ ᠵᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ ᠪᠣᠯ ᠴᠥᠮ ᠡᠷᠬᠡ ᠮᠡᠳᠡᠯ᠎ᠲᠠᠢ ᠲᠤᠰᠠᠭ᠋ᠠᠷ ᠲᠣᠭᠲᠠᠨᠢᠭᠰᠠᠨ ᠤᠯᠤᠰ ᠮᠥᠨ᠂ ᠠᠯᠢ ᠨᠢᠭᠡᠨ ᠤᠯᠤᠰ᠎ᠲᠤ ᠬᠠᠷᠢᠶᠠᠯᠠᠭᠳᠠᠬᠤ ᠦᠭᠡᠢ᠃ ᠲᠡᠷᠡ ᠳᠤᠮᠳᠠᠳᠤ ᠵᠢᠨ ᠲᠠᠯ᠎ᠠ ᠵᠢᠨ᠎ᠬᠢᠨ ᠺᠦᠪᠡ᠂ ᠸᠧᠨᠧᠽᠦ᠋ᠧᠯᠠ ᠵᠢᠨ ᠤᠯᠤᠰ᠎ᠤᠨ ᠡᠷᠬᠡ ᠮᠡᠳᠡᠯ ᠪᠣᠯᠣᠨ ᠦᠨᠳᠦᠰᠦᠲᠡᠨ᠎ᠤ ᠨᠡᠷ᠎ᠡ ᠬᠦᠨᠳᠦ᠎ᠪᠠᠨ ᠬᠠᠮᠠᠭ᠋ᠠᠯᠠᠬᠤ ᠵᠢ ᠡᠷᠡᠰ ᠳᠡᠮᠵᠢᠵᠦ᠂ ᠬᠤᠶᠠᠷ ᠤᠯᠤᠰ᠎ᠤᠨ ᠠᠷᠠᠳ ᠲᠦᠮᠡᠨ᠎ᠤ ᠭᠠᠳᠠᠭ᠋ᠠᠳᠤ ᠵᠢᠨ ᠭᠠᠷ ᠳᠦᠷᠦᠯᠲᠡ ᠵᠢ ᠡᠰᠡᠷᠭᠦᠴᠡᠬᠦ ᠵᠢ ᠡᠷᠡᠰ ᠳᠡᠮᠵᠢᠨ᠎ᠠ ᠭᠡᠵᠦ ᠳᠠᠪᠲᠠᠨ ᠢᠯᠡᠷᠬᠡᠶ᠋ᠢᠯᠡᠪᠡ᠃
    ᠲᠠᠶ᠋ᠢᠸᠠᠨ ᠬᠤᠭᠤᠯᠠᠢ ᠵᠢᠨ ᠬᠤᠶᠠᠷ ᠭᠦᠪᠡᠭᠡ ᠤᠳᠤᠮ ᠤᠯᠠᠮᠵᠢᠯᠠᠯ᠎ᠢ ᠲᠠᠰᠤᠯᠵᠤ ᠳᠡᠶ᠋ᠢᠯᠭᠦ ᠦᠭᠡᠢ᠃ ᠲᠠᠶ᠋ᠢᠸᠠᠨ ᠳᠤᠮᠳᠠᠳᠤ ᠤᠯᠤᠰ᠎ᠲᠤ ᠪᠤᠴᠠᠵᠤ ᠢᠷᠡᠭᠰᠡᠨ ᠶᠠᠪᠤᠳᠠᠯ ᠪᠣᠯ ᠳᠡᠯᠡᠬᠡᠢ ᠵᠢᠨ ᠬᠤᠶᠠᠳᠤᠭ᠋ᠠᠷ ᠲᠠᠶ᠋ᠢᠨ᠎ᠤ ᠢᠯᠠᠯᠲᠠ ᠵᠢᠨ ᠦᠷ᠎ᠡ ᠪᠦᠲᠦᠭᠡᠯ ᠪᠠ ᠲᠠᠶ᠋ᠢᠨ᠎ᠤ ᠳᠠᠷᠠᠭ᠋ᠠᠬᠢ ᠤᠯᠠᠨ ᠤᠯᠤᠰ᠎ᠤᠨ ᠡᠮᠬᠢ ᠳᠢᠭᠯᠢᠮ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠲᠡᠦᠬᠡ ᠵᠢᠨ ᠠᠯᠢ ᠡᠷᠲᠡ ᠲᠣᠳᠣᠷᠬᠠᠢ ᠪᠢᠴᠢᠭᠳᠡᠭᠰᠡᠨ ᠠᠭᠤᠯᠠ ᠤᠰᠤᠨ᠎ᠤ ᠬᠠᠷᠢᠶᠠᠯᠠᠯ ᠮᠥᠨ᠃ ᠨᠢᠭᠡ ᠯᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠪᠠᠷᠢᠮᠲᠠᠯᠠᠬᠤ ᠪᠣᠯ ᠤᠯᠠᠨ ᠤᠯᠤᠰ᠎ᠤᠨ ᠡᠮᠬᠢ ᠳᠢᠭᠯᠢᠮ᠎ᠢ ᠬᠠᠮᠠᠭ᠋ᠠᠯᠠᠬᠤ ᠵᠢᠨ ᠪᠠᠶ᠋ᠢᠪᠠᠰᠤ ᠵᠣᠬᠢᠬᠤ ᠠᠭᠤᠯᠭ᠎ᠠ ᠮᠥᠨ᠃ ᠲᠡᠷᠢᠭᠦᠯᠡᠭᠴᠢ ᠰᠢ ᠵᠢᠨ ᠫᠢᠩ᠎ᠤᠨ ᠴᠢᠬᠤᠯᠠ ᠥᠭᠦᠯᠡᠯᠲᠡ ᠵᠢᠨ ᠦᠭᠡ ᠬᠡᠯᠡᠯᠭᠡ ᠢᠳᠡ ᠬᠦᠴᠦᠨ᠎ᠲᠠᠢ᠄
    《ᠲᠠᠶ᠋ᠢᠸᠠᠨ ᠠᠷᠠᠯ᠎ᠤᠨ ᠳᠣᠲᠣᠭ᠋ᠠᠳᠤ ᠪᠠᠶ᠋ᠢᠳᠠᠯ᠎ᠳᠤ ᠶᠠᠮᠠᠷ ᠬᠤᠪᠢᠷᠠᠯᠲᠠ ᠭᠠᠷᠤᠭᠰᠠᠨ ᠴᠤ᠌᠂ ᠭᠠᠳᠠᠭ᠋ᠠᠳᠤ ᠵᠢᠨ ᠬᠦᠴᠦᠨ ᠶᠠᠭ᠋ᠠᠬᠢᠵᠤ ᠲᠦᠢ᠍ᠪᠡᠭᠡᠭᠰᠡᠨ ᠴᠦ᠍᠂ ᠳᠤᠮᠳᠠᠳᠤ ᠤᠯᠤᠰ ᠡᠴᠦᠰ᠎ᠲᠡᠭᠡᠨ ᠨᠢᠭᠡᠳᠬᠦ ᠪᠥᠭᠡᠳ ᠯᠠᠪᠲᠠᠢ ᠨᠢᠭᠡᠳᠬᠦ ᠲᠡᠦᠬᠡ ᠵᠢᠨ ᠶᠡᠭᠡ ᠬᠠᠨᠳᠤᠰᠢ ᠬᠤᠷᠢᠭᠯᠠᠭᠳᠠᠰᠢ ᠦᠭᠡᠢ ᠶᠤᠮ》᠃
    ᠰᠢᠳᠤᠷᠭᠤ ᠶᠣᠰᠣᠨ ᠳᠠᠪᠠᠯᠭ᠋ᠠᠨ ᠲᠦᠯᠬᠢᠯᠡᠬᠦ ᠮᠡᠲᠦ ᠬᠦᠴᠦᠲᠡᠢ᠃ 《ᠨᠢᠭᠡ ᠯᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠡᠷᠡᠰ ᠬᠡᠷᠡᠭᠵᠢᠭᠦᠯᠵᠦ᠂ ᠲᠠᠶ᠋ᠢᠸᠠᠨ᠎ᠤ ᠠᠰᠠᠭᠤᠳᠠᠯ ᠳᠡᠭᠡᠷ᠎ᠡ ᠢᠮᠠᠭᠲᠠ ᠳᠤᠮᠳᠠᠳᠤ ᠵᠢᠨ ᠲᠠᠯ᠎ᠠ ᠵᠢᠨ ᠵᠣᠭᠰᠣᠯᠲᠠ ᠵᠢ ᠳᠡᠮᠵᠢᠨ᠎ᠡ》᠂ 《ᠲᠠᠶ᠋ᠢᠸᠠᠨ ᠪᠣᠯ ᠳᠤᠮᠳᠠᠳᠤ ᠤᠯᠤᠰ᠎ᠤᠨ ᠨᠤᠲᠤᠭ ᠳᠡᠪᠢᠰᠬᠡᠷ᠎ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ》 ᠁ ᠡᠯ᠎ᠡ ᠲᠠᠯ᠎ᠠ ᠵᠢᠨ᠎ᠬᠢᠨ ᠮᠣᠰᠺᠸᠠ᠎ᠳᠤ ᠢᠮᠠᠭᠲᠠ ᠵᠢᠨ ᠵᠣᠭᠰᠣᠯᠲᠠ᠎ᠪᠠᠨ ᠳᠠᠬᠢᠨᠲᠠ ᠢᠯᠡᠷᠬᠡᠶ᠋ᠢᠯᠡᠪᠡ᠃ ᠡᠨᠡ ᠪᠣᠯ ᠲᠥᠪ ᠭᠤᠣᠯᠴᠢ ᠰᠢᠳᠤᠷᠭᠤ ᠶᠣᠰᠣᠨ᠎ᠤ ᠡᠷᠡᠰ ᠪᠠᠲᠤ ᠬᠠᠮᠠᠭ᠋ᠠᠯᠠᠯᠲᠠ ᠮᠥᠨ᠃
    ᠡᠩᠬᠡ ᠲᠠᠶ᠋ᠢᠪᠤᠩ᠎ᠤᠨ ᠤᠯᠠᠭ᠋ᠠᠨ ᠲᠤᠭ᠎ᠠ᠂ ᠬᠥᠭᠵᠢᠯᠲᠡ ᠵᠢᠨ ᠤᠯᠠᠭ᠋ᠠᠨ ᠲᠤᠭ᠎ᠠ᠂ ᠠᠮᠤᠷ ᠲᠦᠪᠰᠢᠨ᠎ᠤ ᠤᠯᠠᠭ᠋ᠠᠨ ᠲᠤᠭ᠎ᠠ᠂ ᠵᠠᠰᠠᠯᠲᠠ ᠵᠢᠨ ᠤᠯᠠᠭ᠋ᠠᠨ ᠲᠤᠭ᠎ᠠ᠂ ᠲᠡᠦᠬᠡ ᠵᠢᠨ ᠦᠯᠡᠳᠡᠭᠳᠡᠯ ᠠᠰᠠᠭᠤᠳᠠᠯ᠎ᠢ ᠰᠢᠢ᠍ᠳᠪᠦᠷᠢᠯᠡᠵᠦ ᠠᠮᠵᠢᠭ᠎ᠠ ᠦᠭᠡᠢ ᠪᠠᠶ᠋ᠢᠬᠤ᠎ᠳᠤ ᠰᠢᠨ᠎ᠡ ᠠᠰᠠᠭᠤᠳᠠᠯ ᠢᠯᠡᠷᠡᠵᠦ ᠪᠠᠶ᠋ᠢᠬᠤ ᠶᠢᠷᠲᠢᠨᠴᠦ᠎ᠳᠤ᠂ ᠭᠠᠯ᠎ᠢ ᠳᠦᠷᠡᠯᠵᠡᠭᠦᠯᠬᠦ ᠶᠤᠮ ᠦᠦ ᠡᠰᠡᠬᠦᠯ᠎ᠡ ᠡᠪᠰᠡᠬᠦ ᠵᠢ ᠢᠳᠬᠠᠬᠤ ᠶᠤᠮ ᠦᠦ᠂ ᠠᠶᠤᠯᠭ᠋ᠠᠨ ᠰᠦᠷᠳᠡᠭᠦᠯᠬᠦ ᠶᠤᠮ ᠦᠦ ᠡᠰᠡᠬᠦᠯ᠎ᠡ ᠡᠰᠡᠷᠭᠦᠴᠡᠯᠳᠦᠯ᠎ᠢ ᠲᠠᠶᠠᠭᠳᠠᠬᠤ ᠶᠤᠮ ᠦᠦ? ᠳᠤᠮᠳᠠᠳᠤ ᠤᠯᠤᠰ ᠭᠤᠣᠯᠴᠢ ᠦᠭᠡ ᠬᠡᠯᠡᠵᠦ᠂ ᠭᠤᠣᠯᠴᠢ ᠶᠠᠪᠤᠳᠠᠯ ᠬᠢᠵᠦ᠂ ᠯᠠᠪᠳᠠᠭᠤᠨ ᠵᠶ᠋ᠠᠷ ᠤᠷᠤᠭᠰᠢᠯᠠᠵᠤ᠂ ᠲᠥᠪ ᠭᠤᠣᠯᠴᠢ᠎ᠪᠠᠷ ᠬᠠᠨᠳᠤᠵᠤ ᠪᠤᠢ᠃
    ᠦᠺᠷᠠᠶ᠋ᠢᠨ᠎ᠤ ᠬᠢᠮᠤᠷᠠᠯ ᠦᠷᠭᠦᠯᠵᠢᠯᠡᠵᠦ ᠳᠡᠯᠡᠬᠡᠢ ᠳ᠋ᠠᠬᠢᠨ᠎ᠢ ᠰᠠᠨᠠᠭ᠋ᠠᠰᠢᠷᠠᠭᠤᠯᠵᠤ ᠪᠠᠶ᠋ᠢᠨ᠎ᠠ᠃ ᠡᠩᠬᠡ ᠲᠠᠶ᠋ᠢᠪᠤᠩ᠎ᠳᠤ ᠠᠰᠢᠭᠲᠠᠢ ᠴᠢᠷᠮᠠᠶ᠋ᠢᠯᠭ᠎ᠠ ᠪᠦᠭᠦᠨ᠎ᠢ ᠳᠤᠮᠳᠠᠳᠤ ᠤᠯᠤᠰ ᠴᠥᠮ ᠪᠠᠶᠠᠷᠯᠠᠨ ᠤᠭᠲᠤᠵᠤ ᠪᠠᠶ᠋ᠢᠨ᠎ᠠ᠃ 《ᠳᠤᠮᠳᠠᠳᠤ ᠤᠯᠤᠰ ᠬᠠᠮᠲᠤ ᠵᠢᠨ᠂ ᠶᠡᠷᠦᠩᠬᠡᠶ᠋ᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠦᠵᠡᠯᠲᠡ ᠵᠢ ᠰᠠᠨᠠᠭ᠋ᠠᠴᠢᠯᠠᠵᠤ᠂ ᠡᠯ᠎ᠡ ᠤᠯᠤᠰ᠎ᠤᠨ ᠵᠦᠢ ᠵᠣᠬᠢᠰᠲᠠᠢ ᠠᠮᠤᠷ ᠲᠦᠪᠰᠢᠨ᠎ᠢ ᠠᠩᠬᠠᠷᠤᠨ ᠬᠠᠯᠠᠮᠵᠢᠯᠠᠬᠤ ᠵᠢ ᠴᠢᠬᠤᠯᠠᠴᠢᠯᠠᠵᠤ᠂ ᠬᠢᠮᠤᠷᠠᠯ ᠡᠭᠦᠰᠬᠦ ᠦᠨᠳᠦᠰᠦ ᠰᠤᠷᠪᠤᠯᠵᠢ ᠵᠢ ᠠᠷᠢᠯᠭ᠋ᠠᠬᠤ ᠬᠡᠷᠡᠭᠲᠡᠢ ᠭᠡᠵᠦ ᠦᠵᠡᠵᠦ ᠪᠠᠶ᠋ᠢᠨ᠎ᠠ》᠃ ᠲᠡᠷᠢᠭᠦᠯᠡᠭᠴᠢ ᠰᠢ ᠵᠢᠨ ᠫᠢᠩ ᠠᠰᠠᠭᠤᠳᠠᠯ᠎ᠤᠨ ᠦᠨᠳᠦᠰᠦ ᠰᠤᠷᠪᠤᠯᠵᠢ ᠪᠠ ᠮᠥᠨ ᠴᠢᠨᠠᠷ᠎ᠢ ᠠᠩᠬᠠᠷᠴᠤ ᠪᠠᠶ᠋ᠢᠭ᠎ᠠ ᠶᠤᠮ᠃
    ᠳᠤᠮᠳᠠᠳᠤ ᠵᠢᠨ ᠲᠠᠯ᠎ᠠ ᠵᠢᠨ ᠪᠤᠰᠤᠳᠴᠢ ᠲᠥᠪ ᠭᠤᠣᠯᠴᠢ ᠵᠣᠭᠰᠣᠯᠲᠠ ᠵᠢ ᠶᠡᠷᠦᠩᠬᠡᠶ᠋ᠢᠯᠡᠭᠴᠢ ᠫᠦᠲ᠋ᠢᠨ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠵᠤ᠂ ᠶᠠᠮᠠᠷᠴᠤ ᠤᠷᠢᠲᠠᠯ ᠦᠭᠡᠢ᠎ᠪᠠᠷ ᠨᠠᠶ᠋ᠢᠷᠠᠮᠳᠠᠯ᠎ᠤᠨ ᠬᠡᠯᠡᠯᠴᠡᠭᠡ ᠵᠢ ᠡᠬᠢᠯᠡᠭᠦᠯᠬᠦ ᠳᠤᠷᠠᠲᠠᠢ᠂ ᠲᠥᠪ ᠭᠤᠣᠯᠴᠢ᠂ ᠥᠨᠢ ᠤᠳᠠᠭ᠋ᠠᠨ᠎ᠤ ᠨᠠᠶ᠋ᠢᠷᠠᠮᠳᠠᠯ᠎ᠤᠨ ᠬᠡᠯᠡᠯᠴᠡᠭᠡᠷ ᠲᠣᠬᠢᠷᠠᠯᠴᠠᠬᠤ ᠵᠢ ᠬᠦᠰᠡᠵᠦ ᠪᠠᠶ᠋ᠢᠨ᠎ᠠ ᠭᠡᠵᠦ ᠢᠯᠡᠳᠬᠡᠪᠡ᠃
    ᠤᠷᠪᠠᠭ᠋ᠠᠨ ᠬᠥᠷᠪᠡᠭᠡᠨ᠎ᠲᠠᠢ ᠪᠠᠶ᠋ᠢᠳᠠᠯ᠎ᠤᠨ ᠳᠤᠮᠳᠠ ᠶᠣᠰᠣ ᠵᠢᠷᠤᠮ᠎ᠢ ᠡᠷᠬᠢᠮᠯᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠪᠡᠯ ᠳᠡᠮᠵᠢᠯᠭᠡ᠂ ᠢᠲᠡᠭᠡᠯ᠎ᠢ ᠣᠯᠳᠠᠭ᠂ 《ᠶᠣᠰᠣ ᠵᠢ ᠣᠯᠣᠭᠰᠠᠳ᠎ᠲᠤ ᠲᠤᠰᠠᠯᠠᠮᠵᠢ ᠦᠯᠡᠮᠵᠢ᠂ ᠶᠣᠰᠣ ᠵᠢ ᠠᠯᠳᠠᠭᠰᠠᠳ᠎ᠲᠤ ᠲᠤᠰᠠᠯᠠᠮᠵᠢ ᠮᠡᠬᠦᠰ》᠃ 《ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ ᠪᠦᠷ ᠲᠡᠦᠬᠡ ᠵᠢᠨ ᠵᠥᠪ ᠲᠠᠯ᠎ᠠ᠎ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ᠎ᠤ ᠲᠠᠯ᠎ᠠ᠎ᠳᠤ ᠵᠣᠭᠰᠣᠨ᠎ᠠ ᠭᠡᠳᠡᠭ᠎ᠢ ᠪᠢᠳᠡ ᠪᠠᠲᠤ ᠢᠲᠡᠭᠡᠵᠦ ᠪᠠᠶ᠋ᠢᠨ᠎ᠠ》᠃
    (ᠳᠥᠷᠪᠡ) ᠲᠡᠷᠢᠭᠦᠯᠡᠭᠴᠢ ᠰᠢ ᠵᠢᠨ ᠫᠢᠩ᠎ᠤᠨ ᠮᠣᠰᠺᠸᠠ᠎ᠳᠠᠬᠢ ᠴᠠᠭ᠄
    《ᠲᠣᠮᠣ ᠤᠯᠤᠰ᠎ᠨᠢ ᠲᠣᠮᠣ ᠤᠯᠤᠰ᠎ᠤᠨ ᠳᠦᠷᠢ᠎ᠲᠠᠢ ᠪᠠᠶ᠋ᠢᠵᠤ᠂ ᠨᠡᠩ ᠤᠯᠠᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠬᠦ ᠬᠡᠷᠡᠭᠲᠡᠢ》
    ᠪᠠᠰᠠ ᠨᠢᠭᠡᠨ ᠵᠢᠯ᠎ᠤᠨ ᠴᠠᠭ᠋ᠠᠨ ᠬᠤᠰᠤ ᠨᠣᠭᠤᠭ᠋ᠠᠷᠠᠵᠤ᠂ ᠭᠤᠣᠯᠲᠤ ᠪᠣᠷᠣ ᠳᠡᠯᠭᠡᠷᠡᠵᠦ᠂ 《ᠠᠯᠢᠮ᠎ᠠ ᠵᠢᠨ ᠴᠡᠴᠡᠭ ᠭᠠᠵᠠᠷ ᠰᠠᠢ ᠦᠭᠡᠢ ᠳᠡᠯᠭᠡᠷᠡᠭᠰᠡᠨ ᠪᠠᠶ᠋ᠢᠨ᠎ᠠ》᠃
    ᠤᠷᠤᠰ᠎ᠲᠠᠬᠢ ᠠᠶᠠᠯᠠᠯ᠎ᠤᠨ ᠬᠤᠶᠠᠷ ᠶᠠᠪᠤᠳᠠᠯ᠎ᠨᠢ ᠳᠡᠯᠡᠬᠡᠢ ᠳ᠋ᠠᠬᠢᠨ᠎ᠳᠤ ᠭᠦᠨ ᠰᠠᠭᠤᠭᠳᠠᠯ ᠦᠯᠡᠳᠡᠭᠡᠵᠡᠢ᠄
    ᠨᠢᠭᠡ᠎ᠨᠢ ᠲᠡᠷᠢᠭᠦᠯᠡᠭᠴᠢ ᠰᠢ ᠵᠢᠨ ᠫᠢᠩ ᠪᠣᠯᠣᠨ ᠶᠡᠷᠦᠩᠬᠡᠶ᠋ᠢᠯᠡᠭᠴᠢ ᠫᠦᠲ᠋ᠢᠨ 10 ᠴᠠᠭ ᠰᠢᠬᠠᠮ ᠰᠣᠯᠢᠯᠴᠠᠭ᠎ᠠ ᠬᠢᠭᠰᠡᠨ ᠶᠠᠪᠤᠳᠠᠯ ᠪᠣᠯᠣᠨ᠎ᠠ᠃
    ᠨᠦᠭᠦᠭᠡ᠎ᠨᠢ ᠲᠡᠷᠢᠭᠦᠯᠡᠭᠴᠢ ᠰᠢ ᠵᠢᠨ ᠫᠢᠩ ᠮᠣᠰᠺᠸᠠ᠎ᠳᠤ 3 ᠰᠥᠨᠢ ᠰᠠᠭ᠋ᠠᠲᠠᠭᠰᠠᠨ ᠶᠠᠪᠤᠳᠠᠯ ᠪᠣᠯᠣᠨ᠎ᠠ᠃ ᠣᠷᠴᠢᠮ᠎ᠤᠨ ᠵᠢᠯ᠎ᠤᠨ ᠳᠤᠮᠳᠠᠳᠤ ᠤᠯᠤᠰ᠎ᠤᠨ ᠭᠠᠳᠠᠭ᠋ᠠᠳᠤ ᠬᠠᠷᠢᠯᠴᠠᠭ᠎ᠠ᠎ᠳᠤ ᠠᠷᠪᠢᠨ ᠬᠠᠷᠠᠭᠳᠠᠬᠤ ᠦᠭᠡᠢ᠃
    ᠡᠨᠡ ᠬᠤᠶᠠᠷ ᠶᠠᠪᠤᠳᠠᠯ᠎ᠨᠢ ᠶᠠᠭᠤ ᠵᠢ ᠬᠠᠷᠠᠭᠤᠯᠵᠤ ᠪᠠᠶ᠋ᠢᠬᠤ ᠪᠤᠢ?
    ᠭᠠᠭᠴᠠ ᠲᠠᠯ᠎ᠠ ᠵᠢᠨ ᠪᠠ ᠤᠯᠠᠨ ᠲᠠᠯ᠎ᠠ ᠵᠢᠨ ᠬᠤᠷᠴᠠ ᠰᠢᠷᠦᠭᠦᠨ ᠦᠵᠡᠯᠴᠡᠭᠡᠨ᠂ ᠡᠵᠡᠷᠬᠡᠬᠦ ᠦᠵᠡᠯ᠎ᠢ ᠬᠠᠮᠠᠭ᠋ᠠᠯᠠᠬᠤ ᠪᠠ ᠡᠵᠡᠷᠬᠡᠬᠦ ᠦᠵᠡᠯ᠎ᠢ ᠡᠰᠡᠷᠭᠦᠴᠡᠬᠦ ᠭᠦᠨᠵᠡᠭᠡᠢ ᠦᠵᠡᠯᠴᠡᠭᠡᠨ ᠪᠦᠬᠦᠢ ᠤᠯᠠᠨ ᠤᠯᠤᠰ᠎ᠤᠨ ᠪᠠᠶ᠋ᠢᠳᠠᠯ᠎ᠠᠴᠠ ᠠᠪᠴᠤ ᠦᠵᠡᠪᠡᠯ᠂ ᠳᠤᠮᠳᠠᠳᠤ ᠤᠷᠤᠰ᠎ᠤᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ ᠵᠢᠨ ᠪᠦᠭᠦ ᠪᠥᠮᠪᠥᠷᠴᠡᠭ᠎ᠤᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ ᠲᠣᠳᠣᠷᠠᠵᠤ ᠪᠠᠶ᠋ᠢᠨ᠎ᠠ᠃
    ᠳᠡᠯᠡᠬᠡᠢ ᠵᠢᠨ ᠤᠯᠠᠨ ᠲᠤᠶ᠋ᠢᠯᠰᠢᠷᠠᠯᠲᠠ᠂ ᠠᠵᠤ ᠠᠬᠤᠢ ᠵᠢᠨ ᠳᠡᠯᠡᠬᠡᠶ᠋ᠢᠵᠢᠯᠲᠡ᠂ ᠤᠯᠠᠨ ᠤᠯᠤᠰ᠎ᠤᠨ ᠬᠠᠷᠢᠯᠴᠠᠭ᠋ᠠᠨ᠎ᠤ ᠠᠷᠠᠳᠴᠢᠯᠠᠯᠲᠠ ᠵᠢ ᠠᠬᠢᠭᠤᠯᠬᠤ ᠵᠢ ᠰᠠᠨᠠᠯ ᠨᠢᠭᠡᠲᠡᠢ ᠵᠥᠪᠰᠢᠶᠡᠷᠡᠪᠡ;
    ᠤᠯᠠᠨ ᠲᠠᠯᠠᠲᠤ ᠪᠣᠷᠣ ᠲᠥᠯᠥᠪ᠎ᠤᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠳᠠᠬᠢ ᠦᠭᠡ ᠬᠡᠯᠡᠬᠦ ᠡᠷᠬᠡ ᠵᠢ ᠳᠡᠭᠡᠭᠰᠢᠯᠡᠭᠦᠯᠭᠦ᠎ᠪᠠᠷ ᠰᠠᠨᠠᠯ ᠨᠢᠭᠡᠲᠡᠢ ᠵᠥᠪᠰᠢᠶᠡᠷᠡᠪᠡ;
    ᠡᠯ᠎ᠡ ᠲᠥᠷᠥᠯ᠎ᠤᠨ ᠬᠠᠯᠠᠮᠰᠢᠯ ᠠᠰᠠᠭᠤᠳᠠᠯ᠎ᠢ ᠤᠯᠤᠰ ᠲᠥᠷᠥ᠎ᠪᠠᠷ ᠰᠢᠢ᠍ᠳᠪᠦᠷᠢᠯᠡᠬᠦ ᠵᠢ ᠠᠬᠢᠭᠤᠯᠬᠤ ᠵᠢ ᠰᠠᠨᠠᠯ ᠨᠢᠭᠡᠲᠡᠢ ᠵᠥᠪᠰᠢᠶᠡᠷᠡᠪᠡ;
    ᠁
    ᠳᠤᠮᠳᠠᠳᠤ ᠤᠷᠤᠰ ᠬᠤᠶᠠᠷ ᠤᠯᠤᠰ᠎ᠤᠨ ᠥᠷᠭᠡᠨ ᠳᠡᠯᠭᠡᠷ ᠬᠠᠮᠲᠤ ᠵᠢᠨ ᠲᠠᠨᠢᠯᠲᠠ ᠪᠣᠯ ᠣᠷᠤᠭ᠎ᠠ ᠪᠤᠰᠬᠠᠭ᠎ᠠ ᠪᠠᠶ᠋ᠢᠳᠠᠯ ᠳᠣᠣᠷᠠᠬᠢ ᠪᠠᠶ᠋ᠢᠯᠳᠤᠬᠤ ᠪᠣᠳᠣᠯᠭ᠎ᠠ ᠵᠢᠨ ᠪᠠᠷᠢᠮᠵᠢᠶ᠎ᠠ ᠮᠥᠨ᠂ ᠨᠡᠩ ᠴᠤ᠌ ᠬᠤᠶᠠᠷ ᠲᠣᠮᠣ ᠤᠯᠤᠰ᠎ᠤᠨ ᠳᠡᠯᠡᠬᠡᠢ ᠳ᠋ᠠᠬᠢᠨ᠎ᠳᠠᠬᠢ 《ᠣᠨᠴᠠᠭ᠋ᠠᠢ ᠬᠠᠷᠢᠭᠤᠴᠠᠯᠭ᠎ᠠ》᠂ 《ᠣᠮᠤᠭ ᠲᠡᠭᠦᠯᠳᠡᠷ ᠡᠭᠦᠷᠭᠡᠯᠡᠯ》 ᠮᠥᠨ᠃
    《ᠲᠣᠮᠣ ᠤᠯᠤᠰ᠎ᠨᠢ ᠲᠣᠮᠣ ᠤᠯᠤᠰ᠎ᠤᠨ ᠳᠦᠷᠢ᠎ᠲᠠᠢ ᠪᠠᠶ᠋ᠢᠵᠤ᠂ ᠨᠡᠩ ᠤᠯᠠᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠬᠦ ᠬᠡᠷᠡᠭᠲᠡᠢ》᠃ ᠲᠡᠷᠢᠭᠦᠯᠡᠭᠴᠢ ᠰᠢ ᠵᠢᠨ ᠫᠢᠩ᠎ᠤᠨ ᠮᠣᠰᠺᠸᠠ᠎ᠳᠠᠬᠢ ᠴᠠᠭ᠎ᠲᠤ᠂ ᠳᠤᠮᠳᠠᠳᠤ ᠤᠯᠤᠰ᠎ᠤᠨ ᠲᠣᠮᠣ ᠤᠯᠤᠰ᠎ᠤᠨ ᠳᠦᠷᠢ ᠪᠣᠯ ᠨᠢᠭᠡᠨ ᠭᠤᠣᠯ ᠱᠤᠭᠤᠮ ᠪᠣᠯᠣᠨ᠎ᠠ᠃
    ᠥᠷᠭᠡᠨ ᠠᠭᠤᠳᠠᠮ ᠳᠤᠮᠳᠠᠳᠤ ᠵᠢᠨ ᠲᠡᠦᠬᠡ ᠶᠠᠭ᠋ᠠᠬᠢᠭᠰᠠᠨ ᠥᠨᠢ ᠤᠳᠠᠭ᠋ᠠᠨ ᠪᠤᠢ᠂ ᠪᠣᠯᠪᠠᠰᠤᠨ᠎ᠨᠢ ᠶᠠᠭ᠋ᠠᠬᠢᠭᠰᠠᠨ ᠥᠷᠭᠡᠨ ᠳᠡᠯᠭᠡᠷ ᠭᠦᠨ ᠭᠦᠨᠵᠡᠭᠡᠢ ᠪᠢᠯᠡ᠃ ᠲᠡᠦᠬᠡ ᠵᠢᠨ ᠮᠤᠷᠤᠢ ᠰᠠᠷᠤᠢ ᠬᠥᠭᠵᠢᠯᠲᠡ ᠵᠢᠨ ᠳᠤᠮᠳᠠ᠂ ᠪᠠᠰᠠ ᠦᠨᠳᠦᠰᠦᠲᠡᠨ᠎ᠤ ᠭᠤᠲᠤᠮᠰᠢᠭ᠂ ᠠᠷᠠᠳ ᠲᠦᠮᠡᠨ᠎ᠤ ᠭᠠᠰᠠᠯᠠᠩ ᠵᠣᠪᠠᠯᠠᠩ᠂ ᠪᠣᠯᠪᠠᠰᠤᠨ᠎ᠤ ᠲᠣᠭᠤᠰᠣᠨ᠎ᠳᠤ ᠳᠠᠷᠤᠭᠳᠠᠭᠰᠠᠨ ᠪᠤᠳᠤᠩᠭᠤᠢ ᠴᠠᠭ ᠮᠥᠴᠡ ᠪᠠᠶ᠋ᠢᠭᠰᠠᠨ ᠶᠤᠮ᠃ ᠭᠡᠲᠡᠯ᠎ᠡ ᠵᠠᠭᠤᠨ ᠵᠢᠯ ᠥᠩᠭᠡᠷᠡᠵᠦ ᠤᠯᠠᠷᠢᠨ ᠬᠤᠪᠢᠰᠪᠠ᠃ ᠬᠥᠮᠥᠨ ᠲᠥᠷᠥᠯᠬᠢᠲᠡᠨ᠎ᠤ ᠲᠠᠪᠰᠢᠯᠳᠠ ᠵᠢᠨ ᠲᠥᠯᠥᠭᠡ᠂ ᠳᠡᠯᠡᠬᠡᠢ ᠳ᠋ᠠᠬᠢᠨ᠎ᠤ ᠡᠪ ᠨᠢᠭᠡᠳᠦᠯ᠎ᠤᠨ ᠲᠥᠯᠥᠭᠡ ᠲᠡᠮᠡᠴᠡᠬᠦ᠎ᠨᠢ ᠡᠨᠡ ᠬᠦ᠌ ᠠᠭᠤᠤ ᠶᠡᠭᠡ ᠤᠯᠤᠰ᠎ᠤᠨ ᠰᠢᠨ᠎ᠡ ᠴᠠᠭ ᠦᠶ᠎ᠡ ᠵᠢᠨ ᠬᠢᠴᠢᠶᠡᠩᠭᠦᠶ᠋ᠢᠯᠡᠨ ᠰᠠᠬᠢᠬᠤ ᠵᠣᠷᠢᠯᠲᠠ᠂ ᠪᠠᠲᠤᠲᠠᠢ ᠠᠵᠢᠯᠯᠠᠭ᠎ᠠ ᠪᠣᠯᠤᠭᠰᠠᠨ ᠪᠠᠶ᠋ᠢᠨ᠎ᠠ᠃
    5 ᠰᠠᠷ᠎ᠠ ᠵᠢᠨ 9᠎ᠤ ᠡᠳᠦᠷ᠎ᠠᠴᠠ 9 ᠰᠠᠷ᠎ᠠ ᠵᠢᠨ 3᠎ᠤ ᠡᠳᠦᠷ᠎ᠢ ᠪᠠᠷᠠᠯᠠᠪᠠᠯ᠂ ᠲᠡᠷᠡ ᠡᠳᠦᠷ᠂ ᠨᠢᠭᠡᠨ ᠡᠷᠲᠡᠨ᠎ᠤ ᠦᠨᠳᠦᠰᠦᠲᠡᠨ᠎ᠤ ᠭᠠᠰᠠᠯᠠᠩ ᠵᠣᠪᠠᠯᠠᠩ ᠪᠣᠯᠣᠨ ᠭᠡᠷᠡᠯ ᠰᠠᠴᠤᠷᠠᠩᠭᠤᠢ ᠠᠮᠵᠢᠯᠲᠠ ᠵᠢ ᠠᠭᠰᠢᠭ᠋ᠠᠵᠤ᠂ 《ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠭᠰᠡᠨ ᠳᠠᠶ᠋ᠢᠨ᠎ᠤ ᠠᠭᠤᠤ ᠶᠡᠭᠡ ᠢᠯᠠᠯᠲᠠ᠎ᠨᠢ ᠳᠤᠮᠳᠠᠳᠤ ᠤᠯᠤᠰ᠎ᠤᠨ ᠳᠡᠯᠡᠬᠡᠢ ᠳᠡᠭᠡᠷᠡᠬᠢ ᠲᠣᠮᠣ ᠤᠯᠤᠰ᠎ᠤᠨ ᠪᠠᠶ᠋ᠢᠷᠢ ᠰᠠᠭᠤᠷᠢ ᠵᠢ ᠳᠠᠭᠢᠨ ᠰᠢᠨ᠎ᠡ᠎ᠪᠠᠷ ᠲᠣᠭᠲᠠᠭ᠋ᠠᠭᠰᠠᠨ ᠪᠠᠶ᠋ᠢᠨ᠎ᠠ》᠃
    80 ᠵᠢᠯ᠎ᠤᠨ ᠡᠮᠦᠨ᠎ᠡ᠂ ᠲᠡᠦᠬᠡ ᠵᠢᠨ ᠰᠢᠨ᠎ᠡ ᠬᠠᠭᠤᠳᠠᠰᠤ ᠵᠢ ᠰᠡᠬᠦᠪᠡ᠃ ᠶᠡᠭᠡ ᠤᠯᠤᠰ᠎ᠤᠨ ᠳᠠᠭᠢᠨ ᠡᠰᠡᠨᠢᠯ᠎ᠳᠤ ᠡᠬᠢᠯᠡᠩᠭᠦᠲᠡ᠎ᠪᠠᠨ ᠡᠩᠬᠡ ᠲᠠᠶ᠋ᠢᠪᠤᠩ ᠪᠠ ᠰᠢᠳᠤᠷᠭᠤ ᠶᠣᠰᠣ ᠵᠢ ᠰᠡᠶ᠋ᠢᠯᠪᠡ᠃ ᠲᠤᠬᠠᠢ ᠵᠢᠨ ᠵᠢᠯ᠎ᠳᠤ ᠡᠩ ᠲᠡᠷᠢᠭᠦᠨ᠎ᠳᠤ 《ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠦᠨᠳᠦᠰᠦᠨ ᠳᠦᠷᠢᠮ》 ᠳᠡᠭᠡᠷ᠎ᠡ ᠭᠠᠷ᠎ᠤᠨ ᠦᠰᠦᠭ ᠵᠢᠷᠤᠭᠰᠠᠨ᠎ᠠᠴᠠ ᠰᠢᠨ᠎ᠡ ᠴᠠᠭ ᠦᠶ᠎ᠡ᠎ᠳᠤ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠭᠦᠷᠲᠡᠯ᠎ᠡ᠂ ᠡᠨᠡ ᠬᠦ᠌ ᠶᠡᠭᠡ ᠠᠯᠬᠤᠮ ᠵᠶ᠋ᠠᠷ ᠡᠷᠡᠮᠡᠬᠡᠶ᠋ᠢᠯᠡᠨ ᠤᠷᠤᠭᠰᠢᠯᠠᠵᠤ ᠪᠠᠶ᠋ᠢᠭ᠎ᠠ ᠲᠣᠮᠣ ᠤᠯᠤᠰ ᠢᠮᠠᠭᠲᠠ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭᠲᠠᠭ᠋ᠠᠵᠤ᠂ ᠠᠷᠠᠳ ᠲᠦᠮᠡᠨ᠎ᠤ ᠲᠥᠯᠥᠭᠡ ᠬᠤᠪᠢ ᠨᠡᠮᠡᠷᠢ ᠦᠵᠡᠭᠦᠯᠪᠡ᠃
    ᠡᠷᠲᠡᠨ᠎ᠤ᠎ᠬᠢ ᠵᠢ ᠲᠣᠯᠢᠯᠠᠵᠤ ᠡᠳᠦᠭᠡ ᠵᠢ ᠮᠡᠳᠡᠨ᠎ᠠ᠃ ᠲᠣᠮᠣ ᠤᠯᠤᠰ᠎ᠤᠨ ᠳᠦᠷᠢ᠎ᠨᠢ ᠨᠢᠭᠡᠨ ᠴᠠᠭ᠎ᠤᠨ ᠤᠴᠢᠷ ᠶᠠᠪᠤᠳᠠᠯ ᠵᠶ᠋ᠠᠷ ᠲᠣᠭᠲᠠᠭ᠋ᠠᠭᠳᠠᠳᠠᠭ ᠪᠢᠰᠢ᠂ ᠬᠠᠷᠢᠨ ᠤᠳᠠᠭ᠎ᠠ ᠪᠦᠷᠢ ᠵᠢᠨ ᠰᠣᠩᠭᠤᠯᠲᠠ ᠪᠣᠯᠣᠨ ᠠᠵᠢᠯᠯᠠᠭ᠎ᠠ ᠵᠢᠨ ᠳᠤᠮᠳᠠ ᠲᠣᠳᠣᠷᠬᠠᠶ᠋ᠢᠯᠠᠭᠳᠠᠳᠠᠭ᠃ ᠲᠣᠮᠣ ᠤᠯᠤᠰ᠎ᠤᠨ ᠪᠠᠶ᠋ᠢᠷᠢ ᠰᠠᠭᠤᠷᠢ᠎ᠨᠢ ᠳᠠᠩ ᠭᠠᠭᠴᠠ ᠪᠣᠳᠠᠲᠤ ᠬᠦᠴᠦᠨ᠎ᠤ ᠬᠠᠷᠢᠴᠠᠯ᠎ᠳᠤ ᠲᠣᠮᠢᠶᠠᠯᠠᠭᠳᠠᠬᠤ ᠪᠢᠰᠢ᠂ ᠬᠠᠷᠢᠨ ᠡᠴᠦᠰ ᠰᠡᠭᠦᠯ᠎ᠳᠡᠭᠡᠨ ᠳᠡᠯᠡᠬᠡᠢ ᠨᠡᠶ᠋ᠢᠲᠡ ᠵᠢᠨ ᠬᠥᠮᠥᠰ᠎ᠤᠨ ᠰᠡᠳᠬᠢᠯ᠎ᠤᠨ ᠬᠠᠨᠳᠤᠰᠢ᠎ᠠᠴᠠ ᠲᠣᠭᠲᠠᠭ᠋ᠠᠭᠳᠠᠬᠤ ᠶᠤᠮ᠃
    ᠬᠠᠨᠠᠭ᠋ᠠᠷ ᠲᠠᠯᠠᠢ ᠬᠠᠯᠭᠢᠯᠠᠨ ᠴᠠᠯᠭᠢᠯᠠᠵᠤ ᠪᠠᠭ᠋ᠠᠲᠤᠷ᠎ᠤᠨ ᠣᠣᠷ ᠴᠢᠨᠠᠷ᠎ᠢ ᠨᠡᠩ ᠢᠯᠡᠷᠡᠭᠦᠯᠦᠨ᠎ᠡ᠃ ᠲᠡᠦᠬᠡ ᠵᠢᠨ ᠬᠥᠭᠵᠢᠯᠲᠡ ᠵᠢᠨ ᠵᠠᠩᠭᠢᠯᠠᠭ᠎ᠠ ᠵᠢᠨ ᠦᠶ᠎ᠡ᠎ᠳᠤ᠂ ᠨᠡᠩ ᠤᠯᠠᠨ ᠤᠯᠤᠰ ᠳᠤᠮᠳᠠᠳᠤ ᠤᠯᠤᠰ᠎ᠢ ᠬᠠᠷᠠᠬᠤ ᠪᠣᠯᠣᠨ᠎ᠠ᠃ ᠶᠠᠭ ᠰᠧᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ ᠵᠢᠨ ᠬᠡᠯᠡᠭᠰᠡᠨᠴᠢᠯᠡᠨ᠄ 《ᠳᠤᠮᠳᠠᠳᠤ ᠵᠢᠨ ᠲᠠᠯ᠎ᠠ ᠵᠢᠨ ᠣᠶ᠋ᠢᠯᠠᠭ᠋ᠠᠭᠳᠠᠬᠤᠨ ᠪᠠ ᠠᠵᠢᠯᠯᠠᠭ᠎ᠠ᠎ᠨᠢ ᠳᠡᠯᠡᠬᠡᠢ ᠨᠡᠶ᠋ᠢᠭᠡᠮ᠎ᠤᠨ ᠬᠠᠮᠲᠤ ᠵᠢᠨ ᠠᠰᠢᠭ ᠲᠤᠰᠠ᠎ᠪᠠᠨ ᠬᠠᠮᠠᠭ᠋ᠠᠯᠠᠬᠤ ᠰᠥᠰᠥ ᠵᠣᠷᠢᠭ ᠪᠠ ᠢᠲᠡᠭᠡᠯ᠎ᠢ ᠨᠡᠮᠡᠭᠳᠡᠭᠦᠯᠪᠡ》᠃
    《ᠳᠤᠮᠳᠠᠳᠤ ᠤᠯᠤᠰ᠎ᠲᠤ᠂ ᠢᠷᠡᠭᠡᠳᠦᠢ ᠪᠠ ᠢᠲᠡᠭᠡᠯ ᠵᠣᠷᠢᠭ᠎ᠢ ᠣᠯᠵᠤ ᠬᠠᠷᠠᠪᠠ》 ᠪᠣᠯ ᠳᠡᠯᠡᠬᠡᠢ ᠨᠡᠶ᠋ᠢᠲᠡ ᠵᠢᠨ ᠥᠷᠭᠡᠨ ᠳᠡᠯᠭᠡᠷ ᠬᠠᠮᠲᠤ ᠵᠢᠨ ᠲᠠᠨᠢᠯᠲᠠ ᠪᠣᠯᠣᠨ᠎ᠠ᠂ ᠥᠨᠥᠳᠥᠷ᠎ᠤᠨ ᠳᠤᠮᠳᠠᠳᠤ ᠤᠯᠤᠰ᠎ᠤᠨ ᠳᠡᠯᠡᠬᠡᠢ ᠵᠢᠨ ᠰᠠᠭᠤᠭᠳᠠᠯ᠎ᠢ ᠪᠣᠯ ᠯᠠᠪᠳᠠᠭᠤᠨ ᠪᠠᠲᠤᠲᠠᠢ ᠲᠡᠮᠡᠴᠡᠯ ᠵᠶ᠋ᠠᠷ ᠣᠯᠣᠭᠰᠠᠨ ᠶᠤᠮ᠃
    ᠢᠲᠡᠭᠡᠯ ᠪᠣᠯ ᠳᠤᠮᠳᠠᠳᠤ ᠤᠯᠤᠰ᠎ᠤᠨ ᠬᠥᠭᠵᠢᠯᠲᠡ ᠵᠢᠨ ᠬᠦᠴᠦᠨ᠎ᠠᠴᠠ ᠢᠷᠡᠯᠲᠡ᠎ᠲᠠᠢ ᠶᠤᠮ᠃
    ᠠᠶ᠋ᠢᠯᠴᠢᠯᠠᠯᠲᠠ ᠬᠢᠬᠦ᠎ᠠᠴᠠ ᠡᠮᠦᠨᠡᠬᠡᠨ᠂ ᠤᠷᠤᠰ᠎ᠤᠨ ᠵᠠᠭᠤᠴᠢᠯᠠᠭᠤᠷ᠎ᠤᠨ᠎ᠬᠢᠨ ᠨᠢᠭᠡᠨ ᠪᠠᠷᠢᠮᠲᠠᠲᠤ ᠹᠢᠯᠢᠮ᠎ᠢ ᠨᠠᠪᠲᠠᠷᠡᠭᠦᠯᠵᠦ᠂ ᠶᠡᠷᠦᠩᠬᠡᠶ᠋ᠢᠯᠡᠭᠴᠢ ᠫᠦᠲ᠋ᠢᠨ ᠰᠣᠷᠪᠤᠯᠵᠢᠯᠠᠭ᠎ᠠ ᠬᠦᠯᠢᠶᠡᠬᠦ᠎ᠳᠡᠭᠡᠨ᠄ 25 ᠵᠢᠯ᠎ᠤᠨ ᠡᠮᠦᠨ᠎ᠡ᠂ ᠲᠡᠷᠡ ᠳᠠᠷᠤᠢ ᠳᠡᠯᠡᠬᠡᠢ ᠵᠢᠨ ᠠᠵᠤ ᠠᠬᠤᠢ ᠵᠢᠨ ᠬᠥᠭᠵᠢᠯᠲᠡ ᠵᠢᠨ ᠭᠤᠣᠯᠳᠠᠯᠭ᠎ᠠ ᠶᠠᠭ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ ᠲᠡᠶ᠋ᠢᠰᠢ ᠰᠢᠯᠵᠢᠵᠦ ᠪᠠᠶ᠋ᠢᠬᠤ ᠵᠢ ᠠᠩᠬᠠᠷᠴᠤ ᠤᠯᠪᠠ; ᠤᠷᠤᠰ ᠳᠤᠮᠳᠠᠳᠤ ᠤᠯᠤᠰ᠎ᠯᠤᠭ᠎ᠠ ᠵᠢᠨ ᠬᠠᠷᠢᠯᠴᠠᠭ᠎ᠠ᠎ᠪᠠᠨ ᠢᠳᠡᠪᠬᠢᠲᠡᠢ ᠬᠥᠭᠵᠢᠭᠦᠯᠵᠦ᠂ ᠳᠡᠯᠡᠬᠡᠢ ᠵᠢᠨ ᠲᠣᠭᠲᠠᠭᠤᠨ᠎ᠳᠤ ᠪᠠᠲᠤ ᠪᠠᠬᠢ ᠰᠠᠭᠤᠷᠢ ᠲᠠᠯᠪᠢᠵᠤ ᠥᠭᠪᠡ ᠭᠡᠵᠦ ᠬᠡᠯᠡᠪᠡ᠃
    ᠵᠢᠩᠬᠢᠨᠢ ᠲᠡᠦᠬᠡ ᠵᠢᠨ ᠤᠬᠠᠮᠰᠠᠷ᠂ ᠲᠡᠦᠬᠡ ᠵᠢᠨ ᠰᠠᠨᠠᠭ᠋ᠠᠴᠢᠯᠠᠭ᠋ᠠᠲᠤ ᠴᠢᠨᠠᠷ᠎ᠨᠢ ᠲᠦᠷ ᠴᠠᠭ᠎ᠤᠨ ᠲᠦᠯᠬᠢᠭᠡᠨ᠎ᠤ ᠴᠢᠭᠯᠡᠯ᠎ᠢ ᠤᠷᠢᠳᠴᠢᠯᠠᠨ ᠮᠠᠭ᠋ᠠᠳᠯᠠᠬᠤ᠎ᠳᠤ ᠪᠠᠶ᠋ᠢᠬᠤ᠎ᠪᠠᠷ ᠪᠠᠷᠠᠬᠤ ᠦᠭᠡᠢ ᠨᠡᠩ ᠴᠤ᠌ ᠲᠡᠦᠬᠡ ᠵᠢᠨ ᠶᠡᠭᠡ ᠬᠠᠨᠳᠤᠰᠢ ᠵᠢ ᠰᠠᠨᠠᠭ᠋ᠠᠴᠢᠯᠠᠭ᠎ᠠ᠎ᠠᠴᠠ᠎ᠪᠠᠨ ᠲᠠᠭ᠋ᠠᠵᠤ᠂ ᠲᠡᠦᠬᠡ ᠵᠢᠨ ᠠᠵᠠ ᠲᠣᠭᠢᠶᠠᠯ᠎ᠢ ᠠᠮᠵᠢᠵᠤ᠂ ᠲᠡᠦᠬᠡ ᠵᠢᠨ ᠬᠥᠭᠵᠢᠯᠲᠡ ᠵᠢ ᠬᠥᠲᠥᠯᠥᠨ ᠳᠠᠭ᠋ᠠᠭᠤᠯᠬᠤ᠎ᠳᠤ ᠪᠠᠶ᠋ᠢᠨ᠎ᠠ᠃ ᠠᠶ᠋ᠢᠯᠴᠢᠯᠠᠯᠲᠠ ᠳᠤᠮᠳᠠ᠂ ᠲᠡᠷᠢᠭᠦᠯᠡᠭᠴᠢ ᠰᠢ ᠵᠢᠨ ᠫᠢᠩ ᠦᠭᠡ ᠦᠨᠡᠨᠴᠢ ᠰᠡᠳᠬᠢᠯᠭᠡ ᠭᠦᠨ ᠵᠶ᠋ᠠᠷ᠄ 《ᠪᠢᠳᠡ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠦᠯᠳᠦᠭᠡᠨ᠎ᠢ ᠢᠯᠠᠨ ᠳᠠᠪᠠᠭ᠍ᠤ ᠢᠲᠡᠭᠡᠯ ᠵᠣᠷᠢᠭ᠎ᠲᠠᠢ ᠶᠤᠮ᠃ ᠭᠠᠳᠠᠭ᠋ᠠᠳᠤ ᠣᠷᠴᠢᠨ ᠨᠥᠬᠦᠴᠡᠯ ᠶᠠᠭ᠋ᠠᠬᠢᠵᠤ ᠬᠤᠪᠢᠷᠠᠭᠰᠠᠨ ᠴᠤ᠌᠂ ᠳᠤᠮᠳᠠᠳᠤ ᠤᠯᠤᠰ ᠴᠥᠮ ᠥᠪᠡᠷ᠎ᠤᠨ ᠶᠠᠪᠤᠳᠠᠯ ᠵᠶ᠋ᠠᠨ ᠡᠷᠡᠰ ᠪᠠᠲᠤ ᠰᠠᠶ᠋ᠢᠲᠤᠷ ᠬᠢᠨ᠎ᠡ》 ᠭᠡᠵᠦ ᠬᠡᠯᠡᠪᠡ᠃
    《ᠥᠪᠡᠷ᠎ᠤᠨ ᠶᠠᠪᠤᠳᠠᠯ ᠵᠶ᠋ᠠᠨ ᠡᠷᠡᠰ ᠪᠠᠲᠤ ᠰᠠᠶ᠋ᠢᠲᠤᠷ ᠬᠢᠬᠦ ᠬᠡᠷᠡᠭᠲᠡᠢ》᠂ ᠡᠨᠡ ᠪᠣᠯ ᠥᠨᠥᠳᠥᠷ᠎ᠤᠨ ᠪᠢᠳᠡᠨ᠎ᠤ ᠠᠯᠢᠪᠠ ᠬᠦᠴᠢᠷ ᠪᠡᠷᠬᠡᠰᠢᠶᠡᠯ ᠬᠠᠷᠰᠢ ᠰᠠᠭ᠋ᠠᠳ᠎ᠢ ᠠᠷᠭ᠋ᠠᠴᠠᠭ᠋ᠠᠬᠤ ᠢᠲᠡᠭᠡᠯ ᠵᠣᠷᠢᠭ ᠮᠥᠨ᠂ ᠪᠢᠳᠡᠨ᠎ᠤ ᠳᠡᠯᠡᠬᠡᠢ ᠨᠡᠶ᠋ᠢᠭᠡᠮ᠎ᠢ ᠬᠥᠲᠥᠯᠥᠨ ᠳᠠᠭ᠋ᠠᠭᠤᠯᠵᠤ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠪᠣᠭᠤᠮᠲᠠ ᠵᠢ ᠬᠠᠮᠲᠤ᠎ᠪᠠᠷ ᠲᠤᠭᠤᠯᠬᠤ ᠢᠲᠡᠭᠡᠯ ᠵᠣᠷᠢᠭ᠎ᠤᠨ ᠡᠬᠢ ᠰᠤᠷᠪᠤᠯᠵᠢ ᠮᠥᠨ᠃
    ᠠᠶ᠋ᠢᠯᠴᠢᠯᠠᠯᠲᠠ ᠬᠢᠬᠦ᠎ᠠᠴᠠ ᠡᠮᠦᠨᠡᠬᠡᠨ᠂ ᠤᠯᠠᠨ ᠤᠯᠤᠰ᠎ᠤᠨ ᠵᠠᠭᠤᠴᠢᠯᠠᠭᠤᠷ᠎ᠤᠨ᠎ᠬᠢᠨ ᠳᠤᠮᠳᠠᠳᠤ ᠤᠯᠤᠰ᠎ᠤᠨ ᠲᠤᠬᠠᠢ ᠬᠤᠶᠠᠷ ᠳᠠᠪᠬᠤᠷ ᠠᠵᠢᠭᠯᠠᠯᠲᠠ ᠵᠢ ᠬᠠᠮᠲᠤ ᠲᠠᠯᠪᠢᠵᠤ ᠦᠵᠡᠪᠡᠯ ᠳᠤᠮᠳᠠᠳᠤ ᠤᠯᠤᠰ ᠪᠣᠯᠣᠨ ᠳᠡᠯᠡᠬᠡᠢ ᠵᠢᠨ ᠬᠠᠷᠢᠯᠴᠠᠭ᠋ᠠᠨ᠎ᠤ ᠲᠡᠦᠬᠡᠨ ᠬᠤᠪᠢᠷᠠᠯᠲᠠ ᠵᠢ ᠨᠡᠩ ᠲᠣᠳᠣᠷᠬᠠᠢ ᠣᠶ᠋ᠢᠯᠠᠭ᠋ᠠᠵᠤ ᠪᠣᠯᠣᠨ᠎ᠠ᠃
    ᠨᠢᠭᠡᠳᠦᠭᠡᠷ ᠳᠠᠪᠬᠤᠷ ᠠᠵᠢᠭᠯᠠᠯᠲᠠ᠎ᠳᠤ ᠳᠤᠮᠳᠠᠳᠤ ᠤᠯᠤᠰ᠎ᠤᠨ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳ᠋ᠦᠩᠨᠡᠯᠲᠡ᠎ᠨᠢ ᠪᠣᠯ 《ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠤᠳᠠᠭ᠋ᠠᠨ ᠪᠠᠶ᠋ᠢᠬᠤ》 ᠴᠠᠭ ᠦᠶ᠎ᠡ ᠨᠢᠭᠡᠨᠲᠡ ᠥᠩᠭᠡᠷᠡᠵᠦ᠂ ᠴᠢᠨᠠᠷ ᠰᠠᠶ᠋ᠢᠲᠠᠢ ᠬᠥᠭᠵᠢᠯᠲᠡ ᠪᠦᠬᠦᠢ ᠳᠤᠮᠳᠠᠳᠤ ᠤᠯᠤᠰ ᠡᠳᠦᠷ ᠢᠷᠡᠬᠦᠶ᠎ᠡ 《ᠬᠥᠲᠥᠯᠥᠨ ᠳᠠᠭ᠋ᠠᠭᠤᠯᠬᠤ ᠬᠦᠴᠦᠨ》 ᠪᠣᠯᠪᠠ᠃
    ᠨᠦᠭᠦᠭᠡ ᠨᠢᠭᠡ ᠳᠠᠪᠬᠤᠷ ᠠᠵᠢᠭᠯᠠᠯᠲᠠ᠎ᠳᠤ ᠳᠤᠮᠳᠠᠳᠤ ᠤᠯᠤᠰ᠎ᠤᠨ ᠤᠯᠠᠨ ᠤᠯᠤᠰ᠎ᠲᠠᠬᠢ ᠨᠥᠯᠥᠭᠡᠯᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳ᠋ᠦᠩᠨᠡᠯᠲᠡ᠎ᠨᠢ ᠪᠣᠯ ᠣᠳᠣᠬᠠᠨ᠎ᠤ ᠳᠤᠮᠳᠠᠳᠤ ᠤᠯᠤᠰ᠎ᠤᠨ ᠳᠡᠯᠡᠬᠡᠢ ᠳ᠋ᠠᠬᠢᠨ᠎ᠳᠤ ᠠᠪᠴᠢᠷᠠᠭᠰᠠᠨ ᠬᠤᠪᠢᠷᠠᠯᠲᠠ᠎ᠨᠢ ᠵᠥᠪᠭᠡᠨ 《ᠬᠡᠷᠡᠭ ᠶᠠᠪᠤᠳᠠᠯ᠎ᠤᠨ ᠲᠡᠦᠬᠡ》 ᠲᠡᠳᠦᠢ ᠪᠢᠰᠢ᠂ ᠪᠠᠰᠠ ᠨᠡᠩ ᠭᠦᠨᠵᠡᠭᠡᠢ ᠬᠤᠪᠢᠰᠤᠯᠲᠠ ᠵᠢᠨ ᠪᠡᠯᠭᠡ ᠲᠡᠮᠳᠡᠭ ᠪᠣᠯᠣᠨ᠎ᠠ᠃
    ᠢᠲᠡᠭᠡᠯ᠂ ᠳᠤᠮᠳᠠᠳᠤ ᠤᠯᠤᠰ᠎ᠤᠨ ᠬᠠᠮᠲᠤᠷᠠᠯᠴᠠᠭ᠋ᠠᠨ᠎ᠤ ᠬᠦᠴᠦᠨ᠎ᠠᠴᠠ ᠢᠷᠡᠯᠲᠡ᠎ᠲᠠᠢ ᠶᠤᠮ᠃
    2013 ᠣᠨ᠎ᠳᠤ᠂ ᠤᠯᠤᠰ᠎ᠤᠨ ᠲᠡᠷᠢᠭᠦᠯᠡᠭᠴᠢ ᠵᠢᠨ ᠲᠤᠰᠢᠶᠠᠯ᠎ᠢ ᠡᠭᠦᠷᠭᠡᠯᠡᠭᠰᠡᠨ᠎ᠤ ᠳᠠᠷᠠᠭ᠋ᠠᠬᠢ ᠠᠩᠬᠠᠳᠠᠭᠴᠢ ᠠᠶ᠋ᠢᠯᠴᠢᠯᠠᠯᠲᠠ᠎ᠳᠤ᠂ ᠲᠡᠷᠢᠭᠦᠯᠡᠭᠴᠢ ᠰᠢ ᠵᠢᠨ ᠫᠢᠩ ᠤᠷᠤᠰ᠎ᠲᠤ ᠢᠷᠡᠪᠡ᠃ 《ᠪᠡᠶ᠎ᠡ ᠮᠠᠬᠠᠪᠤᠳ᠎ᠨᠢ ᠨᠢᠭᠡᠨᠲᠡ 21 ᠳ᠋ᠦ᠍ᠭᠡᠷ ᠵᠠᠭᠤᠨ᠎ᠳᠤ ᠣᠷᠣᠭᠰᠠᠨ ᠪᠠᠶ᠋ᠢᠬᠤ᠎ᠳᠤ ᠲᠠᠷᠢᠬᠢ ᠲᠣᠯᠣᠭ᠋ᠠᠢ᠎ᠨᠢ ᠪᠠᠰᠠ ᠥᠩᠭᠡᠷᠡᠭᠰᠡᠨ᠎ᠳᠡᠭᠡᠨ ᠵᠣᠭᠰᠣᠩᠭᠢᠷᠠᠵᠤ ᠪᠤᠯᠬᠤ ᠦᠭᠡᠢ》᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠣᠶ᠋ᠢᠯᠠᠭ᠋ᠠᠭᠳᠠᠬᠤᠨ ᠠᠶᠠᠨᠳᠠᠭ᠋ᠠᠨ ᠪᠤᠢ ᠪᠣᠯᠪᠠ᠃
    ᠴᠠᠭ ᠬᠤᠭᠤᠴᠠᠭ᠋ᠠᠨ᠎ᠤ ᠦᠷᠭᠦᠯᠵᠢᠯᠡᠬᠦ ᠵᠢ ᠳᠠᠭ᠋ᠠᠯᠳᠤᠨ᠂ ᠡᠨᠡ ᠬᠦ᠌ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠬᠦ ᠬᠠᠮᠲᠤᠷᠠᠯᠴᠠᠭ᠋ᠠᠨ᠎ᠤ ᠪᠣᠷᠣ ᠲᠥᠯᠥᠪ ᠡᠳᠦᠷ ᠢᠷᠡᠬᠦᠶ᠎ᠡ ᠲᠡᠭᠦᠯᠳᠡᠷᠵᠢᠪᠡ᠃ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠣᠶ᠋ᠢᠯᠠᠭ᠋ᠠᠭᠳᠠᠬᠤᠨ᠎ᠢ ᠴᠤ᠌ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠢᠢ᠍ᠳᠪᠦᠷᠢ᠎ᠳᠤ ᠪᠢᠴᠢᠵᠦ ᠣᠷᠣᠭᠤᠯᠤᠨ᠂ ᠰᠠᠶ᠋ᠢᠨ ᠰᠠᠶ᠋ᠢᠬᠠᠨ ᠳᠡᠯᠡᠬᠡᠢ ᠶᠢᠷᠲᠢᠨᠴᠦ ᠵᠢ ᠪᠠᠶ᠋ᠢᠭᠤᠯᠬᠤ᠎ᠳᠤ ᠨᠡᠩ ᠤᠯᠠᠨ ᠬᠠᠮᠲᠤ ᠵᠢᠨ ᠲᠠᠨᠢᠯᠲᠠ ᠪᠠ ᠬᠦᠴᠦᠨ ᠴᠢᠳᠠᠯ᠎ᠢ ᠨᠢᠭᠲᠠᠷᠠᠭᠤᠯᠪᠠ᠃
    ᠥᠨᠥᠳᠥᠷ᠂ ᠳᠠᠬᠢᠨᠲᠠ ᠮᠣᠰᠺᠸᠠ᠎ᠳᠤ ᠬᠦᠷᠬᠦ᠎ᠳᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠦᠵᠡᠯ ᠰᠠᠨᠠᠭ᠋ᠠᠨ᠎ᠤ ᠭᠡᠷᠡᠯ ᠭᠢᠯᠪᠠᠭ᠎ᠠ᠂ ᠳᠡᠯᠡᠬᠡᠢ ᠳ᠋ᠠᠬᠢᠨ᠎ᠳᠠᠬᠢ ᠤᠷᠢᠶᠠᠯᠠᠬᠤ ᠬᠦᠴᠦᠨ ᠨᠥᠯᠥᠭᠡᠯᠡᠬᠦ ᠬᠦᠴᠦᠨ᠎ᠨᠢ ᠨᠢᠭᠡᠨᠲᠡ ᠬᠥᠮᠥᠰ᠎ᠢ ᠭᠠᠶ᠋ᠢᠬᠠᠰᠢ ᠠᠯᠳᠠᠭᠤᠯᠪᠠ᠃ 2021 ᠣᠨ᠎ᠤ ᠨᠠᠮᠤᠷ᠂ 2022 ᠣᠨ᠎ᠤ ᠬᠠᠪᠤᠷ᠂ 2023 ᠣᠨ᠎ᠤ ᠬᠠᠪᠤᠷ᠂ ᠲᠡᠷᠢᠭᠦᠯᠡᠭᠴᠢ ᠰᠢ ᠵᠢᠨ ᠫᠢᠩ ᠤᠷᠢᠳ ᠬᠤᠵᠢᠳ ᠭᠤᠷᠪᠠᠨ ᠶᠡᠭᠡ ᠪᠦᠭᠦ ᠪᠥᠮᠪᠥᠷᠴᠡᠭ᠎ᠤᠨ ᠰᠠᠨᠠᠭ᠋ᠠᠴᠢᠯᠠᠭ᠎ᠠ ᠵᠢ ᠳᠤᠷᠠᠳᠴᠠᠢ᠄ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ᠎ᠨᠢ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠥᠷᠭᠡᠳᠬᠡᠭᠰᠡᠨ ᠪᠥᠭᠡᠳ ᠬᠥᠮᠥᠨ ᠲᠥᠷᠥᠯᠬᠢᠲᠡᠨ᠎ᠤ ᠪᠣᠯᠪᠠᠰᠤᠨ᠎ᠤ ᠠᠶᠠᠨ ᠵᠠᠮ᠎ᠢ ᠭᠡᠷᠡᠯᠲᠦᠭᠦᠯᠦᠭᠰᠡᠨ ᠪᠠᠶ᠋ᠢᠨ᠎ᠠ᠃
    《〈ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢᠨ ᠨᠠᠶ᠋ᠢᠵᠠ ᠵᠢᠨ ᠳᠤᠭᠤᠶ᠋ᠢᠯᠠᠩ〉᠎ᠤᠨ ᠠᠵᠢᠯ᠎ᠳᠤ ᠦᠷᠭᠦᠯᠵᠢᠯᠡᠨ ᠣᠷᠣᠯᠴᠠᠨ᠎ᠠ》᠂ 《ᠬᠤᠶᠠᠷ ᠲᠠᠯ᠎ᠠ᠎ᠪᠠᠷ ᠵᠶ᠋ᠠᠨ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠵᠢᠨ ᠲᠤᠬᠠᠢ ᠬᠠᠮᠲᠤᠷᠠᠯᠴᠠᠭ᠎ᠠ ᠥᠷᠨᠢᠭᠦᠯᠦᠨ᠎ᠡ》᠂ 《ᠤᠷᠤᠰ᠎ᠤᠨ᠎ᠬᠢᠨ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ》 ᠁ ᠳᠤᠮᠳᠠᠳᠤ ᠤᠯᠤᠰ ᠣᠷᠤᠭ᠎ᠠ ᠪᠤᠰᠬᠠᠭ᠎ᠠ ᠴᠠᠭ ᠦᠶ᠎ᠡ᠎ᠳᠤ ᠡᠷᠡᠰ ᠭᠤᠶ᠋ᠢᠪᠢᠰᠢ ᠦᠭᠡᠢ᠎ᠪᠠᠷ 《ᠲᠡᠦᠬᠡ ᠵᠢᠨ ᠵᠥᠪ ᠲᠠᠯ᠎ᠠ᠎ᠳᠤ ᠵᠣᠭᠰᠣᠨ᠎ᠠ》᠃
    ᠮᠣᠰᠺᠸᠠ᠎ᠳᠤ ᠬᠦᠷᠬᠦ᠎ᠠᠴᠠ ᠡᠮᠦᠨᠡᠬᠡᠨ᠂ ᠲᠡᠷᠢᠭᠦᠯᠡᠭᠴᠢ ᠰᠢ ᠵᠢᠨ ᠫᠢᠩ ᠡᠸᠦ᠋ᠷᠦᠫᠡ ᠲᠢᠪ᠎ᠤᠨ ᠤᠳᠤᠷᠢᠳᠬᠤ ᠬᠥᠮᠥᠰ᠎ᠲᠠᠢ ᠬᠠᠷᠢᠯᠴᠠᠨ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠵᠤ᠂ ᠳᠤᠮᠳᠠᠳᠤ ᠡᠸᠦ᠋ᠷᠦᠫᠡ ᠵᠢᠨ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠤᠨ ᠤᠢ ᠵᠢ ᠪᠡᠯᠭᠡᠯᠡᠵᠦ᠂ ᠴᠠᠭ ᠦᠶ᠎ᠡ ᠵᠢᠨ ᠥᠷᠢᠰᠦᠯᠳᠦᠭᠡᠨ᠎ᠢ ᠬᠠᠮᠲᠤᠷᠠᠯᠴᠠᠨ ᠠᠷᠭ᠋ᠠᠴᠠᠭ᠋ᠠᠬᠤ᠎ᠪᠠᠷ ᠬᠤᠶᠠᠷ ᠲᠠᠯ᠎ᠠ ᠵᠢᠨ ᠲᠣᠳᠣᠷᠬᠠᠢ ᠬᠠᠮᠲᠤ ᠵᠢᠨ ᠲᠠᠨᠢᠯᠲᠠ᠎ᠲᠠᠢ ᠪᠤᠯᠪᠠ;
    ᠲᠡᠭᠦᠨ᠎ᠠᠴᠠ ᠡᠮᠦᠨᠡᠬᠡᠨ᠂ ᠵᠡᠭᠦᠨ ᠡᠮᠦᠨᠡᠲᠦ ᠠᠽᠢᠶ᠎ᠠ᠎ᠳᠠᠬᠢ ᠠᠶᠠᠯᠠᠯ᠎ᠨᠢ ᠡᠷᠭᠢᠨ ᠲᠣᠭᠤᠷᠢᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠯᠠᠪᠳᠠᠭᠤᠨ ᠪᠠᠲᠤᠲᠠᠢ ᠨᠢᠭᠡ ᠠᠯᠬᠤᠮ᠎ᠢ ᠠᠯᠬᠤᠪᠠ;
    ᠳᠠᠷᠠᠭ᠋ᠠᠴᠢ ᠵᠢᠨ ᠴᠠᠭ᠎ᠢ ᠪᠠᠷᠠᠯᠠᠬᠤᠶ᠎ᠠ᠂ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ — ᠯᠠᠲ᠋ᠢᠨ ᠠᠮᠧᠷᠢᠺᠠ ᠪᠠ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠳᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠤᠯᠴᠠᠬᠤ ᠪᠥᠭᠡᠳ ᠴᠢᠬᠤᠯᠠ ᠶᠠᠷᠢᠶ᠎ᠠ ᠲᠠᠯᠪᠢᠬᠤ ᠴᠢᠮᠡᠭᠡ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠤᠯᠠᠮᠵᠢᠯᠠᠭᠳᠠᠪᠠ᠃
    ᠴᠠᠭ ᠦᠶ᠎ᠡ ᠵᠢᠨ ᠰᠠᠯᠬᠢᠨ ᠳᠠᠪᠠᠯᠭ᠋ᠠᠨ ᠳᠣᠯᠭᠢᠶᠠᠯᠠᠨ ᠳᠠᠪᠠᠯᠭ᠋ᠠᠯᠠᠬᠤᠶ᠎ᠠ᠂ ᠢᠮᠠᠭᠲᠠ ᠲᠥᠪ ᠭᠤᠣᠯᠴᠢ ᠵᠢ ᠡᠷᠢᠯᠬᠢᠯᠡᠵᠦ᠂ ᠬᠠᠮᠲᠤᠷᠠᠯᠴᠠᠭ᠎ᠠ ᠬᠢᠬᠦ ᠵᠢ ᠡᠷᠬᠢᠮᠯᠡᠵᠦ᠂ ᠬᠠᠮᠲᠤ᠎ᠪᠠᠷ ᠠᠰᠢᠭ ᠭᠦᠷᠳᠡᠭᠦ᠎ᠪᠠᠷ ᠴᠢᠷᠮᠠᠶ᠋ᠢᠵᠤ ᠪᠠᠶ᠋ᠢᠭ᠎ᠠ ᠳᠤᠮᠳᠠᠳᠤ ᠤᠯᠤᠰ᠎ᠤᠨ ᠨᠠᠶ᠋ᠢᠵᠠ ᠨᠥᠬᠦᠳ ᠳᠠᠶᠠᠩ ᠳᠡᠯᠡᠬᠡᠢ᠎ᠳᠤ ᠲᠦᠭᠡᠵᠦ ᠪᠠᠶ᠋ᠢᠨ᠎ᠠ᠃
    《ᠬᠠᠷᠢᠴᠠᠯᠠᠰᠢ ᠦᠭᠡᠢ ᠲᠡᠭᠰᠢ ᠵᠠᠮ ᠭᠡᠵᠦ ᠪᠠᠶ᠋ᠢᠳᠠᠭ ᠦᠭᠡᠢ᠂ ᠪᠤᠴᠠᠰᠢ ᠦᠭᠡᠢ ᠶᠠᠪᠤᠳᠠᠯ ᠭᠡᠵᠦ ᠪᠠᠶ᠋ᠢᠳᠠᠭ ᠦᠭᠡᠢ》᠃ ᠲᠡᠦᠬᠡ ᠶᠡᠷᠦᠨᠢ ᠨᠤᠭᠤᠷᠠᠯ ᠪᠦᠳᠦᠷᠢᠯ᠎ᠤᠨ ᠳᠤᠮᠳᠠ ᠬᠥᠭᠵᠢᠨ ᠤᠷᠤᠭᠰᠢᠯᠠᠳᠠᠭ ᠶᠤᠮ᠃ ᠬᠦᠴᠢᠷ ᠪᠡᠷᠬᠡᠰᠢᠶᠡᠯ ᠪᠠ ᠳᠠᠪᠲᠠᠯᠲᠠ ᠵᠢᠨ ᠳᠤᠮᠳᠠ ᠡᠷᠡᠰ ᠭᠤᠶ᠋ᠢᠪᠢᠰᠢ ᠦᠭᠡᠢ ᠯᠠᠪᠳᠠᠭᠤᠨ ᠲᠣᠭᠲᠠᠭᠤᠨ ᠵᠶ᠋ᠠᠷ ᠠᠯᠤᠰ᠎ᠢ ᠵᠣᠷᠢᠨ ᠤᠷᠤᠭᠰᠢᠯᠠᠨ᠎ᠠ᠃ ᠶᠡᠭᠡ ᠬᠠᠨᠳᠤᠰᠢ ᠵᠢ ᠲᠥᠯᠥᠪᠵᠢᠭᠦᠯᠬᠦ᠂ ᠶᠡᠭᠡ ᠵᠢᠷᠤᠮ᠎ᠢ ᠡᠭᠦᠷᠭᠡᠯᠡᠬᠦ᠂ ᠶᠡᠭᠡ ᠵᠠᠮ ᠵᠶ᠋ᠠᠷ ᠵᠠᠮᠨᠠᠬᠤ ᠬᠠᠷᠢᠭᠤᠴᠠᠯᠭ᠎ᠠ᠎ᠲᠠᠢ ᠶᠡᠭᠡ ᠤᠯᠤᠰ᠎ᠤᠨ ᠢᠷᠡᠭᠡᠳᠦᠢ ᠯᠠᠪ ᠬᠢᠵᠠᠭ᠋ᠠᠯᠠᠰᠢ ᠦᠭᠡᠢ ᠰᠦᠷᠯᠢᠭ ᠰᠠᠶ᠋ᠢᠬᠠᠨ ᠶᠤᠮ᠃
  
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠴᠠᠭᠢᠯᠭ᠋ᠠᠨ ᠴᠢᠮᠡᠭᠡ ᠶᠠᠪᠤᠭᠤᠯᠵᠤ ᠠᠯᠪᠠᠨᠢᠰ᠎ᠤᠨ ᠠᠦ᠋ᠰᠲᠷᠠᠯᠢᠶ᠎ᠠ ᠵᠢᠨ ᠶᠡᠷᠦᠩᠬᠡᠢ ᠰᠠᠶ᠋ᠢᠳ ᠵᠶ᠋ᠠᠷ ᠦᠷᠭᠦᠯᠵᠢᠯᠡᠨ ᠰᠣᠩᠭᠤᠭᠳᠠᠭᠰᠠᠨ᠎ᠳᠤ ᠪᠠᠶᠠᠷ ᠬᠦᠷᠭᠡᠪᠡ
ᠰᠢ ᠵᠢᠨ ᠫᠢᠩ ᠪᠷᠠᠽᠢᠯ᠎ᠤᠨ ᠶᠡᠷᠦᠩᠬᠡᠶ᠋ᠢᠯᠡᠭᠴᠢ ᠯᠦᠯᠠ᠎ᠲᠠᠢ ᠬᠡᠯᠡᠯᠴᠡᠭᠡ ᠬᠢᠪᠡ
ᠰᠢ ᠵᠢᠨ ᠫᠢᠩ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠢᠨ᠎ᠡ ᠬᠠᠭᠤᠳᠠᠰᠤ ᠵᠢ ᠪᠢᠴᠢᠭᠯᠡᠶ᠎ᠡ — ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ
ᠰᠢ ᠵᠢᠨ ᠫᠢᠩ ᠴᠢᠯᠢ ᠵᠢᠨ ᠶᠡᠷᠦᠩᠬᠡᠶ᠋ᠢᠯᠡᠭᠴᠢ ᠪᠦᠸᠧᠯᠢᠴᠢ᠎ᠲᠠᠢ ᠠᠭᠤᠯᠵᠠᠪᠠ
 
            