ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠤᠮᠳᠠᠳᠤ ᠤᠯᠤᠰ᠎ᠤᠨ ᠳ᠋ᠠᠨᠮᠠᠷᠺ᠎ᠤᠨ ᠬᠤᠳᠠᠯᠳᠤᠭ᠋ᠠᠴᠢᠳ᠎ᠤᠨ ᠨᠡᠶ᠋ᠢᠭᠡᠮᠯᠢᠭ᠎ᠤᠨ ᠬᠠᠷᠢᠭᠤᠴᠠᠯᠭ᠋ᠠᠲᠠᠨ᠎ᠳᠤ ᠬᠠᠷᠢᠭᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄ 2025-05-23

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 15᠎ᠤ ᠴᠠᠭᠢᠯᠭ᠋ᠠᠨ ᠮᠡᠳᠡᠭᠡ ᠣᠶ᠋ᠢᠷ᠎ᠠ᠎ᠳᠤ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ᠎ᠤᠨ ᠳ᠋ᠠᠨᠮᠠᠷᠺ᠎ᠤᠨ ᠬᠤᠳᠠᠯᠳᠤᠭ᠋ᠠᠴᠢᠳ᠎ᠤᠨ ᠨᠡᠶ᠋ᠢᠭᠡᠮᠯᠢᠭ᠎ᠤᠨ ᠬᠠᠷᠢᠭᠤᠴᠠᠯᠭ᠋ᠠᠲᠠᠨ᠎ᠳᠤ ᠬᠠᠷᠢᠭᠤ ᠵᠠᠬᠢᠳᠠᠯ ᠢᠯᠡᠭᠡᠵᠦ᠂ ᠳᠤᠮᠳᠠᠳᠤ ᠤᠯᠤᠰ᠎ᠤᠨ ᠳ᠋ᠠᠨᠮᠠᠷᠺ᠎ᠤᠨ ᠬᠤᠳᠠᠯᠳᠤᠭ᠋ᠠᠴᠢᠳ᠎ᠤᠨ ᠨᠡᠶ᠋ᠢᠭᠡᠮᠯᠢᠭ ᠵᠢᠴᠢ ᠭᠡᠰᠢᠭᠦᠨ ᠠᠵᠤ ᠠᠬᠤᠶ᠋ᠢᠯᠠᠯ᠎ᠢ ᠳᠤᠮᠳᠠᠳᠤ ᠳ᠋ᠠᠨᠮᠠᠷᠺ᠂ ᠳᠤᠮᠳᠠᠳᠤ ᠡᠸᠦ᠋ᠷᠦᠫᠡ ᠵᠢᠨ ᠨᠥᠬᠦᠷᠯᠡᠯ᠎ᠢ ᠵᠤᠵᠠᠭ᠋ᠠᠳᠬᠠᠬᠤ ᠪᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ᠎ᠳᠤ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃
    ᠰᠢ ᠵᠢᠨ ᠫᠢᠩ᠂ ᠢᠷᠡᠭᠦᠯᠦᠭᠰᠡᠨ ᠵᠠᠬᠢᠳᠠᠯ᠎ᠠᠴᠠ ᠴᠢᠨᠢ ᠲᠠᠨ᠎ᠤ ᠳᠤᠮᠳᠠᠳᠤ ᠤᠯᠤᠰ᠎ᠲᠤ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ᠎ᠲᠠᠢ ᠪᠠᠶ᠋ᠢᠬᠤ ᠪᠠ ᠳ᠋ᠠᠨᠮᠠᠷᠺ᠎ᠤᠨ ᠳᠤᠮᠳᠠᠳᠤ ᠤᠯᠤᠰ᠎ᠲᠠᠬᠢ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠤᠨ ᠢᠷᠡᠭᠡᠳᠦᠢ ᠵᠢᠨ ᠬᠥᠭᠵᠢᠯᠲᠡ᠎ᠳᠤ ᠢᠲᠡᠭᠡᠯ᠎ᠲᠠᠢ ᠪᠠᠶ᠋ᠢᠬᠤ ᠵᠢ ᠣᠯᠵᠤ ᠮᠡᠳᠡᠪᠡ᠂ ᠪᠢ ᠡᠭᠦᠨ᠎ᠢ ᠮᠠᠭᠲᠠᠨ ᠰᠠᠶ᠋ᠢᠰᠢᠶᠠᠵᠤ ᠪᠠᠶ᠋ᠢᠨ᠎ᠠ᠃ ᠳᠤᠮᠳᠠᠳᠤ ᠤᠯᠤᠰ ᠥᠩᠭᠡᠷᠡᠭᠰᠡᠨ᠎ᠳᠤ᠂ ᠤᠳᠤ᠂ ᠢᠷᠡᠭᠡᠳᠦᠢ᠎ᠳᠤ ᠴᠦ᠍ ᠯᠠᠪᠲᠠᠢ ᠭᠠᠳᠠᠭ᠋ᠠᠳᠤ ᠵᠢᠨ ᠬᠤᠳᠠᠯᠳᠤᠭ᠋ᠠᠴᠢᠳ᠎ᠤᠨ ᠬᠦᠰᠡᠨ ᠰᠠᠨᠠᠭᠰᠠᠨ᠂ ᠠᠮᠤᠷ ᠲᠦᠪᠰᠢᠨ᠂ ᠪᠦᠲᠦᠮᠵᠢᠲᠡᠢ ᠪᠡᠯᠡ ᠣᠷᠣᠭᠤᠯᠤᠯᠲᠠ ᠵᠢᠨ ᠵᠣᠷᠢᠯᠲᠠᠳᠦ ᠭᠠᠵᠠᠷ ᠪᠣᠯᠣᠨ᠎ᠠ᠃ ᠳᠤᠮᠳᠠᠳᠤ ᠤᠯᠤᠰ᠎ᠢ ᠢᠲᠡᠭᠡᠬᠦ ᠪᠣᠯ ᠳᠠᠷᠤᠢ ᠮᠠᠷᠭ᠋ᠠᠰᠢ᠎ᠪᠠᠨ ᠢᠲᠡᠭᠡᠵᠦ ᠪᠠᠶ᠋ᠢᠭ᠎ᠠ ᠶᠠᠪᠤᠳᠠᠯ᠂ ᠳᠤᠮᠳᠠᠳᠤ ᠤᠯᠤᠰ᠎ᠲᠤ ᠪᠡᠯᠡ ᠣᠷᠣᠭᠤᠯᠬᠤ ᠪᠣᠯ ᠳᠠᠷᠤᠢ ᠢᠷᠡᠭᠡᠳᠦᠢ᠎ᠳᠡᠭᠡᠨ ᠪᠡᠯᠡ ᠣᠷᠣᠭᠤᠯᠵᠤ ᠪᠠᠶ᠋ᠢᠭ᠎ᠠ ᠶᠠᠪᠤᠳᠠᠯ ᠮᠥᠨ᠃ ᠳᠤᠮᠳᠠᠳᠤ ᠤᠯᠤᠰ᠎ᠤᠨ ᠳ᠋ᠠᠨᠮᠠᠷᠺ᠎ᠤᠨ ᠬᠤᠳᠠᠯᠳᠤᠭ᠋ᠠᠴᠢᠳ᠎ᠤᠨ ᠨᠡᠶ᠋ᠢᠭᠡᠮᠯᠢᠭ ᠵᠢᠴᠢ ᠭᠡᠰᠢᠭᠦᠨ ᠠᠵᠤ ᠠᠬᠤᠶ᠋ᠢᠯᠠᠯ ᠦᠷᠭᠦᠯᠵᠢᠯᠡᠨ ᠳᠤᠮᠳᠠᠳᠤ ᠳ᠋ᠠᠨᠮᠠᠷᠺ᠂ ᠳᠤᠮᠳᠠᠳᠤ ᠡᠸᠦ᠋ᠷᠦᠫᠡ ᠵᠢᠨ ᠬᠤᠭᠤᠷᠣᠨᠳᠤ ᠬᠥᠭᠦᠷᠭᠡ ᠬᠤᠯᠪᠣᠭ᠋ᠠᠰᠤ ᠵᠢᠨ ᠦᠢ᠍ᠯᠡᠳᠦᠯ ᠦᠵᠡᠭᠦᠯᠵᠦ᠂ ᠳᠤᠮᠳᠠᠳᠤ ᠳ᠋ᠠᠨᠮᠠᠷᠺ᠂ ᠳᠤᠮᠳᠠᠳᠤ ᠡᠸᠦ᠋ᠷᠦᠫᠡ ᠵᠢᠨ ᠣᠶ᠋ᠢᠯᠠᠭ᠋ᠠᠯᠴᠠᠭ᠎ᠠ ᠪᠣᠯᠣᠨ ᠨᠥᠬᠦᠷᠯᠡᠯ᠎ᠢ ᠵᠤᠵᠠᠭ᠋ᠠᠳᠬᠠᠬᠤ᠂ ᠬᠤᠶᠠᠷ ᠲᠠᠯ᠎ᠠ ᠵᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ᠎ᠳᠤ ᠬᠤᠪᠢ ᠨᠡᠮᠡᠷᠢ ᠦᠵᠡᠭᠦᠯᠭᠦ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
    ᠲᠦᠷᠦᠭᠦᠬᠡᠨ᠂ ᠳᠤᠮᠳᠠᠳᠤ ᠤᠯᠤᠰ᠎ᠤᠨ ᠳ᠋ᠠᠨᠮᠠᠷᠺ᠎ᠤᠨ ᠬᠤᠳᠠᠯᠳᠤᠭ᠋ᠠᠴᠢᠳ᠎ᠤᠨ ᠨᠡᠶ᠋ᠢᠭᠡᠮᠯᠢᠭ᠎ᠤᠨ ᠬᠠᠷᠢᠭᠤᠴᠠᠯᠭ᠋ᠠᠲᠠᠨ ᠬᠤᠪᠢ ᠬᠥᠮᠥᠨ ᠪᠣᠯᠣᠨ ᠬᠤᠳᠠᠯᠳᠤᠭ᠋ᠠᠴᠢᠳ᠎ᠤᠨ ᠨᠡᠶ᠋ᠢᠭᠡᠮᠯᠢᠭ᠎ᠤᠨ ᠨᠡᠷ᠎ᠡ᠎ᠪᠠᠷ ᠲᠡᠷᠢᠭᠦᠯᠡᠭᠴᠢ ᠰᠢ ᠵᠢᠨ ᠫᠢᠩ᠎ᠳᠤ ᠵᠠᠬᠢᠳᠠᠯ ᠢᠯᠡᠭᠡᠵᠦ᠂ ᠳᠤᠮᠳᠠᠳᠤ ᠳ᠋ᠠᠨᠮᠠᠷᠺ᠎ᠤᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 75 ᠵᠢᠯ᠎ᠤᠨ ᠤᠢ᠎ᠳᠤ ᠪᠠᠶᠠᠷ ᠬᠦᠷᠭᠡᠵᠦ᠂ ᠳᠤᠮᠳᠠᠳᠤ ᠤᠯᠤᠰ᠎ᠯᠤᠭ᠎ᠠ ᠵᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠬᠦ ᠬᠦᠰᠡᠯ ᠡᠷᠡᠮᠡᠯᠵᠡᠯ ᠵᠶ᠋ᠠᠨ ᠢᠯᠡᠳᠬᠡᠪᠡ᠃
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠳᠤᠭᠤ᠋ ᠵᠢᠨ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠤᠳᠤᠷᠢᠳᠬᠤ ᠬᠥᠮᠥᠨ᠎ᠳᠤ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠯᠲᠡ ᠦᠭᠡᠢ ᠨᠠᠶ᠋ᠢᠳᠠᠪᠤᠷᠢᠵᠢᠭᠤᠯᠵᠤ ᠰᠢᠯᠢᠳᠡᠭ ᠨᠠᠮ᠎ᠤᠨ ᠰᠤᠷᠲᠠᠯ ᠵᠶ᠋ᠠᠷ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠬᠥᠲᠥᠯᠥᠨ ᠳᠠᠭ᠋ᠠᠭᠤᠯᠬᠤ ᠬᠡᠷᠡᠭᠲᠡᠢ
《ᠨᠠᠮ ᠵᠠᠰᠠᠭ᠎ᠤᠨ ᠪᠠᠶ᠋ᠢᠭᠤᠯᠭ᠎ᠠ ᠵᠢᠨ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠳᠦᠷᠢᠮ》᠎ᠢ ᠳᠠᠷᠤᠮᠠᠯᠯᠠᠨ ᠲᠠᠷᠬᠠᠭ᠋ᠠᠪᠠ
ᠰᠢ ᠵᠢᠨ ᠫᠢᠩ 《ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ》 ᠵᠢ ᠨᠠᠶ᠋ᠢᠷᠠᠭᠤᠯᠬᠤ ᠠᠵᠢᠯ᠎ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ
《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠨ ᠰᠤᠷᠤᠯᠴᠠᠯᠭ᠎ᠠ ᠵᠢᠨ ᠤᠨᠤᠯ᠎ᠤᠨ ᠴᠤᠪᠤᠷᠠᠯ》᠎ᠤᠨ ᠠᠷᠪᠠᠨ ᠨᠢᠭᠡᠳᠦᠭᠡᠷ ᠡᠮᠬᠢᠳᠬᠡᠯ᠎ᠠᠴᠠ ᠠᠷᠪᠠᠨ ᠲᠠᠪᠤᠳᠤᠭ᠋ᠠᠷ ᠡᠮᠬᠢᠳᠬᠡᠯ᠎ᠢ ᠬᠡᠪᠯᠡᠨ ᠲᠠᠷᠬᠠᠭ᠋ᠠᠪᠠ
 
            