ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠲᠡᠦᠬᠡ ᠵᠢᠨ ᠬᠠᠷᠠᠭ᠋ᠠᠰᠤ᠂ ᠪᠠᠶ᠋ᠢᠯᠳᠤᠬᠤ ᠪᠣᠳᠣᠯᠭ᠎ᠠ ᠵᠢᠨ ᠰᠡᠳᠬᠢᠬᠦᠢ ᠵᠢ ᠴᠥᠮ ᠪᠣᠳᠠᠲᠠᠢ ᠠᠵᠢᠯᠯᠠᠭ᠎ᠠ ᠳᠡᠭᠡᠷ᠎ᠡ᠎ᠪᠠᠨ ᠨᠠᠶ᠋ᠢᠳᠠᠪᠤᠷᠢᠵᠢᠭᠤᠯᠬᠤ ᠬᠡᠷᠡᠭᠲᠡᠢ》 — ᠶᠡᠷᠦᠩᠬᠡᠢ ᠱᠦᠵᠢ ᠰᠢ ᠵᠢᠨ ᠫᠢᠩ ᠾᠧᠨᠠᠨ᠎ᠳᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠪᠣᠳᠠᠲᠤ ᠲᠡᠮᠳᠡᠭᠯᠡᠯ (ᠬᠤᠶᠠᠷ)
ᠨᠡᠶᠢᠲᠡᠯᠡᠭᠰᠡᠨ ᠴᠠᠭ᠄ 2025-05-26

ᠲᠠᠪᠤ ᠲᠠᠪᠤᠨ ᠵᠢᠯ᠎ᠤᠨ ᠦᠷᠭᠦᠯᠵᠢᠯᠡᠯ
       《ᠢᠲᠡᠭᠡᠯ ᠵᠣᠷᠢᠭ ᠵᠶ᠋ᠠᠨ ᠪᠠᠲᠤᠳᠬᠠᠵᠤ᠂ ᠥᠪᠡᠷ᠎ᠤᠨ ᠵᠶ᠋ᠠᠨ ᠠᠵᠢᠯ ᠶᠠᠪᠤᠳᠠᠯ ᠵᠶ᠋ᠠᠨ ᠭᠤᠶ᠋ᠢᠪᠢᠰᠢ ᠦᠭᠡᠢ ᠰᠠᠶ᠋ᠢᠲᠤᠷ ᠬᠢᠬᠦ ᠬᠡᠷᠡᠭᠲᠡᠢ》
      20᠎ᠤ ᠡᠳᠦᠷ᠎ᠤᠨ ᠦᠳᠡ ᠵᠢᠨ ᠡᠮᠦᠨᠡᠬᠢ ᠾᠧᠨᠠᠨ ᠮᠤᠵᠢ ᠵᠢᠨ ᠨᠠᠮ᠎ᠤᠨ ᠬᠤᠷᠢᠶ᠎ᠠ ᠪᠠ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠲᠠᠪᠤᠨ ᠵᠢᠯ᠎ᠤᠨ ᠲᠥᠯᠦᠪᠵᠢᠭᠦᠯᠭᠡ ᠵᠢᠨ ᠲᠤᠬᠠᠢ ᠶᠠᠷᠢᠬᠤ᠎ᠳᠤ᠎ᠪᠠᠨ᠄ 《ᠡᠨᠡ᠎ᠨᠢ ᠦᠨᠡᠨ᠎ᠳᠤ᠎ᠪᠠᠨ ᠳᠤᠮᠳᠠᠳᠤ ᠤᠯᠤᠰ᠎ᠤᠨ ᠨᠢᠭᠡᠨ ᠣᠨᠴᠠᠯᠢᠭ ᠶᠤᠮ᠃ ᠪᠢᠳᠡ ᠪᠠᠶ᠋ᠢᠴᠠᠭ᠋ᠠᠨ ᠰᠤᠳᠤᠯᠤᠭᠰᠠᠨ᠎ᠤ ᠰᠠᠭᠤᠷᠢᠨ ᠳᠡᠭᠡᠷ᠎ᠡ ᠠᠷᠠᠳ᠎ᠤᠨ ᠰᠠᠨᠠᠭ᠎ᠠ ᠵᠢ ᠭᠦᠢ᠍ᠴᠡᠳ ᠬᠦᠨᠳᠦᠳᠬᠡᠭᠰᠡᠨ ᠪᠥᠭᠡᠳ ᠪᠣᠳᠠᠲᠤ ᠪᠠᠶ᠋ᠢᠳᠠᠯ᠎ᠳᠤ ᠨᠡᠶ᠋ᠢᠴᠡᠭᠰᠡᠨ ᠪᠦᠬᠦ ᠲᠠᠯ᠎ᠠ ᠵᠢᠨ ᠰᠢᠰᠲ᠋ᠧᠮ᠎ᠲᠠᠢ ᠲᠥᠯᠦᠪᠵᠢᠭᠦᠯᠭᠡ ᠵᠢ ᠳᠤᠷᠠᠳᠤᠭᠰᠠᠨ ᠵᠶ᠋ᠠᠷ ᠦᠯᠦ ᠪᠠᠷᠠᠮ ᠮᠠᠰᠢ ᠬᠦᠴᠦᠲᠡᠢ ᠬᠡᠷᠡᠭᠵᠢᠭᠦᠯᠬᠦ ᠬᠦᠴᠦᠨ ᠵᠶ᠋ᠠᠷ ᠡᠳᠡᠭᠡᠷ ᠲᠥᠯᠦᠪᠵᠢᠭᠦᠯᠭᠡ ᠵᠢ ᠨᠠᠶ᠋ᠢᠳᠠᠪᠤᠷᠢᠵᠢᠭᠤᠯᠵᠤ ᠪᠠᠶ᠋ᠢᠨ᠎ᠠ》 ᠭᠡᠵᠡᠢ᠃
       《ᠨᠠᠮ᠎ᠤᠨ ᠲᠥᠪ ᠬᠤᠷᠢᠶᠠᠨ᠎ᠤ ᠶᠡᠷᠦᠩᠬᠡᠢ ᠵᠢᠯᠣᠭᠤᠳᠤᠯᠭ᠎ᠠ ᠵᠢᠨ ᠶᠡᠭᠡ ᠪᠠᠶ᠋ᠢᠳᠠᠯ ᠳᠣᠣᠷ᠎ᠠ᠂ ᠡᠯ᠎ᠡ ᠭᠠᠵᠠᠷ ᠣᠷᠣᠨ᠎ᠤ᠎ᠬᠢᠨ ᠪᠤᠰᠤᠳ᠎ᠢ ᠳᠠᠭ᠋ᠠᠬᠤ ᠪᠠ ᠳᠥᠭᠦᠮᠬᠡᠨ ᠵᠶ᠋ᠠᠷ ᠳᠠᠭᠤᠷᠢᠶᠠᠵᠤ ᠪᠣᠯᠬᠤ ᠦᠭᠡᠢ᠂ ᠥᠪᠡᠷ᠎ᠤᠨ ᠵᠶ᠋ᠠᠨ ᠳᠠᠪᠠᠭᠤᠯᠢᠭ᠎ᠨᠢ ᠬᠠᠮᠢᠭ᠎ᠠ ᠪᠠᠶ᠋ᠢᠬᠤ᠂ ᠬᠡᠷᠬᠢᠨ ᠳᠠᠪᠠᠭᠤᠯᠢᠭ᠎ᠢ᠎ᠨᠢ ᠠᠪᠴᠤ ᠳᠤᠲᠠᠭᠳᠠᠯ ᠵᠶ᠋ᠠᠨ ᠨᠥᠬᠦᠬᠦ᠂ ᠬᠡᠷᠬᠢᠨ ᠰᠠᠶ᠋ᠢᠨ ᠵᠶ᠋ᠠᠨ ᠪᠠᠳᠠᠷᠠᠭᠤᠯᠤᠨ ᠰᠢᠭ᠋ᠠᠷᠤ᠎ᠪᠠᠨ ᠲᠡᠪᠴᠢᠬᠦ ᠵᠢ ᠪᠣᠳᠣᠬᠤ ᠬᠡᠷᠡᠭᠲᠡᠢ᠃》 ᠶᠡᠷᠦᠩᠬᠡᠢ ᠱᠦᠵᠢ ᠰᠢ ᠵᠢᠨ ᠫᠢᠩ ᠠᠷᠭ᠎ᠠ ᠵᠢᠨ ᠤᠨᠤᠯ᠎ᠤᠨ ᠲᠤᠬᠠᠢ ᠢᠩᠭᠢᠵᠦ ᠶᠠᠷᠢᠪᠠ᠃
       ᠬᠠᠷᠢᠭᠤ ᠮᠡᠳᠡᠭᠦᠯᠦᠯᠲᠡ ᠵᠢᠨ ᠬᠤᠷᠠᠯ ᠳᠡᠭᠡᠷᠡᠬᠢ ᠵᠠᠩᠭᠢᠯᠠᠭ᠎ᠠ ᠪᠣᠯᠬᠤ ᠬᠤᠶᠠᠷ ᠪᠠᠳᠠᠭ ᠦᠭᠡᠰ᠎ᠨᠢ ᠪᠦᠬᠦ ᠲᠠᠯ᠎ᠠ ᠵᠢᠨ ᠪᠠ ᠣᠷᠣᠨ ᠪᠦᠰᠡ ᠵᠢᠨ ᠲᠠᠯ᠎ᠠ᠎ᠪᠠᠷ᠎ᠬᠢ ᠬᠤᠪᠢᠰᠤᠩᠭᠤᠢ ᠡᠵᠡᠮᠳᠡᠯ᠎ᠢ ᠠᠮᠢᠳᠤᠯᠢᠭ ᠵᠶ᠋ᠠᠷ ᠬᠠᠷᠠᠭᠤᠯᠵᠠᠢ᠃
       ᠵᠠᠩᠭᠢᠯᠠᠭ᠎ᠠ ᠪᠣᠯᠬᠤ ᠨᠢᠭᠡᠳᠦᠭᠡᠷ ᠪᠠᠳᠠᠭ ᠦᠭᠡᠰ᠎ᠨᠢ ᠴᠢᠨᠠᠷ ᠰᠠᠶ᠋ᠢᠲᠠᠢ ᠬᠥᠭᠵᠢᠯᠲᠡ ᠪᠣᠯᠣᠨ᠎ᠠ᠃ ᠣᠳᠣᠬᠠᠨ᠎ᠤ ᠰᠠᠭ᠋ᠠᠳ ᠲᠣᠳᠬᠠᠷ᠎ᠢ ᠠᠷᠢᠯᠭ᠋ᠠᠬᠤ ᠵᠢ ᠴᠢᠬᠤᠯᠠᠴᠢᠯᠠᠬᠤ᠎ᠪᠠᠷ ᠪᠠᠷᠠᠬᠤ ᠦᠭᠡᠢ ᠪᠠᠰᠠ ᠠᠯᠤᠰ ᠬᠡᠳᠤ ᠵᠢᠨ ᠤᠶᠠᠨ ᠬᠠᠳᠠᠨ ᠴᠢᠨᠠᠷ ᠵᠶ᠋ᠠᠨ ᠪᠠᠲᠤᠳᠬᠠᠬᠤ ᠵᠢ ᠠᠩᠬᠠᠷᠬᠤ ᠬᠡᠷᠡᠭᠲᠡᠢ᠃
       《ᠡᠨᠡ ᠵᠢᠯ᠎ᠤᠨ ᠪᠤᠭᠤᠳᠠᠢ ᠵᠢᠨ ᠲᠠᠷᠢᠮᠠᠯ᠎ᠤᠨ ᠲᠠᠯᠠᠪᠠᠶ᠎ᠨᠢ ᠨᠡᠮᠡᠭᠳᠡᠭᠰᠡᠨ ᠦᠦ᠂ ᠲᠣᠭᠲᠠᠭᠤᠨ ᠦᠦ᠂ ᠪᠠᠭᠤᠷᠠᠭᠰᠠᠨ ᠦᠦ? ᠡᠨᠡ ᠤᠳᠠᠭ᠎ᠠ ᠵᠢᠨ ᠭᠠᠩ᠎ᠤᠨ ᠪᠠᠶ᠋ᠢᠳᠠᠯ ᠲᠠ ᠨᠠᠷ᠎ᠤᠨ ᠬᠤᠷᠢᠶᠠᠯᠲᠠ ᠵᠢ ᠨᠥᠯᠥᠭᠡᠯᠡᠭᠰᠡᠨ ᠦᠦ ᠦᠭᠡᠢ ᠦᠦ?》 ᠡᠨᠡ᠎ᠨᠢ ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ ᠵᠢᠨ ᠲᠣᠭᠲᠠᠭᠤᠨ᠎ᠤ ᠲᠤᠬᠠᠢ ᠪᠣᠳᠣᠯᠬᠢᠯᠠᠯ ᠪᠣᠯᠣᠨ᠎ᠠ᠃
       ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ ᠵᠶ᠋ᠠᠨ ᠪᠠᠬᠢᠵᠢᠭᠦᠯᠦᠨ ᠥᠷᠭᠡᠳᠬᠡᠭᠰᠡᠨ ᠪᠠᠶ᠋ᠢᠳᠠᠯ᠎ᠤᠨ ᠲᠤᠬᠠᠢ ᠮᠤᠵᠢ ᠵᠢᠨ ᠬᠠᠷᠢᠭᠤ ᠮᠡᠳᠡᠭᠦᠯᠦᠯᠲᠡ ᠵᠢ ᠰᠣᠨᠣᠰᠤᠮᠠᠭᠴᠠ᠄ 《ᠾᠧᠨᠠᠨ᠎ᠤ ᠲᠤᠬᠠᠢ ᠵᠢᠨ ᠦᠶ᠎ᠡ᠎ᠳᠠᠬᠢ ᠶᠠᠳᠠᠭᠤ ᠬᠦᠴᠢᠷᠳᠡᠯᠲᠡᠢ ᠬᠥᠮᠥᠨ ᠠᠮᠠ ᠬᠡᠳᠦᠢ ᠪᠠᠶ᠋ᠢᠭᠰᠠᠨ ᠪᠤᠢ?》 ᠭᠡᠵᠦ ᠠᠰᠠᠭᠤᠪᠠ᠃ ᠡᠨᠡ᠎ᠨᠢ ᠠᠷᠠᠳ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠲᠤᠬᠠᠢ ᠨᠠᠷᠢᠨ ᠵᠦᠢ᠍ᠯᠡᠰ᠎ᠢ ᠠᠩᠬᠠᠷᠴᠤ ᠪᠠᠶ᠋ᠢᠭ᠎ᠠ ᠶᠠᠪᠤᠳᠠᠯ ᠪᠣᠯᠣᠨ᠎ᠠ᠃
       《ᠠᠮᠢ ᠠᠬᠤᠢ ᠵᠢ ᠬᠠᠮᠠᠭ᠋ᠠᠯᠠᠬᠤ᠎ᠨᠢ ᠴᠡᠴᠡᠭ᠎ᠤᠨ ᠬᠦᠷᠢᠶᠡᠯᠡᠩ᠂ ᠴᠡᠴᠡᠷᠯᠢᠭ ᠪᠠᠶ᠋ᠢᠭᠤᠯᠬᠤ ᠵᠢ ᠯᠠ ᠬᠡᠯᠡᠵᠦ ᠪᠠᠶ᠋ᠢᠬᠤ ᠪᠢᠰᠢ᠃》 ᠡᠨᠡ᠎ᠨᠢ ᠦᠨᠡᠨ᠎ᠠᠴᠠ ᠵᠥᠪ᠎ᠢ ᠡᠷᠢᠬᠦ ᠵᠢ ᠰᠤᠷᠲᠠᠯᠴᠢᠯᠠᠭᠰᠠᠨ ᠪᠠᠶ᠋ᠢᠨ᠎ᠠ᠃
       《ᠢᠲᠡᠭᠡᠯ ᠵᠣᠷᠢᠭ ᠵᠶ᠋ᠠᠨ ᠪᠠᠲᠤᠳᠬᠠᠵᠤ᠂ ᠥᠪᠡᠷ᠎ᠤᠨ ᠵᠶ᠋ᠠᠨ ᠠᠵᠢᠯ ᠶᠠᠪᠤᠳᠠᠯ ᠵᠶ᠋ᠠᠨ ᠭᠤᠶ᠋ᠢᠪᠢᠰᠢ ᠦᠭᠡᠢ ᠰᠠᠶ᠋ᠢᠲᠤᠷ ᠬᠢᠬᠦ ᠬᠡᠷᠡᠭᠲᠡᠢ᠃》 ᠭᠡᠵᠦ ᠶᠡᠷᠦᠩᠬᠡᠢ ᠱᠦᠵᠢ ᠭᠦᠨ ᠰᠡᠳᠬᠢᠯᠭᠡ᠎ᠲᠠᠢ᠎ᠪᠠᠷ ᠬᠡᠯᠡᠪᠡ᠃ ᠴᠢᠨᠠᠷ ᠰᠠᠶ᠋ᠢᠲᠠᠢ ᠬᠥᠭᠵᠢᠯᠲᠡ ᠵᠢᠨ ᠲᠣᠭᠲᠠᠭ᠋ᠠᠯᠲᠤ ᠴᠢᠨᠠᠷ ᠵᠶ᠋ᠠᠷ ᠡᠯ᠎ᠡ ᠵᠦᠢ᠍ᠯ᠎ᠤᠨ ᠲᠣᠭᠲᠠᠭ᠋ᠠᠯᠲᠤ ᠪᠤᠰᠤ ᠴᠢᠨᠠᠷ᠎ᠢ ᠠᠷᠭ᠋ᠠᠴᠠᠭ᠋ᠠᠬᠤ ᠪᠣᠯ ᠣᠳᠣᠬᠠᠨ᠎ᠳᠠᠬᠢ ᠰᠠᠭ᠋ᠠᠳ ᠣᠯᠠᠨᠲᠠᠢ ᠪᠠᠶ᠋ᠢᠳᠠᠯ᠎ᠢ ᠪᠦᠲᠦᠮᠵᠢᠲᠡᠢ ᠠᠷᠭ᠋ᠠᠴᠠᠭ᠋ᠠᠬᠤ ᠪᠠᠶ᠋ᠢᠯᠳᠤᠬᠤ ᠪᠣᠳᠣᠯᠭ᠎ᠠ ᠵᠢᠨ ᠰᠣᠩᠭᠤᠯᠲᠠ ᠪᠣᠯᠣᠨ᠎ᠠ᠂ ᠦᠨᠡᠨ᠎ᠢ ᠬᠡᠯᠡᠪᠡᠯ ᠣᠷᠣᠨ ᠪᠦᠰᠡ ᠨᠢᠭᠡ ᠪᠦᠷᠢ᠎ᠨᠢ ᠬᠥᠭᠵᠢᠯᠲᠡ ᠵᠢᠨ ᠰᠡᠳᠦᠪ ᠪᠣᠯᠭ᠋ᠠᠨ᠎ᠢ ᠬᠠᠷᠢᠭᠤᠯᠬᠤ᠎ᠳᠤ᠎ᠪᠠᠨ ᠴᠥᠮ ᠨᠡᠩ ᠪᠣᠳᠠᠲᠠᠢ᠂ ᠨᠡᠩ ᠬᠢᠨᠠᠮᠠᠭ᠋ᠠᠢ ᠪᠠᠶ᠋ᠢᠬᠤ ᠬᠡᠷᠡᠭᠲᠡᠢ᠃
       ᠵᠠᠩᠭᠢᠯᠠᠭ᠎ᠠ ᠪᠣᠯᠬᠤ ᠬᠤᠶᠠᠳᠤᠭ᠋ᠠᠷ ᠦᠭᠡᠰ᠎ᠨᠢ ᠰᠠᠶ᠋ᠢᠨ ᠦᠷ᠎ᠡ ᠪᠦᠲᠦᠮᠵᠢ᠎ᠲᠠᠢ ᠵᠠᠰᠠᠯᠲᠠ ᠪᠣᠯᠣᠨ᠎ᠠ᠃
       《ᠾᠧᠨᠠᠨ᠎ᠤ ᠬᠥᠮᠥᠨ ᠠᠮᠠ ᠵᠢᠨ ᠶᠡᠷᠦᠩᠬᠡᠢ ᠲᠤᠭ᠎ᠠ᠂ ᠬᠥᠮᠥᠨ ᠠᠮᠠ ᠵᠢᠨ ᠨᠢᠭᠲᠠᠴᠠ᠂ ᠬᠥᠮᠥᠨ ᠠᠮᠠ ᠵᠢᠨ ᠰᠢᠯᠵᠢᠯᠲᠡ ᠵᠢᠨ ᠬᠡᠮᠵᠢᠶ᠎ᠡ ᠴᠥᠮ ᠨᠡᠯᠢᠶᠡᠳ ᠶᠡᠭᠡ᠂ ᠨᠡᠶ᠋ᠢᠭᠡᠮ᠎ᠤᠨ ᠠᠰᠠᠭᠤᠳᠠᠯ ᠨᠠᠷᠢᠨ ᠪᠤᠳᠤᠯᠢᠶᠠᠨᠲᠠᠢ ᠪᠥᠭᠡᠳ ᠣᠯᠠᠨ ᠶᠠᠩᠵᠤ ᠵᠢᠨ ᠪᠠᠶ᠋ᠢᠳᠠᠭ ᠪᠣᠯᠬᠤᠷ ᠨᠡᠶ᠋ᠢᠭᠡᠮ᠎ᠤᠨ ᠵᠠᠰᠠᠯᠲᠠ ᠵᠢ ᠡᠷᠬᠡᠪᠰᠢ ᠯᠠᠪᠳᠠᠭᠤᠨ ᠪᠠᠲᠤᠲᠠᠢ᠎ᠪᠠᠷ ᠴᠢᠩᠭ᠋ᠠᠳᠬᠠᠬᠤ ᠬᠡᠷᠡᠭᠲᠡᠢ᠃》
       ᠳᠦᠷᠢᠮ᠎ᠤᠨ ᠳᠠᠪᠠᠭᠤᠯᠢᠭ᠎ᠢ ᠬᠡᠷᠬᠢᠨ ᠵᠠᠰᠠᠯᠲᠠ ᠵᠢᠨ ᠪᠦᠲᠦᠮᠵᠢ ᠪᠣᠯᠭ᠋ᠠᠨ ᠬᠤᠪᠢᠷᠠᠭᠤᠯᠬᠤ ᠪᠤᠢ? ᠦᠨᠳᠦᠰᠦ ᠵᠢ ᠪᠠᠬᠢᠵᠢᠭᠦᠯᠦᠨ ᠰᠠᠭᠤᠷᠢ ᠵᠢ ᠪᠠᠲᠤᠳᠬᠠᠬᠤ᠎ᠳᠤ ᠠᠩᠬᠠᠷᠤᠯ ᠲᠥᠪᠯᠡᠷᠡᠭᠦᠯᠬᠦ᠎ᠪᠠᠷ᠂ ᠶᠡᠷᠦᠩᠬᠡᠢ ᠱᠦᠵᠢ ᠴᠢᠬᠤᠯᠠᠴᠢᠯᠠᠬᠤ᠎ᠳᠤ᠎ᠪᠠᠨ᠄ 《ᠨᠠᠮ᠎ᠤᠨ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ ᠵᠠᠰᠠᠯᠲᠠ ᠵᠢᠨ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠵᠦ᠂ ᠠᠵᠤ ᠠᠬᠤᠢ ᠵᠢᠨ ᠰᠢᠨ᠎ᠡ ᠵᠣᠬᠢᠶᠠᠨ ᠪᠠᠶ᠋ᠢᠭᠤᠯᠤᠯᠲᠠ᠂ ᠨᠡᠶ᠋ᠢᠭᠡᠮ᠎ᠤᠨ ᠰᠢᠨ᠎ᠡ ᠵᠣᠬᠢᠶᠠᠨ ᠪᠠᠶ᠋ᠢᠭᠤᠯᠤᠯᠲᠠ᠂ ᠰᠢᠨ᠎ᠡ᠎ᠪᠠᠷ ᠠᠵᠢᠯ ᠣᠯᠣᠭᠰᠠᠳ᠎ᠲᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠴᠢᠩᠭ᠋ᠠᠳᠬᠠᠬᠤ ᠬᠡᠷᠡᠭᠲᠡᠢ》 ᠭᠡᠵᠦ ᠴᠢᠬᠤᠯᠠᠴᠢᠯᠠᠪᠠ᠃
       ᠰᠢᠨ᠎ᠡ ᠴᠠᠭ ᠦᠶ᠎ᠡ᠎ᠳᠠᠬᠢ 《ᠹᠧᠩᠴᠢᠶᠣᠣ ᠵᠢᠨ ᠲᠤᠷᠰᠢᠯᠭ᠎ᠠ》 ᠵᠢᠨ ᠠᠮᠢᠵᠢᠷᠠᠯ᠎ᠤᠨ ᠬᠦᠴᠦᠨ᠎ᠢ᠎ᠨᠢ ᠬᠡᠷᠬᠢᠨ ᠪᠠᠳᠠᠷᠠᠭᠤᠯᠬᠤ ᠪᠤᠢ? 《ᠳᠣᠲᠣᠷ᠎ᠠ᠎ᠪᠠᠨ ᠲᠤᠭ᠎ᠠ᠎ᠲᠠᠢ ᠪᠠᠶ᠋ᠢᠵᠤ᠂ ᠤᠷᠢᠳ᠎ᠠᠴᠠ ᠪᠡᠯᠡᠳᠬᠡᠯ ᠰᠠᠶ᠋ᠢᠨ ᠬᠢᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠬᠤ ᠬᠡᠷᠡᠭᠲᠡᠢ᠂ ᠬᠠᠷᠢᠨ ᠬᠡᠷᠡᠭ ᠭᠠᠷᠤᠭᠰᠠᠨ᠎ᠤ ᠳᠠᠷᠠᠭ᠎ᠠ ᠰᠠᠶᠢ ᠠᠵᠢᠯ ᠵᠶ᠋ᠠᠨ ᠴᠢᠩᠭ᠋ᠠᠳᠬᠠᠬᠤ ᠭᠡᠳ ᠪᠣᠯᠬᠤ ᠦᠭᠡᠢ᠂ ᠭᠠᠯ ᠤᠨᠲᠠᠷᠠᠭ᠋ᠠᠬᠤ ᠠᠩᠭᠢ ᠵᠢᠨ ᠳᠠᠷᠤᠭ᠎ᠠ ᠪᠣᠯᠣᠭ᠋ᠠᠳ ᠪᠠᠶ᠋ᠢᠵᠤ ᠪᠣᠯᠬᠤ ᠦᠭᠡᠢ》᠂ 《ᠬᠡᠯᠪᠡᠷᠢᠴᠢ ᠦᠵᠡᠯ᠎ᠢ ᠦᠨᠡᠨ ᠬᠦ᠌ ᠴᠡᠭᠴᠡᠯᠡᠨ ᠵᠠᠰᠠᠭ᠋ᠠᠳ ᠦᠨᠳᠦᠰᠦᠨ ᠱᠠᠲᠤᠨ᠎ᠤ ᠳᠠᠷᠤᠭ᠋ᠠᠰᠤ ᠵᠢ᠎ᠨᠢ ᠬᠥᠩᠭᠡᠷᠡᠭᠦᠯᠬᠦ ᠬᠡᠷᠡᠭᠲᠡᠢ᠂ ᠰᠠᠶ᠋ᠢᠨ ᠠᠵᠢᠯ ᠶᠠᠪᠤᠳᠠᠯ᠂ ᠦᠵᠡᠮᠦᠷᠢ ᠵᠢᠨ ᠠᠵᠢᠯ ᠶᠠᠪᠤᠳᠠᠯ᠎ᠤᠳ᠎ᠢ ᠬᠢᠭᠡᠳ ᠪᠠᠶ᠋ᠢᠵᠤ ᠪᠣᠯᠬᠤ ᠦᠭᠡᠢ᠂ ᠪᠡᠷᠬᠡ ᠠᠵᠢᠯ ᠶᠠᠪᠤᠳᠠᠯ᠂ ᠬᠥᠮᠥᠨ᠎ᠢ ᠭᠤᠮᠣᠳᠠᠭ᠋ᠠᠬᠤ ᠠᠵᠢᠯ ᠶᠠᠪᠤᠳᠠᠯ᠎ᠤᠳ ᠵᠶ᠋ᠠᠨ ᠦᠨᠳᠦᠰᠦᠨ ᠱᠠᠲᠤᠨ᠎ᠳᠤ ᠲᠦᠯᠬᠢᠵᠦ ᠪᠣᠯᠬᠤ ᠦᠭᠡᠢ᠃》 ᠶᠡᠷᠦᠩᠬᠡᠢ ᠱᠦᠵᠢ ᠵᠢᠨ ᠶᠠᠷᠢᠶ᠎ᠠ᠎ᠨᠢ ᠪᠣᠷᠣᠭᠵᠢᠭᠤᠨ ᠮᠥᠷᠲᠡᠭᠡᠨ ᠭᠦᠨ ᠤᠳᠬ᠎ᠠ ᠰᠠᠨᠠᠭ᠎ᠠ᠎ᠲᠠᠢ᠂ 《ᠨᠢᠭᠡ᠎ᠳᠤ ᠵᠥᠷᠢᠴᠡᠯ᠎ᠢ ᠬᠤᠷᠠᠮᠳᠤᠭᠤᠯᠵᠤ ᠪᠣᠯᠬᠤ ᠦᠭᠡᠢ᠂ ᠬᠤᠶᠠᠷ᠎ᠲᠤ ᠲᠡᠳᠡᠭᠡᠷ᠎ᠢ ᠲᠥᠷᠥᠯ ᠠᠩᠭᠢᠯᠠᠨ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ᠃ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠵᠠᠰᠠᠬᠤ ᠵᠢ ᠪᠠᠷᠢᠮᠲᠠᠯᠠᠨ᠂ ᠵᠥᠷᠢᠴᠡᠯ᠎ᠢ ᠦᠨᠳᠦᠰᠦᠨ ᠱᠠᠲᠤᠨ᠎ᠳᠤ᠎ᠨᠢ ᠠᠷᠢᠯᠭ᠋ᠠᠬᠤ ᠬᠡᠷᠡᠭᠲᠡᠢ》 ᠭᠡᠪᠡ ᠁
   

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠤᠷᠢᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠠᠷᠠᠭᠤᠨ ᠣᠷᠣᠨ᠎ᠤ ᠤᠯᠠᠨ ᠤᠯᠤᠰ᠎ᠤᠨ ᠦᠵᠡᠰᠭᠦᠯᠡᠩ᠎ᠤᠨ ᠴᠤᠭᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠵᠠᠬᠢᠳᠠᠯ ᠢᠯᠡᠭᠡᠵᠦ ᠹᠦᠳᠠᠨ ᠶᠡᠭᠡ ᠰᠤᠷᠭ᠋ᠠᠭᠤᠯᠢ ᠪᠠᠶ᠋ᠢᠭᠤᠯᠤᠭᠳᠠᠭᠰᠠᠨ 120 ᠵᠢᠯ᠎ᠤᠨ ᠤᠢ᠎ᠳᠤ ᠪᠠᠶᠠᠷ ᠬᠦᠷᠭᠡᠪᠡ
ᠰᠢ ᠵᠢᠨ ᠫᠢᠩ ᠵᠠᠬᠢᠳᠠᠯ ᠢᠯᠡᠭᠡᠵᠦ ᠳᠤᠮᠳᠠᠳᠤ ᠤᠯᠤᠰ᠎ᠤᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠶᠢᠰᠦᠳᠦᠭᠡᠷ ᠤᠳᠠᠭ᠎ᠠ ᠵᠢᠨ ᠪᠥᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠬᠤᠷᠠᠯᠳᠤᠭᠰᠠᠨ᠎ᠳᠤ ᠪᠠᠶᠠᠷ ᠬᠦᠷᠭᠡᠵᠦ ᠴᠢᠬᠤᠯᠠᠴᠢᠯᠠᠭᠰᠠᠨ᠎ᠨᠢ ᠪᠠᠭ᠋ᠠᠴᠤᠳ᠎ᠤᠨ ᠬᠤᠰᠢᠭᠤᠴᠢ ᠠᠩᠭᠢ ᠵᠢᠨ ᠲᠤᠭ᠎ᠢ ᠥᠨᠳᠥᠷ ᠮᠠᠨᠳᠤᠭᠤᠯᠵᠤ ᠨᠠᠮ ᠵᠶ᠋ᠠᠨ᠎ᠲᠠᠭᠠᠨ ᠤᠷᠤᠭᠰᠢᠯᠠᠵᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠬᠢᠷᠢ ᠲᠡᠩᠴᠡᠭᠰᠡᠨ ᠪᠦᠲᠦᠭᠡᠨ ᠪᠠᠶ᠋ᠢᠭᠤᠯᠤᠭᠴᠢ ᠵᠢ ᠬᠥᠮᠥᠵᠢᠭᠦᠯᠬᠦ ᠬᠡᠷᠡᠭᠲᠡᠢ
ᠳᠤᠮᠳᠠᠳᠤ ᠤᠯᠤᠰ᠎ᠤᠨ ᠣᠨᠴᠠᠯᠢᠭ ᠪᠦᠬᠦᠢ ᠣᠳᠣ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠰᠠᠨᠠᠯ
 
            