ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 25᠎ᠤ ᠴᠠᠭᠢᠯᠭ᠋ᠠᠨ ᠮᠡᠳᠡᠭᠡ 5 ᠰᠠᠷ᠎ᠠ ᠵᠢᠨ 25᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠤᠷᠢᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠠᠷᠠᠭᠤᠨ ᠣᠷᠣᠨ᠎ᠤ ᠤᠯᠠᠨ ᠤᠯᠤᠰ᠎ᠤᠨ ᠦᠵᠡᠰᠭᠦᠯᠡᠩ᠎ᠤᠨ ᠴᠤᠭᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ᠃
ᠰᠢ ᠵᠢᠨ ᠫᠢᠩ᠂ ᠲᠣᠰ ᠬᠤᠭᠤᠴᠠᠭ᠋ᠠᠨ᠎ᠤ ᠪᠠᠷᠠᠭᠤᠨ ᠣᠷᠣᠨ᠎ᠤ ᠦᠵᠡᠰᠭᠦᠯᠡᠩ᠎ᠤᠨ ᠴᠤᠭᠯᠠᠭ᠋ᠠᠨ᠎ᠨᠢ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠷᠣᠨ ᠪᠦᠰᠡ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠵᠢ ᠳᠡᠮᠵᠢᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠴᠢᠬᠤᠯᠠ ᠠᠬᠢᠭᠤᠯᠬᠤ ᠦᠢ᠍ᠯᠡᠳᠦᠯ᠎ᠲᠠᠢ ᠪᠥᠭᠡᠳ ᠳᠡᠯᠡᠬᠡᠢ ᠵᠢᠨ ᠡᠯ᠎ᠡ ᠤᠯᠤᠰ᠎ᠤᠨ ᠳᠤᠮᠳᠠᠳᠤ ᠤᠯᠤᠰ᠎ᠤᠨ ᠪᠠᠷᠠᠭᠤᠨ ᠣᠷᠣᠨ᠎ᠤ ᠬᠥᠭᠵᠢᠯᠲᠡ ᠵᠢᠨ ᠠᠵᠠ ᠲᠣᠭᠢᠶᠠᠯ᠎ᠢ ᠬᠠᠮᠲᠤ᠎ᠪᠠᠷ ᠡᠳ᠋ᠯᠡᠬᠦ᠎ᠳᠤ ᠪᠦᠲᠦᠮᠵᠢᠲᠡᠶ ᠲᠠᠪᠴᠠᠩ ᠬᠠᠩᠭ᠋ᠠᠭᠰᠠᠨ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠪᠦᠯᠬᠦᠮᠳᠡᠪᠡᠯ ᠰᠠᠶᠢ ᠬᠠᠮᠲᠤ᠎ᠪᠠᠷ ᠠᠰᠢᠭ ᠬᠦᠷᠲᠡᠵᠦ᠂ ᠭᠠᠷ ᠬᠤᠯᠪᠣᠯᠴᠠᠪᠠᠯ ᠰᠠᠶᠢ ᠬᠠᠮᠲᠤ᠎ᠪᠠᠷ ᠤᠷᠤᠭᠰᠢᠯᠠᠵᠤ ᠴᠢᠳᠠᠨ᠎ᠠ᠃ ᠪᠢᠳᠡ ᠳᠤᠷᠠᠲᠠᠶ᠎ᠠ ᠡᠨᠡ ᠤᠳᠠᠭ᠎ᠠ ᠵᠢᠨ ᠦᠵᠡᠰᠭᠦᠯᠡᠩ᠎ᠤᠨ ᠴᠤᠭᠯᠠᠭ᠋ᠠᠨ ᠵᠶ᠋ᠠᠷ ᠠᠵᠠ ᠲᠣᠭᠢᠶᠠᠯ ᠪᠤᠯᠭ᠋ᠠᠵᠤ᠂ ᠡᠯ᠎ᠡ ᠤᠯᠤᠰ᠎ᠤᠨ ᠨᠠᠶ᠋ᠢᠵᠠ ᠨᠠᠷ᠎ᠲᠠᠢ ᠤᠯᠠᠮ ᠨᠢᠭᠡ ᠠᠯᠬᠤᠮ ᠣᠶ᠋ᠢᠯᠠᠭ᠋ᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠨᠥᠬᠦᠷᠯᠡᠯ ᠵᠶ᠋ᠠᠨ ᠵᠤᠵᠠᠭ᠋ᠠᠳᠬᠠᠨ᠂ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠤᠯᠠᠨ ᠲᠠᠯᠠᠲᠤ ᠠᠷᠠᠯᠵᠢᠶᠠᠨ᠎ᠤ ᠪᠠᠶ᠋ᠢᠭᠤᠯᠤᠯ ᠪᠣᠯᠣᠨ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠥᠭᠡᠳ ᠰᠠᠭ᠋ᠠᠳ ᠦᠭᠡᠢ ᠨᠡᠪᠲᠡᠷᠡᠬᠦ ᠵᠢ ᠬᠠᠮᠲᠤ᠎ᠪᠠᠷ ᠬᠠᠮᠠᠭ᠋ᠠᠯᠠᠵᠤ᠂ ᠳᠡᠯᠡᠬᠡᠢ ᠵᠢᠨ ᠠᠵᠤ ᠠᠬᠤᠢ ᠵᠢᠨ ᠬᠥᠭᠵᠢᠯ ᠴᠡᠴᠡᠭᠯᠡᠯ᠎ᠢ ᠠᠬᠢᠭᠤᠯᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠴᠢᠬᠤᠯᠠᠴᠢᠯᠠᠪᠠ᠃
ᠬᠤᠷᠢᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠠᠷᠠᠭᠤᠨ ᠣᠷᠣᠨ᠎ᠤ ᠤᠯᠠᠨ ᠤᠯᠤᠰ᠎ᠤᠨ ᠦᠵᠡᠰᠭᠦᠯᠡᠩ᠎ᠤᠨ ᠴᠤᠭᠯᠠᠭ᠋ᠠᠨ ᠲᠤᠰ ᠡᠳᠦᠷ ᠰᠧᠴᠦᠸᠠᠨ ᠮᠤᠵᠢ ᠵᠢᠨ ᠴᠧᠩᠳᠦ᠋ ᠬᠤᠳᠠ᠎ᠳᠤ ᠡᠬᠢᠯᠡᠪᠡ᠂ 《ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠬᠥᠳᠡᠯᠭᠡᠬᠦ ᠴᠢᠳᠠᠪᠤᠷᠢ ᠵᠢ ᠨᠡᠮᠡᠭᠳᠡᠭᠦᠯᠵᠦ ᠨᠡᠭᠡᠭᠡᠯᠲᠡ ᠵᠢ ᠥᠷᠭᠡᠳᠬᠡᠵᠦ ᠬᠥᠭᠵᠢᠯᠲᠡ ᠵᠢ ᠠᠬᠢᠭᠤᠯᠤᠶ᠎ᠠ》 ᠭᠡᠬᠦ ᠭᠤᠣᠯ ᠰᠡᠳᠦᠪ᠎ᠲᠠᠢ᠂ ᠰᠧᠴᠦᠸᠠᠨ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠤᠣᠯᠯᠠᠨ ᠡᠷᠭᠢᠯᠡᠵᠤ ᠪᠠᠶ᠋ᠢᠨ᠎ᠠ᠃