ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠵᠠᠬᠢᠳᠠᠯ ᠢᠯᠡᠭᠡᠵᠦ ᠹᠦᠳᠠᠨ ᠶᠡᠭᠡ ᠰᠤᠷᠭ᠋ᠠᠭᠤᠯᠢ ᠪᠠᠶ᠋ᠢᠭᠤᠯᠤᠭᠳᠠᠭᠰᠠᠨ 120 ᠵᠢᠯ᠎ᠤᠨ ᠤᠢ᠎ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄ 2025-05-27

   ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 26᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 26᠎ᠤ ᠡᠳᠦᠷ ᠵᠠᠬᠢᠳᠠᠯ ᠢᠯᠡᠭᠡᠵᠦ ᠹᠦᠳᠠᠨ ᠶᠡᠭᠡ ᠰᠤᠷᠭ᠋ᠠᠭᠤᠯᠢ ᠪᠠᠶ᠋ᠢᠭᠤᠯᠤᠭᠳᠠᠭᠰᠠᠨ 120 ᠵᠢᠯ᠎ᠤᠨ ᠣᠶ᠎ᠳᠤ ᠪᠠᠶᠠᠷ ᠬᠦᠷᠭᠡᠵᠦ᠂ ᠪᠦᠭᠦ ᠪᠠᠭᠰᠢ ᠰᠣᠷᠣᠬ᠍ᠴᠢ ᠠᠵᠢᠯᠲᠠᠨ ᠪᠣᠯᠣᠨ ᠥᠷᠭᠡᠨ ᠣᠯᠠᠨ ᠰᠤᠷᠭ᠋ᠠᠭᠤᠯᠢ ᠵᠢᠨ ᠨᠠᠶ᠋ᠢᠵᠠ ᠨᠠᠷ᠎ᠲᠤ ᠬᠠᠯᠠᠭᠤᠨ ᠪᠠᠶᠠᠷ ᠬᠦᠷᠭᠡᠪᠡ᠃
       ᠰᠢ ᠵᠢᠨ ᠫᠢᠩ ᠪᠠᠶᠠᠷ᠎ᠤᠨ ᠵᠠᠬᠢᠳᠠᠯ᠎ᠳᠠᠭᠠᠨ᠂ 120 ᠵᠢᠯ᠎ᠤᠨ ᠲᠤᠷᠰᠢ ᠹᠦᠳᠠᠨ ᠶᠡᠭᠡ ᠰᠤᠷᠭ᠋ᠠᠭᠤᠯᠢ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠵᠤ᠂ ᠢᠷᠠᠭᠤ ᠠᠯᠳᠠᠷᠲᠤ ᠤᠯᠤᠰ ᠵᠶ᠋ᠠᠨ ᠬᠠᠶ᠋ᠢᠷᠠᠯᠠᠬᠤ ᠤᠯᠠᠮᠵᠢᠯᠠᠯ ᠪᠠ ᠰᠢᠯᠢᠳᠡᠭ ᠰᠤᠷᠭ᠋ᠠᠭᠤᠯᠢ ᠵᠢᠨ ᠰᠤᠷᠲᠠᠯ᠎ᠢ ᠪᠦᠷᠢᠯᠳᠦᠭᠦᠯᠵᠦ᠂ ᠦᠯᠡᠮᠵᠢ ᠤᠯᠠᠨ ᠰᠢᠯᠢᠳᠡᠭ ᠴᠢᠳᠠᠪᠤᠷᠢᠲᠠᠨ᠎ᠢ ᠬᠥᠮᠥᠵᠢᠭᠦᠯᠵᠦ᠂ ᠮᠠᠰᠢ ᠤᠯᠠᠨ ᠠᠩᠬᠠᠨ᠎ᠤ ᠡᠭᠦᠳᠦᠯᠲᠡ ᠵᠢᠨ ᠴᠢᠨᠠᠷᠲᠠᠢ ᠦᠷ᠎ᠡ ᠪᠦᠲᠦᠭᠡᠯ᠎ᠢ ᠡᠭᠦᠳᠴᠦ᠂ ᠤᠯᠤᠰ᠎ᠤᠨ ᠪᠦᠲᠦᠭᠡᠨ ᠪᠠᠶ᠋ᠢᠭᠤᠯᠤᠯᠲᠠ ᠪᠣᠯᠣᠨ ᠦᠨᠳᠦᠰᠦᠲᠡᠨ᠎ᠤ ᠲᠠᠪᠰᠢᠯᠳᠠ᠎ᠳᠤ ᠢᠳᠡᠪᠬᠢᠲᠡᠢ ᠦᠢ᠍ᠯᠡᠳᠦᠯ ᠦᠵᠡᠭᠦᠯᠵᠡᠢ ᠭᠡᠵᠦ ᠵᠢᠭ᠋ᠠᠵᠤ ᠭᠠᠷᠭ᠋ᠠᠪᠠ᠃
       ᠰᠢ ᠵᠢᠨ ᠫᠢᠩ᠂ ᠰᠢᠨ᠎ᠡ ᠭᠠᠷᠤᠭ᠎ᠠ ᠳᠡᠭᠡᠷ᠎ᠡ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ ᠱᠤᠭᠤᠵᠤ ᠬᠥᠮᠥᠨ ᠬᠥᠮᠥᠵᠢᠭᠦᠯᠬᠦ ᠵᠢ ᠴᠥᠬᠦᠷᠡᠰᠢ ᠦᠭᠡᠢ ᠪᠠᠷᠢᠮᠲᠠᠯᠠᠵᠤ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠪᠠ ᠪᠡᠶ᠎ᠡ᠎ᠪᠠᠨ ᠳᠠᠭ᠋ᠠᠭ᠋ᠠᠵᠤ ᠴᠢᠳᠠᠪᠤᠷᠢᠲᠠᠨ ᠬᠥᠮᠥᠵᠢᠭᠦᠯᠬᠦ ᠰᠠᠶ᠋ᠢᠨ ᠰᠠᠶ᠋ᠢᠬᠠᠨ ᠬᠤᠷᠰᠢᠯᠴᠠᠯ᠎ᠢ ᠠᠬᠢᠭᠤᠯᠵᠤ᠂ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠮᠡᠳᠡᠯᠭᠡ ᠵᠢᠨ ᠰᠢᠨ᠎ᠡ ᠵᠢ ᠡᠭᠦᠳᠬᠦ᠂ ᠣᠨᠣᠯ᠎ᠤᠨ ᠰᠢᠨ᠎ᠡ ᠵᠢ ᠡᠭᠦᠳᠬᠦ᠂ ᠠᠷᠭ᠎ᠠ ᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠪᠣᠯᠣᠨ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠭᠦ ᠵᠢ ᠹᠦᠳᠠᠨ ᠶᠡᠭᠡ ᠰᠤᠷᠭ᠋ᠠᠭᠤᠯᠢ ᠵᠢᠨ᠎ᠬᠢᠨ᠎ᠳᠤ ᠬᠦᠰᠡᠵᠦ ᠪᠠᠶ᠋ᠢᠨ᠎ᠠ ᠭᠡᠵᠦ ᠴᠢᠬᠤᠯᠠᠴᠢᠯᠠᠪᠠ᠃
       ᠹᠦᠳᠠᠨ ᠶᠡᠭᠡ ᠰᠤᠷᠭ᠋ᠠᠭᠤᠯᠢ 1905 ᠣᠨ᠎ᠳᠤ ᠪᠠᠶ᠋ᠢᠭᠤᠯᠤᠭᠳᠠᠵᠠᠢ᠃ 120 ᠵᠢᠯ᠎ᠤᠨ ᠲᠤᠷᠰᠢ ᠹᠦᠳᠡᠨ ᠶᠡᠭᠡ ᠰᠤᠷᠭ᠋ᠠᠭᠤᠯᠢ 《ᠥᠷᠭᠡᠨ ᠮᠡᠳᠡᠯᠭᠡ ᠪᠠᠲᠤ ᠢᠲᠡᠭᠡᠯ ᠨᠢᠮᠪᠠᠢ ᠰᠤᠷᠤᠯᠴᠠᠯᠭ᠎ᠠ ᠨᠢᠭᠲᠠ ᠰᠡᠳᠬᠢᠬᠦᠢ》 ᠭᠡᠬᠦ ᠰᠤᠷᠭ᠋ᠠᠭᠤᠯᠢ ᠵᠢᠨ ᠰᠤᠷᠭ᠋ᠠᠯ ᠵᠶ᠋ᠠᠷ᠂ ᠴᠣᠯᠭᠤᠷᠠᠬᠤ ᠵᠢ ᠬᠥᠭᠡᠭᠡᠴᠡᠯᠳᠦᠵᠦ᠂ ᠵᠠᠮ ᠨᠡᠭᠡᠭᠡᠨ ᠰᠢᠨ᠎ᠡ ᠵᠢ ᠡᠭᠦᠳᠴᠦ᠂ ᠤᠯᠤᠰ ᠣᠷᠣᠨ᠎ᠳᠤ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠬᠥᠮᠥᠵᠢᠭᠦᠯᠵᠡᠢ᠃
  

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠵᠠᠬᠢᠳᠠᠯ ᠢᠯᠡᠭᠡᠵᠦ ᠳᠤᠮᠳᠠᠳᠤ ᠤᠯᠤᠰ᠎ᠤᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠶᠢᠰᠦᠳᠦᠭᠡᠷ ᠤᠳᠠᠭ᠎ᠠ ᠵᠢᠨ ᠪᠥᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠬᠤᠷᠠᠯᠳᠤᠭᠰᠠᠨ᠎ᠳᠤ ᠪᠠᠶᠠᠷ ᠬᠦᠷᠭᠡᠵᠦ ᠴᠢᠬᠤᠯᠠᠴᠢᠯᠠᠭᠰᠠᠨ᠎ᠨᠢ ᠪᠠᠭ᠋ᠠᠴᠤᠳ᠎ᠤᠨ ᠬᠤᠰᠢᠭᠤᠴᠢ ᠠᠩᠭᠢ ᠵᠢᠨ ᠲᠤᠭ᠎ᠢ ᠥᠨᠳᠥᠷ ᠮᠠᠨᠳᠤᠭᠤᠯᠵᠤ ᠨᠠᠮ ᠵᠶ᠋ᠠᠨ᠎ᠲᠠᠭᠠᠨ ᠤᠷᠤᠭᠰᠢᠯᠠᠵᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠬᠢᠷᠢ ᠲᠡᠩᠴᠡᠭᠰᠡᠨ ᠪᠦᠲᠦᠭᠡᠨ ᠪᠠᠶ᠋ᠢᠭᠤᠯᠤᠭᠴᠢ ᠵᠢ ᠬᠥᠮᠥᠵᠢᠭᠦᠯᠬᠦ ᠬᠡᠷᠡᠭᠲᠡᠢ
ᠳᠤᠮᠳᠠᠳᠤ ᠤᠯᠤᠰ᠎ᠤᠨ ᠣᠨᠴᠠᠯᠢᠭ ᠪᠦᠬᠦᠢ ᠣᠳᠣ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠰᠠᠨᠠᠯ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ᠎ᠲᠤ ᠭᠠᠷ᠎ᠤᠨ ᠥᠰᠥᠭ ᠵᠢᠷᠤᠵᠤ 《ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠬᠠᠮᠲᠤ᠎ᠪᠠᠷ ᠡᠳ᠋ᠯᠡᠬᠦ ᠳᠦᠷᠢᠮ》᠎ᠢ ᠨᠡᠶ᠋ᠢᠲᠡᠯᠡᠪᠡ
ᠰᠢ ᠵᠢᠨ ᠫᠢᠩ ᠪᠧᠯᠤᠷᠦ᠋ᠰᠢᠶ᠎ᠠ ᠵᠢᠨ ᠶᠡᠷᠦᠩᠬᠡᠶ᠋ᠢᠯᠡᠭᠴᠢ ᠯᠦᠺᠠᠱ᠌ᠧᠨᠺᠧ᠎ᠲᠠᠢ ᠠᠭᠤᠯᠵᠠᠪᠠ
 
            