ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄ 2025-05-27

     ᠰᠢᠨᠬᠤᠸᠠ ᠬᠤᠷᠢᠶᠠᠨ᠎ᠤ ᠪᠡᠭᠡᠵᠢᠩ᠎ᠤᠨ 5 ᠳ᠋ᠤᠭ᠋ᠠᠷ ᠰᠠᠷ᠎ᠠ ᠵᠢᠨ 23᠎ᠤ ᠡᠳᠦᠷ᠎ᠤᠨ ᠴᠠᠬᠢᠯᠭ᠋ᠠᠨ ᠮᠡᠳᠡᠭᠡ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 5 ᠳ᠋ᠤᠭ᠋ᠠᠷ ᠰᠠᠷ᠎ᠠ ᠵᠢᠨ 23᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠵᠤ᠂ 《ᠦᠢ᠍ᠯᠡᠳᠬᠦ ᠦᠢ᠍ᠯᠡᠰ᠎ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠠᠵᠢᠯᠯᠠᠭ᠋ᠠᠨ᠎ᠤ ᠲᠥᠰᠥᠯ (2025 - 2027 ᠣᠨ)》᠎ᠢ ᠬᠢᠨᠠᠨ ᠶᠠᠷᠢᠯᠴᠠᠵᠤ ᠪᠠᠲᠤᠯᠠᠪᠠ᠂ ᠠᠮᠢ ᠠᠬᠤᠢ ᠵᠢᠨ ᠬᠠᠮᠠᠭ᠋ᠠᠯᠠᠯᠲᠠ ᠵᠢᠨ ᠬᠥᠨᠳᠡᠯᠡᠨ ᠵᠶ᠋ᠠᠷ ᠨᠥᠬᠦᠪᠦᠷᠢᠯᠡᠬᠦ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠵᠢ ᠰᠤᠳᠤᠯᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠬᠠᠤᠯᠢ (ᠵᠠᠰᠠᠪᠤᠷᠢ ᠣᠷᠣᠭᠤᠯᠤᠭᠰᠠᠨ ᠲᠥᠰᠥᠯ)》 ᠵᠢ ᠶᠠᠷᠢᠯᠴᠠᠪᠠ᠃
       ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠦᠢ᠍ᠯᠡᠳᠬᠦ ᠦᠢ᠍ᠯᠡᠰ᠎ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠠᠬᠢᠭᠤᠯᠬᠤ ᠪᠣᠯ ᠶᠡᠭᠡ ᠬᠠᠨᠳᠤᠰᠢ ᠶᠤᠮ᠂ ᠪᠣᠬᠢᠷᠲᠤᠯ ᠦᠭᠡᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠲᠡᠷᠢᠭᠦᠨ᠎ᠤ ᠪᠣᠬᠢᠷᠲᠤᠯ ᠦᠭᠡᠢ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠵᠦ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠪᠣᠬᠢᠷᠲᠤᠯ ᠦᠭᠡᠢ ᠰᠠᠭᠤᠷᠢ ᠵᠢ ᠴᠢᠩᠭ᠋ᠠᠳᠬᠠᠬᠤ ᠬᠡᠷᠡᠭᠲᠡᠢ᠃ ᠤᠯᠠᠮᠵᠢᠯᠠᠯᠲᠤ ᠠᠵᠤ ᠦᠢ᠍ᠯᠡᠰ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠵᠡᠷᠭᠡ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ᠎ᠯᠦᠭᠡ ᠤᠶᠠᠯᠳᠤᠭᠤᠯᠵᠤ᠂ ᠲᠡᠷᠢᠭᠦᠨ᠎ᠤ ᠲᠤᠨᠤᠭ ᠲᠥᠬᠦᠭᠡᠷᠦᠮᠵᠢ ᠪᠠ ᠤᠷᠠᠯᠠᠯ᠎ᠢ ᠢᠳᠡᠪᠬᠢᠲᠡᠢ ᠬᠡᠷᠡᠭᠯᠡᠵᠦ᠂ ᠭᠤᠣᠯᠳᠠᠯᠭ᠎ᠠ ᠪᠣᠯᠬᠤ ᠠᠵᠢᠯ ᠲᠦᠷᠦᠯ᠎ᠤᠨ ᠪᠣᠬᠢᠷᠲᠤᠯ ᠦᠭᠡᠢ᠎ᠪᠠᠷ ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠵᠢ ᠲᠦᠷᠭᠡᠳᠬᠡᠬᠦ ᠬᠡᠷᠡᠭᠲᠡᠢ᠃ ᠰᠢᠨ᠎ᠡ᠎ᠪᠠᠷ ᠮᠠᠨᠳᠤᠵᠤ ᠪᠠᠶ᠋ᠢᠭ᠎ᠠ ᠠᠵᠤ ᠦᠢ᠍ᠯᠡᠰ᠎ᠤᠨ ᠥᠨᠳᠥᠷ ᠭᠠᠷᠤᠭ᠎ᠠ᠎ᠲᠠᠢ ᠪᠣᠬᠢᠷᠲᠤᠯ ᠦᠭᠡᠢ ᠬᠥᠭᠵᠢᠯᠲᠡ ᠵᠢ ᠬᠥᠲᠥᠯᠥᠨ ᠳᠠᠭ᠋ᠠᠭᠤᠯᠵᠤ᠂ ᠴᠡᠪᠡᠷ ᠡᠨᠧᠷᠭᠢ᠂ ᠪᠣᠬᠢᠷᠲᠤᠯ ᠦᠭᠡᠢ ᠦᠢ᠍ᠯᠡᠳᠬᠦᠨ᠎ᠤ ᠳᠡᠯᠭᠡᠷᠡᠭᠦᠯᠦᠯᠲᠡ ᠵᠢ ᠴᠢᠩᠭ᠋ᠠᠳᠬᠠᠵᠤ᠂ ᠡᠬᠢ ᠪᠠᠶᠠᠯᠢᠭ᠎ᠢ ᠣᠷᠴᠢᠯᠳᠤᠭᠤᠯᠤᠨ ᠠᠰᠢᠭᠯᠠᠬᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠬᠡᠷᠡᠭᠲᠡᠢ᠃ ᠨᠡᠶ᠋ᠢᠲᠡᠴᠢ ᠴᠢᠨᠠᠷᠲᠠᠢ ᠮᠡᠷᠭᠡᠵᠢᠯ᠎ᠤᠨ ᠪᠣᠭᠤᠮᠲᠠ ᠰᠢᠪᠲᠤᠯᠤᠯᠲᠠ ᠵᠢ ᠴᠢᠩᠭ᠋ᠠᠳᠬᠠᠵᠤ᠂ ᠭᠤᠣᠯᠳᠠᠯᠭ᠎ᠠ ᠪᠣᠯᠬᠤ ᠬᠦᠷᠢᠶᠡᠨ᠎ᠳᠠᠬᠢ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠲᠦᠷᠦ ᠵᠢᠨ ᠪᠣᠳᠣᠯᠭ᠎ᠠ ᠵᠢ ᠰᠢᠯᠢᠳᠡᠭᠵᠢᠭᠦᠯᠵᠦ᠂ ᠪᠣᠬᠢᠷᠲᠤᠯ ᠦᠭᠡᠢ ᠦᠢ᠍ᠯᠡᠳᠬᠦ ᠪᠠ ᠦᠢ᠍ᠯᠡᠴᠢᠯᠡᠬᠦ ᠲᠣᠭᠲᠠᠯᠴᠠᠭ᠎ᠠ ᠵᠢ ᠪᠦᠷᠢᠨᠰᠢᠭᠦᠯᠵᠦ᠂ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢ ᠨᠡᠩ ᠰᠠᠶ᠋ᠢᠲᠤᠷ ᠳᠡᠮᠵᠢᠨ ᠬᠠᠪᠰᠤᠷᠬᠤ ᠬᠡᠷᠡᠭᠲᠡᠢ ᠭᠡᠵᠡᠢ᠃
       ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠥᠪᠡᠷ᠎ᠤᠨ ᠦᠷᠳᠡᠭ᠎ᠢ᠎ᠨᠢ ᠬᠠᠮᠲᠤ᠎ᠪᠠᠷ ᠡᠭᠦᠷᠭᠡᠯᠡᠬᠦ᠂ ᠦᠷ᠎ᠡ ᠠᠰᠢᠭ᠎ᠢ᠎ᠨᠢ ᠬᠠᠮᠲᠤ᠎ᠪᠠᠷ ᠡᠳ᠋ᠯᠡᠬᠦ᠂ ᠬᠠᠮᠲᠤᠷᠠᠯᠴᠠᠵᠤ ᠬᠠᠮᠲᠤ᠎ᠪᠠᠷ ᠵᠠᠰᠠᠬᠤ ᠠᠮᠢ ᠠᠬᠤᠢ ᠵᠢᠨ ᠬᠠᠮᠠᠭ᠋ᠠᠯᠠᠯᠲᠠ ᠵᠢᠨ ᠬᠥᠨᠳᠡᠯᠡᠨ ᠵᠶ᠋ᠠᠷ ᠨᠥᠬᠦᠪᠦᠷᠢᠯᠡᠬᠦ ᠲᠣᠭᠲᠠᠴᠠ ᠵᠢ ᠪᠠᠶ᠋ᠢᠭᠤᠯᠬᠤ ᠪᠣᠯ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ᠂ ᠣᠷᠣᠨ ᠪᠦᠰᠡ ᠵᠢᠨ ᠬᠤᠭᠤᠷᠣᠨᠳᠣᠬᠢ ᠬᠠᠮᠵᠢᠯᠴᠠᠨ ᠬᠥᠭᠵᠢᠬᠦ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠪᠦᠷᠬᠦᠴᠡ᠎ᠪᠠᠷ ᠨᠡᠩ ᠪᠦᠬᠦ ᠲᠠᠯ᠎ᠠ ᠵᠢᠨ᠂ ᠡᠷᠬᠡ ᠬᠠᠷᠢᠭᠤᠴᠠᠯᠭ᠎ᠠ᠎ᠪᠠᠷ ᠨᠡᠩ ᠲᠣᠳᠣᠷᠬᠠᠢ᠂ ᠠᠷᠭ᠎ᠠ ᠬᠡᠯᠪᠡᠷᠢ᠎ᠪᠠᠷ ᠨᠡᠩ ᠤᠯᠠᠨ ᠡᠰᠢᠴᠢᠯᠡᠭᠰᠡᠨ᠂ ᠵᠠᠰᠠᠯᠲᠠ᠎ᠪᠠᠷ ᠨᠡᠩ ᠥᠨᠳᠥᠷ ᠪᠦᠲᠦᠮᠵᠢᠲᠡᠢ ᠠᠮᠢ ᠠᠬᠤᠢ ᠵᠢᠨ ᠬᠠᠮᠠᠭ᠋ᠠᠯᠠᠯᠲᠠ ᠵᠢᠨ ᠬᠥᠨᠳᠡᠯᠡᠨ ᠵᠶ᠋ᠠᠷ ᠨᠥᠬᠦᠪᠦᠷᠢᠯᠡᠬᠦ ᠲᠣᠭᠲᠠᠴᠠ ᠪᠠᠶ᠋ᠢᠭᠤᠯᠬᠤ ᠵᠢ ᠠᠬᠢᠭᠤᠯᠵᠤ᠂ ᠭᠤᠣᠯᠳᠠᠯᠭ᠎ᠠ ᠪᠣᠯᠬᠤ ᠡᠭᠦᠷᠭᠡ ᠪᠠ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠮᠢ ᠠᠬᠤᠢ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠭᠠᠵᠠᠷ ᠪᠠ ᠠᠰᠢᠭ ᠬᠦᠷᠳᠡᠬᠦ ᠭᠠᠵᠠᠷ᠎ᠤᠨ ᠰᠠᠶ᠋ᠢᠨ ᠦᠢ᠍ᠯᠡᠳᠦᠯᠴᠡᠯ᠎ᠢ ᠪᠡᠶᠡᠯᠡᠭᠦᠯᠬᠦ ᠬᠡᠷᠡᠭᠲᠡᠢ᠃ ᠥᠷᠭᠡᠨ ᠶᠡᠭᠡ ᠭᠤᠣᠯ ᠮᠥᠷᠡᠨ᠎ᠤ ᠭᠤᠣᠯ ᠤᠷᠤᠰᠬᠠᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠥᠨᠳᠡᠯᠡᠨ ᠵᠶ᠋ᠠᠷ ᠨᠥᠬᠦᠪᠦᠷᠢᠯᠡᠬᠦ ᠲᠣᠭᠲᠠᠴᠠ ᠵᠢᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠨᠥᠬᠦᠪᠦᠷᠢᠯᠡᠬᠦ ᠬᠦᠷᠢᠶ᠎ᠡ ᠵᠢ᠎ᠨᠢ ᠲᠣᠭᠲᠠᠭᠤᠨ ᠵᠶ᠋ᠠᠷ ᠥᠷᠭᠡᠳᠬᠡᠵᠦ᠂ ᠤᠢ ᠰᠢᠭᠤᠢ᠂ ᠨᠤᠲᠤᠭ ᠪᠡᠯᠴᠢᠭᠡᠷ᠂ ᠠᠭ᠋ᠠᠷ ᠮᠠᠨᠳᠠᠯ ᠵᠡᠷᠭᠡ ᠪᠤᠰᠤᠳ ᠠᠮᠢ ᠠᠬᠤᠢ ᠵᠢᠨ ᠣᠷᠴᠢᠨ ᠲᠣᠭᠤᠷᠢᠨ᠎ᠤ ᠬᠦᠴᠦᠨ ᠵᠦᠢ᠍ᠯ᠎ᠤᠨ ᠨᠥᠬᠦᠪᠦᠷᠢ ᠵᠢᠨ ᠠᠷᠭ᠎ᠠ ᠬᠡᠯᠪᠡᠷᠢ ᠵᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠱᠠᠩᠨᠠᠵᠤ ᠲᠣᠷᠭ᠋ᠠᠬᠤ ᠵᠢ ᠲᠣᠳᠣ ᠪᠠᠶ᠋ᠢᠯᠭ᠋ᠠᠬᠤ ᠳᠦᠷᠢᠮ ᠲᠣᠭᠲᠠᠴᠠ ᠵᠢ ᠪᠦᠷᠢᠨᠰᠢᠭᠦᠯᠵᠦ᠂ 《ᠬᠡᠨ ᠪᠣᠬᠢᠷᠲᠤᠭᠤᠯᠪᠠᠯ ᠲᠡᠷᠡ ᠵᠠᠰᠠᠬᠤ᠂ ᠬᠡᠨ ᠬᠠᠮᠠᠭ᠋ᠠᠯᠠᠪᠠᠯ ᠲᠡᠷᠡ ᠠᠰᠢᠭ ᠬᠦᠷᠳᠡᠬᠦ》 ᠵᠢ ᠪᠠᠷᠢᠮᠲᠠᠯᠠᠵᠤ᠂ ᠤᠷᠮᠠᠰᠢᠭᠤᠯᠬᠤ ᠪᠠ ᠬᠦᠯᠢᠶᠡᠰᠦᠯᠡᠬᠦ ᠲᠦᠷᠦ ᠵᠢᠨ ᠪᠣᠳᠣᠯᠭ᠎ᠠ ᠵᠢ ᠰᠤᠳᠤᠯᠤᠨ ᠲᠡᠭᠦᠯᠳᠡᠷᠵᠢᠭᠦᠯᠵᠦ᠂ ᠨᠡᠩ ᠤᠯᠠᠨ ᠨᠡᠶ᠋ᠢᠭᠡᠮ᠎ᠤᠨ ᠬᠥᠷᠥᠩᠭᠡ ᠵᠢ ᠲᠠᠲᠠᠵᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠣᠷᠣᠭᠤᠯᠬᠤ ᠬᠡᠷᠡᠭᠲᠡᠢ ᠭᠡᠵᠡᠢ᠃
       ᠬᠤᠷᠠᠯᠳᠤᠭ᠋ᠠᠨ ᠵᠶ᠋ᠠᠷ 《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠬᠠᠤᠯᠢ (ᠵᠠᠰᠠᠪᠤᠷᠢ ᠣᠷᠣᠭᠤᠯᠤᠭᠰᠠᠨ ᠲᠥᠰᠥᠯ)》 ᠵᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠲᠣᠭᠲᠠᠪᠠ᠃ ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠢᠳᠡᠭᠡᠨ᠎ᠤ ᠵᠦᠢ᠍ᠯ᠎ᠤᠨ ᠠᠮᠤᠷ ᠲᠦᠪᠰᠢᠨ ᠪᠣᠯ ᠠᠮᠢ ᠨᠠᠰᠤ ᠡᠷᠡᠭᠦᠯ ᠮᠡᠨᠳᠦ᠎ᠳᠤ ᠬᠤᠯᠪᠣᠭᠳᠠᠨ᠎ᠠ᠂ ᠪᠠᠴᠢᠮ ᠬᠡᠷᠡᠭᠯᠡᠬᠦ ᠵᠢ ᠤᠷᠢᠳ ᠵᠶ᠋ᠠᠷ ᠬᠡᠷᠡᠭᠵᠢᠭᠦᠯᠬᠦ ᠵᠠᠷᠴᠢᠮ ᠶᠣᠰᠣᠭ᠋ᠠᠷ ᠬᠤᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠲᠡᠭᠦᠯᠳᠡᠷᠵᠢᠭᠦᠯᠵᠦ᠂ ᠨᠡᠩ ᠰᠢᠨᠵᠢᠯᠡᠬᠦ ᠤᠬᠠᠭ᠋ᠠᠨᠴᠢ ᠴᠢᠩᠭ᠎ᠠ ᠨᠢᠮᠪᠠᠢ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠪᠠᠷᠢᠮᠵᠢᠶ᠎ᠠ᠂ ᠢᠯᠠᠩᠭᠤᠶ᠎ᠠ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶᠠᠨ᠎ᠤ ᠲᠣᠭᠲᠠᠯᠴᠠᠭ᠎ᠠ ᠵᠢ ᠪᠠᠶ᠋ᠢᠭᠤᠯᠬᠤ ᠬᠡᠷᠡᠭᠲᠡᠢ᠃ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠵᠠᠰᠠᠯᠲᠠ ᠵᠢᠨ ᠬᠡᠪ ᠵᠠᠭᠪᠤᠷ᠎ᠢ ᠬᠡᠷᠡᠭ ᠡᠭᠦᠰᠬᠦ᠎ᠠᠴᠠ ᠤᠷᠢᠳ ᠰᠡᠷᠭᠡᠶ᠋ᠢᠯᠡᠬᠦ ᠲᠡᠶ᠋ᠢᠰᠢ ᠬᠤᠪᠢᠷᠠᠭᠤᠯᠬᠤ ᠵᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠬᠡᠯᠬᠢᠶᠡᠨ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠵᠢᠨ ᠭᠤᠣᠯᠳᠠᠯᠭ᠎ᠠ ᠵᠢ ᠦᠨᠳᠦᠰᠦᠨ ᠱᠠᠲᠤᠨ᠎ᠳᠤ ᠬᠠᠨᠳᠤᠭᠤᠯᠬᠤ ᠵᠢ ᠠᠬᠢᠭᠤᠯᠵᠤ᠂ ᠡᠳᠦᠷ ᠲᠤᠳᠤᠮ᠎ᠤᠨ ᠬᠢᠨᠠᠯᠲᠠ ᠪᠠᠶ᠋ᠢᠴᠠᠭ᠋ᠠᠯᠲᠠ ᠵᠢ ᠴᠢᠩᠳᠠᠯᠠᠬᠤ ᠬᠡᠷᠡᠭᠲᠡᠢ᠃ ᠭᠤᠣᠯᠳᠠᠯᠭ᠎ᠠ ᠪᠣᠯᠬᠤ ᠬᠦᠷᠢᠶ᠎ᠡ ᠵᠢ ᠲᠣᠪᠤᠶ᠋ᠢᠯᠭ᠋ᠠᠨ ᠲᠤᠰᠬᠠᠢ ᠵᠠᠰᠠᠯᠲᠠ ᠵᠢ ᠥᠷᠨᠢᠭᠦᠯᠵᠦ᠂ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠰᠢᠢ᠍ᠳᠪᠦᠷᠢᠯᠡᠬᠦ᠎ᠪᠠᠨ ᠴᠢᠩᠭ᠋ᠠᠳᠬᠠᠵᠤ᠂ ᠢᠯᠡᠷᠡᠭᠦᠯᠦᠭᠰᠡᠨ ᠠᠰᠠᠭᠤᠳᠠᠯ᠎ᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠵᠦ᠂ ᠥᠴᠥᠬᠡᠨ ᠴᠦ᠍ ᠢᠯᠳᠠᠷ ᠬᠠᠶᠠᠬᠤ ᠦᠭᠡᠢ ᠪᠠᠶ᠋ᠢᠵᠤ᠂ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠲᠣᠭᠲᠠᠯᠴᠠᠭ᠎ᠠ ᠵᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠃
       ᠬᠤᠷᠠᠯᠳᠤᠭ᠋ᠠᠨ ᠵᠶ᠋ᠠᠷ ᠪᠠᠰᠠ ᠪᠤᠰᠤᠳ ᠵᠦᠢ᠍ᠯᠡᠰ᠎ᠢ ᠰᠤᠳᠤᠯᠵᠠᠢ᠃
   

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠵᠠᠬᠢᠳᠠᠯ ᠢᠯᠡᠭᠡᠵᠦ ᠹᠦᠳᠠᠨ ᠶᠡᠭᠡ ᠰᠤᠷᠭ᠋ᠠᠭᠤᠯᠢ ᠪᠠᠶ᠋ᠢᠭᠤᠯᠤᠭᠳᠠᠭᠰᠠᠨ 120 ᠵᠢᠯ᠎ᠤᠨ ᠤᠢ᠎ᠳᠤ ᠪᠠᠶᠠᠷ ᠬᠦᠷᠭᠡᠪᠡ
ᠰᠢ ᠵᠢᠨ ᠫᠢᠩ ᠵᠠᠬᠢᠳᠠᠯ ᠢᠯᠡᠭᠡᠵᠦ ᠳᠤᠮᠳᠠᠳᠤ ᠤᠯᠤᠰ᠎ᠤᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠶᠢᠰᠦᠳᠦᠭᠡᠷ ᠤᠳᠠᠭ᠎ᠠ ᠵᠢᠨ ᠪᠥᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠬᠤᠷᠠᠯᠳᠤᠭᠰᠠᠨ᠎ᠳᠤ ᠪᠠᠶᠠᠷ ᠬᠦᠷᠭᠡᠵᠦ ᠴᠢᠬᠤᠯᠠᠴᠢᠯᠠᠭᠰᠠᠨ᠎ᠨᠢ ᠪᠠᠭ᠋ᠠᠴᠤᠳ᠎ᠤᠨ ᠬᠤᠰᠢᠭᠤᠴᠢ ᠠᠩᠭᠢ ᠵᠢᠨ ᠲᠤᠭ᠎ᠢ ᠥᠨᠳᠥᠷ ᠮᠠᠨᠳᠤᠭᠤᠯᠵᠤ ᠨᠠᠮ ᠵᠶ᠋ᠠᠨ᠎ᠲᠠᠭᠠᠨ ᠤᠷᠤᠭᠰᠢᠯᠠᠵᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠬᠢᠷᠢ ᠲᠡᠩᠴᠡᠭᠰᠡᠨ ᠪᠦᠲᠦᠭᠡᠨ ᠪᠠᠶ᠋ᠢᠭᠤᠯᠤᠭᠴᠢ ᠵᠢ ᠬᠥᠮᠥᠵᠢᠭᠦᠯᠬᠦ ᠬᠡᠷᠡᠭᠲᠡᠢ
ᠳᠤᠮᠳᠠᠳᠤ ᠤᠯᠤᠰ᠎ᠤᠨ ᠣᠨᠴᠠᠯᠢᠭ ᠪᠦᠬᠦᠢ ᠣᠳᠣ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠰᠠᠨᠠᠯ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ᠎ᠲᠤ ᠭᠠᠷ᠎ᠤᠨ ᠥᠰᠥᠭ ᠵᠢᠷᠤᠵᠤ 《ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠬᠠᠮᠲᠤ᠎ᠪᠠᠷ ᠡᠳ᠋ᠯᠡᠬᠦ ᠳᠦᠷᠢᠮ》᠎ᠢ ᠨᠡᠶ᠋ᠢᠲᠡᠯᠡᠪᠡ
 
            