ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄ 2025-06-04

    ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 31᠎ᠤ ᠴᠠᠭᠢᠯᠭ᠋ᠠᠨ ᠮᠡᠳᠡᠭᠡ 6 ᠰᠠᠷ᠎ᠠ ᠵᠢᠨ 1᠎ᠤ ᠡᠳᠦᠷ ᠬᠡᠪᠯᠡᠭᠳᠡᠭᠰᠡᠨ 11 ᠳ᠋ᠦ᠍ᠭᠡᠷ ᠬᠤᠭᠤᠴᠠᠭ᠋ᠠᠨ᠎ᠤ 《ᠦᠨᠡᠨ》 ᠰᠡᠳᠬᠦᠯ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ 《ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ》 ᠭᠡᠬᠦ ᠴᠢᠬᠤᠯᠠ ᠵᠣᠬᠢᠶᠠᠯ᠎ᠢ ᠨᠡᠶ᠋ᠢᠲᠡᠯᠡᠪᠡ᠃
       ᠵᠣᠬᠢᠶᠠᠯ᠎ᠳᠤ᠂ ᠰᠤᠷᠭ᠋ᠠᠨ ᠬᠥᠮᠦᠵᠢᠯ ᠪᠣᠯ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠠᠭᠤᠷᠢ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠡ ᠰᠤᠷᠭ᠋ᠠᠨ ᠬᠥᠮᠦᠵᠢᠯ᠎ᠢ ᠤᠯᠤᠰ᠎ᠤᠨ ᠶᠡᠭᠡ ᠪᠣᠳᠣᠯᠭ᠎ᠠ᠂ ᠨᠠᠮ᠎ᠤᠨ ᠶᠡᠭᠡ ᠪᠣᠳᠣᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠬᠦ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠲᠦᠷᠭᠡᠳᠬᠡᠬᠦ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠭᠠᠷᠭ᠋ᠠᠵᠤ᠂ 2035 ᠣᠨ ᠪᠤᠯᠬᠤ᠎ᠳᠤ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠲᠡᠮᠡᠴᠡᠯ᠎ᠤᠨ ᠬᠠᠷᠠᠯᠲᠠ ᠵᠢ ᠲᠣᠭᠲᠠᠭ᠋ᠠᠵᠤ᠂ ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠪᠠᠶ᠋ᠢᠷᠢᠰᠢᠯ᠎ᠤᠨ ᠴᠢᠨᠠᠷᠲᠠᠢ ᠬᠤᠪᠢᠷᠠᠯᠲᠠ ᠭᠠᠷᠬᠤ ᠵᠢ ᠠᠬᠢᠭᠤᠯᠵᠤ ᠪᠠᠶ᠋ᠢᠨ᠎ᠠ ᠭᠡᠵᠦ ᠴᠢᠬᠤᠯᠠᠴᠢᠯᠠᠪᠠ᠃
       ᠵᠣᠬᠢᠶᠠᠯ᠎ᠳᠤ᠂ ᠪᠢᠳᠡᠨ᠎ᠤ ᠪᠦᠲᠦᠭᠡᠨ ᠪᠠᠶ᠋ᠢᠭᠤᠯᠬᠤ ᠭᠡᠵᠦ ᠪᠠᠶ᠋ᠢᠭ᠎ᠠ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ ᠮᠥᠨ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠦᠷᠦ ᠵᠢᠨ ᠬᠥᠲᠥᠯᠥᠨ ᠳᠠᠭ᠋ᠠᠭᠤᠯᠬᠤ ᠬᠦᠴᠦᠨ᠂ ᠴᠢᠳᠠᠪᠤᠷᠢᠲᠠᠨ᠎ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠬᠦᠴᠦᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠬᠦᠴᠦᠨ᠂ ᠨᠡᠶ᠋ᠢᠭᠡᠮ᠎ᠤᠨ ᠬᠠᠮᠵᠢᠯᠴᠠᠬᠤ ᠬᠦᠴᠦᠨ᠂ ᠳᠡᠯᠡᠬᠡᠢ᠎ᠳᠤ ᠨᠥᠯᠥᠭᠡᠯᠡᠬᠦ ᠬᠦᠴᠦᠨ᠎ᠲᠠᠢ ᠪᠠᠶ᠋ᠢᠪᠠᠯ ᠵᠣᠬᠢᠨ᠎ᠠ᠃ ᠡᠶ᠋ᠢᠮᠦᠷᠬᠦᠦ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ᠂ ᠡᠷᠬᠡᠪᠰᠢ ᠦᠨᠳᠦᠰᠦ ᠵᠢ ᠪᠠᠬᠢᠵᠢᠭᠦᠯᠵᠦ ᠰᠦᠭ ᠰᠦᠨᠡᠰᠦ ᠵᠢ ᠱᠤᠭᠤᠬᠤ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠎ᠤᠨ ᠰᠢᠰᠲ᠋ᠧᠮ᠂ ᠲᠥᠪ ᠭᠤᠣᠯᠴᠢ ᠴᠢᠨᠠᠷ ᠰᠠᠶ᠋ᠢᠲᠠᠢ ᠰᠠᠭᠤᠷᠢ ᠰᠤᠷᠭ᠋ᠠᠨ ᠬᠥᠮᠦᠵᠢᠯ᠎ᠤᠨ ᠰᠢᠰᠲ᠋ᠧᠮ᠂ ᠥᠪᠡᠷ᠎ᠢ᠎ᠪᠠᠨ ᠬᠦᠴᠦᠷᠬᠡᠭᠵᠢᠭᠦᠯᠵᠦ ᠭᠠᠷᠮᠠᠭ᠋ᠠᠢ ᠠᠮᠵᠢᠯᠲᠠ ᠪᠦᠲᠦᠮᠵᠢ ᠣᠯᠣᠭᠰᠠᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠵᠢ ᠠᠭᠤᠰᠤᠯᠴᠠᠭᠤᠯᠤᠭᠰᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠂ ᠲᠦᠭᠡᠮᠡᠯ ᠬᠠᠷᠠᠭ᠋ᠠᠯᠵᠠᠯᠲᠤ ᠨᠠᠰᠤᠨ ᠲᠤᠷᠰᠢᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠂ ᠰᠢᠨ᠎ᠡ ᠵᠢ ᠡᠭᠦᠳᠴᠦ ᠬᠥᠲᠥᠯᠥᠨ ᠳᠠᠭ᠋ᠠᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠤᠨ ᠰᠢᠰᠲ᠋ᠧᠮ᠂ ᠬᠡᠪ ᠪᠣᠯᠪᠠᠰᠤᠷᠠᠯ ᠰᠢᠯᠢᠳᠡᠭ ᠰᠠᠶ᠋ᠢᠨ ᠪᠠᠭᠰᠢ ᠵᠢᠨ ᠡᠩᠨᠡᠭᠡ ᠵᠢᠨ ᠰᠢᠰᠲ᠋ᠧᠮ᠂ ᠨᠡᠭᠡᠭᠡᠯᠲᠡᠲᠡᠢ ᠬᠠᠷᠢᠯᠴᠠᠨ ᠲᠣᠯᠢ ᠪᠤᠯᠭ᠋ᠠᠬᠤ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠰᠢᠰᠲ᠋ᠧᠮ᠎ᠢ ᠪᠦᠭᠦ ᠲᠠᠯ᠎ᠠ᠎ᠪᠠᠷ ᠪᠠᠶ᠋ᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
       ᠵᠣᠬᠢᠶᠠᠯ᠎ᠳᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠰᠤᠷᠭ᠋ᠠᠨ ᠬᠥᠮᠦᠵᠢᠯ᠎ᠤᠨ ᠤᠯᠤᠰ ᠲᠦᠷᠦ ᠵᠢᠨ ᠰᠢᠨᠵᠢ ᠴᠢᠨᠠᠷ᠂ ᠠᠷᠠᠳ ᠲᠦᠮᠡᠨ᠎ᠤ ᠰᠢᠨᠵᠢ ᠴᠢᠨᠠᠷ᠂ ᠪᠠᠶ᠋ᠢᠯᠳᠤᠬᠤ ᠪᠣᠳᠣᠯᠭ᠎ᠠ ᠵᠢᠨ ᠰᠢᠨᠵᠢ ᠴᠢᠨᠠᠷ᠎ᠢ ᠪᠦᠭᠦ ᠲᠠᠯ᠎ᠠ᠎ᠪᠠᠷ ᠡᠵᠡᠮᠳᠡᠵᠦ᠂ ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠲᠤᠯᠭ᠋ᠠᠭᠤᠷᠢᠯᠠᠬᠤ ᠪᠠ ᠠᠷᠠᠳ᠎ᠤᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ ᠵᠢᠨ ᠬᠠᠷᠢᠴᠠᠭ᠎ᠠ᠂ ᠮᠡᠳᠡᠯᠭᠡ ᠵᠢᠨ ᠰᠤᠷᠤᠯᠴᠠᠯᠭ᠎ᠠ ᠪᠠ ᠪᠦᠭᠦ ᠲᠠᠯ᠎ᠠ ᠵᠢᠨ ᠬᠥᠭᠵᠢᠯᠲᠡ ᠵᠢᠨ ᠬᠠᠷᠢᠴᠠᠭ᠎ᠠ᠂ ᠴᠢᠳᠠᠪᠤᠷᠢᠲᠠᠨ᠎ᠢ ᠬᠥᠮᠥᠵᠢᠭᠦᠯᠬᠦ ᠪᠠ ᠨᠡᠶ᠋ᠢᠭᠡᠮ᠎ᠤᠨ ᠬᠡᠷᠡᠭᠴᠡᠭᠡ ᠵᠢ ᠬᠠᠩᠭ᠋ᠠᠬᠤ ᠵᠢᠨ ᠬᠠᠷᠢᠴᠠᠭ᠎ᠠ᠂ ᠡᠮᠬᠢ ᠵᠢᠷᠤᠮ᠎ᠲᠠᠢ ᠪᠠᠶ᠋ᠢᠯᠭ᠋ᠠᠬᠤ ᠪᠠ ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠢᠨ ᠬᠠᠷᠢᠴᠠᠭ᠎ᠠ᠂ ᠳᠤᠮᠳᠠᠳᠤ ᠤᠯᠤᠰ᠎ᠤᠨ ᠡᠬᠡ ᠭᠠᠵᠠᠷ᠎ᠲᠤ ᠦᠨᠳᠦᠰᠦᠯᠡᠬᠦ ᠪᠠ ᠤᠯᠠᠨ ᠤᠯᠤᠰ᠎ᠤᠨ ᠲᠤᠷᠰᠢᠯᠭ᠎ᠠ᠎ᠪᠠᠷ ᠲᠣᠯᠢ ᠪᠤᠯᠭ᠋ᠠᠬᠤ ᠵᠢᠨ ᠬᠠᠷᠢᠴᠠᠭ᠎ᠠ ᠵᠢ ᠵᠥᠪ ᠰᠢᠢ᠍ᠳᠪᠦᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
       ᠵᠣᠬᠢᠶᠠᠯ᠎ᠳᠤ᠂ ᠲᠣᠭᠲᠠᠭᠰᠠᠨ ᠬᠤᠭᠤᠴᠠᠭ᠋ᠠᠨ᠎ᠳᠤ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠡᠭᠦᠷᠭᠡ ᠬᠦᠨᠳᠦ ᠪᠠᠶ᠋ᠢᠨ᠎ᠠ᠂ ᠴᠠᠭ ᠪᠢᠳᠡᠨ᠎ᠢ ᠬᠦᠯᠢᠶᠡᠬᠦ ᠦᠭᠡᠢ᠃ ᠨᠢᠭᠡᠳᠦᠭᠡᠷ᠎ᠲᠤ᠂ ᠶᠣᠰᠣ ᠰᠤᠷᠲᠠᠬᠤᠨ ᠵᠶ᠋ᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ ᠵᠢ ᠡᠷᠡᠰ ᠭᠤᠶ᠋ᠢᠪᠢᠰᠢ ᠦᠭᠡᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ ᠵᠢ ᠱᠤᠭᠤᠵᠤ ᠬᠥᠮᠥᠨ᠎ᠢ ᠬᠥᠮᠥᠵᠢᠭᠦᠯᠬᠦ ᠵᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠶᠣᠰᠣ ᠰᠤᠷᠲᠠᠬᠤᠨ ᠵᠶ᠋ᠠᠷ ᠬᠥᠮᠥᠨ᠎ᠢ ᠬᠥᠮᠥᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ ᠪᠣᠯᠣᠨ ᠨᠠᠮ᠎ᠤᠨ ᠰᠢᠨ᠎ᠡ ᠡᠭᠦᠳᠦᠯᠲᠡ ᠵᠢᠨ ᠤᠨᠤᠯ ᠵᠶ᠋ᠠᠷ ᠵᠡᠪᠰᠡᠭᠯᠡᠬᠦ ᠵᠢ ᠵᠡᠷᠭᠡ᠎ᠪᠠᠷ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ᠃ ᠨᠠᠮ᠎ᠤᠨ ᠰᠢᠨ᠎ᠡ ᠡᠭᠦᠳᠦᠯᠲᠡ ᠵᠢᠨ ᠤᠨᠤᠯ᠎ᠤᠨ ᠰᠢᠰᠲ᠋ᠧᠮᠵᠢᠭᠰᠡᠨ ᠣᠨᠣᠯᠵᠢᠨ ᠶᠣᠰᠣᠵᠢᠭᠰᠠᠨ ᠰᠤᠳᠤᠯᠭ᠋ᠠᠨ ᠲᠠᠶ᠋ᠢᠯᠪᠤᠷᠢᠯᠠᠯᠲᠠ ᠵᠢ ᠴᠢᠩᠭ᠋ᠠᠳᠬᠠᠵᠤ᠂ ᠡᠯ᠎ᠡ ᠰᠢᠨᠵᠢᠯᠡᠭᠡᠨ᠎ᠤ ᠰᠠᠯᠠᠭ᠎ᠠ ᠵᠢᠨ ᠪᠡᠯᠭᠡ ᠲᠡᠮᠳᠡᠭ᠎ᠤᠨ ᠴᠢᠨᠠᠷᠲᠠᠢ ᠤᠬᠠᠭᠳᠠᠬᠤᠨ᠂ ᠤᠤᠭ᠋ᠠᠯ ᠡᠭᠦᠳᠦᠯᠲᠡ ᠵᠢᠨ ᠴᠢᠨᠠᠷᠲᠠᠢ ᠤᠨᠤᠯ ᠵᠶ᠋ᠠᠷ ᠭᠤᠣᠯ ᠪᠤᠯᠭ᠋ᠠᠬᠰᠠᠨ ᠳᠤᠮᠳᠠᠳᠤ ᠤᠯᠤᠰ᠎ᠤᠨ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃ ᠦᠢ᠍ᠯᠡᠳᠦᠯᠭᠡ᠎ᠪᠠᠷ ᠬᠥᠮᠥᠨ᠎ᠢ ᠬᠥᠮᠥᠵᠢᠭᠦᠯᠬᠦ ᠪᠠ ᠰᠦᠯᠵᠢᠶ᠎ᠡ᠎ᠪᠠᠷ ᠬᠥᠮᠥᠨ᠎ᠢ ᠬᠥᠮᠥᠵᠢᠭᠦᠯᠬᠦ ᠣᠷᠣᠨ ᠵᠠᠢ ᠪᠠ ᠵᠢᠭᠰᠠᠭ᠋ᠠᠯ᠎ᠤᠨ ᠭᠠᠵᠠᠷ᠎ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠬᠤᠶᠠᠳᠤᠭ᠋ᠠᠷ᠎ᠲᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠴᠢᠳᠠᠪᠤᠷᠢᠲᠠᠨ᠎ᠳᠤ ᠦᠵᠡᠭᠦᠯᠭᠦ ᠰᠤᠷᠭ᠋ᠠᠨ ᠬᠥᠮᠦᠵᠢᠯ᠎ᠤᠨ ᠲᠤᠯᠭ᠋ᠠᠭᠤᠷᠢᠯᠠᠬᠤ ᠦᠢ᠍ᠯᠡᠳᠦᠯ᠎ᠢ ᠴᠢᠩᠭ᠋ᠠᠳᠬᠠᠬᠤ ᠬᠡᠷᠡᠭᠲᠡᠢ᠃ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠰᠠᠶ᠋ᠢᠨ ᠣᠷᠴᠢᠯ᠎ᠢ ᠠᠬᠢᠭᠤᠯᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ᠂ ᠴᠢᠳᠠᠪᠤᠷᠢᠲᠠᠨ᠎ᠤ ᠬᠦᠴᠦᠷᠬᠡᠭ ᠤᠯᠤᠰ᠎ᠤᠨ ᠪᠠᠶ᠋ᠢᠯᠳᠤᠬᠤ ᠪᠣᠳᠣᠯᠭ᠎ᠠ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠰᠤᠷᠭ᠋ᠠᠨ ᠬᠥᠮᠦᠵᠢᠯ᠎ᠤᠨ ᠬᠥᠭᠵᠢᠯᠲᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠴᠢᠳᠠᠪᠤᠷᠢᠲᠠᠨ᠎ᠢ ᠬᠥᠮᠥᠵᠢᠭᠦᠯᠬᠦ ᠵᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ᠂ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ᠎ᠪᠠᠷ ᠬᠥᠲᠥᠯᠥᠮᠵᠢ ᠪᠤᠯᠭ᠋ᠠᠵᠤ᠂ ᠶᠡᠭᠡ ᠳᠡᠭᠡᠳᠦ ᠰᠤᠷᠭ᠋ᠠᠭᠤᠯᠢ ᠵᠢᠨ ᠬᠢᠴᠢᠶᠡᠯ ᠲᠥᠷᠥᠯ᠎ᠤᠨ ᠪᠠᠶ᠋ᠢᠷᠢᠯᠠᠭᠤᠯᠤᠯᠲᠠ ᠲᠣᠬᠢᠷᠠᠭᠤᠯᠤᠯᠲᠠ ᠵᠢᠨ ᠲᠣᠭᠲᠠᠴᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ᠎ᠢ ᠲᠡᠭᠦᠯᠳᠡᠷᠵᠢᠭᠦᠯᠬᠦ ᠬᠡᠷᠡᠭᠲᠡᠢ᠃ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠴᠢᠳᠠᠪᠤᠷᠢᠲᠠᠨ᠎ᠤ ᠬᠦᠴᠦᠨ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠬᠡᠷᠡᠭᠲᠡᠢ᠃ ᠭᠤᠷᠪᠠᠳᠤᠭ᠋ᠠᠷ᠎ᠲᠤ᠂ ᠰᠤᠷᠭ᠋ᠠᠨ ᠬᠥᠮᠦᠵᠢᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠶᠠᠰᠤ ᠴᠢᠨᠠᠷ ᠪᠠ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠠᠷᠠᠳ ᠲᠦᠮᠡᠨ ᠵᠶ᠋ᠠᠷ ᠭᠤᠣᠯ ᠪᠤᠯᠭ᠋ᠠᠬᠤ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠭᠡᠮᠡᠯ ᠬᠠᠷᠠᠭ᠋ᠠᠯᠵᠠᠯᠲᠤ ᠴᠢᠨᠠᠷ᠂ ᠬᠦᠷᠦᠯᠴᠡᠬᠦ ᠴᠢᠨᠠᠷ᠂ ᠳᠥᠭᠦᠮ ᠳᠥᠲᠡ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠪᠦᠭᠦ ᠠᠷᠠᠳ ᠲᠦᠮᠡᠨ᠎ᠳᠤ ᠨᠠᠩ ᠣᠯᠠᠨ ᠨᠠᠩ ᠡᠷᠬᠡ ᠲᠡᠭᠰᠢ᠎ᠪᠠᠷ ᠬᠦᠷᠲᠡᠭᠡᠬᠦ ᠬᠡᠷᠡᠭᠲᠡᠢ᠃ ᠣᠷᠣᠨ ᠪᠦᠰᠡ ᠵᠢᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ 《ᠬᠤᠶᠠᠷ᠎ᠢ ᠬᠥᠩᠭᠡᠷᠡᠭᠦᠯᠦᠭᠰᠡᠨ》 ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠵᠦ᠂ ᠤᠯᠤᠰ᠎ᠤᠨ ᠰᠤᠷᠭ᠋ᠠᠨ ᠬᠥᠮᠦᠵᠢᠯ᠎ᠤᠨ ᠲᠣᠭ᠋ᠠᠴᠢᠯᠠᠯᠳᠠ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠨᠠᠰᠤᠨ ᠲᠤᠷᠰᠢᠲᠠ ᠵᠢᠨ ᠰᠤᠷᠤᠯᠴᠠᠯᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠳᠥᠷᠪᠡᠳᠦᠭᠡᠷ᠎ᠲᠤ᠂ ᠰᠢᠨ᠎ᠡ ᠴᠠᠭ ᠦᠶ᠎ᠡ ᠵᠢᠨ ᠥᠨᠳᠥᠷ ᠲᠦᠪᠰᠢᠨ ᠪᠦᠬᠦᠢ ᠪᠠᠭᠰᠢ ᠵᠢᠨ ᠡᠩᠨᠡᠭᠡ ᠵᠢ ᠬᠥᠮᠥᠵᠢᠭᠦᠯᠦᠨ ᠪᠣᠶ᠋ᠢᠵᠢᠭᠤᠯᠬᠤ ᠬᠡᠷᠡᠭᠲᠡᠢ᠃ ᠰᠤᠷᠭ᠋ᠠᠨ ᠬᠥᠮᠥᠵᠢᠯᠲᠡᠨ᠎ᠤ ᠵᠣᠷᠢᠭ ᠰᠠᠨᠠᠭ᠎ᠠ᠎ᠪᠠᠷ ᠰᠦᠭ ᠰᠦᠨᠡᠰᠦ ᠵᠢ ᠱᠤᠭᠤᠵᠤ ᠪᠠᠭᠰᠢ ᠵᠢ ᠬᠦᠴᠦᠷᠬᠡᠭᠵᠢᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠪᠠᠭᠰᠢ ᠵᠢᠨ ᠮᠣᠷᠠᠯ ᠪᠠᠭᠰᠢ ᠵᠢᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠠᠭᠰᠢ ᠵᠢ ᠬᠥᠮᠥᠵᠢᠭᠦᠯᠵᠦ ᠪᠤᠯᠪᠠᠰᠤᠷᠠᠭᠤᠯᠬᠤ ᠶᠠᠰᠤ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠠᠭᠰᠢ ᠵᠢᠨ ᠬᠠᠮᠢᠶᠠᠷᠤᠯᠲᠠ ᠪᠣᠯᠣᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠬᠦ ᠬᠡᠷᠡᠭᠲᠡᠢ᠃ ᠪᠠᠭᠰᠢ ᠵᠢᠨ ᠤᠯᠤᠰ ᠲᠥᠷᠥ ᠵᠢᠨ ᠪᠠᠶ᠋ᠢᠷᠢ ᠰᠠᠭᠤᠷᠢ᠂ ᠨᠡᠶ᠋ᠢᠭᠡᠮ᠎ᠤᠨ ᠪᠠᠶ᠋ᠢᠷᠢ ᠰᠠᠭᠤᠷᠢ᠂ ᠠᠵᠢᠯ ᠮᠡᠷᠭᠡᠵᠢᠯ᠎ᠤᠨ ᠪᠠᠶ᠋ᠢᠷᠢ ᠰᠠᠭᠤᠷᠢ ᠵᠢ ᠳᠡᠭᠡᠭᠰᠢᠯᠡᠭᠦᠯᠵᠦ᠂ ᠪᠠᠭᠰᠢ ᠨᠠᠷ᠎ᠲᠤ ᠡᠷᠬᠢᠮ ᠳᠡᠭᠡᠳᠦ ᠨᠡᠶ᠋ᠢᠭᠡᠮ᠎ᠤᠨ ᠨᠡᠷ᠎ᠡ ᠬᠦᠨᠳᠦ ᠬᠦᠷᠲᠡᠭᠡᠵᠦ᠂ ᠨᠡᠶ᠋ᠢᠭᠡᠮ ᠨᠡᠶ᠋ᠢᠲᠡ᠎ᠳᠤ ᠬᠠᠮᠤᠭ᠎ᠠᠴᠠ ᠬᠦᠨᠳᠦᠳᠬᠡᠭᠳᠡᠬᠦ ᠠᠵᠢᠯ ᠮᠡᠷᠭᠡᠵᠢᠯ᠎ᠤᠨ ᠨᠢᠭᠡ ᠪᠤᠯᠭ᠋ᠠᠬᠤ ᠬᠡᠷᠡᠭᠲᠡᠢ᠃ ᠲᠠᠪᠤᠳᠤᠭ᠋ᠠᠷ᠎ᠲᠤ᠂ ᠪᠦᠭᠦ ᠪᠥᠮᠪᠥᠷᠴᠡᠭ᠎ᠲᠤ ᠨᠥᠯᠥᠭᠡᠯᠡᠬᠦ ᠬᠦᠴᠦᠨ ᠪᠦᠬᠦᠢ ᠴᠢᠬᠤᠯᠠ ᠰᠤᠷᠭ᠋ᠠᠨ ᠬᠥᠮᠦᠵᠢᠯ᠎ᠤᠨ ᠲᠥᠪ᠎ᠢ ᠪᠠᠶ᠋ᠢᠭᠤᠯᠬᠤ ᠬᠡᠷᠡᠭᠲᠡᠢ᠃ ᠰᠤᠷᠭ᠋ᠠᠨ ᠬᠥᠮᠦᠵᠢᠯ᠎ᠤᠨ ᠭᠠᠳᠠᠭ᠋ᠠᠳᠤ ᠨᠡᠭᠡᠭᠡᠯᠲᠡ ᠵᠢ ᠭᠦᠨᠵᠡᠭᠡᠢ ᠠᠬᠢᠭᠤᠯᠵᠤ᠂ 《ᠭᠠᠳᠠᠭ᠋ᠠᠳᠤ᠎ᠠᠴᠠ ᠣᠷᠣᠭᠤᠯᠵᠤ ᠠᠪᠴᠢᠷᠠᠬᠤ》 ᠪᠠ 《ᠭᠠᠳᠠᠭ᠋ᠠᠳᠤ᠎ᠳᠤ ᠭᠠᠷᠴᠤ ᠶᠠᠪᠤᠬᠤ》 ᠵᠢ ᠨᠢᠭᠡᠳᠦᠯᠲᠡᠢ ᠲᠥᠯᠥᠪᠵᠢᠭᠦᠯᠦᠨ᠂ ᠰᠤᠷᠭ᠋ᠠᠨ ᠬᠥᠮᠦᠵᠢᠯ᠎ᠤᠨ ᠳᠡᠯᠡᠬᠡᠢ᠎ᠳᠠᠬᠢ ᠨᠥᠯᠥᠭᠡᠯᠡᠬᠦ ᠬᠦᠴᠦᠨ᠂ ᠥᠷᠢᠰᠦᠯᠳᠦᠬᠦ ᠬᠦᠴᠦᠨ ᠪᠠ ᠦᠭᠡ ᠬᠡᠯᠡᠬᠦ ᠡᠷᠬᠡ ᠵᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠦᠭᠦ ᠪᠥᠮᠪᠥᠷᠴᠡᠭ᠎ᠤᠨ ᠰᠤᠷᠭ᠋ᠠᠨ ᠬᠥᠮᠦᠵᠢᠯ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠨᠡᠩ ᠤᠯᠠᠨ ᠳᠤᠮᠳᠠᠳᠤ ᠤᠯᠤᠰ᠎ᠤᠨ ᠬᠦᠴᠦᠨ᠎ᠢ ᠨᠡᠮᠡᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
       ᠵᠣᠬᠢᠶᠠᠯ᠎ᠳᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠪᠣᠯ ᠣᠶ᠋ᠢᠷ᠎ᠠ ᠦᠶ᠎ᠡ᠎ᠠᠴᠠ ᠨᠠᠭ᠋ᠠᠰᠢᠬᠢ ᠳᠤᠮᠳᠠᠳᠤ ᠵᠢᠨ ᠦᠨᠳᠦᠰᠦᠲᠡᠨ᠎ᠤ ᠬᠦᠰᠡᠭᠰᠡᠭᠡᠷ ᠢᠷᠡᠭᠰᠡᠨ ᠰᠠᠶ᠋ᠢᠨ ᠰᠠᠶ᠋ᠢᠬᠠᠨ ᠬᠦᠰᠡᠯ ᠡᠷᠡᠮᠡᠯᠵᠡᠯ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠬᠤᠰᠢᠭᠤᠴᠢ ᠡᠭᠦᠷᠭᠡ᠂ ᠪᠠᠲᠤ ᠪᠠᠬᠢ ᠰᠠᠭᠤᠷᠢ᠂ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠯ ᠮᠥᠨ᠃ ᠢᠲᠡᠭᠡᠯ ᠵᠣᠷᠢᠭ ᠵᠶ᠋ᠠᠨ ᠪᠠᠲᠤᠳᠬᠠᠵᠤ᠂ ᠵᠣᠷᠢᠭᠲᠠᠢ ᠤᠷᠤᠭᠰᠢᠯᠠᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠠᠤᠭ᠎ᠠ ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ᠎ᠲᠤ ᠭᠠᠷ᠎ᠤᠨ ᠥᠰᠥᠭ ᠵᠢᠷᠤᠵᠤ 《ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠬᠠᠮᠲᠤ᠎ᠪᠠᠷ ᠡᠳ᠋ᠯᠡᠬᠦ ᠳᠦᠷᠢᠮ》᠎ᠢ ᠨᠡᠶ᠋ᠢᠲᠡᠯᠡᠪᠡ
ᠰᠢ ᠵᠢᠨ ᠫᠢᠩ ᠪᠧᠯᠤᠷᠦ᠋ᠰᠢᠶ᠎ᠠ ᠵᠢᠨ ᠶᠡᠷᠦᠩᠬᠡᠶ᠋ᠢᠯᠡᠭᠴᠢ ᠯᠦᠺᠠᠱ᠌ᠧᠨᠺᠧ᠎ᠲᠠᠢ ᠠᠭᠤᠯᠵᠠᠪᠠ
ᠰᠢ ᠵᠢᠨ ᠫᠢᠩ ᠺᠤᠷᠢᠶᠠ ᠵᠢᠨ ᠶᠡᠷᠦᠩᠬᠡᠶ᠋ᠢᠯᠡᠭᠴᠢ᠎ᠪᠠᠷ ᠰᠣᠩᠭᠤᠭᠳᠠᠭᠰᠠᠨ ᠯᠢ ᠽᠠᠢ ᠮᠢᠩ᠎ᠳᠤ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠪᠠ
ᠰᠢ ᠵᠢᠨ ᠫᠢᠡᠭ ᠬᠤᠶᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ — ᠲᠤᠮᠳᠠᠳᠤ ᠠᠽᠢᠶ᠎ᠠ ᠵᠢᠨ ᠲᠦᠷᠤᠬᠦᠴᠤᠳ᠎ᠤᠨ ᠬᠤᠷᠠᠯ᠎ᠳᠤ ᠤᠷᠤᠯᠴᠠᠬᠰᠠᠨ ᠪᠦᠬᠡᠳ ᠭᠤᠤᠯ ᠵᠤᠷᠢᠯᠳᠠᠳᠤ ᠦᠬᠡ ᠬᠡᠯᠡᠪᠡ
ᠯᠢ ᠴᠢᠶᠠᠡᠭ ᠲᠦᠷᠤ ᠵᠢᠨ ᠶᠠᠪᠤᠳᠠᠯ᠎ᠤᠨ ᠬᠤᠷᠢᠶᠠᠨ᠎ᠤ ᠪᠠᠢ᠌ᠡᠭᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
 
            