ᠪᠥᠬᠦ ᠤᠯᠤᠰ᠎ᠤᠨ ᠪᠢᠴᠢᠬᠠᠨ ᠨᠠᠶ᠋ᠢᠵᠠ ᠨᠠᠷ᠎ᠲᠤ 《6 · 1》᠎ᠤ ᠳᠡᠯᠡᠬᠡᠢ ᠵᠢᠨ ᠬᠡᠦᠬᠡᠳ᠎ᠤᠨ ᠪᠠᠶᠠᠷ᠎ᠤᠨ ᠮᠡᠨᠳᠦ ᠬᠦᠷᠭᠡᠪᠡ
ᠼᠠᠢ ᠴᠢ ᠡᠬᠢᠯᠡᠯᠲᠡ ᠵᠢᠨ ᠬᠤᠷᠠᠯ᠎ᠳᠤ ᠣᠷᠣᠯᠴᠠᠪᠠ
ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 27᠎ᠤ ᠴᠠᠬᠢᠯᠭ᠋ᠠᠨ ᠮᠡᠳᠡᠭᠡ 《6 · 1》᠎ᠤ ᠳᠡᠯᠡᠬᠡᠢ ᠵᠢᠨ ᠬᠡᠦᠬᠡᠳ᠎ᠤᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠳᠤᠮᠳᠠᠳᠤ ᠤᠯᠤᠰ᠎ᠤᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠶᠢᠰᠦᠳᠦᠭᠡᠷ ᠤᠳᠠᠭ᠎ᠠ ᠵᠢᠨ ᠪᠥᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ 27᠎ᠤ ᠦᠳᠡ ᠵᠢᠨ ᠡᠮᠦᠨ᠎ᠡ ᠪᠡᠭᠡᠵᠢᠩ᠎ᠳᠤ ᠡᠬᠢᠯᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠪᠠᠶᠠᠷ᠎ᠤᠨ ᠵᠠᠬᠢᠳᠠᠯ ᠢᠯᠡᠭᠡᠵᠦ᠂ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠠᠴᠠ ᠶᠡᠭᠡ ᠬᠤᠷᠠᠯ᠎ᠤᠨ ᠬᠤᠷᠠᠯᠳᠤᠭᠰᠠᠨ᠎ᠳᠤ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠵᠦ᠂ ᠥᠷᠭᠡᠨ ᠣᠯᠠᠨ ᠪᠠᠭ᠋ᠠᠴᠤᠳ᠎ᠤᠨ ᠬᠤᠰᠢᠭᠴᠢ ᠠᠩᠭᠢ ᠵᠢᠨ ᠭᠡᠰᠢᠭᠦᠨ᠂ ᠪᠠᠭ᠋ᠠᠴᠤᠳ᠎ᠤᠨ ᠬᠤᠰᠢᠭᠤᠴᠢ ᠠᠩᠭᠢ ᠵᠢᠨ ᠬᠠᠪᠰᠤᠷᠤᠨ ᠵᠢᠯᠣᠭᠤᠳᠤᠭᠴᠢ᠂ ᠪᠠᠭ᠋ᠠᠴᠤᠳ᠎ᠤᠨ ᠬᠤᠰᠢᠭᠤᠴᠢ ᠠᠩᠭᠢ ᠵᠢᠨ ᠠᠵᠢᠯᠲᠠᠳ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠪᠥᠬᠦ ᠤᠯᠤᠰ᠎ᠤᠨ ᠪᠢᠴᠢᠬᠠᠨ ᠨᠠᠶ᠋ᠢᠵᠠ ᠨᠠᠷ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠪᠡ᠃
ᠰᠢ ᠵᠢᠨ ᠫᠢᠩ ᠪᠠᠶᠠᠷ᠎ᠤᠨ ᠵᠠᠬᠢᠳᠠᠯ᠎ᠳᠠᠭᠠᠨ᠂ ᠪᠠᠭ᠋ᠠᠴᠤᠳ ᠬᠡᠦᠬᠡᠳ ᠪᠣᠯ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠠᠬᠢᠭᠤᠯᠬᠤ ᠢᠷᠡᠭᠡᠳᠦᠢ ᠵᠢᠨ ᠪᠡᠯᠡᠳᠬᠡᠯ ᠬᠦᠴᠦᠨ ᠮᠥᠨ᠂ ᠪᠠᠭ᠋ᠠᠴᠤᠳ᠎ᠤᠨ ᠬᠤᠰᠢᠭᠤᠴᠢ ᠠᠩᠭᠢ ᠪᠣᠯ ᠪᠠᠭ᠋ᠠᠴᠤᠳ ᠬᠡᠦᠬᠡᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ ᠲᠣᠮᠣ ᠰᠤᠷᠭ᠋ᠠᠭᠤᠯᠢ ᠮᠥᠨ᠃ ᠰᠢᠨ᠎ᠡ ᠠᠶᠠᠨ᠎ᠳᠤ᠂ ᠪᠠᠭ᠋ᠠᠴᠤᠳ᠎ᠤᠨ ᠬᠤᠰᠢᠭᠤᠴᠢ ᠠᠩᠭᠢ ᠵᠢᠨ᠎ᠬᠢᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠲᠤᠭ᠎ᠢ ᠥᠨᠳᠥᠷ ᠮᠠᠨᠳᠤᠭᠤᠯᠵᠤ ᠨᠠᠮ ᠵᠶ᠋ᠠᠨ᠎ᠲᠠᠭᠠᠨ ᠤᠷᠤᠭᠰᠢᠯᠠᠵᠤ᠂ ᠡᠪ ᠬᠠᠮᠲᠤ ᠶᠣᠰᠣᠨ᠎ᠤ ᠵᠠᠯᠭ᠋ᠠᠮᠵᠢᠯᠠᠭᠴᠢ ᠵᠢ ᠬᠥᠮᠥᠵᠢᠭᠦᠯᠬᠦ ᠦᠨᠳᠦᠰᠦᠨ ᠡᠭᠦᠷᠭᠡ ᠵᠢᠨ ᠲᠣᠭᠤᠷᠢᠨ᠎ᠳᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠬᠢᠷᠢ ᠲᠡᠩᠴᠡᠭᠰᠡᠨ ᠪᠦᠲᠦᠭᠡᠨ ᠪᠠᠶ᠋ᠢᠭᠤᠯᠤᠭᠴᠢ ᠵᠢ ᠬᠥᠮᠥᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠷᠭᠡᠨ ᠣᠯᠠᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠭᠡᠰᠢᠭᠦᠨ᠎ᠢ ᠬᠥᠮᠥᠵᠢᠭᠦᠯᠦᠨ ᠬᠥᠲᠥᠯᠥᠨ ᠳᠠᠭ᠋ᠠᠭᠤᠯᠵᠤ ᠨᠠᠮ ᠵᠶ᠋ᠠᠨ ᠬᠠᠶ᠋ᠢᠷᠠᠯᠠᠵᠤ ᠤᠯᠤᠰ ᠵᠶ᠋ᠠᠨ ᠬᠠᠶ᠋ᠢᠷᠠᠯᠠᠬᠤ᠂ ᠰᠢᠷᠭ᠋ᠠᠭᠤ ᠬᠠᠲᠠᠭᠤᠵᠢᠯᠲᠠᠢ ᠰᠤᠷᠤᠯᠴᠠᠬᠤ᠂ ᠪᠦᠭᠦ ᠲᠠᠯ᠎ᠠ᠎ᠪᠠᠷ ᠬᠥᠭᠵᠢᠭᠰᠡᠨ ᠰᠢᠨ᠎ᠡ ᠴᠠᠭ ᠦᠶ᠎ᠡ ᠵᠢᠨ ᠰᠠᠶ᠋ᠢᠨ ᠪᠠᠭ᠋ᠠᠴᠤᠳ ᠪᠤᠯᠬᠤ ᠬᠡᠷᠡᠭᠲᠡᠢ᠃ ᠪᠠᠭ᠋ᠠᠴᠤᠳ᠎ᠤᠨ ᠬᠤᠰᠢᠭᠤᠴᠢ ᠠᠩᠭᠢ ᠵᠢᠨ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢᠨ ᠪᠦᠭᠦ ᠡᠪᠯᠡᠯ ᠵᠶ᠋ᠠᠷ ᠵᠶ᠋ᠠᠨ ᠪᠠᠭ᠋ᠠᠴᠤᠳ᠎ᠤᠨ ᠬᠤᠰᠢᠭᠤᠴᠢ ᠠᠩᠭᠢ ᠵᠢ ᠳᠠᠶ᠋ᠢᠴᠢᠯᠠᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠪᠠᠭ᠋ᠠᠴᠤᠳ ᠬᠡᠦᠬᠡᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ᠎ᠳᠤ ᠰᠠᠶ᠋ᠢᠨ ᠰᠠᠶ᠋ᠢᠬᠠᠨ ᠣᠷᠴᠢᠨ ᠲᠣᠭᠤᠷᠢᠨ ᠪᠠ ᠨᠥᠬᠦᠴᠡᠯ᠎ᠢ ᠪᠦᠷᠢᠯᠳᠦᠭᠦᠯᠵᠦ᠂ ᠪᠠᠭ᠋ᠠᠴᠤᠳ᠎ᠤᠨ ᠬᠤᠰᠢᠭᠤᠴᠢ ᠠᠩᠭᠢ ᠵᠢᠨ ᠦᠢ᠍ᠯᠡᠰ᠎ᠤᠨ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ ᠼᠠᠢ ᠴᠢ ᠡᠭᠢᠯᠡᠯᠲᠡ ᠵᠢᠨ ᠬᠤᠷᠠᠯ᠎ᠳᠤ ᠣᠷᠣᠯᠴᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠱ᠌ᠢ᠎ᠲᠠᠢ ᠹᠧᠩ ᠬᠤᠷᠠᠯ ᠳᠡᠭᠡᠷ᠎ᠡ ᠰᠢ ᠵᠢᠨ ᠫᠢᠩ᠎ᠤᠨ ᠪᠠᠶᠠᠷ᠎ᠤᠨ ᠵᠠᠬᠢᠳᠠᠯ᠎ᠢ ᠤᠩᠰᠢᠨ ᠨᠡᠶ᠋ᠢᠲᠡᠯᠡᠭᠰᠡᠨ ᠪᠥᠭᠡᠳ ᠨᠠᠮ᠎ᠤᠨ ᠲᠥᠪ ᠬᠤᠷᠢᠶ᠎ᠠ ᠵᠢ ᠲᠥᠯᠥᠭᠡᠯᠡᠨ ᠦᠭᠡ ᠬᠡᠯᠡᠪᠡ᠃ ᠲᠡᠷᠡ᠂ ᠶᠡᠷᠦᠩᠬᠡᠢ ᠱᠦᠵᠢ ᠰᠢ ᠵᠢᠨ ᠫᠢᠩ᠎ᠤᠨ ᠪᠠᠭ᠋ᠠᠴᠤᠳ ᠬᠡᠦᠬᠡᠳ ᠪᠣᠯᠣᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠠᠵᠢᠯ᠎ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ᠎ᠪᠠᠷ ᠡᠪᠯᠡᠯ᠎ᠤᠨ ᠪᠠᠶ᠋ᠢᠭᠤᠯᠤᠯᠲᠠ᠂ ᠪᠠᠭ᠋ᠠᠴᠤᠳ᠎ᠤᠨ ᠬᠤᠰᠢᠭᠤᠴᠢ ᠠᠩᠭᠢ ᠵᠢᠨ ᠪᠠᠶ᠋ᠢᠭᠤᠯᠤᠯᠲᠠ ᠵᠢ ᠳᠠᠭ᠋ᠠᠭᠤᠯᠬᠤ ᠵᠢ ᠪᠠᠷᠢᠮᠲᠠᠯᠠᠵᠤ᠂ ᠬᠡᠦᠬᠡᠳ᠎ᠤᠨ ᠥᠰᠦᠯᠲᠡ ᠪᠤᠶ᠋ᠢᠵᠢᠯᠲᠠ᠎ᠳᠤ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠪᠦᠷᠢᠯᠳᠦᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠯ᠎ᠢ ᠪᠠᠲᠤ ᠴᠡᠭᠡᠵᠢᠯᠡᠵᠦ᠂ ᠬᠤᠪᠢᠰᠬᠠᠯᠲᠤ ᠤᠳᠤᠮᠰᠢᠯ᠎ᠢ ᠵᠠᠯᠭ᠋ᠠᠮᠵᠢᠯᠠᠨ᠂ ᠳᠤᠮᠳᠠᠳᠤ ᠵᠢᠨ ᠰᠣᠶᠣᠯ᠎ᠤᠨ ᠰᠤᠳᠠᠰᠤ ᠵᠢ ᠵᠠᠯᠭ᠋ᠠᠮᠵᠢᠯᠠᠨ᠂ ᠲᠡᠮᠡᠴᠡᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠵᠤ᠂ ᠨᠠᠮ ᠵᠶ᠋ᠠᠨ ᠬᠠᠶ᠋ᠢᠷᠠᠯᠠᠵᠤ ᠤᠯᠤᠰ ᠵᠶ᠋ᠠᠨ ᠬᠠᠶ᠋ᠢᠷᠠᠯᠠᠬᠤ᠂ ᠲᠡᠰᠪᠦᠷᠢ ᠬᠠᠲᠠᠭᠤᠵᠢᠯᠲᠠᠢ ᠰᠤᠷᠤᠯᠴᠠᠬᠤ᠂ ᠪᠦᠭᠦ ᠲᠠᠯ᠎ᠠ᠎ᠪᠠᠷ ᠬᠥᠭᠵᠢᠭᠰᠡᠨ ᠰᠢᠨ᠎ᠡ ᠴᠠᠭ ᠦᠶ᠎ᠡ ᠵᠢᠨ ᠰᠠᠶ᠋ᠢᠨ ᠪᠠᠭ᠋ᠠᠴᠤᠳ ᠪᠤᠯᠬᠤ᠎ᠪᠠᠷ ᠴᠢᠷᠮᠠᠶ᠋ᠢᠵᠤ᠂ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠤᠨ ᠲᠥᠯᠥᠭᠡ ᠴᠠᠭ ᠢᠮᠠᠭᠲᠠ ᠪᠡᠯᠡᠬᠡᠨ ᠪᠠᠶ᠋ᠢᠬᠤ ᠵᠢ ᠥᠷᠭᠡᠨ ᠤᠯᠠᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠭᠡᠰᠢᠭᠦᠳ᠎ᠲᠤ ᠬᠦᠰᠡᠵᠦ ᠪᠠᠶ᠋ᠢᠨ᠎ᠠ ᠭᠡᠵᠦ ᠢᠯᠡᠳᠬᠡᠪᠡ᠃
ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ ᠰᠢᠦᠸᠠᠶ᠋ᠢᠺᠧᠯᠠᠶ᠋ᠢᠲ · ᠵᠠᠺᠧᠯ᠂ ᠲᠥᠷᠥ ᠵᠢᠨ ᠶᠠᠪᠤᠳᠠᠯ᠎ᠤᠨ ᠭᠡᠰᠢᠭᠦᠨ ᠱᠧᠨ ᠢ ᠴᠢᠨ᠂ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠱᠧᠨ ᠶᠤᠸᠠᠢ ᠶᠤᠸᠠᠢ ᠬᠤᠷᠠᠯ᠎ᠳᠤ ᠣᠷᠣᠯᠴᠠᠪᠠ᠃
ᠶᠡᠭᠡ ᠬᠤᠷᠠᠯ᠎ᠤᠨ ᠡᠭᠢᠯᠡᠯᠲᠡ ᠵᠢᠨ ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠤᠷᠢᠶ᠎ᠠ ᠵᠢᠨ ᠱᠦᠵᠢ ᠨᠠᠷ᠎ᠤᠨ ᠭᠠᠵᠠᠷ᠎ᠤᠨ ᠨᠢᠭᠡᠳᠦᠭᠡᠷ ᠱᠦᠵᠢ ᠠ ᠳ᠋ᠦᠩ᠂ ᠰᠤᠷᠭ᠋ᠠᠨ ᠬᠥᠮᠦᠵᠢᠯ᠎ᠤᠨ ᠶᠠᠮᠤᠨ᠎ᠤ ᠳᠡᠳ᠋ ᠰᠠᠶ᠋ᠢᠳ ᠸᠠᠩ ᠵᠢᠶᠠ ᠢ ᠲᠣᠰ ᠲᠣᠰ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠤᠷᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠎ᠢ ᠲᠥᠯᠥᠭᠡᠯᠡᠨ ᠦᠭᠡ ᠬᠡᠯᠡᠪᠡ᠃ ᠪᠠᠭ᠋ᠠᠴᠤᠳ᠎ᠤᠨ ᠬᠤᠰᠢᠭᠤᠴᠢ ᠠᠩᠭᠢ ᠵᠢᠨ ᠭᠡᠰᠢᠭᠦᠳ᠎ᠤᠨ ᠲᠥᠯᠥᠭᠡᠯᠡᠭᠴᠢ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠵᠤ ᠤᠷᠤᠭᠰᠢᠯᠠᠬᠤ᠂ ᠪᠠᠭ᠋ᠠᠴᠤᠳ᠎ᠤᠨ ᠬᠤᠰᠢᠭᠤᠴᠢ ᠠᠩᠭᠢ ᠵᠢᠨ ᠵᠣᠬᠢᠶᠠᠨ ᠪᠠᠶ᠋ᠢᠭᠤᠯᠤᠯᠲᠠ ᠵᠢᠨ ᠳᠤᠮᠳᠠ ᠰᠤᠷᠤᠯᠴᠠᠨ ᠦᠢ᠍ᠯᠡᠳᠦᠯᠭᠡᠵᠢᠭᠦᠯᠵᠦ ᠦᠰᠦᠨ ᠪᠣᠶ᠋ᠢᠵᠢᠭᠰᠠᠨ ᠦᠯᠢᠭᠡᠷ ᠵᠶ᠋ᠠᠨ ᠬᠠᠷᠢᠭᠤ ᠮᠡᠳᠡᠭᠦᠯᠪᠡ᠃ ᠶᠡᠭᠡ ᠬᠤᠷᠠᠯ᠎ᠠᠴᠠ ᠪᠦᠭᠦ ᠤᠯᠤᠰ᠎ᠤᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠰᠢᠯᠢᠳᠡᠭ ᠬᠠᠪᠰᠤᠷᠤᠨ ᠵᠢᠯᠣᠭᠤᠳᠤᠭᠴᠢ᠂ ᠪᠦᠭᠦ ᠤᠯᠤᠰ᠎ᠤᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠰᠢᠯᠢᠳᠡᠭ ᠬᠠᠮᠲᠤ ᠵᠢᠨ ᠲᠥᠯᠥᠭᠡᠯᠡᠭᠴᠢ᠎ᠳᠤ ᠱᠠᠩᠨᠠᠯ ᠭᠠᠷᠳᠠᠭᠤᠯᠪᠠ᠃ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠤᠷᠢᠶ᠎ᠠ ᠵᠢᠨ ᠱᠦᠵᠢ ᠨᠠᠷ᠎ᠤᠨ ᠭᠠᠵᠠᠷ᠎ᠤᠨ ᠱᠦᠵᠢ᠂ ᠪᠦᠭᠦ ᠤᠯᠤᠰ᠎ᠤᠨ ᠪᠠᠭ᠋ᠠᠴᠤᠳ᠎ᠤᠨ ᠠᠵᠢᠯ᠎ᠤᠨ ᠵᠥᠪᠯᠡᠯ᠎ᠤᠨ ᠪᠠᠶ᠋ᠢᠩᠭᠤ ᠵᠢᠨ ᠳᠡᠳ᠋ ᠡᠷᠭᠢᠯᠡᠭᠴᠢ ᠸᠠᠩ ᠢ ᠨᠠᠢ᠍ᠮᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠪᠠᠭ᠋ᠠᠴᠤᠳ᠎ᠤᠨ ᠠᠵᠢᠯ᠎ᠤᠨ ᠵᠥᠪᠯᠡᠯ᠎ᠢ ᠲᠥᠯᠥᠭᠡᠯᠡᠨ ᠠᠵᠢᠯ᠎ᠤᠨ ᠢᠯᠡᠳᠬᠡᠯ ᠬᠢᠪᠡ᠃
ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ᠎ᠤᠨ ᠪᠦᠯᠭᠦᠮ᠎ᠤᠨ ᠬᠠᠷᠢᠭᠤᠴᠠᠯᠭ᠋ᠠᠲᠠᠨ᠂ ᠶᠢᠰᠦᠳᠦᠭᠡᠷ ᠤᠳᠠᠭ᠎ᠠ ᠵᠢᠨ ᠪᠦᠭᠦ ᠤᠯᠤᠰ᠎ᠤᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠲᠥᠯᠥᠭᠡᠯᠡᠭᠴᠢ᠂ ᠪᠦᠭᠦ ᠤᠯᠤᠰ᠎ᠤᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠰᠢᠯᠢᠳᠡᠭ ᠬᠠᠪᠰᠤᠷᠤᠨ ᠵᠢᠯᠣᠭᠤᠳᠤᠭᠴᠢ᠂ ᠪᠦᠭᠦ ᠤᠯᠤᠰ᠎ᠤᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠰᠢᠯᠢᠳᠡᠭ ᠬᠠᠮᠲᠤ ᠵᠢᠨ ᠲᠥᠯᠥᠭᠡᠯᠡᠭᠴᠢ᠂ ᠪᠡᠭᠡᠵᠢᠩ ᠬᠤᠳᠠ ᠵᠢᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠭᠡᠰᠢᠭᠦᠨ ᠪᠣᠯᠣᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠬᠠᠪᠰᠤᠷᠤᠨ ᠵᠢᠯᠣᠭᠤᠳᠤᠭᠴᠢ ᠵᠢᠨ ᠲᠥᠯᠥᠭᠡᠯᠡᠭᠴᠢ ᠵᠡᠷᠭᠡ 3000 ᠰᠢᠬᠠᠮ ᠬᠥᠮᠥᠨ ᠡᠭᠢᠯᠡᠯᠲᠡ ᠵᠢᠨ ᠬᠤᠷᠠᠯ᠎ᠳᠤ ᠣᠷᠣᠯᠴᠠᠵᠠᠢ᠃