ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠺᠤᠷᠢᠶᠠ ᠵᠢᠨ ᠶᠡᠷᠦᠩᠬᠡᠶ᠋ᠢᠯᠡᠭᠴᠢ᠎ᠪᠠᠷ ᠰᠣᠩᠭᠤᠭᠳᠠᠭᠰᠠᠨ ᠯᠢ ᠽᠠᠢ ᠮᠢᠩ᠎ᠳᠤ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄ 2025-06-05

       ᠰᠢᠨᠬᠤᠸᠠ ᠬᠤᠷᠢᠶ᠎ᠠ ᠵᠢᠨ ᠪᠡᠭᠡᠵᠢᠩ᠎ᠤᠨ 6 ᠰᠠᠷ᠎ᠠ ᠵᠢᠨ 4᠎ᠤ ᠴᠠᠭᠢᠯᠭ᠋ᠠᠨ ᠮᠡᠳᠡᠭᠡ 6 ᠰᠠᠷ᠎ᠠ ᠵᠢᠨ 4᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠯᠢ ᠽᠠᠢ ᠮᠢᠩ᠎ᠳᠤ ᠴᠠᠭᠢᠯᠭ᠋ᠠᠨ ᠴᠢᠮᠡᠭᠡ ᠶᠠᠪᠤᠭᠤᠯᠵᠤ᠂ ᠲᠡᠭᠦᠨ᠎ᠤ ᠺᠤᠷᠢᠶᠠ ᠵᠢᠨ ᠶᠡᠷᠦᠩᠬᠡᠶ᠋ᠢᠯᠡᠭᠴᠢ᠎ᠪᠠᠷ ᠰᠣᠩᠭᠤᠭᠳᠠᠭᠰᠠᠨ᠎ᠳᠤ ᠪᠠᠶᠠᠷ ᠬᠦᠷᠭᠡᠪᠡ᠃
       ᠰᠢ ᠵᠢᠨ ᠫᠢᠩ᠂ ᠳᠤᠮᠳᠠᠳᠤ ᠺᠤᠷᠢᠶᠠ ᠪᠣᠯ ᠴᠢᠬᠤᠯᠠ ᠬᠥᠷᠰᠢ ᠤᠯᠤᠰ ᠪᠥᠭᠡᠳ ᠬᠠᠮᠲᠤᠷᠠᠯᠴᠠᠭ᠋ᠠᠨ᠎ᠤ ᠬᠠᠨᠢᠲᠠᠨ ᠮᠥᠨ᠃ ᠬᠠᠷᠢᠯᠴᠠᠭ᠎ᠠ ᠪᠠᠶ᠋ᠢᠭᠤᠯᠤᠭᠰᠠᠨ 33 ᠵᠢᠯ᠎ᠤᠨ ᠲᠤᠷᠰᠢ᠂ ᠬᠤᠶᠠᠷ ᠲᠠᠯ᠎ᠠ᠎ᠪᠠᠷ ᠵᠶ᠋ᠠᠨ ᠦᠵᠡᠯ ᠤᠬᠠᠮᠰᠠᠷ᠎ᠤᠨ ᠭᠡᠯᠪᠡᠷᠢ ᠪᠣᠯᠣᠨ ᠨᠡᠶ᠋ᠢᠭᠡᠮ᠎ᠤᠨ ᠪᠠᠶ᠋ᠢᠭᠤᠯᠤᠯ᠎ᠤᠨ ᠵᠥᠷᠢᠶ᠎ᠡ ᠵᠢ ᠳᠠᠪᠠᠵᠤ᠂ ᠭᠠᠷ ᠬᠤᠯᠪᠣᠨ ᠬᠠᠮᠲᠤ᠎ᠪᠠᠷ ᠤᠷᠤᠭᠰᠢᠯᠠᠵᠤ᠂ ᠬᠠᠷᠢᠯᠴᠠᠨ ᠠᠮᠵᠢᠯᠲᠠ ᠪᠦᠲᠦᠮᠵᠢ ᠣᠯᠭᠤᠬᠤ ᠵᠢ ᠠᠬᠢᠭᠤᠯᠵᠤ᠂ ᠬᠤᠶᠠᠷ ᠤᠯᠤᠰ᠎ᠤᠨ ᠬᠠᠷᠢᠯᠴᠠᠭ᠎ᠠ ᠵᠢᠨ ᠲᠣᠭᠲᠠᠭᠤᠨ ᠡᠷᠡᠭᠦᠯ ᠬᠥᠭᠵᠢᠯᠲᠡ ᠵᠢ ᠪᠡᠶᠡᠯᠡᠭᠦᠯᠵᠦ᠂ ᠬᠤᠶᠠᠷ ᠤᠯᠤᠰ᠎ᠤᠨ ᠠᠷᠠᠳ ᠲᠦᠮᠡᠨ᠎ᠤ ᠠᠵᠠ ᠵᠢᠷᠭ᠋ᠠᠯ᠎ᠢ ᠨᠡᠮᠡᠭᠳᠡᠭᠦᠯᠦᠭᠰᠡᠨ ᠵᠶ᠋ᠠᠷ ᠪᠠᠷᠠᠬᠤ ᠦᠭᠡᠢ᠂ ᠪᠠᠰᠠ ᠭᠠᠵᠠᠷ ᠣᠷᠣᠨ᠎ᠤ ᠡᠩᠬᠡ ᠲᠠᠶ᠋ᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ᠎ᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠵᠢᠭ᠋ᠠᠵᠤ ᠭᠠᠷᠭ᠋ᠠᠪᠠ᠃
       ᠰᠢ ᠵᠢᠨ ᠫᠢᠩ᠂ ᠪᠢ ᠳᠤᠮᠳᠠᠳᠤ ᠺᠤᠷᠢᠶᠠ ᠵᠢᠨ ᠬᠠᠷᠢᠯᠴᠠᠭ᠎ᠠ ᠵᠢᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠃ ᠣᠳᠣᠬᠠᠨ᠎ᠳᠤ᠂ ᠳᠡᠯᠡᠬᠡᠢ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠡᠯᠡᠬᠡᠢ ᠵᠢᠨ ᠪᠠ ᠭᠠᠵᠠᠷ ᠣᠷᠣᠨ᠎ᠤ ᠪᠠᠶ᠋ᠢᠳᠠᠯ᠎ᠳᠠᠬᠢ ᠲᠣᠬᠲᠠᠭ᠋ᠠᠯᠲᠦ ᠪᠤᠰᠤ ᠡᠯᠧᠮᠧᠨ᠋ᠲ ᠨᠡᠮᠡᠭᠳᠡᠵᠦ ᠪᠠᠶ᠋ᠢᠨ᠎ᠠ᠃ ᠪᠦᠭᠦ ᠪᠥᠮᠪᠥᠷᠴᠡᠭ ᠪᠠ ᠭᠠᠵᠠᠷ ᠣᠷᠣᠨ᠎ᠤ ᠴᠢᠬᠤᠯᠠ ᠤᠯᠤᠰ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ ᠳᠤᠷᠠᠲᠠᠶ᠎ᠠ ᠺᠤᠷᠢᠶᠠ ᠵᠢᠨ᠎ᠬᠢᠨ᠎ᠲᠠᠢ ᠬᠠᠮᠲᠤ᠎ᠪᠠᠷ᠂ ᠬᠠᠷᠢᠯᠴᠠᠭ᠎ᠠ ᠪᠠᠶ᠋ᠢᠭᠤᠯᠤᠭᠰᠠᠨ ᠤᠭ ᠰᠠᠨᠠᠭ᠎ᠠ᠎ᠪᠠᠨ ᠪᠠᠲᠤ ᠰᠠᠬᠢᠵᠤ᠂ ᠡᠶᠡᠯᠳᠡᠭ ᠬᠥᠷᠰᠢ ᠵᠢᠨ ᠨᠥᠭᠦᠷᠰᠡᠭ ᠴᠢᠭᠯᠡᠯ᠎ᠢ ᠪᠠᠲᠤᠳᠬᠠᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠬᠠᠷᠠᠯᠲᠠ ᠵᠢ ᠪᠠᠷᠢᠮᠲᠠᠯᠠᠵᠤ᠂ ᠳᠤᠮᠳᠠᠳᠤ ᠺᠤᠷᠢᠶᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢᠨ ᠲᠠᠰᠤᠷᠠᠯᠳᠠ ᠦᠭᠡᠢ ᠤᠷᠤᠭᠰᠢ ᠬᠥᠭᠵᠢᠬᠦ ᠵᠢ ᠬᠠᠮᠲᠤ᠎ᠪᠠᠷ ᠠᠬᠢᠭᠤᠯᠵᠤ᠂ ᠬᠤᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠶ᠋ᠢᠲᠤᠷ ᠪᠤᠶᠠᠨ ᠦᠢ᠍ᠯᠡᠳᠦᠨ᠎ᠡ ᠭᠡᠵᠦ ᠴᠢᠬᠤᠯᠠᠴᠢᠯᠠᠪᠠ᠃



           


 

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠡᠭ ᠬᠤᠶᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ — ᠲᠤᠮᠳᠠᠳᠤ ᠠᠽᠢᠶ᠎ᠠ ᠵᠢᠨ ᠲᠦᠷᠤᠬᠦᠴᠤᠳ᠎ᠤᠨ ᠬᠤᠷᠠᠯ᠎ᠳᠤ ᠤᠷᠤᠯᠴᠠᠬᠰᠠᠨ ᠪᠦᠬᠡᠳ ᠭᠤᠤᠯ ᠵᠤᠷᠢᠯᠳᠠᠳᠤ ᠦᠬᠡ ᠬᠡᠯᠡᠪᠡ
ᠯᠢ ᠴᠢᠶᠠᠡᠭ ᠲᠦᠷᠤ ᠵᠢᠨ ᠶᠠᠪᠤᠳᠠᠯ᠎ᠤᠨ ᠬᠤᠷᠢᠶᠠᠨ᠎ᠤ ᠪᠠᠢ᠌ᠡᠭᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠡᠭ᠄ ᠰᠢᠨ᠎ᠡ ᠵᠢ ᠡᠬᠦᠳᠬᠦ ᠵᠢ ᠠᠳᠬᠤᠬᠤ᠎ᠳᠤ 《ᠪᠡᠶ᠎ᠡ ᠵᠢᠨ ᠭᠠᠷᠤᠯ》᠎ᠢ ᠬᠡᠯᠡᠯᠴᠡᠬᠦ ᠦᠬᠡᠢ᠂ ᠤᠯᠤᠰ ᠬᠡᠷ᠎ᠲᠤ ᠬᠤᠪᠢ ᠨᠡᠮᠡᠷᠢ ᠦᠵᠡᠬᠦᠯᠳᠡᠭ ᠯᠨ ᠪᠤᠯ ᠪᠦᠬᠦ ᠬᠦᠴᠤ᠎ᠪᠠᠷ ᠲᠡᠮᠵᠢᠨ᠎ᠡ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠢᠨ᠎ᠡ ᠠᠷᠭ᠎ᠠ ᠬᠡᠮᠵᠢᠶ᠎ᠡ ᠵᠡᠷᠭᠡ ᠵᠢ ᠨᠡᠶ᠋ᠢᠲᠡᠯᠡᠪᠡ
ᠰᠢ ᠵᠢᠨ ᠫᠢᠡᠭ ᠬᠤᠪᠢᠰᠬᠠᠯ᠎ᠤᠨ ᠲᠡᠤᠬᠡᠨ ᠲᠤᠷᠠᠰᠬᠠᠯᠳᠤ ᠵᠦᠢ᠍ᠯᠡᠰ᠎ᠤᠨ ᠠᠵᠢᠯ᠎ᠳᠤ ᠴᠢᠬᠤᠯᠨ ᠵᠢᠭ᠋ᠠᠪᠤᠷᠢ ᠦᠭᠭᠦ᠎ᠳᠤ᠎ᠪᠠᠨ ᠴᠢᠬᠤᠯᠠᠴᠢᠯᠠᠬᠰᠠᠨᠨ᠎ᠨᠢ ᠄ ᠬᠤᠪᠢᠰᠬᠠᠯ᠎ᠤᠨ ᠲᠡᠤᠬᠡ ᠵᠢᠨ ᠲᠤᠷᠠᠰᠬᠠᠯᠳᠤ ᠵᠦᠢ᠍ᠯᠡᠰ᠎ᠢ ᠦᠨᠡᠨ ᠬᠦ᠌ ᠰᠠᠢ᠌ᠳᠤᠷ ᠬᠠᠮᠢᠶᠠᠷᠴᠤ ᠰᠠᠢ᠌ᠳᠤᠷ ᠬᠠᠮᠢᠶᠠᠷᠤᠨ ᠰᠠᠢ᠌ᠳᠤᠷ ᠬᠡᠷᠡᠭᠯᠡᠵᠤ ᠦᠷᠬᠡᠨ ᠤᠯᠠᠨ ᠺᠠᠳ᠋ᠷ ᠤᠯᠠᠨ ᠲᠦᠮᠡᠨ᠎ᠤ ᠤᠶᠤᠨ ᠰᠠᠨᠠᠭ᠋ᠠᠨ᠎ᠤ ᠬᠦᠴᠤᠨ ᠴᠢᠳᠠᠯ᠎ᠢ ᠪᠠᠳᠠᠷᠠᠭᠤᠯᠬᠤ ᠬᠡᠷᠡᠭᠳᠡᠢ
 
            