ᠰᠢᠨᠬᠤᠸᠠ ᠬᠤᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 3᠎ᠤ ᠡᠳᠦᠷ᠎ᠤᠨ ᠴᠠᠬᠢᠯᠭ᠋ᠠᠨ ᠮᠡᠳᠡᠭᠡ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ ᠲᠦᠷᠦᠭᠦᠬᠡᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ᠎ᠲᠤ ᠭᠠᠷᠤᠨ ᠥᠰᠥᠭ ᠵᠢᠷᠤᠵᠤ᠂ 《ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠬᠠᠮᠲᠤ᠎ᠪᠠᠷ ᠡᠳ᠋ᠯᠡᠬᠦ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠪᠠ)᠎ᠢ ᠨᠡᠶ᠋ᠢᠲᠡᠯᠡᠵᠦ᠂ 2025 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
《ᠳᠦᠷᠢᠮ》᠎ᠨᠢ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠠᠮᠤᠷ ᠲᠦᠪᠰᠢᠨ ᠡᠮᠬᠢ ᠵᠢᠷᠤᠮ᠎ᠲᠠᠢ ᠥᠨᠳᠥᠷ ᠪᠦᠲᠦᠮᠵᠢᠲᠡᠶ ᠬᠠᠮᠲᠤ᠎ᠪᠠᠷ ᠡᠳ᠋ᠯᠡᠵᠦ ᠠᠰᠢᠭᠯᠠᠬᠤ ᠵᠢ ᠠᠬᠢᠭᠤᠯᠵᠤ᠂ ᠵᠠᠰᠠᠭ᠎ᠤᠨ ᠣᠷᠳᠣᠨ᠎ᠤ ᠳ᠋ᠢᠭᠢᠳ᠋ᠴᠢᠯᠡᠭᠰᠡᠨ ᠵᠠᠰᠠᠯᠲᠠ ᠵᠢᠨ ᠴᠢᠳᠠᠪᠤᠷᠢ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠳᠦᠯ ᠴᠢᠳᠠᠮᠵᠢ ᠵᠢ ᠳᠡᠭᠡᠭᠰᠢᠯᠡᠭᠦᠯᠵᠦ᠂ ᠳ᠋ᠢᠭᠢᠲ ᠵᠠᠰᠠᠭ᠎ᠤᠨ ᠣᠷᠳᠣᠨ᠎ᠢ ᠪᠥᠬᠦ ᠲᠠᠯ᠎ᠠ᠎ᠪᠠᠷ ᠪᠠᠶ᠋ᠢᠭᠤᠯᠬᠤ᠎ᠪᠠᠷ ᠵᠣᠷᠢᠯᠭ᠎ᠠ ᠪᠣᠯᠭ᠋ᠠᠪᠠ᠃ 《ᠳᠦᠷᠢᠮ》᠎ᠨᠢ ᠨᠡᠶ᠋ᠢᠲᠡ 8 ᠪᠦᠯᠦᠭ 44 ᠵᠦᠢ᠍ᠯ᠎ᠲᠠᠢ᠂ ᠭᠤᠣᠯᠳᠠᠭᠤ ᠳᠣᠣᠷᠠᠬᠢ ᠠᠭᠤᠯᠭ᠎ᠠ᠎ᠨᠤᠭᠤᠳ᠎ᠢ ᠪᠠᠭᠲᠠᠭ᠋ᠠᠪᠠ᠃
ᠨᠢᠭᠡ᠎ᠳᠤ ᠶᠡᠷᠦᠩᠬᠡᠢ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠡᠳ᠋ᠯᠡᠬᠦ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠠᠷᠢᠮᠵᠢᠶ᠎ᠠ ᠵᠢ ᠨᠢᠭᠡᠳᠬᠡᠬᠦ᠂ ᠬᠠᠤᠯᠢ ᠶᠣᠰᠣᠭ᠋ᠠᠷ ᠬᠠᠮᠲᠤ᠎ᠪᠠᠷ ᠡᠳ᠋ᠯᠡᠬᠦ᠂ ᠵᠦᠢ ᠵᠣᠬᠢᠰᠲᠠᠢ ᠬᠡᠷᠡᠭᠯᠡᠬᠦ᠂ ᠠᠮᠤᠷ ᠲᠦᠪᠰᠢᠨ ᠡᠵᠡᠮᠳᠡᠬᠦᠶ᠋ᠢᠴᠡ ᠵᠠᠷᠴᠢᠮ᠎ᠢ ᠵᠢᠷᠤᠮᠯᠠᠨ᠎ᠠ ᠭᠡᠵᠦ ᠲᠣᠭᠲᠠᠭ᠋ᠠᠪᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠡᠳ᠋ᠯᠡᠬᠦ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠵᠢᠴᠢ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠡᠳ᠋ᠯᠡᠬᠦ ᠠᠵᠢᠯ᠎ᠤᠨ ᠪᠠᠶ᠋ᠢᠭᠤᠯᠤᠮᠵᠢ ᠵᠢᠨ ᠡᠭᠦᠷᠭᠡ ᠬᠠᠷᠢᠭᠤᠴᠠᠯᠭ᠎ᠠ ᠵᠢ ᠨᠠᠷᠢᠯᠢᠭᠵᠢᠭᠤᠯᠪᠠ᠃
ᠬᠤᠶᠠᠷ᠎ᠲᠤ ᠭᠠᠷᠴᠠᠭ᠎ᠤᠨ ᠬᠠᠮᠢᠶᠠᠷᠤᠯᠲᠠ ᠵᠢ ᠰᠢᠯᠢᠳᠡᠭᠵᠢᠭᠦᠯᠪᠡ᠃ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ᠎ᠳᠤ ᠨᠢᠭᠡᠳᠦᠯᠲᠡᠢ ᠭᠠᠷᠴᠠᠭ᠎ᠤᠨ ᠬᠠᠮᠢᠶᠠᠷᠤᠯᠲᠠ ᠬᠡᠷᠡᠭᠵᠢᠭᠦᠯᠬᠦ ᠵᠢ ᠲᠣᠭᠲᠠᠭ᠋ᠠᠵᠤ᠂ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠭᠠᠷᠴᠠᠭ᠎ᠢ ᠨᠠᠶ᠋ᠢᠷᠠᠭᠤᠯᠤᠨ ᠵᠣᠬᠢᠶᠠᠬᠤ᠂ ᠨᠡᠶ᠋ᠢᠲᠡᠯᠡᠬᠦ ᠵᠢᠴᠢ ᠬᠥᠳᠡᠯᠦᠩᠭᠦᠢ᠎ᠪᠠᠷ ᠰᠢᠨᠡᠳᠬᠡᠬᠦ ᠵᠡᠷᠭᠡ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠡᠳ᠋ᠯᠡᠬᠦ ᠬᠠᠷᠢᠶᠠᠯᠠᠯ᠎ᠤᠨ ᠠᠩᠭᠢᠯᠠᠯ᠎ᠢ ᠲᠣᠭᠲᠠᠭ᠋ᠠᠵᠤ᠂ ᠳᠤᠷ᠎ᠠ᠎ᠪᠠᠷ ᠵᠶ᠋ᠠᠨ ᠨᠥᠬᠦᠴᠡᠯ ᠨᠡᠮᠡᠵᠦ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠬᠠᠮᠲᠤ᠎ᠪᠠᠷ ᠡᠳ᠋ᠯᠡᠬᠦ ᠵᠢ ᠬᠠᠷᠰᠢᠯᠠᠬᠤ ᠪᠠ ᠨᠥᠯᠥᠭᠡᠯᠡᠬᠦ ᠵᠢ᠎ᠨᠢ ᠬᠤᠷᠢᠭᠯᠠᠬᠤ᠎ᠪᠠᠷ ᠲᠣᠭᠲᠠᠭ᠋ᠠᠪᠠ᠃
ᠭᠤᠷᠪᠠ᠎ᠳᠤ ᠬᠠᠮᠲᠤ᠎ᠪᠠᠷ ᠡᠳ᠋ᠯᠡᠵᠦ ᠬᠡᠷᠡᠭᠯᠡᠬᠦ ᠱᠠᠭ᠋ᠠᠷᠳᠠᠯᠭ᠎ᠠ ᠵᠢ ᠨᠠᠷᠢᠯᠢᠭᠵᠢᠭᠤᠯᠪᠠ᠃ ᠬᠠᠮᠲᠤ᠎ᠳᠤ᠎ᠪᠠᠨ ᠡᠳ᠋ᠯᠡᠬᠦ᠎ᠪᠠᠷ ᠳᠠᠮᠵᠢᠭᠤᠯᠤᠨ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠣᠯᠵᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠴᠡᠭᠡ ᠵᠢ ᠬᠠᠩᠭ᠋ᠠᠵᠤ ᠳᠡᠶ᠋ᠢᠯᠬᠦ᠎ᠳᠤ ᠭᠦᠷᠪᠡᠯ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠳᠠᠬᠢᠨ ᠳᠠᠪᠲᠠᠨ ᠴᠤᠭᠯᠠᠭᠤᠯᠵᠤ ᠪᠣᠯᠬᠤ ᠦᠭᠡᠢ ᠭᠡᠵᠦ ᠲᠣᠭᠲᠠᠭ᠋ᠠᠭᠰᠠᠨ ᠪᠥᠭᠡᠳ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠲᠦᠷᠦᠭᠦᠯᠡᠨ ᠴᠤᠭᠯᠠᠭᠤᠯᠬᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠶ᠋ᠢᠯᠠᠪᠠ᠃ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠳᠤ᠎ᠪᠠᠨ ᠡᠳ᠋ᠯᠡᠬᠦ᠎ᠪᠠᠷ ᠭᠤᠶᠤᠴᠢᠯᠠᠬᠤ᠂ ᠬᠠᠷᠢᠭᠤᠯᠬᠤ ᠴᠤᠪᠤᠷᠠᠯ ᠵᠢᠴᠢ ᠴᠠᠭ᠎ᠤᠨ ᠬᠢᠵᠠᠭ᠋ᠠᠷ᠎ᠤᠨ ᠱᠠᠭ᠋ᠠᠷᠳᠠᠯᠭ᠎ᠠ ᠵᠢ᠎ᠨᠢ ᠨᠠᠷᠢᠯᠢᠭᠵᠢᠭᠤᠯᠪᠠ᠃ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠶᠠᠰᠤ ᠴᠢᠨᠠᠷ᠎ᠤᠨ ᠬᠠᠮᠢᠶᠠᠷᠤᠯᠲᠠ᠂ ᠬᠠᠷᠭᠤᠭᠤᠯᠤᠨ ᠵᠠᠯᠠᠷᠠᠭᠤᠯᠬᠤ ᠵᠢᠴᠢ ᠬᠠᠮᠲᠤ᠎ᠪᠠᠷ ᠡᠳ᠋ᠯᠡᠬᠦ᠎ᠳᠤ ᠡᠭᠦᠰᠦᠭᠰᠡᠨ ᠮᠠᠷᠭᠤᠯᠳᠤᠭ᠋ᠠᠨ᠎ᠢ ᠰᠢᠢ᠍ᠳᠪᠦᠷᠢᠯᠡᠬᠦ ᠲᠣᠭᠲᠠᠴᠠ ᠵᠢ᠎ᠨᠢ ᠲᠣᠳᠣᠷᠬᠠᠶ᠋ᠢᠯᠠᠪᠠ᠃ ᠳᠡᠭᠡᠳᠦ ᠱᠠᠲᠤᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠨᠢ ᠳᠣᠣᠷᠠᠳᠤ ᠱᠠᠲᠤᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠬᠡᠷᠡᠭᠴᠡᠭᠡ ᠵᠢ ᠦᠨᠳᠦᠰᠦᠯᠡᠨ᠂ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ᠂ ᠬᠠᠮᠢᠶ᠎ᠠ ᠪᠦᠬᠦᠢ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠴᠠᠭ ᠲᠤᠬᠠᠢᠳᠤᠨᠢ᠂ ᠪᠦᠷᠢᠨ ᠪᠦᠲᠦᠨ ᠵᠶ᠋ᠠᠷ ᠪᠤᠴᠠᠭ᠋ᠠᠯᠭ᠋ᠠᠬᠤ ᠵᠢ ᠲᠣᠭᠲᠠᠭ᠋ᠠᠪᠠ᠃
ᠳᠥᠷᠪᠡ᠎ᠳᠤ ᠲᠠᠪᠴᠠᠩ᠎ᠤᠨ ᠲᠤᠯᠭ᠋ᠠᠭᠤᠷᠢᠯᠠᠯ᠎ᠢ ᠴᠢᠩᠭ᠋ᠠᠳᠬᠠᠪᠠ᠃ ᠪᠥᠬᠦ ᠤᠯᠤᠰ᠎ᠤᠨ ᠨᠢᠭᠡ ᠴᠣᠭᠴᠠᠵᠢᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠣᠭᠲᠠᠯᠴᠠᠭ᠎ᠠ ᠵᠢ ᠨᠡᠶ᠋ᠢᠳᠬᠡᠵᠦ ᠪᠠᠶ᠋ᠢᠭᠤᠯᠬᠤ᠎ᠪᠠᠷ ᠲᠣᠭᠲᠠᠭ᠋ᠠᠵᠤ᠂ ᠪᠠᠶ᠋ᠢᠭᠤᠯᠤᠭ᠋ᠠᠳ ᠪᠠᠶ᠋ᠢᠭ᠎ᠠ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠲᠠᠪᠴᠠᠩ᠎ᠢ᠎ᠨᠢ ᠪᠥᠬᠦ ᠤᠯᠤᠰ᠎ᠤᠨ ᠨᠢᠭᠡ ᠴᠣᠭᠴᠠᠵᠢᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠣᠭᠲᠠᠯᠴᠠᠭ᠎ᠠ᠎ᠳᠤ ᠣᠷᠣᠭᠤᠯᠬᠤ᠎ᠪᠠᠷ ᠱᠠᠭ᠋ᠠᠷᠳᠠᠵᠤ᠂ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠡᠳ᠋ᠯᠡᠵᠦ ᠰᠣᠯᠢᠯᠴᠠᠬᠤ ᠰᠢᠰᠲ᠋ᠧᠮ᠎ᠢ ᠵᠠᠷᠴᠢᠮ ᠳᠡᠭᠡᠷ᠎ᠡ᠎ᠪᠠᠨ ᠰᠢᠨ᠎ᠡ᠎ᠪᠠᠷ ᠪᠠᠶ᠋ᠢᠭᠤᠯᠬᠤ ᠦᠭᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠳ ᠪᠥᠬᠦ ᠤᠯᠤᠰ᠎ᠤᠨ ᠨᠢᠭᠡ ᠴᠣᠭᠴᠠᠵᠢᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠣᠭᠲᠠᠯᠴᠠᠭ᠎ᠠ᠎ᠪᠠᠷ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠬᠠᠮᠲᠤ᠎ᠪᠠᠷ ᠡᠳ᠋ᠯᠡᠬᠦ ᠠᠵᠢᠯ᠎ᠢ ᠥᠷᠨᠢᠭᠦᠯᠬᠦ ᠬᠡᠷᠡᠭᠲᠡᠢ ᠭᠡᠵᠦ ᠲᠣᠳᠣᠷᠬᠠᠶ᠋ᠢᠯᠠᠪᠠ᠃
ᠲᠠᠪᠤ᠎ᠳᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠪᠠ᠃ ᠬᠡᠨ ᠬᠠᠮᠢᠶᠠᠷᠪᠠᠯ ᠲᠡᠷᠡ ᠬᠠᠷᠢᠭᠤᠴᠠᠬᠤ᠂ ᠬᠡᠨ ᠬᠡᠷᠡᠭᠯᠡᠪᠡᠯ ᠲᠡᠷᠡ ᠬᠠᠷᠢᠭᠤᠴᠠᠬᠤ ᠵᠠᠷᠴᠢᠮ ᠶᠣᠰᠣᠭ᠋ᠠᠷ ᠡᠯ᠎ᠡ ᠭᠤᠭᠴᠣᠭ᠋ᠠᠨ᠎ᠳᠠᠬᠢ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠭᠤᠣᠯ ᠴᠣᠭᠴᠠ ᠵᠢ ᠲᠣᠳᠣᠷᠬᠠᠶ᠋ᠢᠯᠠᠵᠤ᠂ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠤᠯᠢ ᠶᠣᠰᠣᠭ᠋ᠠᠷ ᠬᠠᠮᠲᠤ ᠡᠳ᠋ᠯᠡᠬᠦ ᠶᠠᠪᠤᠴᠠ ᠳᠤᠮᠳᠠᠬᠢ ᠬᠡᠷᠡᠭᠴᠡᠭᠡ᠎ᠲᠠᠢ ᠰᠠᠯᠠᠭ᠎ᠠ ᠮᠥᠴᠢᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠴᠢᠬᠤᠯᠠᠴᠢᠯᠠᠪᠠ᠃ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠠ ᠨᠠᠶ᠋ᠢᠳᠠᠯᠭ᠎ᠠ ᠬᠦᠯᠢᠶᠡᠭᠰᠡᠨ ᠲᠠᠯ᠎ᠠ ᠵᠢᠨ᠎ᠬᠢᠨ᠎ᠤ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠡᠭᠦᠷᠭᠡ ᠵᠢ᠎ᠨᠢ ᠨᠠᠷᠢᠯᠢᠭᠵᠢᠭᠤᠯᠵᠤ᠂ ᠬᠤᠪᠢ ᠬᠥᠮᠥᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠵᠢᠴᠢ ᠵᠠᠭ᠋ᠠᠯᠳᠤᠵᠤ ᠢᠯᠡᠴᠢᠯᠡᠨ ᠮᠡᠳᠡᠭᠦᠯᠬᠦ ᠵᠢ ᠰᠢᠢ᠍ᠳᠪᠦᠷᠢᠯᠡᠬᠦ ᠱᠠᠭ᠋ᠠᠷᠳᠠᠯᠭ᠎ᠠ ᠵᠢ᠎ᠨᠢ ᠲᠣᠳᠣᠷᠬᠠᠶ᠋ᠢᠯᠠᠪᠠ᠃ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠡᠳ᠋ᠯᠡᠬᠦ ᠵᠠᠷᠤᠳᠠᠯ᠎ᠤᠨ ᠪᠠᠲᠤᠯᠠᠭ᠎ᠠ ᠪᠠ ᠲᠥᠰᠥᠪ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠳᠤᠷᠠᠳᠪᠠ᠃