ᠰᠢᠨᠬᠤᠸᠠ ᠬᠤᠷᠢᠶᠠᠨ᠎ᠤ ᠪᠡᠭᠡᠵᠢᠩ᠎ᠤᠨ 5 ᠳ᠋ᠤᠭ᠋ᠠᠷ ᠰᠠᠷ᠎ᠠ ᠵᠢᠨ 18᠎ᠤ ᠠ᠋ᠳᠤᠷ᠎ᠤᠨ ᠴᠠᠬᠢᠯᠭ᠋ᠠᠨ ᠮᠡᠳᠡᠭᠡ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ᠂ ᠬᠦᠬᠡᠮᠦᠢ᠍ᠷᠡᠨ᠎ᠤ ᠠᠵᠤ ᠠᠬᠤᠢ ᠵᠢᠨ ᠪᠦᠰᠡ ᠵᠢᠨ ᠬᠦᠭᠵᠢᠯᠲᠡ ᠵᠢ ᠠᠬᠢᠭᠤᠯᠬᠤ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠬᠠᠨ ᠵᠸᠩ 17᠎ᠤ ᠠ᠋ᠳᠤᠷ ᠬᠦᠬᠡᠮᠦᠢ᠍ᠷᠡᠨ᠎ᠤ ᠠᠵᠤ ᠠᠬᠤᠢ ᠵᠢᠨ ᠪᠦᠰᠡ ᠵᠢᠨ ᠬᠦᠭᠵᠢᠯᠲᠡ ᠵᠢ ᠠᠬᠢᠭᠤᠯᠬᠤ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ ᠶᠡᠷᠦᠩᠭᠡᠢ ᠱᠦᠵᠢ ᠰᠢ ᠵᠢᠨ ᠫᠢᠩ᠎ᠤᠨ ᠬᠦᠬᠡᠮᠦᠢ᠍ᠷᠡᠨ᠎ᠤ ᠠᠵᠤ ᠠᠬᠤᠢ ᠵᠢᠨ ᠪᠦᠰᠡ ᠵᠢᠨ ᠬᠦᠭᠵᠢᠯᠲᠡ ᠵᠢ ᠬᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠰᠤᠷᠤᠯᠴᠠᠨ᠂ ᠬᠤᠯᠪᠤᠭᠳᠠᠯ ᠪᠦᠬᠦᠢ ᠪᠢᠴᠢᠭ ᠮᠠᠲᠸᠷᠢᠶᠠᠯ᠎ᠢ ᠬᠢᠨᠠᠨ ᠪᠠᠳᠤᠯᠠᠵᠤ᠂ ᠬᠠᠷᠠᠯᠳᠠ ᠠ᠋ᠬᠦᠷᠭᠡ ᠵᠢ ᠳᠤᠳᠤᠷᠬᠠᠢ᠌ᠯᠠᠨ᠂ ᠳᠠᠷᠠᠭ᠎ᠠ ᠠᠯᠬᠤᠮ᠎ᠤᠨ ᠭᠤᠤᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠵᠠᠢ᠃
ᠬᠠᠨ ᠵᠸᠩ ᠬᠦᠬᠡᠮᠦᠢ᠍ᠷᠡᠨ ᠪᠤᠯ ᠳᠤᠮᠳᠠᠳᠤ ᠵᠢᠨ ᠦᠨᠳᠦᠰᠦᠳᠡᠨ᠎ᠤ ᠠ᠋ᠭᠡ ᠭᠤᠤᠯ ᠪᠤᠯᠤᠨ᠎ᠠ᠂ ᠳᠤᠮᠳᠠᠳᠤ ᠵᠢᠨ ᠦᠨᠳᠦᠰᠦᠳᠡᠨ᠎ᠤ ᠤᠷᠤᠰᠢᠨ ᠠᠮᠢᠳᠤᠷᠠᠬᠤ ᠪᠠ ᠦᠷᠨᠢᠯ ᠬᠦᠭᠵᠢᠯ ᠬᠦᠭᠡᠮᠦᠢ᠍ᠷᠡᠨᠠᠴᠠ ᠰᠠᠯᠵᠤ ᠴᠢᠳᠠᠬᠤ ᠦᠭᠡᠢ᠃ ᠦᠵᠡᠯ ᠰᠠᠨᠠᠭ᠎ᠠ ᠳᠠᠨᠢᠯᠳᠠ᠎ᠪᠠᠨ ᠤᠯᠠᠮ ᠵᠶ᠋ᠡᠷ ᠳᠡᠭᠡᠭᠰᠢᠯᠡᠬᠦᠯᠵᠤ᠂ ᠠᠰᠠᠭᠤᠳᠠᠯ ᠵᠶ᠋ᠡᠷ ᠵᠢᠯᠤᠭᠤᠳᠤᠮᠵᠢ ᠪᠤᠯᠭ᠋ᠠᠨ᠂ ᠬᠠᠮᠳᠤ᠎ᠪᠠᠷ ᠠᠳᠬᠤᠨ ᠬᠠᠮᠳᠤ᠎ᠪᠠᠷ ᠬᠠᠮᠠᠭ᠋ᠠᠯᠠᠬᠤ ᠵᠢ ᠦᠨᠡᠨᠬᠦ ᠴᠢᠩᠭ᠋ᠠᠳᠬᠠᠬᠤ ᠭᠡᠷᠡᠭᠳᠡᠢ ᠭᠡᠵᠤ ᠢᠯᠡᠷᠭᠡᠢ᠌ᠯᠡᠪᠡ᠃
ᠬᠠᠨ ᠵᠸᠩ ᠬᠦᠬᠡᠮᠦᠢ᠍ᠷᠡᠨ᠎ᠤ ᠠᠵᠤ ᠠᠬᠤᠢ ᠵᠢᠨ ᠪᠦᠰᠡ ᠤᠷᠤᠨ᠎ᠤ ᠠᠮᠢ ᠠᠬᠤᠢ ᠵᠢᠨ ᠣᠷᠴᠢᠨ ᠳᠤᠭᠤᠷᠢᠨ᠎ᠢ ᠰᠠᠢ᠌ᠵᠢᠷᠠᠭᠤᠯᠬᠤ ᠬᠠᠮᠤᠭ ᠴᠢᠬᠤᠯᠠ ᠠᠰᠠᠭᠤᠳᠠᠯ᠎ᠨᠢ ᠤᠰᠤᠨ᠎ᠳᠤ ᠪᠠᠢ᠌ᠵᠤ᠂ ᠤᠰᠤᠨ᠎ᠤ ᠠᠰᠠᠭᠤᠳᠠᠯ᠎ᠤᠨ ᠦᠨᠳᠦᠰᠤ᠎ᠨᠢ ᠭᠤᠤᠯ᠎ᠤᠨ ᠠ᠋ᠷᠬᠢ ᠬᠦᠪᠡᠭᠡᠳᠤ ᠪᠤᠢ᠃ ᠬᠦᠬᠡᠮᠦᠢ᠍ᠷᠡᠨ᠎ᠤ ᠤᠷᠤᠰᠬᠠᠯ ᠳᠠᠭ᠋ᠠᠤ ᠪᠤᠬᠢᠷᠳᠤᠯ᠎ᠢ ᠵᠠᠰᠠᠬᠤ ᠵᠢ ᠪᠦᠬᠦᠯᠢ ᠴᠤᠭᠴᠠ ᠵᠢᠨ ᠳᠠᠯ᠎ᠠ᠎ᠠᠴᠠ ᠴᠢᠩᠭ᠋ᠠᠳᠬᠠᠵᠤ᠂ ᠠ᠋ᠬᠢ ᠪᠠᠶᠠᠯᠢᠭ ᠤᠷᠴᠢᠨ ᠳᠤᠭᠤᠷᠢᠨ᠎ᠤ ᠳᠠᠭ᠋ᠠᠭ᠋ᠠᠴᠠ ᠵᠢᠨ ᠴᠢᠳᠠᠪᠤᠷᠢ ᠵᠢᠨ ᠪᠠᠢ᠌ᠳᠠᠯ᠎ᠢ ᠪᠠᠢ᠌ᠴᠭ᠋ᠠᠨ ᠤᠢ᠌ᠯᠠᠭ᠋ᠠᠵᠤ᠂ ᠠᠵᠢᠯᠯᠠᠭ᠋ᠠᠨ᠎ᠤ ᠳᠦᠰᠦᠪ᠎ᠢ ᠨᠠᠷᠢᠨ ᠳᠤᠭᠳᠠᠭ᠋ᠠᠨ᠂ ᠨᠠᠵᠠᠭ᠋ᠠᠢ ᠳᠠᠯ᠎ᠠ ᠵᠢᠨ ᠨᠠᠷᠢᠨ ᠳᠠᠩᠰᠠ ᠵᠢᠨ ᠬᠠᠮᠢᠶᠠᠷᠤᠯᠳᠠ ᠵᠢᠨ ᠳᠦᠷᠢᠮ᠎ᠢ ᠳᠤᠭᠳᠠᠭ᠋ᠠᠬᠤ ᠭᠡᠷᠡᠭᠳᠡᠢ᠃ ᠬᠦᠬᠡᠮᠦᠢ᠍ᠷᠡᠨ᠎ᠤ ᠤᠰᠤᠨ᠎ᠤ ᠴᠢᠨᠠᠷ᠎ᠢ ᠦᠷᠬᠦᠯᠵᠢᠯᠠᠨ ᠰᠠᠢ᠌ᠵᠢᠷᠠᠭᠤᠯᠬᠤ᠎ᠪᠠᠷ ᠭᠤᠤᠯᠳᠠᠯᠭ᠎ᠠ ᠪᠤᠯᠭ᠋ᠠᠵᠤ᠂ ᠤᠰᠤᠨ᠎ᠤ ᠪᠤᠬᠢᠷᠳᠤᠯ᠎ᠢ ᠵᠠᠰᠠᠬᠤ᠂ ᠤᠰᠤᠨ᠎ᠤ ᠠᠮᠢ ᠠᠬᠤᠢ ᠵᠢ ᠰᠡᠷᠬᠦᠭᠡᠬᠦ᠂ ᠤᠰᠤᠨ᠎ᠤ ᠠ᠋ᠬᠢ ᠰᠤᠷᠪᠤᠯᠵᠢ ᠵᠢ ᠬᠠᠮᠠᠭ᠋ᠠᠯᠠᠬᠤ ᠵᠢ ᠯᠠᠪᠳᠠᠭᠤᠨ ᠪᠠᠳᠤᠳᠠᠢ ᠠᠬᠢᠭᠤᠯᠬᠤ ᠭᠡᠷᠡᠭᠳᠡᠢ᠃ ᠠᠶᠠᠯᠠᠬᠤ ᠵᠠᠮ᠎ᠤᠨ ᠳᠤᠭᠤᠷᠢᠭ ᠭᠡᠰᠡᠭ᠎ᠤᠨ ᠪᠠᠷᠢᠮᠵᠢᠶ᠎ᠠ ᠵᠢ ᠨᠢᠭᠡᠳᠭᠡᠬᠦ᠂ ᠤᠩᠭᠤᠴᠠ ᠵᠠᠪᠢ ᠵᠢᠨ ᠪᠡᠷᠢᠮᠵᠢᠶ᠎ᠡ ᠵᠢ ᠨᠢᠭᠡᠳᠭᠡᠬᠦ᠂ ᠭᠠᠷᠠᠮ᠎ᠤᠨ ᠬᠠᠮᠢᠶᠠᠷᠤᠯᠳᠠ ᠵᠢ ᠨᠢᠭᠡᠳᠭᠡᠬᠦ᠂ ᠪᠤᠭᠤᠮᠳᠠ ᠦᠩᠭᠡᠷᠡᠬᠦ ᠬᠠᠮᠢᠶᠠᠷᠤᠯᠳᠠ ᠵᠢ ᠨᠢᠭᠡᠳᠭᠡᠬᠦ ᠵᠢ ᠠᠬᠢᠭᠤᠯᠬᠤ᠎ᠪᠠᠷ ᠭᠤᠤᠯᠳᠠᠯᠭ᠎ᠠ ᠪᠤᠯᠭ᠋ᠠᠭᠰᠠᠨ ᠬᠠᠮᠤᠭ᠎ᠤᠨ ᠬᠦᠭᠵᠢᠩᠬᠦᠢ ᠤᠰᠤᠨ ᠵᠠᠮ᠎ᠢ ᠨᠡᠭᠡᠭᠡᠵᠤ᠂ ᠳᠡᠮᠤᠷ ᠵᠠᠮ ᠪᠤᠯᠤᠨ ᠤᠰᠤᠨ ᠵᠠᠮ᠂ ᠵᠠᠰᠠᠮᠠᠯ ᠵᠠᠮ ᠪᠤᠯᠤᠨ ᠤᠰᠤᠨ ᠵᠠᠮ᠂ ᠠᠭ᠋ᠠᠷ᠎ᠤᠨ ᠱᠤᠭᠤᠮ ᠪᠤᠯᠤᠨ ᠳᠡᠮᠤᠷ ᠵᠠᠮ ᠵᠡᠷᠭᠡ ᠤᠯᠠᠨ ᠭᠡᠯᠪᠡᠷᠢ ᠵᠢᠨ ᠳᠡᠭᠡᠭᠡᠪᠤᠷᠢ ᠵᠢᠨ ᠵᠠᠮ᠎ᠢ ᠬᠦᠭᠵᠢᠬᠦᠯᠦᠨ᠂ ᠶᠡᠷᠦᠩᠭᠡᠢ᠌ᠯᠡᠭᠰᠡᠨ ᠪᠤᠰᠤᠭ᠎ᠠ ᠴᠤᠭᠴᠠ ᠵᠢᠨ ᠵᠠᠮ ᠬᠠᠷᠢᠯᠠᠴᠠᠭ᠋ᠠᠨᠤ ᠬᠤᠩᠬᠢᠯ᠎ᠤᠨ ᠪᠠᠢ᠌ᠭᠤᠯᠤᠯᠳᠠ ᠵᠢ ᠳᠦᠷᠭᠡᠳᠭᠡᠬᠦ ᠭᠡᠷᠡᠭᠳᠡᠢ᠃ ᠬᠠᠩᠭ᠋ᠠᠯᠭ᠎ᠠ ᠵᠢᠨ ᠳᠠᠯ᠎ᠠ ᠵᠢᠨ ᠪᠦᠳᠦᠴᠠ ᠵᠢᠨ ᠴᠢᠨᠠᠷᠲᠠᠢ ᠦᠭᠡᠷᠡᠴᠢᠯᠠᠯᠳᠠ ᠵᠢ ᠯᠠᠪᠳᠠᠭᠤᠨ ᠪᠠᠳᠤᠳᠠᠢ ᠠᠬᠢᠭᠤᠯᠵᠤ᠂ ᠬᠦᠭᠵᠢᠯᠳᠡ ᠵᠢᠨ ᠬᠦᠳᠡᠯᠭᠡᠬᠦ ᠬᠦᠴᠦᠨ᠎ᠢ ᠤᠨᠳᠤᠤᠰᠢᠭᠤᠯᠬᠤ ᠵᠢ ᠢᠳᠡᠪᠬᠢᠳᠡᠢ ᠠᠬᠢᠭᠤᠯᠤᠨ᠂ ᠤᠳᠤ ᠦᠶ᠎ᠠ ᠵᠢᠨ ᠠᠵᠤ ᠠᠬᠤᠢ ᠵᠢᠨ ᠰᠢᠰᠲᠸᠮ᠎ᠤᠨ ᠪᠠᠢ᠌ᠭᠤᠯᠤᠯᠳᠠ ᠵᠢ ᠳᠦᠷᠭᠡᠳᠭᠡᠬᠦ ᠭᠡᠷᠡᠭᠳᠡᠢ ᠬᠡᠵᠤ ᠢᠯᠡᠷᠬᠡᠢ᠌ᠯᠡᠪᠡ᠃
ᠬᠠᠨ ᠵᠸᠩ ᠨᠠᠮ᠎ᠤᠨ ᠳᠦᠪ ᠬᠤᠷᠢᠶ᠎ᠠ ᠨᠢᠭᠡᠳᠦᠯᠳᠡᠢ ᠳᠤᠬᠢᠷᠠᠭᠤᠯᠬᠤ᠂ ᠮᠤᠵᠢ ᠤᠷᠤᠨ ᠶᠡᠷᠦᠩᠭᠡᠢ᠌ᠯᠡᠨ ᠬᠠᠷᠢᠭᠤᠴᠠᠬᠤ᠂ ᠬᠤᠳᠠ ᠰᠢᠶᠠᠨ ᠨᠠᠢ᠌ᠳᠠᠪᠤᠷᠢᠵᠢᠭᠤᠯᠤᠯᠳᠠ ᠵᠢ ᠠᠳᠬᠤᠬᠤ ᠬᠠᠮᠢᠶᠠᠷᠤᠯᠳᠠ ᠵᠢᠨ ᠳᠤᠭᠳᠠᠴᠠ ᠵᠢ ᠵᠢᠷᠤᠮᠯᠠᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠭᠤᠤᠯ ᠳᠠᠭ᠋ᠠᠤ ᠮᠤᠵᠢ ᠬᠤᠳᠠ ᠵᠢᠨ ᠦᠢ᠍ᠯᠡᠳᠤᠯ᠎ᠢ ᠬᠦᠢ᠍ᠴᠡᠳ ᠪᠠᠳᠠᠷᠠᠭᠤᠯᠵᠤ᠂ ᠬᠦᠬᠡᠮᠦᠢ᠍ᠷᠡᠨ᠎ᠤ ᠠᠵᠤ ᠠᠬᠤᠢ ᠵᠢᠨ ᠪᠦᠰᠡ ᠵᠢᠨ ᠬᠦᠭᠵᠢᠯᠳᠡ ᠵᠢ ᠠᠬᠢᠭᠤᠯᠬᠤ ᠬᠦᠴᠦᠷᠭᠡᠭ ᠬᠦᠴᠦᠨ᠎ᠢ ᠪᠤᠢ ᠪᠤᠯᠭ᠋ᠠᠬᠤ ᠭᠡᠷᠡᠭᠳᠡᠢ᠃ ᠬᠠᠤᠯᠢ᠎ᠪᠠᠷ ᠵᠠᠰᠠᠬᠤ ᠵᠢ ᠴᠢᠩᠭ᠋ᠠᠳᠬᠠᠨ᠂ ᠬᠠᠤᠯᠢ ᠭᠡᠷᠡᠭᠵᠢᠬᠦᠯᠬᠦ ᠵᠢ ᠠ᠋ᠷᠴᠢᠮᠵᠢᠬᠦᠯᠵᠤ᠂ ᠰᠠᠯᠠᠭ᠎ᠠ ᠮᠦᠴᠢᠷ ᠠᠯᠤᠰᠯᠠᠨ᠂ ᠤᠷᠤᠨ ᠪᠦᠰᠡ ᠠᠯᠤᠰᠯᠠᠨ ᠬᠠᠤᠯᠢ ᠭᠡᠷᠡᠭᠵᠢᠬᠦᠯᠬᠦ ᠬᠠᠮᠵᠢᠯᠴᠠᠭᠰᠠᠨ ᠳᠤᠭᠳᠠᠴᠠ ᠵᠢ ᠪᠠᠢ᠌ᠭᠤᠯᠤᠨ ᠳᠡᠬᠦᠯᠳᠡᠷᠵᠢᠬᠦᠯᠵᠤ᠂ ᠭᠤᠤᠯ ᠮᠦᠷᠡᠨ᠎ᠢ ᠴᠢᠩᠭ᠎ᠠ ᠵᠠᠰᠠᠵᠤ᠂ ᠤᠷᠴᠢᠨ ᠳᠤᠭᠤᠷᠢᠨ᠎ᠢ ᠬᠠᠮᠠᠭ᠋ᠠᠠᠯᠬᠤ ᠬᠠᠤᠯᠢ ᠳᠦᠷᠢᠮ᠎ᠢ ᠵᠦᠷᠢᠴᠡᠭᠰᠡᠨ ᠠᠵᠢᠯᠯᠠᠭ᠎ᠠ᠎ᠳᠤ ᠴᠢᠩᠭ᠎ᠠ ᠰᠦᠷᠳᠡᠬᠦᠯᠦᠯ ᠦᠭᠬᠦ ᠭᠡᠷᠡᠭᠳᠡᠢ᠃ ᠬᠠᠷᠠᠯᠳᠠ᠎ᠪᠠᠨ ᠴᠢᠩᠭ᠎ᠠ ᠪᠠᠷᠢᠮᠳᠠᠯᠠᠨ ᠬᠠᠳᠠᠭᠤᠵᠢᠯᠳᠠᠢ ᠴᠢᠷᠮᠠᠢ᠌ᠨ ᠠᠵᠢᠯᠯᠠᠵᠤ᠂ ᠪᠦᠬᠦ ᠳᠠᠯ᠎ᠠ᠎ᠪᠠᠷ ᠴᠢᠨᠡᠭᠡᠯᠢᠭ ᠨᠡᠢ᠌ᠭᠡᠮ᠎ᠢ ᠪᠠᠢ᠌ᠭᠤᠯᠬᠤ ᠪᠠ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠠᠭᠤᠤ ᠶᠡᠭᠡ ᠢᠯᠡᠯᠳᠡ ᠵᠢ ᠤᠯᠬᠤ᠎ᠳᠤ ᠰᠢᠨ᠎ᠠ ᠬᠤᠪᠢ ᠨᠡᠮᠡᠬᠦᠷᠢ ᠦᠵᠡᠬᠦᠯᠬᠦ ᠭᠡᠷᠡᠭᠳᠡᠢ ᠭᠡᠵᠤ ᠱᠠᠭ᠋ᠠᠷᠳᠠᠪᠠ᠃
ᠯᠢ ᠴᠢᠶᠠᠩ᠂ ᠴᠸᠨ ᠮᠢᠨ ᠡᠯ᠂ ᠰᠢᠶᠤᠤ ᠵᠢᠶᠸ᠂ ᠠ᠋ᠾᠸ ᠯᠢ ᠹᠸᠩ ᠪᠤᠯᠤᠨ ᠬᠦᠬᠡᠮᠦᠢ᠍ᠷᠡᠨ᠎ᠤ ᠠᠵᠤ ᠠᠬᠤᠢ ᠵᠢᠨ ᠪᠦᠰᠡ ᠵᠢᠨ ᠬᠦᠭᠵᠢᠯᠲᠡ ᠵᠢ ᠠᠬᠢᠭᠤᠯᠬᠤ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠭ᠋ᠠᠯᠳᠠᠨ ᠬᠤᠷᠠᠯ᠎ᠳᠤ ᠤᠷᠤᠯᠴᠠᠪᠠ᠃
