ᠵᠠᠭᠤ ᠭᠠᠷᠤᠢ ᠬᠦᠮᠦᠨ ᠪᠠᠭᠳᠠᠬᠤ ᠭ᠋ᠸᠷᠮᠠᠨ ᠤᠯᠤᠰ᠎ᠤᠨ ᠶᠠᠷᠦᠩᠭᠡᠢ ᠰᠠᠢ᠌ᠳ᠎ᠤᠨ ᠤᠷᠳᠤᠨ᠎ᠤ ᠰᠤᠨᠢᠨ ᠮᠡᠳᠡᠭᠡ ᠨᠡᠢ᠌ᠳᠡᠯᠡᠬᠦ ᠳᠢᠩᠬᠢᠮ᠎ᠳᠤ ᠬᠦᠮᠦᠰ ᠰᠢᠬᠠᠯᠳᠤᠨ ᠰᠠᠭᠤᠵᠤ᠂ ᠳᠤᠮᠳᠠᠳᠤ ᠭ᠋ᠸᠷᠮᠠᠨ᠎ᠤ 40 ᠭᠠᠷᠤᠢ ᠶᠠᠮᠤᠨ᠎ᠤ ᠰᠠᠢ᠌ᠳ᠂ ᠮᠤᠵᠢ ᠵᠢᠨ ᠳᠠᠷᠤᠭ᠎ᠠ ᠪᠤᠯᠤᠨ ᠠᠵᠤ ᠠᠬᠤᠢ᠌ᠯᠠᠯᠲᠠᠨ ᠬᠤᠶᠠᠷ ᠮᠦᠷᠯᠡᠨ ᠵᠤᠭᠰᠤᠭ᠋ᠠᠳ ᠭᠠᠷᠤᠨ ᠦᠰᠦᠭ ᠵᠢᠷᠤᠬᠤ᠎ᠪᠠᠷ ᠬᠦᠯᠢᠶᠠᠨ᠎ᠠ᠃ ᠬᠦᠮᠦᠨ ᠳᠡᠩᠳᠡᠬᠦᠤ ᠤᠯᠠᠨ ᠤᠴᠢᠷ᠎ᠠᠴᠠ ᠠᠰᠠᠷ᠎ᠤᠨ ᠱᠠᠳᠤ ᠬᠦᠷᠳᠡᠯ᠎ᠠ ᠵᠤᠬᠰᠤᠭᠰᠠᠨ ᠪᠠᠢ᠌ᠪᠠ᠃
ᠠ᠋ᠨᠡ ᠪᠤᠯ 7 ᠳ᠋ᠤᠭ᠋ᠠᠷ ᠰᠠᠷ᠎ᠠ ᠵᠢᠨ 9᠎ᠤ ᠠ᠋ᠳᠤᠷ᠎ᠤᠨ ᠦᠳᠡ ᠵᠢᠨ ᠬᠤᠢ᠌ᠨ᠎ᠠ᠂ ᠯᠢ ᠺᠸ ᠴᠢᠶᠠᠩ ᠪᠤᠯᠤᠨ ᠮᠤᠺᠸᠷ ᠬᠠᠮᠳᠤ᠎ᠪᠠᠷ ᠭᠠᠷᠤᠨ ᠦᠰᠦᠭ ᠵᠢᠷᠤᠬᠤ ᠶᠤᠰᠤᠯᠠᠯ᠎ᠳᠤ ᠤᠷᠤᠯᠴᠠᠬᠤ ᠦᠶ᠎ᠠ ᠵᠢᠨ ᠪᠠᠢ᠌ᠳᠠᠯ ᠪᠤᠯᠤᠨ᠎ᠠ᠃ ᠬᠤᠶᠠᠷ ᠤᠯᠤᠰ᠎ᠤᠨ ᠶᠡᠷᠦᠩᠭᠡᠢ ᠰᠠᠢ᠌ᠳ᠎ᠤᠨ ᠭᠡᠷᠡᠴᠢᠯᠡᠯ ᠳᠤᠤᠷ᠎ᠠ ᠳᠤᠮᠳᠠᠳᠤ ᠭ᠋ᠸᠷᠮᠡᠨ ᠬᠤᠶᠠᠷ ᠳᠠᠯ᠎ᠠ᠎ᠪᠠᠷ ᠵᠶ᠋ᠡᠨ 22 ᠵᠦᠢ᠍ᠯ᠎ᠤᠨ ᠬᠠᠮᠳᠤᠷᠠᠯᠴᠠᠭ᠋ᠠᠨ᠎ᠤ ᠪᠢᠴᠢᠭ ᠮᠠᠲᠸᠷᠢᠶᠠᠯ᠎ᠳᠤ ᠭᠠᠷᠤᠨ ᠦᠰᠦᠭ ᠵᠢᠷᠤᠵᠠᠢ᠃ ᠠ᠋ᠨᠡ᠎ᠨᠢ ᠬᠦᠳᠡᠭᠡ ᠠᠵᠤ ᠠᠬᠤᠢ᠂ ᠰᠤᠷᠭ᠋ᠠᠨ ᠬᠦᠮᠦᠵᠢᠯ᠂ ᠵᠠᠯᠠᠭᠤᠴᠤᠳ᠂ ᠠ᠋ᠷᠡᠬᠦᠯ ᠬᠠᠮᠠᠭ᠋ᠠᠯᠠᠯ᠂ ᠬᠢᠮᠢ ᠵᠢᠨ ᠦᠢ᠍ᠯᠡᠳᠪᠤᠷᠢ᠂ ᠴᠢᠮᠡᠭᠡ ᠬᠤᠯᠪᠤᠭ᠎ᠠ᠂ ᠮᠠᠰᠢᠨ ᠳᠡᠷᠭᠡ᠂ ᠠᠣᠢ᠍ᠲ᠋ᠤ ᠵᠢᠯᠤᠭᠤᠴᠢ ᠵᠡᠷᠭᠡ ᠤᠯᠠᠨ ᠬᠦᠷᠢᠶ᠎ᠠ ᠴᠠᠷᠠᠭ᠎ᠠ ᠬᠤᠯᠪᠤᠭᠳᠠᠭᠰᠠᠨ ᠪᠠᠢ᠌ᠪᠠ᠃
ᠯᠢ ᠺᠸ ᠴᠢᠶᠠᠩ ᠰᠤᠷᠪᠤᠯᠵᠢᠯᠠᠭᠴᠢ ᠵᠢᠨ ᠬᠤᠷᠠᠯ ᠳᠡᠭᠡᠷ᠎ᠠ᠄ 《ᠦᠨᠠᠨ᠎ᠳᠤ᠎ᠪᠠᠨ ᠪᠢᠳᠠ ᠪᠠᠰᠠ 20 ᠭᠠᠷᠤᠢ ᠵᠦᠢ᠍ᠯ᠎ᠤᠨ ᠵᠦᠪᠳᠡᠯᠴᠡᠭᠡᠷ ᠳᠤᠭᠳᠠᠭᠰᠠᠨ ᠶᠤᠮ᠂ ᠴᠠᠭ᠎ᠤᠨ ᠬᠠᠷᠠᠭ᠎ᠠ᠎ᠠᠴᠠ ᠪᠤᠯᠵᠤ ᠨᠢᠭᠡᠳ ᠨᠢᠭᠡ᠎ᠪᠠᠷ ᠭᠡᠷᠡᠴᠢᠯᠡᠵᠤ ᠵᠠᠪᠳᠤᠭᠰᠠᠨ ᠦᠭᠡᠢ᠃ ᠵᠦᠪᠳᠡᠯᠴᠡᠭᠡᠷ᠎ᠤᠨ ᠶᠡᠷᠦᠩᠭᠡᠢ ᠵᠤᠭᠤᠰ᠎ᠤᠨ ᠳᠤᠭ᠎ᠠ 300 ᠰᠢᠬᠠᠮ ᠳ᠋ᠦᠩᠰᠢᠭᠤᠷ ᠳ᠋ᠤᠯᠯᠠᠷ᠎ᠲᠤ ᠬᠦᠷᠪᠡ》᠃ 《ᠪᠢᠳᠠᠨ᠎ᠤ ᠠ᠋ᠨᠡ ᠠ᠋ᠳᠤᠷ᠎ᠤᠨ ᠵᠦᠪᠳᠡᠯᠴᠡᠭᠡᠷ ᠳᠦᠢ᠍ᠯ᠎ᠤᠨ ᠶᠡᠭᠡ ᠠᠮᠵᠢᠯᠳᠠ᠎ᠲᠠᠢ ᠪᠤᠯᠤᠭᠰᠠᠨ ᠮᠦᠷᠳᠡᠭᠡᠨ ᠤᠯᠠᠨ ᠬᠦᠷᠢᠶ᠎ᠠ ᠴᠠᠷᠠᠭ᠎ᠠ᠎ᠳᠤ ᠠᠩᠬ᠎ᠠ ᠤᠳᠠᠭ᠎ᠠ ᠵᠢ ᠠ᠋ᠬᠦᠳᠦᠭᠰᠡᠨ ᠶᠤᠮ》 ᠭᠡᠵᠤ ᠬᠡᠯᠡᠪᠡ᠃
ᠰᠤᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ᠄ 《ᠬᠠᠷᠢᠯᠴᠠᠨ ᠴᠢᠯᠦᠭᠡᠳᠡᠢ ᠶᠠᠪᠤᠯᠴᠠᠬᠤ ᠭᠡᠮᠵᠢᠶ᠎ᠡ ᠳᠦᠢ᠍ᠯ᠎ᠤᠨ ᠶᠡᠭᠡ ᠪᠤᠯᠵᠠᠢ᠃ ᠠ᠋ᠨᠡ᠎ᠨᠢ ᠯᠢ ᠺᠸ ᠴᠢᠶᠠᠩ ᠤᠨᠴᠠᠭ᠋ᠠᠢ ᠴᠠᠭ ᠦᠶ᠎ᠠ᠎ᠳᠤ ᠭ᠋ᠸᠷᠮᠠᠨ᠎ᠳᠤ ᠠᠢ᠌ᠯᠴᠢᠯᠠᠭᠰᠠᠨᠤ ᠠᠮᠵᠢᠯᠳᠠ ᠪᠦᠳᠦᠮᠵᠢ ᠪᠤᠯᠤᠨ᠎ᠠ》 ᠭᠡᠵᠤ ᠦᠨᠡᠯᠡᠪᠡ᠃
ᠳᠤᠮᠳᠠᠳᠤ ᠭ᠋ᠸᠷᠮᠠᠨ ᠬᠤᠶᠠᠷ ᠤᠯᠤᠰ᠎ᠤᠨ ᠤᠳᠤᠷᠢᠳᠬᠤ ᠬᠦᠮᠤᠰ ᠬᠠᠷᠢᠯᠴᠠᠨ ᠴᠢᠯᠦᠭᠡᠳᠡᠢ ᠶᠠᠪᠤᠯᠴᠠᠬᠤ ᠵᠢ ᠦᠷᠭᠡᠳᠭᠡᠬᠦ᠎ᠳᠤ ᠤᠷᠮ᠎ᠠ ᠪᠠᠬ᠎ᠠ ᠳᠡᠬᠦᠯᠳᠡᠷ ᠪᠠᠢ᠌ᠪᠠ
ᠳᠤᠰ ᠠ᠋ᠳᠤᠷ᠎ᠤᠨ ᠦᠳᠡ ᠵᠢᠨ ᠬᠤᠢ᠌ᠨ᠎ᠠ ᠵᠢᠨ ᠭᠠᠷᠤᠨ ᠦᠰᠦᠭ ᠵᠢᠷᠤᠬᠤ ᠶᠤᠰᠤᠯᠠᠯ ᠳᠡᠭᠡᠷ᠎ᠠ ᠯᠢ ᠺᠸ ᠴᠢᠶᠠᠩ ᠪᠤᠯᠤᠨ ᠮᠤᠺᠸᠷ ᠬᠤᠶᠠᠷ ᠭᠡᠷᠡᠴᠢᠯᠡᠭᠰᠡᠨ ᠨᠢᠭᠡᠳᠦᠭᠡᠷ ᠵᠦᠪᠳᠡᠯᠴᠡᠭᠡᠷ ᠪᠤᠯ ᠭᠤᠸᠠᠩᠳᠦᠢ᠍ᠩ ᠮᠤᠵᠢ ᠵᠢᠨ ᠠᠷᠠᠳ᠎ᠤᠨ ᠵᠠᠰᠠᠭ᠎ᠤᠨ ᠤᠷᠳᠤᠨ ᠪᠤᠯᠤᠨ ᠪᠠᠰᠹ ᠪᠦᠯᠦᠭᠯᠡᠯ᠎ᠤᠨ ᠵᠦᠪᠳᠡᠯᠴᠠᠭᠡᠷ ᠪᠤᠯᠤᠨ᠎ᠠ᠃ ᠠ᠋ᠨᠡᠬᠦ ᠬᠠᠮᠳᠤᠷᠠᠯᠴᠠᠭ᠋ᠠᠨ᠎ᠤ ᠰᠠᠨᠠᠮᠵᠢ ᠵᠢᠨ ᠪᠢᠴᠢᠭ᠎ᠢ ᠦᠨᠳᠦᠰᠦᠯᠡᠪᠡᠯ ᠪᠠᠰᠹ ᠪᠦᠯᠦᠭᠯᠡᠯ 100 ᠳ᠋ᠦᠩᠰᠢᠭᠤᠷ ᠳ᠋ᠤᠯᠯᠠᠷ᠎ᠤᠨ ᠪᠡᠯᠡ ᠤᠷᠤᠭᠤᠯᠤᠨ ᠭᠤᠸᠠᠩᠳᠦᠢ᠍ᠩ ᠮᠤᠵᠢ ᠵᠢᠨ ᠵᠠᠨ ᠵᠢᠶᠠᠩ᠎ᠳᠤ ᠳᠡᠯᠡᠭᠡᠢ ᠵᠢᠨ ᠳᠡᠰ᠎ᠤᠨ ᠴᠢᠯᠠᠭᠤᠨ ᠳᠤᠰᠤ ᠪᠠ ᠬᠢᠮᠢ ᠵᠢᠨ ᠠᠵᠤ ᠦᠢ᠍ᠯᠡᠰ᠎ᠤᠨ ᠳᠤᠭᠤᠷᠢᠭ ᠪᠠᠢ᠌ᠭᠤᠯᠬᠤ ᠪᠤᠯᠤᠨ᠎ᠠ᠃
ᠪᠠᠰᠹ ᠪᠦᠯᠦᠭᠯᠡᠯ᠎ᠤᠨ ᠢᠯᠡᠷᠭᠡᠢ᠌ᠯᠡᠭᠰᠡᠨ ᠵᠶ᠋ᠡᠷ᠂ ᠭᠤᠸᠠᠩᠳᠦᠢ᠍ᠩ᠎ᠤᠨ ᠨᠢᠭᠡ ᠴᠤᠭᠴᠠᠵᠢᠭᠰᠠᠨ ᠰᠠᠭᠤᠷᠢᠨ ᠭᠠᠵᠠᠷ᠎ᠨᠢ ᠪᠠᠰᠹ ᠪᠦᠯᠦᠭᠯᠡᠯ᠎ᠤᠨ ᠬᠠᠮᠤᠭ᠎ᠤᠨ ᠶᠡᠭᠡ ᠪᠡᠯᠡ ᠤᠷᠤᠭᠤᠯᠤᠯᠳᠠ ᠵᠢᠨ ᠳᠦᠷᠦᠯ ᠵᠦᠢ᠍ᠯ ᠪᠤᠯᠵᠤ᠂ ᠪᠠᠰᠹ ᠪᠦᠯᠦᠭᠯᠡᠯ ᠳᠤᠰᠠᠭ᠋ᠠᠷ ᠡᠵᠡᠩᠨᠡᠬᠦ ᠪᠤᠯᠤᠨ᠎ᠠ᠃ ᠪᠠᠰᠹ ᠪᠦᠯᠦᠭᠯᠡᠯ᠎ᠤᠨ ᠠᠽᠢᠶ᠎ᠠ ᠳᠢᠪ ᠨᠤᠮᠤᠬᠠᠨ ᠳᠠᠯᠠᠢ ᠵᠢᠨ ᠤᠷᠤᠨ᠎ᠤ ᠶᠠᠷᠦᠩᠭᠡᠢ ᠵᠠᠬᠢᠷᠤᠯ ᠰᠤᠷᠪᠤᠯᠵᠢᠯᠠᠭᠴᠢ ᠵᠢᠨ ᠰᠤᠷᠪᠤᠯᠵᠢᠯᠠᠭ᠎ᠠ ᠵᠢ ᠬᠦᠯᠢᠶᠡᠬᠦ᠎ᠳᠤ᠎ᠪᠠᠨ᠄ 《ᠳᠤᠮᠳᠠᠳᠤ ᠤᠯᠤᠰ᠎ᠤᠨ ᠬᠢᠮᠢ ᠵᠢᠨ ᠦᠢ᠍ᠯᠡᠳᠪᠤᠷᠢ ᠵᠢᠨ ᠦᠢ᠍ᠯᠡᠳᠬᠦᠨ᠎ᠤ ᠦᠷᠳᠡᠭ ᠨᠢᠬᠡᠨᠳᠡ ᠪᠦᠬᠦ ᠳᠡᠯᠡᠭᠡᠢ ᠵᠢᠨ ᠭᠤᠷᠪᠠᠨ᠎ᠤ ᠨᠢᠭᠡ᠎ᠠᠴᠠ ᠳᠡᠭᠡᠭᠰᠢᠬᠢ ᠵᠢ ᠡᠵᠡᠯᠡᠵᠡᠢ᠃ ᠵᠡᠪᠰᠢᠶᠠᠨ ᠪᠠᠢ᠌ᠳᠠᠭ ᠪᠤᠯ ᠪᠢᠳᠠ ᠳᠤᠮᠳᠠᠳᠤ ᠤᠯᠤᠰ᠎ᠲᠠᠬᠢ ᠪᠡᠯᠡ ᠤᠷᠤᠭᠤᠯᠤᠯᠳᠠ᠎ᠪᠠᠨ ᠨᠡᠮᠡᠭᠳᠡᠬᠦᠯᠦᠨ᠎ᠠ》 ᠭᠡᠵᠡᠢ᠃
ᠠ᠋ᠨᠡᠬᠦ ᠳᠤᠮᠤ ᠪᠡᠯᠡ ᠤᠷᠤᠭᠤᠯᠤᠯᠳᠠ᠎ᠲᠠᠢ ᠵᠦᠪᠳᠡᠯᠴᠡᠭᠡᠷ᠎ᠨᠢ ᠳᠤᠮᠳᠠᠳᠤ ᠭ᠋ᠸᠷᠮᠡᠨ ᠬᠤᠶᠠᠷ ᠤᠯᠤᠰ᠎ᠤᠨ ᠶᠡᠷᠦᠩᠭᠡᠢ ᠰᠠᠢ᠌ᠳᠢ ᠤᠷᠮ᠎ᠠ ᠪᠠᠬᠠᠲᠠᠢ ᠪᠤᠯᠭ᠋ᠠᠵᠤ᠂ ᠮᠤᠺᠸᠷ᠄ 《ᠪᠠᠰᠹ ᠪᠦᠯᠦᠭᠯᠡᠯ ᠠᠩᠬ᠎ᠠ ᠤᠳᠠᠭ᠎ᠠ 100% ᠵᠢᠨ ᠬᠤᠪᠢ ᠤᠷᠤᠭᠤᠯᠤᠭᠴᠢ ᠵᠢᠨ ᠠ᠋ᠷᠭᠡ᠎ᠪᠠᠷ ᠳᠤᠮᠳᠠᠳᠤ ᠤᠯᠤᠰ᠎ᠲᠤ ᠪᠡᠯᠡ ᠤᠷᠤᠭᠤᠯᠪᠠ᠂ ᠠ᠋ᠨᠡ᠎ᠨᠢ ᠭ᠋ᠸᠷᠮᠠᠨ ᠳᠤᠮᠳᠠᠳᠤ ᠵᠢᠨ ᠬᠠᠷᠢᠴᠠᠭ᠎ᠠ ᠰᠢᠨ᠎ᠠ ᠬᠦᠭᠵᠢᠯᠳᠡ᠎ᠲᠠᠢ ᠪᠤᠯᠤᠭᠰᠠᠨ᠎ᠢ ᠬᠠᠷᠠᠭᠤᠯᠵᠤ ᠪᠠᠢ᠌ᠭ᠎ᠠ ᠶᠤᠮ》 ᠭᠡᠪᠡ᠃
ᠯᠢ ᠺᠸ ᠴᠢᠶᠠᠩ᠄ 《ᠪᠠᠰᠹ ᠪᠦᠯᠦᠭᠯᠡᠯ ᠭᠤᠸᠠᠩᠳᠦᠢ᠍ᠩ᠎ᠤᠨ ᠵᠠᠨ ᠵᠢᠶᠠᠩ᠎ᠳᠤ ᠨᠠᠷᠢᠯᠢᠭ ᠬᠢᠮᠢ ᠵᠢᠨ ᠦᠢ᠍ᠯᠡᠳᠪᠤᠷᠢ ᠵᠢᠨ ᠨᠢᠭᠡ ᠴᠤᠭᠴᠠᠵᠢᠬᠰᠠᠨ ᠰᠠᠭᠤᠷᠢᠨ ᠭᠠᠵᠠᠷ᠎ᠢ ᠪᠠᠢ᠌ᠭᠤᠯᠬᠤ ᠪᠤᠯᠤᠨ᠎ᠠ᠂ ᠠ᠋ᠨᠡ᠎ᠨᠢ ᠳᠤᠮᠳᠠᠳᠤ ᠤᠯᠤᠰ᠎ᠤᠨ ᠬᠦᠨᠳᠤ ᠬᠢᠮᠢ ᠵᠢᠨ ᠦᠢ᠍ᠯᠡᠳᠪᠤᠷᠢ ᠵᠢᠨ ᠠᠵᠢᠯ ᠳᠦᠷᠦᠯ᠎ᠳᠠᠬᠢ ᠭᠠᠳᠠᠭ᠋ᠠᠳᠤ ᠵᠢᠨ ᠳᠤᠰᠠᠭ᠋ᠠᠷ ᠪᠡᠯᠡᠳᠤ ᠠᠩᠬᠠᠳᠠᠭᠴᠢ ᠠᠵᠤ ᠠᠬᠤᠢ᠌ᠯᠠᠯ ᠪᠤᠯᠬᠤ ᠶᠤᠮ》 ᠭᠡᠪᠡ᠃
ᠳᠤᠮᠳᠠᠳᠤ ᠤᠯᠤᠰ᠎ᠤᠨ ᠨᠢᠩ ᠳ᠋ᠸ ᠱ᠌ᠢ ᠳ᠋ᠠᠢ ᠵᠢᠨ ᠭ᠋ᠸᠷᠮᠠᠨ᠎ᠤ ᠲᠢᠦᠢ᠌ᠷᠢᠩᠭᠸᠨ ᠵᠸᠤ᠎ᠳᠠᠬᠢ ᠪᠡᠯᠡ ᠤᠷᠤᠭᠤᠯᠤᠯᠤᠳᠠᠨᠢ ᠮᠦᠨ ᠠᠩᠬᠠᠳᠠᠭᠴᠢ ᠤᠳᠠᠭ᠎ᠠ ᠪᠠᠢ᠌ᠵᠤ᠂ ᠮᠤᠺᠸᠷ ᠤᠷᠮ᠎ᠠ ᠳᠡᠬᠦᠯᠳᠡᠷ ᠵᠶ᠋ᠡᠷ᠄ 《ᠠ᠋ᠸᠦᠢ᠍ᠷᠦᠫᠠ ᠳᠢᠪ᠎ᠤᠨ᠎ᠬᠢᠨ ᠤᠳᠤᠬᠠᠨ ᠪᠤᠯᠳᠠᠯ᠎ᠠ ᠠ᠋ᠨᠡᠬᠦ ᠮᠡᠷᠭᠡᠵᠢᠯ᠎ᠢ ᠡᠵᠡᠮᠰᠢᠭᠡᠳᠦᠢ ᠪᠠᠢ᠌ᠭᠰᠠᠭ᠋ᠠᠷ᠃ ᠪᠢᠳᠠ ᠠ᠋ᠨᠡᠬᠦ ᠮᠡᠷᠭᠡᠵᠢᠯ᠎ᠢ ᠠᠩᠬ᠎ᠠ ᠤᠳᠠᠭ᠎ᠠ ᠠ᠋ᠸᠦᠢ᠍ᠷᠦᠫᠠ ᠳᠢᠪ᠎ᠲᠤ ᠤᠷᠤᠭᠤᠯᠤᠨ ᠠᠪᠴᠢᠷᠠᠪᠠ᠃ ᠳᠤᠮᠳᠠᠳᠤ ᠤᠯᠤᠰ ᠪᠢᠳᠠᠨ᠎ᠢ ᠬᠠᠪᠰᠤᠷᠤᠨ ᠠ᠋ᠨᠡᠬᠦ ᠬᠤᠭᠤᠰᠤᠨ᠎ᠢ ᠨᠦᠬᠦᠪᠦᠷᠢᠯᠡᠭᠰᠡᠨᠢ ᠪᠢ ᠪᠠᠶᠠᠷᠳᠠᠢ ᠤᠯᠵᠤ ᠬᠠᠷᠠᠯ᠎ᠠ᠃ ᠦᠨᠦᠳᠤᠷ ᠪᠤᠯ ᠲᠢᠦᠢ᠌ᠷᠢᠩᠭᠸᠨ ᠵᠸᠤ᠎ᠳᠤ ᠠᠪᠴᠤ ᠭᠡᠯᠡᠪᠡᠯ ᠴᠢᠬᠤᠯᠠ ᠨᠢᠭᠡᠨ ᠠ᠋ᠳᠤᠷ ᠪᠤᠯᠬᠤ ᠶᠤᠮ》 ᠭᠡᠪᠡ᠃
ᠵᠦᠪᠳᠡᠯᠴᠡᠭᠡᠷ᠎ᠢ ᠦᠨᠳᠦᠰᠦᠯᠡᠪᠡᠯ ᠨᠢᠩ ᠳ᠋ᠸ ᠱ᠌ᠢ ᠳ᠋ᠠᠢ 2.4 ᠳ᠋ᠦᠩᠰᠢᠭᠤᠷ ᠠ᠋ᠸᠦᠢ᠍ᠷᠦᠫᠠ ᠵᠤᠭᠤᠰ᠎ᠤᠨ ᠪᠡᠯᠡ ᠤᠷᠤᠭᠤᠯᠤᠨ ᠲᠢᠦᠢ᠌ᠷᠢᠩᠭᠸᠨ ᠵᠸᠤ᠎ᠳᠤ ᠳ᠋ᠢᠶᠠᠨ ᡂᠢ ᠦᠢ᠍ᠯᠡᠳᠪᠤᠷᠢᠯᠡᠬᠦ ᠰᠠᠭᠤᠷᠢᠨ ᠭᠠᠵᠠᠷ ᠵᠢᠴᠢ ᠤᠶᠤᠨᠴᠢ ᠦᠢ᠍ᠯᠡᠳᠬᠦ ᠮᠡᠷᠭᠡᠵᠢᠯ᠎ᠢ ᠰᠤᠳᠤᠯᠤᠨ ᠬᠦᠭᠵᠢᠬᠦᠯᠬᠦ ᠳᠦᠪ ᠪᠠᠢ᠌ᠭᠤᠯᠬᠤ ᠪᠤᠯᠤᠨ᠎ᠠ᠃ ᠠ᠋ᠨᠡ᠎ᠨᠢ ᠭ᠋ᠸᠷᠮᠡᠨᠤ ᠬᠠᠮᠤᠭ᠎ᠤᠨ ᠶᠡᠭᠡ ᠯᠢᠲ᠋ᠢ ᠳ᠋ᠢᠶᠠᠨ ᡂᠢ ᠦᠢ᠍ᠯᠡᠳᠪᠤᠷᠢᠯᠡᠬᠦ ᠰᠠᠭᠤᠷᠢᠨ ᠭᠠᠵᠠᠷ ᠪᠤᠯᠤᠨ᠎ᠠ᠃
ᠳᠤᠮᠳᠠᠳᠤ ᠭ᠋ᠸᠷᠮᠠᠨ ᠬᠤᠶᠠᠷ ᠤᠯᠤᠰ᠎ᠤᠨ ᠮᠠᠰᠢᠨ ᠳᠡᠷᠭᠡᠨ ᠳᠤᠬᠠᠢ ᠬᠠᠮᠳᠤᠷᠠᠯᠴᠠᠭ᠎ᠠ ᠶᠡᠭᠡᠭᠡᠨ ᠠᠬᠢᠯᠳᠠ᠎ᠲᠠᠢ ᠪᠤᠯᠪᠠ
ᠳᠤᠮᠳᠠᠳᠤ ᠭ᠋ᠸᠷᠮᠡᠨ ᠬᠤᠶᠠᠷ ᠤᠯᠤᠰ᠎ᠤᠨ ᠠ᠋ᠨᠡ ᠤᠳᠠᠭ᠋ᠠᠨ᠎ᠤ ᠵᠦᠪᠳᠡᠯᠴᠡᠭᠡᠷ᠎ᠤᠨ ᠳᠤᠭ᠎ᠠ ᠭᠡᠮᠵᠢᠶ᠎ᠡ ᠪᠡ ᠵᠤᠭᠤᠰ ᠮᠦᠩᠬᠦ᠎ᠨᠢ ᠳᠡᠤᠭᠡᠨ᠎ᠳᠤ ᠪᠠᠢ᠌ᠭ᠎ᠠ ᠦᠭᠡᠢ ᠭᠡᠮᠵᠢᠶᠡᠨ᠎ᠳᠤ ᠬᠦᠷᠦᠭᠰᠡᠨ᠎ᠢ ᠯᠢ ᠺᠸ ᠴᠢᠶᠠᠩ ᠪᠤᠯᠤᠨ ᠮᠤᠺᠸᠷ ᠭᠡᠷᠡᠴᠢᠯᠡᠭᠰᠡᠨ ᠪᠠᠢ᠌ᠨ᠎ᠠ᠃ ᠬᠦᠮᠦᠰ᠎ᠤᠨ ᠠᠩᠬᠠᠷᠤᠯ᠎ᠢ ᠬᠠᠮᠤᠭ᠎ᠠᠴᠠ ᠢᠯᠡᠭᠦᠤ ᠳᠠᠳᠠᠬᠤ᠎ᠨᠢ ᠮᠠᠰᠢᠨ ᠳᠡᠷᠭᠡᠨ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠎ᠠ ᠪᠤᠯᠤᠨ᠎ᠠ᠃ ᠠ᠋ᠬᠦᠨ᠎ᠳᠤ ᠮᠤᠺᠸᠷ᠎ᠤᠨ 《ᠵᠠᠭ᠋ᠠᠭ ᠳᠡᠮᠳᠡᠭ ᠵᠢᠨ ᠠᠴᠢ ᠬᠤᠯᠪᠤᠭᠳᠠᠯ᠎ᠲᠠᠢ》 ᠭᠡᠮᠡᠭᠰᠡᠨ ᠳᠤᠮᠳᠠᠳᠤ ᠭ᠋ᠸᠷᠮᠡᠨᠤ ᠠᠦᠢ᠍ᠲ᠋ᠤ ᠵᠢᠯᠤᠭᠤᠴᠢ ᠵᠢᠨ ᠮᠡᠷᠭᠡᠵᠢᠯ᠎ᠤᠨ ᠬᠠᠮᠳᠤᠷᠠᠯᠴᠠᠭ᠎ᠠ ᠵᠢᠨ ᠰᠨᠠᠮᠵᠢ ᠵᠢᠨ ᠢᠯᠡᠷᠭᠡᠢ᠌ᠯᠡᠯᠳᠡ ᠵᠢ ᠪᠠᠭᠳᠠᠭ᠋ᠠᠭᠰᠠᠨ ᠵᠶ᠋ᠡᠷ ᠪᠠᠷᠠᠬᠤ ᠦᠭᠡᠢ᠂ ᠪᠤᠤᠮᠠ ᠺᠤᠮᠫᠠᠨᠢ ᠵᠢᠨ ᠳᠤᠮᠳᠠᠳᠤ ᠤᠯᠤᠰ᠎ᠲᠠᠬᠢ 50% ᠬᠤᠪᠢᠴᠠᠭ᠋ᠠᠳᠤ ᠪᠡᠯᠡ ᠬᠤᠷᠰᠢᠭᠰᠠᠨ ᠠᠵᠤ ᠠᠬᠤᠢ᠌ᠯᠠᠯ᠂ ᠵᠢᠶᠠᠩ ᠬᠤᠸᠠᠢ ᠮᠠᠰᠢᠨ ᠳᠡᠷᠭᠡ ᠪᠤᠯᠤᠨ ᠳ᠋ᠠ ᠵᠦᠩ ᠮᠠᠰᠢᠨ ᠳᠡᠷᠭᠡᠨ ᠺᠤᠮᠫᠠᠨᠢ ᠬᠠᠮᠳᠤᠷᠠᠨ ᠳᠤᠮᠳᠠᠳᠤ ᠤᠯᠤᠰ᠎ᠲᠤ ᠪᠡᠯᠡ ᠤᠷᠤᠭᠤᠯᠵᠤ ᠰᠢᠨ᠎ᠠ ᠠ᠋ᠨ᠋ᠸᠷᠬᠢ ᠵᠢᠨ ᠮᠠᠰᠢᠨ ᠳᠡᠷᠭᠡ ᠰᠤᠳᠤᠯᠤᠨ ᠦᠢ᠍ᠯᠡᠳᠬᠦ ᠳᠦᠪ ᠪᠠᠢ᠌ᠭᠤᠯᠬᠤ᠂ ᠴᠢᠩᠬᠤᠸᠠ ᠶᠡᠭᠡ ᠰᠤᠷᠭ᠋ᠠᠭᠤᠯᠢ ᠪᠤᠯᠤᠨ ᠭ᠋ᠸᠷᠮᠡᠨᠤ ᠳ᠋ᠡᠮᠦᠯᠸ ᠪᠦᠯᠦᠭᠯᠡᠯ ᠬᠠᠮᠳᠤᠷᠠᠨ ᠮᠠᠰᠢᠨ ᠳᠡᠷᠭᠡᠨ᠎ᠤ ᠵᠠᠩᠬᠢᠯᠠᠭ᠎ᠠ ᠵᠢᠨ ᠮᠡᠷᠭᠡᠵᠢᠯ᠎ᠢ ᠰᠤᠳᠤᠯᠤᠨ ᠬᠦᠭᠵᠢᠬᠦᠯᠬᠦ ᠵᠡᠷᠭᠡ 7 ᠵᠦᠢ᠍ᠯ᠎ᠤᠨ ᠵᠦᠪᠳᠡᠯᠴᠡᠭᠡᠷ᠎ᠢ ᠪᠠᠭᠳᠠᠭ᠋ᠠᠭᠰᠠᠨ ᠪᠠᠢ᠌ᠨ᠎ᠠ᠃
ᠯᠢ ᠺᠸ ᠴᠢᠶᠠᠩ ᠪᠤᠯᠤᠨ ᠮᠤᠺᠸᠷ ᠬᠠᠮᠳᠤ᠎ᠪᠠᠷ ᠤᠷᠤᠯᠴᠠᠭᠰᠠᠨ ᠭᠠᠷᠤᠨ ᠦᠰᠦᠭ ᠵᠢᠷᠤᠬᠤ ᠶᠤᠰᠤᠯᠠᠯ ᠳᠡᠭᠡᠷ᠎ᠠ ᠭ᠋ᠸᠷᠮᠠᠨ᠎ᠤ ᠠᠵᠤ ᠦᠢ᠍ᠯᠡᠳᠪᠤᠷᠢ ᠵᠢᠨ ᠳᠤᠮᠤ ᠳᠦᠷᠦᠬᠦᠤ ᠪᠤᠯᠬᠤ ᠰᠢᠮᠸᠨ᠋ᠽᠢ ᠺᠤᠮᠫᠠᠨᠢ ᠬᠤᠶᠠᠷ ᠤᠳᠠᠭ᠎ᠠ ᠭᠠᠷᠤᠨ ᠦᠰᠦᠭ ᠵᠢᠷᠤᠵᠤ᠂ ᠤᠷᠢᠳᠠᠪᠠᠷ ᠳᠤᠮᠳᠠᠳᠤ ᠤᠯᠤᠰ᠎ᠤᠨ ᠴᠠᠬᠢᠯᠭ᠋ᠠᠨ ᠬᠦᠴᠦᠨ᠎ᠤ ᠪᠡᠯᠡ ᠤᠷᠤᠭᠤᠯᠤᠯᠳᠠ ᠵᠢᠨ ᠪᠦᠯᠦᠭᠯᠡᠯ᠎ᠲᠠᠢ ᠳᠤᠮᠤ ᠭᠡᠯᠪᠡᠷᠢ ᠵᠢᠨ ᠰᠢᠳᠠᠮᠠᠬᠠᠢ ᠭᠡᠢ ᠵᠢᠨ ᠳᠦᠷᠪᠢᠨᠤ ᠮᠡᠷᠭᠡᠵᠢᠯ᠎ᠤᠨ ᠬᠠᠮᠳᠤᠷᠠᠯᠴᠠᠭ᠎ᠠ᠎ᠳᠤ ᠭᠠᠷᠤᠨ ᠦᠰᠦᠭ ᠵᠢᠷ᠎ᠤᠨ᠂ ᠵᠠᠯᠭ᠋ᠠᠭ᠋ᠠᠳ ᠠ ᠯᠢ ᠠ᠋ᠬᠦᠯᠡᠨ ᠪᠤᠳᠤᠯᠳᠠ ᠵᠢᠨ ᠺᠤᠮᠫᠠᠨᠢ᠎ᠲᠠᠢ ᠳᠡᠯᠡᠭᠡᠢ ᠵᠢᠨ ᠳᠡᠰ᠎ᠤᠨ ᠠᠵᠤ ᠦᠢ᠍ᠯᠡᠳᠪᠤᠷᠢ ᠵᠢᠨ ᠢᠨᠲᠸᠷ ᠰᠦᠯᠵᠢᠶᠡᠨ᠎ᠤ ᠳᠠᠪᠴᠠᠩ᠎ᠤᠨ ᠪᠠᠢ᠌ᠯᠳᠤᠬᠤ ᠪᠤᠳᠤᠯᠭ᠎ᠠ ᠵᠢᠨ ᠬᠠᠮᠳᠤᠷᠠᠯᠴᠠᠭ᠋ᠠᠨ᠎ᠤ ᠰᠠᠨᠠᠮᠵᠢ ᠵᠢᠨ ᠪᠢᠴᠢᠭ᠎ᠲᠤ ᠭᠠᠷᠤᠨ ᠦᠰᠦᠭ ᠵᠢᠷᠤᠭᠰᠠᠨ ᠪᠠᠢ᠌ᠨ᠎ᠠ᠃
ᠳᠤᠮᠳᠠᠳᠤ ᠭ᠋ᠸᠷᠮᠡᠨᠤ ᠬᠠᠷᠢᠯᠴᠠᠨ ᠠᠰᠢᠭᠳᠠᠢ ᠬᠠᠮᠳᠤᠷᠠᠯᠴᠠᠭ᠎ᠠ᠎ᠨᠢ ᠮᠠᠭ᠋ᠠᠳᠯᠠᠬᠤᠶᠠ ᠪᠡᠷᠭᠡ᠎ᠲᠠᠢ ᠳᠡᠯᠡᠭᠡᠢ ᠵᠢᠨ ᠠᠵᠤ ᠠᠬᠤᠢ ᠵᠢᠨ ᠪᠠᠢ᠌ᠳᠠᠯ᠎ᠳᠤ ᠳᠤᠭᠳᠠᠭᠤᠨ᠎ᠤ ᠳᠣᠬᠢᠶ᠎ᠠ ᠪᠣᠯᠪᠠ
ᠬᠤᠶᠠᠷ ᠤᠯᠤᠰ᠎ᠤᠨ ᠵᠦᠪᠳᠡᠯᠴᠡᠭᠡᠷ᠎ᠲᠤ ᠭᠠᠷᠤᠨ ᠦᠰᠦᠭ ᠵᠢᠷᠤᠬᠤ ᠶᠤᠰᠤᠯᠠᠯ ᠳᠡᠬᠦᠰᠦᠭᠰᠡᠨᠤ ᠳᠠᠷᠠᠭ᠋ᠠᠬᠢ 24 ᠴᠠᠭ᠎ᠤᠨ ᠳᠤᠳᠤᠷ᠎ᠠ ᠷᠦᠲᠸᠷ ᠬᠤᠷᠢᠶ᠎ᠠ᠂ ᠸᠤᠯ ᠵᠡᠭᠡᠯᠢ ᠠ᠋ᠳᠤᠷ᠎ᠤᠨ ᠰᠤᠨᠢᠨ᠂ ᠠᠮᠸᠷᠢᠺᠠ ᠵᠢᠨ ᠬᠤᠯᠪᠤᠭ᠋ᠠᠳᠤ ᠬᠤᠷᠢᠶ᠎ᠠ ᠵᠡᠷᠭᠡ ᠰᠤᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ ᠳᠤᠮᠳᠠᠳᠤ ᠭ᠋ᠸᠷᠮᠠᠨ ᠬᠤᠶᠠᠷ ᠤᠯᠤᠰ᠎ᠤᠨ ᠬᠠᠮᠳᠤᠷᠠᠯᠴᠠᠭ᠋ᠠᠨ᠎ᠤ ᠵᠦᠪᠳᠡᠯᠴᠡᠭᠡᠷ ᠳᠤᠭᠳᠠᠭᠰᠠᠨ ᠳᠤᠬᠠᠢ ᠮᠡᠳᠡᠭᠡᠯᠡᠵᠡᠭᠡᠵᠡᠢ᠃
ᠤᠯᠠᠨ ᠤᠯᠤᠰ᠎ᠤᠨ ᠰᠢᠬᠦᠮᠵᠢᠯᠡᠭᠴᠢᠳ ᠤᠳᠤᠬᠠᠨ᠎ᠤ ᠭᠠᠭᠴᠠ ᠳᠠᠯᠠᠳᠤ ᠦᠵᠡᠯ ᠪᠤᠯᠤᠨ ᠠᠷᠠᠯᠵᠢᠶᠠᠨ᠎ᠤ ᠬᠠᠮᠠᠭ᠋ᠠᠯᠠᠯᠳᠠ ᠵᠢᠨ ᠦᠵᠡᠯ ᠪᠦᠬᠦ ᠳᠡᠯᠡᠭᠡᠢ ᠵᠢᠨ ᠠᠷᠠᠯᠵᠢᠶᠠᠨ᠎ᠤ ᠰᠢᠰᠲᠸᠮ ᠪᠤᠯᠤᠨ ᠠᠵᠤ ᠠᠬᠤᠢ ᠵᠢᠨ ᠰᠡᠷᠬᠦᠯᠳᠡ ᠬᠦᠭᠵᠢᠯᠳᠡ᠎ᠲᠠᠢ ᠦᠷᠢᠰᠦᠯᠳᠦᠵᠤ ᠪᠠᠢ᠌ᠭ᠎ᠠ ᠠᠬᠤᠢ ᠪᠠᠢ᠌ᠳᠠᠯ ᠳᠤᠤᠷ᠎ᠠ᠂ ᠳᠤᠮᠳᠠᠳᠤ ᠭ᠋ᠸᠷᠮᠡᠨ ᠬᠤᠶᠠᠷ ᠤᠯᠤᠰ ᠠᠽᠢᠶ᠎ᠠ ᠠ᠋ᠸᠦᠢ᠍ᠷᠦᠫᠠ ᠵᠢᠨ ᠠ᠋ᠭᠡ ᠬᠠᠭᠤᠷᠠᠢ ᠵᠢᠨ ᠬᠤᠶᠠᠷ ᠳᠠᠯ᠎ᠠ ᠵᠢᠨ ᠬᠠᠮᠤᠭ᠎ᠤᠨ ᠶᠡᠭᠡ ᠠᠵᠤ ᠠᠬᠤᠢ ᠵᠢᠨ ᠴᠤᠭᠴᠠ ᠪᠤᠯᠤᠭᠰᠠᠨ᠎ᠤ ᠬᠤᠪᠢ᠎ᠳᠤ ᠬᠠᠷᠢᠯᠴᠠᠨ ᠠᠰᠢᠭᠳᠠᠢ ᠬᠠᠮᠳᠤᠷᠠᠯᠴᠠᠭ᠎ᠠ᠎ᠪᠠᠨ ᠴᠢᠩᠭ᠋ᠠᠳᠬᠠᠬᠰᠠᠨ ᠶᠠᠪᠤᠳᠠᠯ᠎ᠨᠢ ᠮᠠᠭ᠋ᠠᠳᠯᠠᠬᠤᠶᠠ ᠪᠡᠷᠭᠡ᠎ᠲᠠᠢ ᠳᠡᠯᠡᠭᠡᠢ ᠵᠢᠨ ᠠᠵᠤ ᠠᠬᠤᠢ ᠵᠢᠨ ᠪᠠᠢ᠌ᠳᠠᠯ᠎ᠳᠤ ᠳᠤᠭᠳᠠᠭᠤᠨ ᠪᠣᠯᠭ᠋ᠠᠬᠤ ᠳᠣᠬᠢᠶ᠎ᠠ ᠪᠣᠯᠪᠠ ᠭᠡᠵᠡᠭᠡᠵᠡᠢ᠃
ᠠᠽᠢᠶ᠎ᠠ ᠳᠢᠪ ᠨᠤᠮᠤᠬᠠᠨ ᠳᠠᠯᠠᠢ ᠵᠢᠨ ᠤᠷᠤᠨ᠎ᠤ ᠠᠵᠤ ᠠᠬᠤᠢ ᠵᠢᠨ ᠵᠦᠪᠯᠡᠯ᠎ᠤᠨ (APA) ᠳᠡᠷᠢᠬᠦᠯᠡᠭᠴᠢ 《ᠴᠠᠭ ᠦᠶ᠎ᠠ ᠰᠤᠨᠢᠨ》᠎ᠤ ᠰᠤᠷᠪᠤᠯᠵᠢᠯᠠᠭᠴᠢ᠎ᠳᠤ᠄ 《ᠭ᠋ᠸᠷᠮᠡᠨ ᠪᠤᠯᠤᠨ ᠳᠤᠮᠳᠠᠳᠤ ᠤᠯᠤᠰ ᠪᠤᠯ ᠳᠡᠯᠡᠭᠡᠢ ᠳᠡᠭᠡᠷᠡᠬᠢ ᠭᠠᠳᠠᠭ᠋ᠠᠳᠤ ᠭᠠᠷᠭ᠋ᠠᠯᠳᠠ᠎ᠪᠠᠷ ᠬᠠᠮᠤᠭ᠎ᠤᠨ ᠶᠡᠭᠡ ᠤᠯᠤᠰ ᠪᠤᠯᠤᠨ᠎ᠠ᠃ ᠠ᠋ᠨᠡ ᠤᠳᠠᠭ᠋ᠠᠨ᠎ᠤ ᠶᠠᠷᠢᠯᠴᠠᠭ᠎ᠠ ᠵᠦᠪᠳᠡᠯᠴᠡᠭᠡᠷ᠎ᠨᠢ ᠠᠮᠸᠷᠢᠺᠠ ᠵᠢ ᠠᠶᠤᠯᠭ᠋ᠠᠨ ᠰᠦᠷᠳᠡᠬᠦᠯᠵᠤ ᠪᠠᠢ᠌ᠭ᠎ᠠ ᠪᠤᠰᠤ᠂ ᠬᠠᠷᠢᠨ ᠴᠢᠯᠦᠭᠡᠳᠤ ᠠᠷᠠᠯᠵᠢᠶ᠎ᠠ ᠵᠢ ᠳᠡᠮᠵᠢᠬᠦ ᠤᠪᠤᠷ ᠵᠶ᠋ᠡᠨ ᠬᠠᠮᠳᠤ᠎ᠪᠠᠷ ᠢᠯᠡᠳᠭᠡᠵᠤ ᠪᠠᠢ᠌ᠭ᠎ᠠ ᠶᠠᠪᠤᠳᠠᠯ ᠪᠤᠯᠬᠤ ᠶᠤᠮ》 ᠭᠡᠵᠡᠢ᠃
ᠯᠢ ᠺᠸ ᠴᠢᠶᠠᠩ ᠭ᠋ᠸᠷᠮᠡᠨᠳᠠᠬᠢ ᠠᠢ᠌ᠯᠴᠢᠯᠠᠯᠳᠠ᠎ᠪᠠᠨ ᠳᠡᠬᠦᠰᠭᠡᠨ ᠪᠡᠭᠡᠵᠢᠩ᠎ᠳᠤ ᠪᠤᠴᠠᠭᠰᠠᠨ ᠠ᠋ᠳᠤᠷ᠎ᠤᠨ ᠦᠳᠡ ᠵᠢᠨ ᠬᠤᠢ᠌ᠨ᠎ᠠ᠂ ᠳᠤᠮᠳᠠᠳᠤ ᠤᠯᠤᠰ᠎ᠤᠨ ᠪᠠᠩᠬᠢ ᠵᠢᠨ ᠬᠤᠭᠤᠷᠤᠨᠳᠤ ᠵᠢᠨ ᠵᠠᠬ᠎ᠠ ᠳᠡᠯᠭᠡᠬᠦᠷ᠎ᠤᠨ ᠠᠷᠠᠯᠵᠢᠶᠠᠴᠢᠳ᠎ᠤᠨ ᠨᠡᠢ᠌ᠭᠡᠮᠯᠢᠭ᠎ᠠᠴᠠ ᠭ᠋ᠸᠷᠮᠡᠨ ᠪᠠᠩᠬᠢ (ᠳᠤᠮᠳᠠᠳᠤ ᠤᠯᠤᠰ) ᠵᠢᠨ ᠬᠢᠵᠠᠭ᠋ᠠᠷᠳᠤ ᠺᠤᠮᠫᠠᠨᠢ᠎ᠨᠢ ᠵᠠᠬ᠎ᠠ ᠳᠡᠯᠭᠡᠬᠦᠷ᠎ᠤᠨ ᠦᠨᠡᠯᠡᠯᠳᠡ ᠵᠢ ᠦᠨᠳᠦᠰᠦᠯᠡᠨ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠳᠤ ᠮᠡᠳᠡᠬᠦᠯᠦᠨ ᠵᠦᠪᠰᠢᠶᠡᠷᠡᠬᠦᠯᠦᠭᠡᠳ ᠮᠦᠩᠬᠦᠨ ᠬᠦᠢ᠍ᠯᠭᠡᠭᠡᠨ᠎ᠤ ᠪᠤᠰᠤ ᠠᠵᠤ ᠠᠬᠤᠢ᠌ᠯᠠᠯ᠎ᠤᠨ ᠦᠷᠢ ᠦᠭᠴᠡᠭᠡ᠂ ᠪᠡᠯᠡ ᠴᠤᠭᠯᠠᠭᠤᠯᠬᠤ ᠵᠡᠷᠭᠡ ᠵᠢ ᠳᠠᠭ᠋ᠠᠭ᠋ᠠᠨ ᠪᠤᠷᠤᠯᠠᠭᠤᠯᠬᠤ ᠳᠤᠬᠠᠢ᠌ᠯᠠᠭᠰᠠᠨ ᠠᠵᠢᠯ ᠦᠷᠨᠢᠭᠦᠯᠵᠤ ᠪᠤᠯᠤᠨ᠎ᠠ ᠭᠡᠵᠤ ᠵᠠᠷᠯᠠᠨ ᠮᠡᠳᠡᠭᠳᠡᠵᠡᠢ᠃ ᠭ᠋ᠸᠷᠮᠡᠨ ᠪᠠᠩᠬᠢ ᠪᠤᠯ ᠭ᠋ᠸᠷᠮᠡᠨ ᠤᠯᠤᠰ᠎ᠤᠨ ᠬᠠᠮᠤᠭ᠎ᠤᠨ ᠳᠤᠮᠤ ᠬᠤᠳᠠᠯᠳᠤᠭ᠋ᠠᠨ᠎ᠤ ᠪᠠᠩᠬᠢ ᠪᠠ ᠳᠡᠯᠡᠭᠡᠢ ᠵᠢᠨ ᠰᠢᠰᠲᠸᠮ᠎ᠤᠨ ᠴᠢᠬᠤᠯᠠ ᠪᠠᠩᠬᠢ ᠪᠤᠯᠤᠨ᠎ᠠ᠃ ᠵᠠᠭᠤᠴᠢᠯᠠᠭᠤᠷ᠎ᠤᠨ᠎ᠬᠢᠨ ᠤᠳᠤᠬᠠᠨ᠎ᠳᠤ ᠭ᠋ᠸᠷᠮᠡᠨ ᠪᠠᠩᠬᠢ ᠳᠤᠮᠳᠠᠳᠤ ᠤᠯᠤᠰ᠎ᠲᠤ ᠳᠤᠬᠠᠢ᠌ᠯᠠᠬᠰᠠᠨ ᠠᠵᠢᠯ ᠦᠷᠨᠢᠬᠦᠯᠬᠦ ᠪᠣᠯᠭ᠋ᠠᠭᠰᠠᠨ᠎ᠨᠢ ᠳᠤᠮᠳᠠᠳᠤ ᠵᠢᠨ ᠵᠢᠭᠡᠯᠡᠯᠭᠡ ᠵᠢᠨ ᠳᠡᠮᠳᠡᠭ᠎ᠤᠨ ᠵᠠᠬ᠎ᠠ ᠳᠡᠯᠭᠡᠬᠦᠷ᠎ᠤᠨ ᠨᠡᠭᠡᠭᠡᠯᠳᠡ ᠵᠢ ᠤᠯᠠᠮ ᠲᠦᠷᠭᠡᠳᠬᠡᠭᠰᠡᠨᠢ ᠬᠠᠷᠠᠭᠤᠯᠬᠤ ᠪᠠᠢ᠌ᠭ᠎ᠠ ᠶᠤᠮ ᠭᠡᠵᠤ ᠦᠵᠡᠵᠤ ᠪᠤᠢ᠃
ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠳᠠᠷᠤᠭ᠎ᠠ ᠢ ᠭᠠᠩ᠂ ᠳᠤᠮᠳᠠᠳᠤ ᠭ᠋ᠸᠷᠮᠡᠨᠤ ᠵᠠᠰᠠᠭ᠎ᠤᠨ ᠤᠷᠳᠤᠨ᠎ᠤ ᠵᠦᠪᠳᠡᠯᠴᠡᠭᠡᠷ᠎ᠲᠤ ᠤᠷᠤᠯᠴᠠᠬᠤ᠎ᠳᠤ᠎ᠪᠠᠨ ᠳᠤᠮᠳᠠᠳᠤ ᠤᠯᠤᠰ ᠶᠠᠭᠤᠨ᠎ᠤ ᠤᠷᠢᠳ ᠢᠷᠭᠡᠨ᠎ᠤ ᠬᠠᠷᠠᠭ᠋ᠠᠯᠵᠠᠯ + ᠨᠠᠵᠠᠭ᠋ᠠᠢ ᠳᠠᠯ᠎ᠠ ᠵᠢᠨ ᠨᠠᠷᠢᠨ ᠳᠠᠩᠰᠠ ᠵᠢᠨ ᠬᠠᠮᠢᠶᠠᠷᠤᠯᠳᠠ ᠵᠢ ᠭᠡᠷᠡᠭᠵᠢᠬᠦᠯᠵᠤ᠂ ᠠ᠋ᠨᠡᠬᠦ ᠵᠠᠷᠴᠢᠮ ᠵᠶ᠋ᠡᠷ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠴᠢᠯᠦᠭᠡᠳᠡᠢ ᠶᠠᠪᠤᠯᠴᠠᠬᠤ ᠵᠢ ᠦᠷᠭᠡᠳᠭᠡᠬᠦ ᠪᠤᠳᠠᠳᠠᠢ ᠴᠠᠭ ᠬᠤᠭᠤᠴᠠᠭ᠎ᠠ ᠪᠠ ᠳᠦᠯᠦᠪᠯᠡᠭᠡ ᠵᠢ ᠨᠢᠭᠡᠨᠳᠡ ᠳᠤᠭᠳᠠᠭ᠋ᠠᠪᠠ ᠭᠡᠵᠤ ᠢᠯᠡᠷᠭᠡᠢ᠌ᠯᠡᠵᠡᠢ᠃ ᠢ ᠭᠠᠩ᠄ 《ᠳᠤᠮᠳᠠᠳᠤ ᠤᠯᠤᠰ ᠪᠡᠯᠡᠳᠭᠡᠯ ᠵᠶ᠋ᠡᠨ ᠰᠠᠢ᠌ᠨ ᠬᠢᠭᠰᠡᠨ᠃ ᠭ᠋ᠸᠷᠮᠡᠨ ᠤᠯᠤᠰ᠎ᠢ ᠪᠠᠭᠳᠠᠭ᠋ᠠᠭᠰᠠᠨ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠳᠤᠮᠳᠠᠳᠤ ᠤᠯᠤᠰ᠎ᠲᠤ ᠢᠷᠡᠵᠤ ᠳᠤᠬᠠᠢ᠌ᠯᠠᠭᠰᠠᠨ ᠠᠵᠢᠯ ᠦᠷᠨᠢᠬᠦᠯᠬᠦ ᠵᠢ ᠪᠠᠶᠠᠷᠯᠠᠨ ᠤᠭᠳᠤᠵᠤ ᠪᠠᠢ᠌ᠨ᠎ᠠ》 ᠭᠡᠵᠤ ᠭᠡᠯᠡᠪᠡ᠃
ᠯᠢ ᠺᠸ ᠴᠢᠶᠠᠩ ᠪᠤᠯᠤᠨ ᠮᠤᠺᠸᠷ ᠬᠠᠮᠳᠤ᠎ᠪᠠᠷ ᠰᠤᠷᠪᠤᠯᠵᠢᠯᠠᠭᠴᠢ᠎ᠲᠠᠢ ᠠᠭᠤᠯᠵᠠᠵᠤ ᠭ᠋ᠸᠷᠮᠡᠨᠤ ᠰᠤᠷᠪᠤᠯᠵᠢᠯᠠᠭᠴᠢ ᠵᠢᠨ ᠠᠰᠠᠭᠤᠯᠳᠠ ᠵᠢ ᠬᠠᠷᠢᠭᠤᠯᠬᠤ᠎ᠳᠤ᠎ᠪᠠᠨ᠄ 《ᠳᠤᠮᠳᠠᠳᠤ ᠤᠯᠤᠰ ᠴᠢᠯᠦᠭᠡᠳᠡᠢ ᠶᠠᠪᠤᠯᠴᠠᠬᠤ ᠠ᠋ᠬᠦᠳᠡ᠎ᠪᠠᠨ ᠤᠯᠠᠮ ᠶᠡᠭᠡᠪᠡᠷ ᠨᠡᠭᠡᠭᠡᠬᠦ ᠪᠤᠯᠤᠨ᠎ᠠ》 ᠭᠡᠵᠤ ᠢᠯᠡᠷᠭᠡᠢ᠌ᠯᠡᠵᠡᠢ᠃




