2018 ᠤᠨ᠎ᠤ ᠪᠦᠬᠦ ᠤᠯᠤᠰ᠎ᠤᠨ ᠤᠯᠠᠨ ᠵᠶ᠋ᠡᠷ ᠵᠶ᠋ᠡᠨ ᠦᠢ᠍ᠯᠡᠰ ᠪᠤᠰᠬᠠᠵᠤ ᠨᠡᠢ᠌ᠳᠡ᠎ᠪᠠᠷ ᠵᠶ᠋ᠡᠨ ᠰᠢᠨ᠎ᠠ ᠵᠢ ᠠ᠋ᠬᠦᠳᠬᠦ ᠭᠠᠷᠠᠭ᠎ᠤᠨ ᠠᠵᠢᠯᠯᠠᠭ᠎ᠠ 10 ᠳ᠋ᠤᠭ᠋ᠠᠷ ᠰᠠᠷ᠎ᠠ ᠵᠢᠨ 9᠎ᠤ ᠠ᠋ᠳᠤᠷ ᠰᠸᠴᠤᠸᠠᠨ ᠮᠤᠵᠢ ᠵᠢᠨ ᠴᠸᠩᠳᠦ᠋ ᠬᠤᠳᠠ᠎ᠳᠤ ᠠ᠋ᠬᠢᠯᠡᠵᠤ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ ᠴᠢᠬᠤᠯᠠ ᠴᠤᠬᠤᠯᠠᠪᠤᠷᠢ ᠬᠢᠵᠠᠢ᠄ ᠣᠢ᠌ᠷ᠎ᠡ ᠵᠢᠨ ᠭᠡᠳᠤᠨ ᠵᠢᠯ ᠡᠯ᠎ᠡ ᠳᠠᠯ᠎ᠠ ᠵᠢᠨ᠎ᠬᠢᠨ᠎ᠤ ᠬᠠᠮᠳᠤ ᠵᠢᠨ ᠴᠢᠷᠮᠠᠢ᠌ᠯᠭ᠎ᠠ᠎ᠪᠠᠷ ᠤᠯᠠᠨ ᠵᠶ᠋ᠡᠷ ᠵᠶ᠋ᠡᠨ ᠦᠢ᠍ᠯᠡᠰ ᠪᠤᠰᠬᠠᠵᠤ ᠨᠡᠢ᠌ᠳᠡ᠎ᠪᠠᠷ ᠵᠶ᠋ᠡᠨ ᠰᠢᠨ᠎ᠠ ᠵᠢ ᠠ᠋ᠬᠦᠳᠬᠦ ᠠᠵᠢᠯᠯᠠᠭ᠎ᠠ ᠦᠷᠨᠢᠬᠦᠨ ᠬᠦᠭᠵᠢᠵᠤ᠂ ᠰᠢᠨ᠎ᠠ ᠵᠢ ᠠ᠋ᠬᠦᠳᠬᠦ ᠳᠠᠯᠳᠠ ᠬᠦᠴᠦᠨ ᠪᠤᠯᠤᠨ ᠵᠠᠬ᠎ᠠ ᠳᠡᠯᠭᠡᠬᠦᠷ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠨ ᠠᠵᠢᠯ ᠤᠯᠭᠤᠯᠳᠠ ᠵᠢ ᠦᠷᠭᠡᠳᠭᠡᠬᠦ᠎ᠳᠤ ᠢᠳᠡᠪᠬᠢᠳᠡᠢ ᠦᠢ᠍ᠯᠡᠳᠤᠯ ᠦᠵᠡᠬᠦᠯᠪᠡ᠃ ᠰᠢᠨ᠎ᠠ ᠪᠠᠢ᠌ᠳᠠᠯ᠎ᠳᠤ ᠵᠤᠬᠢᠴᠠᠭᠤᠯᠤᠨ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠨ᠂ ᠨᠠᠮ᠎ᠤᠨ ᠳᠦᠪ ᠬᠤᠷᠢᠶ᠎ᠠ ᠪᠤᠯᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠤᠷᠢᠳᠤ ᠪᠠᠢ᠌ᠷᠢᠯᠠᠭᠤᠯᠤᠯᠳᠠ ᠵᠢ ᠨᠡᠷᠢᠨ ᠬᠢᠨᠠᠮᠠᠭ᠋ᠠᠢ ᠭᠡᠷᠡᠭᠵᠢᠬᠦᠯᠵᠤ᠂ ᠴᠢᠨᠠᠷᠯᠢᠭ ᠬᠦᠭᠵᠢᠬᠦᠯᠬᠦ ᠱᠠᠭ᠋ᠠᠷᠳᠠᠯᠭ᠎ᠠ ᠵᠢ ᠵᠢᠷᠤᠮᠯᠠᠨ᠂ ᠰᠢᠨ᠎ᠠ ᠵᠢ ᠠ᠋ᠬᠦᠳᠤᠨ ᠬᠦᠭᠵᠢᠬᠦᠯᠬᠦ ᠪᠠᠢ᠌ᠯᠳᠤᠬᠤ ᠪᠤᠳᠤᠯᠭ᠎ᠠ ᠵᠢ ᠠ᠋ᠷᠴᠢᠮᠳᠡᠢ ᠭᠡᠷᠡᠭᠵᠢᠬᠦᠯᠵᠤ᠂ ᠤᠯᠠᠨ ᠵᠶ᠋ᠡᠷ ᠵᠶ᠋ᠡᠨ ᠦᠢ᠍ᠯᠡᠰ ᠪᠤᠰᠬᠠᠵᠤ ᠨᠡᠢ᠌ᠳᠡ᠎ᠪᠠᠷ ᠵᠶ᠋ᠡᠨ ᠰᠢᠨ᠎ᠠ ᠵᠢ ᠠ᠋ᠬᠦᠳᠬᠦ ᠵᠢ ᠦᠷᠬᠦᠯᠵᠢᠯᠡᠨ ᠬᠦᠨᠵᠡᠭᠡᠢ ᠠᠬᠢᠭᠤᠯᠬᠤ ᠭᠡᠷᠡᠭᠳᠡᠢ᠃ 《ᠳᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠳᠡ ᠵᠢ ᠤᠯᠠᠮ ᠵᠶ᠋ᠡᠷ ᠬᠦᠨᠵᠡᠭᠡᠢ᠌ᠷᠡᠬᠦᠯᠵᠤ᠂ ᠦᠮᠴᠢᠯᠡᠯ᠎ᠤᠨ ᠠ᠋ᠷᠭᠡ ᠵᠢ ᠬᠠᠮᠠᠭ᠋ᠠᠠᠯᠠᠬᠤ ᠵᠡᠷᠭᠡ ᠳᠦᠷᠢᠮ᠎ᠤᠨ ᠪᠠᠢ᠌ᠭᠤᠯᠤᠯᠳᠠ ᠵᠢ ᠳᠦᠷᠭᠡᠳᠭᠡᠨ᠂ ᠡᠯ᠎ᠡ ᠵᠦᠢ᠍ᠯ᠎ᠤᠨ ᠵᠠᠬ᠎ᠠ ᠳᠡᠯᠭᠡᠬᠦᠷ᠎ᠤᠨ ᠭᠤᠤᠯ ᠴᠤᠭᠴᠠᠳᠤ ᠵᠠᠬ᠎ᠠ ᠳᠡᠯᠭᠡᠬᠦᠷᠵᠢᠭᠰᠡᠨ᠂ ᠬᠠᠤᠯᠢᠵᠢᠭᠰᠨ᠂ ᠳᠡᠯᠡᠭᠡᠢ᠌ᠵᠢᠭᠰᠡᠨ ᠦᠢ᠍ᠯᠡᠰ ᠪᠦᠳᠦᠭᠡᠵᠤ ᠰᠢᠨ᠎ᠠ ᠵᠢ ᠠ᠋ᠬᠦᠳᠬᠦ ᠤᠷᠴᠢᠨ ᠳᠤᠭᠤᠷᠢᠨ ᠬᠠᠩᠭ᠋ᠠᠬᠤ ᠭᠡᠷᠡᠭᠳᠡᠢ᠃ ᠠᠵᠤ ᠦᠢ᠍ᠯᠡᠳᠪᠤᠷᠢ ᠵᠢᠨ ᠢᠨᠲᠸᠷ ᠰᠦᠯᠵᠢᠶᠠᠨ᠎ᠤ ᠳᠠᠪᠴᠠᠩ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠬᠦᠯᠵᠤ᠂ 《ᠢᠨᠲᠸᠷ ᠰᠦᠯᠵᠢᠶ᠎ᠠ + ᠨᠡᠢ᠌ᠭᠡᠮ ᠠᠷᠠᠳ᠎ᠤᠨ ᠠᠮᠢᠳᠤᠷᠠᠯ》᠎ᠤᠨ ᠠ᠋ᠷᠡᠬᠦᠯ ᠬᠦᠭᠵᠢᠯᠳᠡ ᠵᠢ ᠠᠬᠢᠭᠤᠯᠤᠨ᠂ ᠤᠯᠠᠨ ᠨᠡᠢ᠌ᠳᠡ ᠵᠢᠨ ᠦᠢ᠍ᠯᠡᠴᠢᠯᠡᠭᠡ ᠵᠢ ᠰᠠᠢ᠌ᠵᠢᠷᠠᠭᠤᠯᠵᠤ᠂ ᠤᠯᠠᠨ ᠳᠦᠮᠡᠨ᠎ᠤ ᠬᠢᠵᠠᠭ᠋ᠠᠯᠠᠰᠢ ᠦᠭᠡᠢ ᠪᠦᠳᠦᠭᠡᠯᠴᠢ ᠴᠢᠳᠠᠪᠤᠷᠢ ᠵᠢ ᠠᠭᠤᠳᠠᠯᠤᠨ᠂ ᠰᠢᠨ᠎ᠠ ᠬᠦᠳᠡᠯᠭᠡᠬᠦ ᠬᠦᠴᠦᠨ᠎ᠢ ᠪᠤᠢ᠌ᠵᠢᠭᠤᠯᠵᠤ᠂ ᠮᠠᠨ᠎ᠤ ᠤᠯᠤᠰ᠎ᠤᠨ ᠠᠵᠤ ᠠᠬᠤᠢ ᠵᠢᠨ ᠰᠢᠨ᠎ᠠ ᠵᠢ ᠠ᠋ᠬᠦᠳᠬᠦ ᠴᠢᠳᠠᠪᠤᠷᠢ ᠪᠤᠯᠤᠨ ᠦᠷᠢᠰᠦᠯᠳᠦᠬᠦ ᠴᠢᠳᠠᠪᠤᠷᠢ ᠵᠢ ᠳᠡᠭᠡᠭᠰᠢᠯᠡᠬᠦᠯᠬᠦ᠎ᠳᠤ ᠪᠠᠳᠤ ᠪᠡᠬᠢ ᠰᠠᠭᠤᠷᠢ ᠳᠠᠯᠪᠢᠬᠤ ᠭᠡᠷᠡᠭᠳᠡᠢ ᠭᠡᠵᠡᠢ᠃
ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠬᠠᠨ ᠵᠸᠩ ᠭᠠᠷᠠᠭ᠎ᠤᠨ ᠠᠵᠢᠯᠯᠠᠭ᠎ᠠ ᠠ᠋ᠬᠢᠯᠡᠬᠦ ᠶᠤᠰᠤᠯᠠᠯ᠎ᠳᠤ ᠤᠷᠤᠯᠴᠠᠭᠰᠠᠨ ᠪᠦᠭᠡᠳ ᠶᠡᠷᠢᠶ᠎ᠠ ᠳᠠᠯᠪᠢᠵᠠᠢ᠃
ᠬᠠᠨ ᠵᠸᠩ᠂ ᠮᠠᠨ᠎ᠤ ᠤᠯᠤᠰ᠎ᠤᠨ ᠠᠵᠤ ᠠᠬᠤᠢ ᠳᠦᠷᠭᠡᠨ ᠨᠡᠮᠡᠭᠳᠡᠯ᠎ᠤᠨ ᠱᠠᠳᠤᠨ᠎ᠠᠴᠠ ᠴᠢᠨᠠᠷᠯᠢᠭ ᠬᠦᠭᠵᠢᠯᠳᠡ ᠵᠢᠨ ᠱᠠᠳᠤᠨ᠎ᠳᠤ ᠤᠷᠤᠵᠠᠢ᠃ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠨ᠂ ᠰᠢᠨ᠎ᠠ ᠵᠢ ᠠ᠋ᠬᠦᠳᠤᠨ ᠬᠦᠭᠵᠢᠬᠦᠯᠬᠦ ᠪᠠᠢ᠌ᠯᠳᠤᠬᠤ ᠪᠤᠳᠤᠯᠭ᠎ᠠ ᠵᠢ ᠬᠦᠨᠵᠡᠭᠡᠢ ᠭᠡᠷᠡᠭᠵᠢᠬᠦᠯᠵᠤ᠂ ᠳᠤᠮᠳᠠᠳᠤ ᠤᠯᠤᠰ᠎ᠤᠨ ᠠᠵᠤ ᠠᠬᠤᠢ ᠵᠢ ᠳᠤᠭᠳᠠᠭᠤᠨ ᠵᠶ᠋ᠡᠷ ᠬᠦᠭᠵᠢᠬᠦᠯᠬᠦ ᠭᠡᠷᠡᠭᠳᠡᠢ ᠭᠡᠪᠡ᠃
ᠬᠠᠨ ᠵᠸᠩ᠂ ᠬᠦᠭᠵᠢᠯᠳᠡ ᠵᠢᠨ ᠤᠷᠴᠢᠨ ᠳᠤᠭᠤᠷᠢᠨ᠎ᠢ ᠰᠢᠯᠢᠳᠡᠭᠵᠢᠬᠦᠯᠬᠦ ᠳᠡᠭᠡᠷ᠎ᠡ ᠬᠦᠴᠦ ᠳᠠᠯᠪᠢᠨ᠂ ᠪᠦᠬᠦ ᠤᠯᠤᠰ᠎ᠤᠨ ᠨᠢᠭᠡᠳᠤᠯᠳᠠᠢ᠎ᠪᠠᠷ ᠵᠠᠬ᠎ᠠ ᠳᠡᠯᠭᠡᠬᠦᠷ᠎ᠲᠤ ᠣᠷᠣᠵᠤ ᠪᠣᠯᠬᠤ ᠨᠠᠵᠠᠭ᠋ᠠᠢ ᠳᠠᠯ᠎ᠠ ᠵᠢᠨ ᠨᠠᠷᠢᠨ ᠳᠠᠩᠰᠠ ᠵᠢ ᠳᠦᠷᠭᠡᠨ ᠨᠡᠢ᠌ᠳᠡᠯᠡᠵᠤ᠂ ᠢᠳᠡᠭᠡᠮᠵᠢ ᠵᠢᠨ ᠬᠢᠨᠠᠨ ᠬᠠᠮᠢᠶᠠᠷᠤᠯᠳᠠ ᠵᠢᠨ ᠳᠤᠭᠳᠠᠴᠠ ᠵᠢ ᠪᠠᠢ᠌ᠭᠤᠯᠬᠤ ᠭᠡᠷᠡᠭᠳᠡᠢ᠃ ᠬᠦᠭᠵᠢᠯᠳᠡ ᠵᠢᠨ ᠬᠦᠳᠡᠯᠭᠡᠬᠦ ᠬᠦᠴᠦᠨ᠎ᠢ ᠴᠢᠩᠭ᠋ᠠᠳᠬᠠᠨ᠂ ᠠ᠋ᠳ᠋᠎ᠤᠨ ᠵᠠᠰᠠᠭ ᠭᠠᠢ᠌ᠯᠢ ᠵᠢᠨ ᠳᠦᠷᠦ ᠵᠢᠨ ᠪᠤᠳᠤᠯᠭ᠎ᠠ ᠵᠢᠨ ᠳᠡᠮᠵᠢᠯᠭᠡ᠎ᠪᠠᠨ ᠨᠡᠮᠡᠭᠳᠡᠬᠦᠯᠵᠤ᠂ ᠮᠦᠩᠬᠦᠨ ᠬᠦᠢ᠍ᠯᠭᠡᠭᠡᠨ᠎ᠤ ᠦᠢ᠍ᠯᠡᠴᠢᠯᠡᠭᠡ ᠵᠢ ᠳᠡᠬᠦᠯᠳᠡᠷᠵᠢᠬᠦᠯᠦᠨ᠂ ᠮᠡᠳᠡᠯᠭᠡ ᠵᠢᠨ ᠦᠮᠴᠢᠯᠡᠯ᠎ᠤᠨ ᠠ᠋ᠷᠭᠡ ᠵᠢᠨ ᠬᠠᠮᠢᠶᠠᠷᠤᠯᠳᠠ ᠦᠢ᠍ᠯᠡᠴᠢᠯᠡᠭᠡᠨ᠎ᠤ ᠰᠢᠰᠲᠸᠮ᠎ᠢ ᠪᠠᠢ᠌ᠭᠤᠯᠤᠨ ᠳᠡᠬᠦᠯᠳᠡᠷᠵᠢᠬᠦᠯᠬᠦ ᠭᠡᠷᠡᠭᠳᠡᠢ᠃ ᠦᠢ᠍ᠯᠡᠰ ᠪᠤᠰᠬᠠᠬᠤ᠎ᠪᠠᠷ ᠠᠵᠢᠯ ᠤᠯᠭᠤᠬᠤ ᠵᠢ ᠳᠠᠢ᠌ᠴᠢᠯᠠᠬᠤ ᠵᠢ ᠠᠬᠢᠭᠤᠯᠤᠨ᠂ ᠨᠡᠩ ᠠᠷᠪᠢᠨ ᠨᠡᠢ᠌ᠭᠡᠮ᠎ᠤᠨ ᠭᠤᠤᠯ ᠴᠤᠭᠴᠠ ᠵᠢᠨ ᠰᠢᠨ᠎ᠠ ᠵᠢ ᠠ᠋ᠬᠦᠳᠤᠨ ᠦᠢ᠍ᠯᠡᠰ ᠪᠤᠰᠬᠠᠬᠤ ᠵᠢ ᠳᠡᠮᠵᠢᠨ ᠵᠤᠷᠢᠭᠵᠢᠭᠤᠯᠬᠤ ᠭᠡᠷᠡᠭᠳᠡᠢ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠠ ᠵᠢ ᠠ᠋ᠬᠦᠳᠬᠦ᠎ᠪᠠᠷ ᠳᠠᠭ᠋ᠠᠭᠤᠯᠬᠤ ᠦᠢ᠍ᠯᠡᠳᠤᠯ᠎ᠢ ᠪᠠᠳᠠᠷᠠᠭᠤᠯᠤᠨ᠂ ᠤᠯᠤᠰ᠎ᠤᠨ ᠠᠵᠤ ᠦᠢ᠍ᠯᠡᠰ᠎ᠤᠨ ᠰᠢᠨ᠎ᠠ ᠵᠢ ᠠ᠋ᠬᠦᠳᠬᠦ ᠳᠦᠪ᠂ ᠤᠯᠤᠰ᠎ᠤᠨ ᠮᠡᠷᠭᠡᠵᠢᠯ᠎ᠤᠨ ᠰᠢᠨ᠎ᠠ ᠵᠢ ᠠ᠋ᠬᠦᠳᠬᠦ ᠳᠦᠪ ᠵᠡᠷᠭᠡ ᠰᠢᠨ᠎ᠠ ᠵᠢ ᠠ᠋ᠬᠦᠳᠬᠦ ᠳᠠᠪᠴᠠᠩ᠎ᠤᠨ ᠪᠠᠢ᠌ᠭᠤᠯᠤᠯᠳᠠ ᠵᠢ ᠳᠦᠷᠭᠡᠳᠭᠡᠵᠤ᠂ ᠶᠡᠭᠡ ᠳᠡᠭᠡᠳᠤ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠪᠦᠳᠦᠭᠡᠯ᠎ᠢ ᠤᠨᠳᠤᠤᠰᠢᠭᠤᠯᠬᠤ ᠪᠡ ᠮᠡᠷᠭᠡᠵᠢᠯ᠎ᠢ ᠰᠢᠯᠵᠢᠬᠦᠯᠬᠦ ᠵᠢ ᠲᠦᠷᠭᠡᠳᠬᠡᠬᠦ ᠭᠡᠷᠡᠭᠳᠡᠢ᠃ ᠰᠢᠨ᠎ᠠ ᠵᠢ ᠠ᠋ᠬᠦᠳᠤᠨ ᠦᠢ᠍ᠯᠡᠰ ᠪᠤᠰᠬᠠᠬᠤ ᠳᠠᠪᠴᠠᠩ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠬᠦᠯᠵᠤ᠂ ᠤᠯᠠᠨ ᠵᠶ᠋ᠡᠷ ᠵᠶ᠋ᠡᠨ ᠦᠢ᠍ᠯᠡᠰ ᠪᠤᠰᠬᠠᠬᠤ ᠤᠷᠤᠨ ᠵᠠᠢ ᠵᠢ ᠳᠤᠰᠬᠠᠢ᠌ᠵᠢᠭᠤᠯᠤᠨ ᠨᠠᠷᠢᠯᠢᠬ᠍ᠵᠢᠭᠤᠯᠵᠤ ᠳᠡᠰ ᠳᠡᠪᠰᠢᠬᠦᠯᠬᠦ ᠳᠡᠰ᠎ᠢ ᠦᠷᠭᠡᠳᠭᠡᠬᠦ ᠭᠡᠷᠡᠭᠳᠡᠢ ᠭᠡᠵᠤ ᠴᠢᠬᠤᠯᠠᠴᠢᠯᠠᠵᠠᠢ᠃
ᠭᠠᠷᠠᠭ᠎ᠤᠨ ᠠᠵᠢᠯᠯᠠᠭ᠎ᠠ ᠠ᠋ᠬᠢᠯᠡᠬᠦ ᠶᠤᠰᠤᠯᠠᠯ ᠳᠡᠬᠦᠰᠦᠭᠰᠡᠨᠤ ᠳᠠᠷᠠᠭ᠎ᠠ᠂ ᠬᠠᠨ ᠵᠸᠩ ᠰᠢᠨ᠎ᠠ ᠵᠢ ᠠ᠋ᠬᠦᠳᠤᠨ ᠦᠢ᠍ᠯᠡᠰ ᠪᠤᠰᠬᠠᠬᠤ ᠭᠤᠤᠯ ᠰᠡᠳᠤᠪᠳᠤ ᠦᠵᠡᠰᠬᠦᠯᠡᠩ᠎ᠢ ᠳᠤᠭᠤᠷᠢᠨ ᠦᠵᠡᠬᠦ ᠵᠢᠨ ᠬᠠᠮᠳᠤ ᠦᠵᠡᠰᠬᠦᠯᠡᠩ᠎ᠳᠤ ᠤᠷᠤᠯᠴᠠᠭᠰᠠᠨ ᠠᠵᠤ ᠠᠬᠤᠢ᠌ᠯᠠᠯ᠎ᠤᠨ ᠬᠠᠷᠢᠭᠤᠴᠠᠯᠭ᠋ᠠᠳᠠᠨ᠎ᠲᠠᠢ ᠶᠠᠷᠢᠯᠴᠠᠵᠤ ᠰᠠᠨᠠᠯ ᠵᠶ᠋ᠡᠨ ᠰᠤᠯᠢᠯᠴᠠᠪᠠ᠃ ᠸᠠᠨ ᠭᠠᠩ᠂ ᠠ᠋ᠾᠸ ᠯᠢ ᠹᠸᠩ ᠨᠡᠷ ᠳᠤᠰ ᠠᠵᠢᠯᠯᠠᠭ᠎ᠠ᠎ᠳᠤ ᠤᠷᠤᠯᠴᠠᠪᠠ᠃
ᠠ᠋ᠨᠡ ᠤᠳᠠᠭ᠋ᠠᠨ᠎ᠤ ᠭᠠᠷᠠᠭ᠎ᠤᠨ ᠠᠵᠢᠯᠯᠠᠭ᠎ᠠ ᠵᠢ ᠤᠯᠤᠰ᠎ᠤᠨ ᠬᠦᠭᠵᠢᠬᠦᠯᠦᠯᠳᠡ ᠦᠭᠡᠷᠡᠴᠢᠯᠡᠯᠳᠡ ᠵᠢᠨ ᠵᠦᠪᠯᠡᠯ ᠵᠶ᠋ᠡᠷ ᠳᠦᠷᠦᠬᠦᠯᠡᠬᠦᠯᠦᠭᠰᠡᠨ ᠭᠠᠷᠠᠭ᠎ᠤᠨ ᠠᠵᠢᠯᠯᠠᠭᠠᠤᠨ ᠵᠤᠬᠢᠶᠠᠨ ᠪᠠᠢ᠌ᠭᠤᠯᠬᠤ ᠵᠦᠪᠯᠡᠯ ᠭᠤᠤᠯᠯᠠᠨ ᠠ᠋ᠷᠬᠢᠯᠡᠵᠤ᠂ ᠬᠤᠯᠪᠤᠭᠳᠠᠯ ᠪᠦᠬᠦᠢ ᠶᠠᠮᠤᠨ ᠵᠦᠪᠯᠡᠯ ᠪᠤᠯᠤᠨ ᠤᠷᠤᠨ ᠨᠤᠳᠤᠭ᠎ᠤᠨ ᠵᠠᠰᠠᠭ᠎ᠤᠨ ᠤᠷᠳᠤᠨ᠎ᠤ ᠬᠠᠷᠢᠭᠤᠴᠠᠯᠭ᠋ᠠᠳᠠᠨ᠂ ᠨᠢᠭᠡ ᠪᠦᠯᠦᠭ ᠤᠯᠠᠨ ᠵᠶ᠋ᠡᠷ ᠵᠶ᠋ᠡᠨ ᠦᠢ᠍ᠯᠡᠰ ᠪᠤᠰᠬᠠᠵᠤ ᠨᠡᠢ᠌ᠳᠡ᠎ᠪᠠᠷ ᠵᠶ᠋ᠡᠨ ᠰᠢᠨ᠎ᠠ ᠵᠢ ᠠ᠋ᠬᠦᠳᠬᠦ ᠵᠢᠱ᠌ᠢᠶ᠎ᠠ ᠦᠵᠡᠬᠦᠯᠬᠦ ᠰᠠᠭᠤᠷᠢᠨ᠎ᠤ ᠳᠦᠯᠦᠭᠡᠯᠡᠭᠴᠢ ᠪᠤᠯᠤᠨ ᠡᠯ᠎ᠡ ᠳᠦᠷᠦᠯ᠎ᠤᠨ ᠰᠢᠨ᠎ᠠ ᠵᠢ ᠠ᠋ᠬᠦᠳᠤᠨ ᠦᠢ᠍ᠯᠡᠰ ᠪᠦᠳᠦᠭᠡᠭᠴᠢ ᠵᠢᠨ ᠳᠦᠯᠦᠭᠡᠯᠡᠭᠴᠢ ᠨᠡᠢ᠌ᠳᠡ 400 ᠬᠦᠮᠦᠨ ᠳᠤᠰ ᠠ᠋ᠳᠤᠷ᠎ᠤᠨ ᠠᠵᠢᠯᠯᠠᠭ᠎ᠠ᠎ᠳᠤ ᠤᠷᠤᠯᠴᠠᠵᠠᠢ᠃