ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠤᠨᠴᠠᠯᠠᠨ ᠬᠠᠷᠠᠭ᠋ᠠᠯᠵᠠᠬᠤ ᠠ᠋ᠲᠡᠭᠡᠳ᠎ᠲᠤ ᠤᠷᠤᠨ ᠰᠠᠭᠤᠴᠠ ᠵᠢᠨ ᠬᠠᠷᠭ᠋ᠠᠯᠵᠠᠯ ᠬᠦᠷᠲᠡᠭᠡᠬᠦ ᠠᠷᠭ᠎ᠠ
ᠨᠡᠶᠢᠲᠡᠯᠡᠭᠰᠡᠨ ᠴᠠᠭ᠄ 2015-09-22

      ᠨᠢᠭᠡ᠂ ᠤᠨᠴᠠᠯᠠᠨ ᠬᠠᠷᠠᠭ᠋ᠠᠯᠵᠠᠬᠤ ᠠ᠋ᠲᠡᠭᠡᠳ᠎ᠲᠤ ᠤᠷᠤᠨ ᠰᠠᠭᠤᠴᠠ ᠵᠢᠨ ᠬᠠᠷᠭ᠋ᠠᠯᠵᠠᠯ ᠬᠦᠷᠲᠡᠭᠡᠬᠦ ᠠᠵᠢᠯ᠎ᠢ ᠵᠢᠷᠤᠮᠵᠢᠭᠤᠯᠬᠤ ᠵᠢᠨ ᠲᠦᠯᠦᠭᠡ 《ᠴᠡᠷᠢᠭ᠎ᠢ ᠠᠰᠠᠷᠠᠨ ᠬᠠᠷᠠᠭ᠋ᠠᠯᠵᠠᠬᠤ ᠲᠦᠷᠢᠮ》 ᠵᠡᠷᠭᠡ ᠬᠠᠤᠯᠢ ᠲᠦᠷᠢᠮ᠎ᠤᠨ ᠲᠤᠭᠲᠠᠭ᠋ᠠᠯ᠎ᠢ ᠦᠨᠳᠦᠰᠦᠯᠡᠨ᠂ ᠲᠤᠰ ᠠᠷᠭ᠎ᠠ ᠵᠢ ᠲᠤᠭᠲᠠᠭ᠋ᠠᠪᠠ᠃
      ᠬᠤᠶᠠᠷ᠂ ᠲᠤᠰ ᠠᠷᠭ᠎ᠠ᠎ᠳᠤ ᠲᠤᠷᠠᠳᠴᠤ ᠪᠠᠢ᠌ᠭ᠎ᠠ ᠤᠨᠴᠠᠯᠠᠨ ᠬᠠᠷᠠᠭ᠋ᠠᠯᠵᠠᠬᠤ ᠠ᠋ᠲᠡᠭᠡᠳ ᠬᠡᠳᠡᠭ᠎ᠨᠢ ᠤᠯᠤᠰ᠎ᠤᠨ ᠲᠤᠭᠲᠠᠮᠠᠯ ᠬᠤᠭᠤᠴᠠᠭ᠋ᠠᠲᠤ ᠠᠰᠠᠷᠠᠮᠵᠢ ᠵᠢᠨ ᠨᠦᠭᠦᠪᠦᠷᠢ ᠵᠢ ᠬᠦᠷᠲᠡᠵᠤ ᠪᠠᠢ᠌ᠭ᠎ᠠ ᠨᠦᠭᠴᠢᠭᠰᠠᠨ ᠪᠠᠭ᠋ᠠᠲᠤᠷᠴᠤᠳ᠎ᠤᠨ ᠭᠡᠷ ᠪᠦᠯᠢ᠂ ᠠᠯᠪᠠᠨ ᠶᠠᠪᠤᠳᠠᠯ ᠵᠶ᠋ᠠᠷ ᠦᠷᠡᠭᠲᠡᠭᠰᠡᠨ ᠴᠡᠷᠢᠭ᠎ᠤᠨ ᠭᠡᠷ ᠪᠦᠯᠢ᠂ ᠡᠪᠡᠳᠴᠢᠨ ᠵᠶ᠋ᠠᠷ ᠨᠠᠰᠤ ᠪᠠᠷᠠᠭᠰᠠᠨ ᠴᠡᠷᠢᠭ᠎ᠤᠨ ᠭᠡᠷ ᠪᠦᠯᠢ᠂ ᠴᠡᠷᠢᠭ᠎ᠤᠨ ᠠᠯᠪᠠᠨ᠎ᠠᠴᠠ ᠪᠠᠭᠤᠭᠰᠠᠨ ᠵᠡᠮᠳᠡᠭ ᠴᠡᠷᠢᠭ᠂ ᠨᠤᠲᠤᠭ᠎ᠲᠤ᠎ᠪᠠᠨ ᠪᠠᠢ᠌ᠭ᠎ᠠ ᠤᠯᠠᠭ᠋ᠠᠨ ᠴᠡᠷᠢᠭ᠎ᠤᠨ ᠠᠬᠠᠮᠠᠳ ᠪᠠᠢ᠌ᠯᠳᠤᠭᠴᠢ᠂ ᠨᠤᠲᠤᠭ᠎ᠲᠤ᠎ᠪᠠᠨ ᠪᠠᠢ᠌ᠭ᠎ᠠ ᠪᠠᠷᠠᠭᠤᠨ ᠵᠠᠮ᠎ᠤᠨ ᠴᠡᠷᠢᠭ᠎ᠤᠨ ᠤᠯᠠᠭ᠋ᠠᠨ ᠴᠡᠷᠢᠭ᠎ᠤᠨ ᠠᠬᠠᠮᠠᠳ ᠪᠠᠢ᠌ᠯᠳᠤᠭᠴᠢ᠂ ᠤᠯᠠᠭ᠋ᠠᠨ ᠴᠡᠷᠢᠭ᠎ᠠᠴᠠ ᠪᠤᠲᠠᠷᠠᠵᠤ ᠰᠠᠷᠨᠢᠭᠰᠠᠳ᠂ ᠨᠤᠲᠤᠭ᠎ᠲᠤ᠎ᠪᠠᠨ ᠪᠠᠢ᠌ᠭ᠎ᠠ ᠠᠬᠠᠮᠠᠳ ᠴᠡᠷᠢᠭ᠎ᠠᠴᠠ ᠬᠠᠯᠠᠭᠳᠠᠭᠰᠠᠳ᠂ ᠡᠪᠡᠳᠴᠢᠨ ᠵᠶ᠋ᠠᠷ ᠴᠡᠷᠢᠭ᠎ᠠᠴᠠ ᠪᠠᠭᠤᠵᠤ ᠨᠤᠲᠤᠭ᠎ᠲᠤ᠎ᠪᠠᠨ ᠪᠤᠴᠠᠭᠰᠠᠳ᠂ ᠳᠠᠢ᠌ᠨ᠎ᠳᠤ ᠤᠷᠤᠯᠴᠠᠭ᠋ᠠᠳ ᠴᠡᠷᠢᠭ᠎ᠠᠴᠠ ᠪᠠᠭᠤᠭᠰᠠᠳ᠂ ᠠᠲ᠋ᠤᠮ᠎ᠤᠨ ᠲᠤᠷᠰᠢᠯᠲᠠ᠎ᠳᠤ ᠣᠷᠣᠯᠴᠠᠭ᠋ᠠᠳ ᠴᠡᠷᠢᠭ ᠠᠩᠭᠢ᠎ᠠᠴᠠ ᠪᠠᠭᠤᠭᠰᠠᠳ (ᠦᠷᠡᠨ᠎ᠤ ᠠᠭᠤᠷᠬᠠᠢ ᠨᠡᠭᠡᠭᠡᠬᠦ᠎ᠳᠤ ᠰᠢᠭᠤᠳ ᠣᠷᠣᠯᠴᠠᠭ᠋ᠠᠳ ᠴᠡᠷᠢᠭ ᠠᠩᠭᠢ᠎ᠠᠴᠠ ᠪᠠᠭᠤᠭᠰᠠᠳ ᠪᠠᠭᠲᠠᠨ᠎ᠠ)᠂ ᠨᠦᠭᠴᠢᠭᠰᠡᠨ ᠪᠠᠭ᠋ᠠᠲᠤᠷ᠎ᠤᠨ ᠨᠠᠰᠤ ᠠᠭᠰᠢᠷᠠᠭᠰᠠᠨ ᠦᠷ᠎ᠡ ᠬᠡᠤᠭᠡᠳ (ᠤᠯᠤᠰ ᠪᠠᠢ᠌ᠭᠤᠯᠤᠭᠳᠠᠬᠤ᠎ᠠᠴᠠ ᠠ᠋ᠮᠦᠨ᠎ᠡ ᠠ᠋ᠨᠳᠡᠭᠦᠦ᠎ᠪᠠᠷ ᠠᠯᠠᠭ᠋ᠠᠳ ᠰᠡᠭᠦᠯᠡᠷ᠎ᠨᠢ ᠴᠠᠭ᠋ᠠᠳᠬᠠᠭᠳᠠᠭᠰᠠᠳ᠎ᠤᠨ ᠦᠷ᠎ᠡ ᠬᠡᠤᠭᠡᠳ ᠪᠠᠭᠲᠠᠨ᠎ᠠ) ᠬᠢᠭᠡᠳ ᠬᠦᠳᠡᠭᠡ ᠲᠤᠰᠬᠤᠨ ᠮᠠᠯᠵᠢᠬᠤ ᠤᠷᠤᠨ᠎ᠳᠤ ᠠᠮᠠᠨ ᠲᠤᠭ᠎ᠠ᠎ᠲᠠᠢ ᠪᠦᠭᠦᠯᠢ 60 ᠨᠠᠰᠤᠨ᠎ᠠᠴᠠ ᠳᠡᠭᠡᠭᠰᠢᠬᠢ ᠴᠡᠷᠢᠭ᠎ᠠᠴᠠ ᠪᠠᠭᠤᠭᠰᠠᠳ ᠵᠡᠷᠭᠡ ᠵᠢ ᠵᠢᠭ᠋ᠠᠵᠤ ᠪᠤᠢ᠃
      ᠭᠤᠷᠪᠠ᠂ ᠤᠨᠴᠠᠯᠠᠨ ᠬᠠᠷᠠᠭ᠋ᠠᠯᠵᠠᠬᠤ ᠠ᠋ᠲᠡᠭᠡᠳ᠎ᠲᠤ ᠤᠷᠤᠨ ᠰᠠᠭᠤᠴᠠ ᠵᠢᠨ ᠬᠠᠷᠭ᠋ᠠᠯᠵᠠᠯ ᠬᠦᠷᠲᠡᠭᠡᠬᠦ᠎ᠳᠤ᠎ᠪᠠᠨ ᠤᠳᠤ ᠵᠢᠨ ᠬᠡᠷᠡᠭᠵᠢᠭᠦᠯᠵᠤ ᠪᠠᠢ᠌ᠭ᠎ᠠ ᠤᠷᠤᠨ ᠰᠠᠭᠤᠴᠠ ᠵᠢᠨ ᠪᠠᠲᠤᠯᠠᠪᠦᠷᠢ ᠵᠢᠨ ᠲᠦᠷᠢᠮ᠎ᠳᠤ ᠲᠦᠰᠢᠭᠯᠡᠵᠤ᠂ ᠵᠠᠰᠠᠭ᠎ᠤᠨ ᠤᠷᠳᠤᠨ ᠭᠤᠤᠯᠯᠠᠨ ᠵᠢᠯᠤᠭᠤᠳᠤᠨ᠂ ᠲᠦᠷᠦ ᠵᠢᠨ ᠪᠤᠳᠤᠯᠭ᠎ᠠ᠎ᠪᠠᠷ ᠳᠡᠳᠭᠦᠬᠦ᠂ ᠨᠡᠢ᠌ᠬᠡᠮ ᠨᠡᠢ᠌ᠲᠡ ᠵᠢᠨ ᠤᠷᠤᠯᠴᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠭᠠᠵᠠᠷ ᠤᠷᠤᠨ᠎ᠳᠤ᠎ᠨᠢ ᠬᠠᠷᠢᠶᠠᠯᠠᠭᠤᠯᠤᠨ ᠬᠠᠮᠢᠶᠠᠷᠬᠤ ᠪᠠ ᠲᠤᠰ ᠭᠠᠵᠠᠷ᠎ᠤᠨ ᠵᠶ᠋ᠠᠨ ᠪᠤᠳᠠᠲᠠᠢ᠎ᠠᠴᠠ ᠠ᠋ᠭᠦᠰᠬᠦ ᠵᠢ ᠪᠠᠷᠢᠮᠲᠠᠯᠠᠬᠤ ᠬᠡᠷᠡᠭᠲᠡᠢ᠃
ᠲᠦᠷᠪᠠ᠂ ᠤᠨᠴᠠᠯᠠᠨ ᠬᠠᠷᠠᠭ᠋ᠠᠯᠵᠠᠬᠤ ᠠ᠋ᠲᠡᠭᠡᠳ ᠤᠷᠤᠨ ᠰᠠᠭᠤᠴᠠ ᠵᠢᠨ ᠪᠠᠲᠤᠯᠠᠪᠤᠷᠢ ᠵᠢ ᠭᠤᠶᠤᠴᠢᠯᠠᠬᠤ᠎ᠳᠤ᠂ ᠲᠡᠭᠦᠨ᠎ᠤ ᠬᠠᠤᠯᠢ ᠶᠤᠰᠤᠭ᠋ᠠᠷ ᠬᠦᠷᠲᠡᠵᠤ ᠪᠠᠢ᠌ᠭ᠎ᠠ ᠠᠰᠠᠷᠠᠮᠵᠢ ᠵᠢᠨ ᠮᠦᠩᠭᠦ᠂ ᠨᠦᠭᠦᠪᠦᠷᠢ ᠵᠢᠨ ᠮᠦᠩᠭᠦ᠂ ᠬᠠᠷᠠᠭ᠋ᠠᠯᠵᠠᠯ᠎ᠤᠨ ᠮᠦᠩᠭᠦ ᠪᠤᠯᠤᠨ ᠰᠤᠪᠢᠯᠠᠯᠲᠠ ᠵᠢᠨ ᠮᠦᠩᠭᠦ ᠵᠡᠷᠭᠡ ᠬᠦᠷᠲᠡᠭᠡᠮᠵᠢ ᠵᠢᠨ ᠭᠤᠶᠤᠴᠢᠯᠠᠭ᠎ᠠ ᠵᠢ ᠬᠢᠨᠠᠨ ᠵᠦᠪᠰᠢᠶᠡᠷᠡᠬᠦ ᠭᠡᠷ ᠪᠦᠯᠢ ᠵᠢᠨ ᠤᠷᠤᠯᠭ᠎ᠠ᠎ᠳᠤ᠎ᠨᠢ ᠤᠷᠤᠭᠤᠯᠬᠤ ᠦᠭᠡᠢ᠃
      ᠲᠠᠪᠤ᠂ ᠤᠨᠴᠠᠯᠠᠨ ᠬᠠᠷᠠᠭ᠋ᠠᠯᠵᠠᠬᠤ ᠠ᠋ᠲᠡᠭᠡᠳ ᠬᠢᠮᠳᠠ ᠲᠤᠬᠢᠯᠢᠭ ᠤᠷᠤᠨ ᠰᠠᠭᠤᠴᠠ᠂ ᠤᠯᠠᠨ ᠨᠡᠢ᠌ᠲᠡ ᠵᠢᠨ ᠲᠦᠷᠢᠶᠡᠰᠦᠨ ᠭᠡᠷ᠂ ᠤᠷᠤᠨ ᠰᠠᠭᠤᠴᠠ ᠲᠦᠷᠢᠶᠡᠰᠦᠯᠡᠬᠦ ᠨᠦᠭᠦᠪᠦᠷᠢ ᠪᠤᠶᠤ ᠬᠦᠳᠡᠭᠡ ᠲᠤᠰᠬᠤᠨ᠎ᠤ ᠨᠤᠷᠠᠬᠤ ᠠᠶᠤᠯᠲᠠᠢ ᠭᠡᠷ ᠤᠷᠤᠨ᠎ᠢ ᠵᠠᠰᠠᠨ ᠰᠢᠨᠡᠳᠭᠡᠬᠦ ᠵᠢ ᠭᠤᠶᠤᠴᠢᠯᠠᠪᠠᠯ᠂ ᠠᠳᠠᠯᠢ ᠨᠦᠭᠦᠴᠡᠯ ᠲᠤᠤᠷ᠎ᠠ ᠤᠷᠢᠳᠠᠪᠡᠷ ᠲᠤᠬᠢᠷᠠᠭᠤᠯᠤᠨ᠎ᠠ᠃
      ᠵᠢᠷᠭᠤᠭ᠎ᠠ᠂ ᠤᠨᠴᠠᠯᠠᠨ ᠬᠠᠷᠠᠭ᠋ᠠᠯᠵᠠᠬᠤ ᠠ᠋ᠲᠡᠭᠡᠳ ᠬᠠᠮᠢᠶ᠎ᠠ ᠪᠦᠭᠦᠢ ᠨᠦᠭᠦᠴᠡᠯ᠎ᠳᠤ ᠨᠡᠢ᠌ᠴᠠᠵᠤ ᠪᠠᠢ᠌ᠭ᠎ᠠ ᠵᠢ᠎ᠨᠢ ᠭᠠᠮᠰᠢᠭ᠎ᠤᠨ ᠳᠠᠷᠠᠭ᠎ᠠ ᠰᠡᠷᠭᠦᠭᠡᠨ ᠪᠠᠢ᠌ᠭᠤᠯᠬᠤ᠂ ᠤᠷᠤᠨ ᠰᠠᠭᠤᠴᠠ ᠵᠢᠨ ᠲᠤᠭᠤᠷᠢᠭ᠎ᠢ ᠲᠦᠪᠯᠡᠷᠡᠭᠦᠯᠬᠦ ᠪᠦᠲᠦᠭᠡᠨ ᠪᠠᠢ᠌ᠭᠤᠯᠤᠯᠲᠠ ᠵᠡᠷᠭᠡ ᠲᠦᠷᠦ ᠵᠢᠨ ᠪᠤᠳᠤᠯᠭ᠎ᠠ ᠵᠢᠨ ᠬᠡᠪᠴᠢᠶᠡᠨ᠎ᠳᠤ ᠤᠷᠢᠳ ᠵᠶ᠋ᠠᠷ ᠤᠷᠤᠭᠤᠯᠵᠤ ᠪᠤᠯᠤᠨ᠎ᠠ᠃
      ᠲᠤᠯᠤᠭ᠎ᠠ᠂ ᠤᠨᠴᠠᠯᠠᠨ ᠬᠠᠷᠠᠭ᠋ᠠᠯᠵᠠᠬᠤ ᠠ᠋ᠲᠡᠭᠡᠳ ᠭᠡᠷ ᠣᠷᠣᠨ ᠭᠠᠵᠠᠷ ᠬᠦᠷᠦᠩᠭᠡ ᠵᠢᠨ ᠦᠨᠡᠮᠯᠡᠯ ᠠᠪᠬᠤ ᠦᠶ᠎ᠡ᠎ᠳᠤ ᠳᠠᠩᠰᠠᠯᠠᠬᠤ ᠰᠦᠢ᠍ᠳᠭᠡᠯ᠂ ᠦᠷᠲᠡᠭ᠎ᠤᠨ ᠵᠠᠷᠤᠳᠠᠯ ᠬᠤᠷᠢᠶᠠᠬᠤ ᠦᠭᠡᠢ; ᠦᠪᠡᠷ ᠵᠶ᠋ᠠᠨ ᠭᠡᠷ ᠪᠠᠷᠢᠪᠠᠯ᠂ ᠰᠠᠭᠤᠷᠢ ᠲᠦᠭᠦᠭᠡᠷᠦᠮᠵᠢ ᠵᠢᠨ ᠢᠵᠢ ᠪᠦᠷᠢᠳᠦᠭᠦᠯᠬᠦ ᠵᠠᠷᠤᠳᠠᠯ᠂ ᠭᠠᠵᠠᠷ ᠭᠠᠷᠭ᠋ᠠᠨ ᠦᠭᠬᠦ ᠬᠡᠮᠵᠢᠯᠲᠡ ᠵᠢᠨ ᠵᠠᠷᠤᠳᠠᠯ ᠵᠡᠷᠭᠡ ᠬᠠᠮᠢᠶ᠎ᠠ ᠪᠦᠭᠦᠢ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠴᠢᠨᠠᠷᠲᠠᠢ ᠰᠦᠢ᠍ᠳᠭᠡᠯ ᠪᠠ ᠵᠠᠰᠠᠭ᠎ᠤᠨ ᠤᠷᠳᠤᠨ᠎ᠤ ᠴᠢᠨᠠᠷᠲᠠᠢ ᠰᠠᠭᠤᠷᠢ ᠮᠦᠩᠭᠦ ᠲᠤᠰᠢᠶᠠᠬᠤ ᠵᠢ ᠬᠡᠯᠲᠦᠷᠢᠭᠦᠯᠦᠨ᠎ᠡ᠃
      ᠨᠠᠢ᠍ᠮᠠ᠂ ᠠᠰᠠᠷᠠᠨ ᠬᠠᠷᠠᠭ᠋ᠠᠯᠵᠠᠬᠤ ᠨᠦᠭᠦᠴᠡᠯ᠎ᠳᠤ ᠨᠡᠢ᠌ᠴᠡᠬᠦ ᠤᠨᠴᠠᠯᠠᠨ ᠬᠠᠷᠠᠭ᠋ᠠᠯᠵᠠᠬᠤ ᠠ᠋ᠲᠡᠭᠡᠳ᠎ᠢ ᠲᠤᠬᠠᠢ ᠵᠢᠨ ᠭᠠᠵᠠᠷ᠎ᠤᠨ ᠢᠷᠠᠭᠤ ᠠᠯᠳᠠᠷᠲᠠᠨ᠎ᠤ ᠬᠦᠷᠢᠶᠡᠯᠡᠩ᠂ ᠠᠰᠠᠷᠠᠮᠵᠢ ᠵᠢᠨ ᠬᠦᠷᠢᠶᠡᠯᠡᠩ ᠵᠡᠷᠭᠡ ᠪᠠᠢ᠌ᠭᠤᠯᠤᠮᠵᠢ᠎ᠳᠤ ᠤᠷᠢᠳ ᠵᠶ᠋ᠠᠷ ᠲᠦᠪᠯᠡᠷᠡᠭᠦᠯᠦᠨ ᠠᠰᠠᠷᠠᠨ ᠬᠠᠷᠠᠭ᠋ᠠᠯᠵᠠᠬᠤ ᠬᠡᠷᠡᠭᠲᠡᠢ᠃
      ᠶᠢᠰᠦ᠂ ᠤᠨᠴᠠᠯᠠᠨ ᠬᠠᠷᠠᠭ᠋ᠠᠯᠵᠠᠬᠤ ᠠ᠋ᠲᠡᠭᠡᠳ᠎ᠲᠤ ᠭᠡᠷ ᠪᠦᠯᠢ᠎ᠪᠠᠷ ᠨᠢᠭᠡᠴᠢ ᠪᠤᠯᠭ᠋ᠠᠨ ᠤᠷᠤᠨ ᠰᠠᠭᠤᠴᠠ ᠵᠢᠨ ᠬᠠᠷᠠᠭ᠋ᠠᠯᠵᠠᠯ ᠬᠦᠷᠲᠡᠭᠡᠬᠦ ᠪᠦᠭᠡᠳ ᠭᠡᠷ ᠪᠦᠯᠢ ᠵᠢ ᠠ᠋ᠩ᠎ᠤᠨ ᠪᠠᠢ᠌ᠳᠠᠯ᠎ᠳᠤ ᠠ᠋ᠷᠦᠭᠡ ᠠᠮᠠ ᠵᠢᠨ ᠳᠠᠩᠰᠠ᠎ᠪᠠᠷ᠎ᠨᠢ ᠨᠤᠲᠠᠯᠠᠨ᠎ᠠ᠃ ᠨᠦᠭᠴᠢᠭᠰᠠᠨ ᠪᠠᠭ᠋ᠠᠲᠤᠷ᠂ ᠠᠯᠪᠠᠨ ᠶᠠᠪᠣᠳᠠᠯ ᠵᠶ᠋ᠠᠷ ᠦᠷᠡᠭᠲᠡᠭᠰᠡᠨ ᠴᠡᠷᠢᠭ᠂ ᠡᠪᠡᠳᠴᠢᠨ ᠵᠶ᠋ᠠᠷ ᠨᠠᠰᠤ ᠪᠠᠷᠠᠭᠰᠠᠨ ᠴᠡᠷᠢᠭ᠎ᠤᠨ ᠭᠡᠷ ᠪᠦᠯᠢ᠎ᠨᠢ ᠠ᠋ᠷᠦᠭᠡ ᠬᠤᠪᠢᠶᠠᠭᠰᠠᠨ ᠪᠤᠯ᠂ ᠲᠡᠭᠦᠨ᠎ᠤ ᠭᠡᠷᠬᠡᠢ ᠵᠢᠴᠢ ᠦᠷ᠎ᠡ ᠬᠡᠤᠭᠡᠳ᠎ᠢ ᠨᠢᠭᠡ ᠭᠡᠷ ᠪᠦᠯᠢ᠎ᠪᠠᠷ ᠪᠤᠳᠤᠵᠤ᠂ ᠡᠴᠢᠭᠡ ᠠ᠋ᠭᠡ ᠪᠤᠯᠤᠨ ᠨᠠᠰᠤᠨ᠎ᠳᠤ ᠦᠯᠦ ᠬᠦᠷᠦᠭᠰᠡᠨ ᠳᠡᠭᠦᠦᠨᠡᠷ᠎ᠢ ᠨᠢᠭᠡ ᠭᠡᠷ ᠪᠦᠯᠢ᠎ᠪᠠᠷ ᠪᠤᠳᠤᠨ᠎ᠠ᠂ ᠠᠮᠢᠳᠤ ᠰᠡᠷᠡᠭᠦᠨ ᠪᠠᠢ᠌ᠬᠤ᠎ᠳᠤ ᠡᠴᠢᠭᠡ ᠠ᠋ᠭᠡ᠎ᠨᠢ ᠨᠢᠭᠡᠨᠲᠡ ᠤᠷᠤᠭ ᠰᠠᠯᠤᠭᠰᠠᠨ ᠪᠤᠯ ᠭᠡᠷ ᠪᠦᠯᠢ ᠵᠢᠨ ᠬᠢᠨᠢ ᠪᠤᠳᠠᠲᠤ ᠪᠠᠢ᠌ᠳᠠᠯ ᠵᠶ᠋ᠠᠷ᠎ᠨᠢ ᠨᠣᠲᠠᠯᠠᠨ ᠳᠣᠭᠳᠠᠭ᠋ᠠᠨ᠎ᠠ᠃
      ᠠᠷᠪᠠ᠂ ᠡᠯ᠎ᠡ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠶᠠᠪᠤᠳᠠᠯ᠂ ᠤᠷᠤᠨ ᠰᠠᠭᠤᠴᠠ ᠬᠤᠲᠠ ᠬᠦᠳᠡᠭᠡ ᠵᠢᠨ ᠪᠦᠲᠦᠭᠡᠨ ᠪᠠᠢ᠌ᠭᠤᠯᠤᠯᠲᠠ (ᠤᠷᠤᠨ ᠰᠠᠭᠤᠴᠠ ᠵᠢᠨ ᠪᠠᠲᠤᠯᠠᠪᠤᠷᠢ)᠂ ᠤᠯᠤᠰ᠎ᠤᠨ ᠭᠠᠵᠠᠷ ᠰᠢᠷᠦᠢ ᠵᠢᠨ ᠠ᠋ᠬᠢ ᠪᠠᠶᠠᠯᠢᠭ᠎ᠤᠨ ᠰᠠᠯᠠᠭ᠎ᠠ ᠮᠦᠴᠢᠷ ᠲᠤᠰ ᠠᠷᠭ᠎ᠠ ᠪᠤᠯᠤᠨ ᠲᠤᠰ ᠭᠠᠵᠠᠷ᠎ᠤᠨ ᠵᠶ᠋ᠠᠨ ᠪᠤᠳᠠᠲᠠᠢ ᠪᠠᠢ᠌ᠳᠠᠯ᠎ᠢ ᠦᠨᠳᠤᠰᠤᠯᠡᠨ ᠵᠣᠬᠢᠰᠳᠠᠢ ᠬᠡᠷᠡᠭᠵᠢᠭᠦᠯᠬᠦ ᠠᠷᠭ᠎ᠠ᠎ᠢ ᠲᠤᠭᠲᠠᠭ᠋ᠠᠵᠤ᠂ ᠤᠨᠴᠠᠯᠠᠨ ᠬᠠᠷᠠᠭ᠋ᠠᠯᠵᠠᠬᠤ ᠠ᠋ᠲᠡᠭᠡᠳ᠎ᠤᠨ ᠤᠷᠤᠨ ᠰᠠᠭᠤᠴᠠ ᠵᠢᠨ ᠬᠠᠷᠠᠭ᠋ᠠᠯᠵᠠᠯ᠎ᠢ ᠦᠨᠡᠨᠬᠦ ᠨᠠᠢ᠌ᠲᠠᠪᠤᠷᠢᠵᠢᠭᠤᠯᠬᠤ ᠬᠡᠷᠡᠭᠲᠡᠢ᠃
      ᠠᠷᠪᠠᠨ ᠨᠢᠭᠡ᠂ ᠲᠤᠰ ᠠᠷᠭ᠎ᠠ ᠵᠢ ᠬᠡᠪᠯᠡᠨ ᠳᠠᠷᠬᠠᠭ᠋ᠠᠭᠰᠠᠨ ᠠ᠋ᠳᠦᠷ᠎ᠠᠴᠠ ᠬᠡᠷᠡᠭᠵᠢᠭᠦᠯᠦᠨ᠎ᠡ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠴᠡᠷᠢᠭ᠎ᠢ ᠠᠰᠠᠷᠠᠨ ᠬᠠᠷᠠᠭ᠋ᠠᠯᠵᠠᠬᠤ ᠠᠷᠭ᠎ᠠ
ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠨᠡᠢ᠌ᠬᠡᠮ ᠲᠤᠭᠤᠷᠢᠭ᠎ᠤᠨ ᠠᠵᠢᠯ᠎ᠢ ᠴᠤᠮᠬᠠᠳᠬᠠᠬᠤ ᠪᠠ ᠵᠢᠷᠤᠮᠵᠢᠭᠤᠯᠬᠤ ᠲᠤᠬᠠᠢ ᠮᠡᠳᠡᠭᠳᠡᠯ
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠷᠢᠮ
ᠪᠦᠬᠦᠳᠡ ᠨᠠᠢ᠍ᠢ᠍ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠳᠠᠢ᠍ᠢ᠍ᠴᠤᠳ᠎ᠤᠨ ᠠ᠋ᠷᠬᠡ ᠠᠰᠢᠬ᠎ᠤᠨ ᠪᠠᠳᠤᠯᠠᠭ᠎ᠠ ᠵᠢᠨ ᠬᠠᠤᠯᠢ
ᠪᠦᠬᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠲᠤᠰᠬᠤᠨ᠎ᠤ ᠠᠷᠠᠳ᠎ᠤᠨ ᠵᠦᠪᠯᠡᠯ᠎ᠤᠨ ᠵᠤᠬᠢᠶᠠᠨ ᠪᠠᠢ᠍ᠢ᠍ᠭᠤᠯᠬᠤ ᠬᠠᠤᠯᠢ
 
            