ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠬᠤ᠌ ᠴᠦᠨ ᠬᠤᠸᠠ ᠬᠦᠮᠦᠨ᠎ᠤ ᠬᠦᠴᠦ᠎ᠪᠠᠷ ᠴᠠᠭ ᠠᠭᠤᠷ᠎ᠢ ᠨᠦᠯᠦᠭᠡᠯᠡᠬᠦ ᠠᠵᠢᠯ᠎ᠤᠨ ᠶᠠᠷᠢᠯᠴᠠᠬᠤ ᠬᠤᠷᠠᠯ᠎ᠳᠤ ᠤᠷᠤᠯᠴᠠᠭᠰᠠᠨ ᠪᠦᠭᠡᠳ ᠶᠡᠷᠢᠶ᠎ᠡ ᠳᠠᠯᠪᠢᠵᠠᠢ
ᠨᠡᠶᠢᠲᠡᠯᠡᠭᠰᠡᠨ ᠴᠠᠭ᠄ 2018-11-27

           
      ᠬᠦᠮᠦᠨ᠎ᠤ ᠬᠦᠴᠦ᠎ᠪᠠᠷ ᠴᠠᠭ ᠠᠭᠤᠷ᠎ᠢ ᠨᠦᠯᠦᠭᠡᠯᠡᠬᠦ ᠠᠵᠢᠯ᠎ᠤᠨ ᠶᠠᠷᠢᠯᠴᠠᠬᠤ ᠬᠤᠷᠠᠯ 9 ᠳ᠋ᠤᠭᠡᠷ ᠰᠠᠷ᠎ᠠ ᠵᠢᠨ 14᠎ᠤ ᠠ᠋ᠳᠤᠷ ᠪᠡᠭᠡᠵᠢᠩ᠎ᠳᠤ ᠬᠤᠷᠠᠯᠳᠤᠵᠤ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠬᠤ᠌ ᠴᠦᠨ ᠬᠤᠸᠠ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠵᠠᠢ᠃
      ᠬᠤ᠌ ᠴᠦᠨ ᠬᠤᠸᠠ᠂ ᠠ᠋ᠨᠡ ᠵᠢᠯ ᠪᠤᠯ ᠮᠠᠨ᠎ᠤ ᠤᠯᠤᠰ ᠬᠦᠮᠦᠨ᠎ᠤ ᠬᠦᠴᠦ᠎ᠪᠠᠷ ᠴᠠᠭ ᠠᠭᠤᠷ᠎ᠢ ᠨᠦᠯᠦᠭᠡᠯᠡᠬᠦ ᠠᠵᠢᠯ ᠦᠷᠨᠢᠬᠦᠯᠦᠭᠰᠡᠨ 30 ᠵᠢᠯ᠎ᠤᠨ ᠤᠢ ᠪᠤᠯᠤᠨ᠎ᠠ᠃ ᠬᠦᠮᠦᠨ᠎ᠤ ᠬᠦᠴᠦ᠎ᠪᠠᠷ ᠴᠠᠭ ᠠᠭᠤᠷ᠎ᠢ ᠨᠦᠯᠦᠭᠡᠯᠡᠬᠦ ᠠᠵᠢᠯ᠎ᠤᠨ ᠴᠢᠳᠠᠪᠤᠷᠢ᠂ ᠬᠠᠮᠢᠶᠠᠷᠤᠯᠳᠠ ᠵᠢᠨ ᠳᠦᠪᠰᠢᠨ ᠪᠤᠯᠤᠨ ᠦᠢ᠍ᠯᠡᠴᠢᠯᠡᠭᠡ ᠳᠠᠰᠤᠷᠠᠯᠳᠠ ᠦᠭᠡᠢ ᠳᠡᠭᠡᠭᠰᠢᠯᠡᠬᠦ ᠵᠢ ᠳᠠᠭ᠋ᠠᠯᠳᠤᠨ᠂ ᠭᠠᠮᠰᠢᠭ᠎ᠢ ᠰᠡᠷᠭᠡᠢ᠌ᠯᠡᠵᠤ ᠭᠠᠮᠰᠢᠭ᠎ᠢ ᠪᠠᠭ᠋ᠠᠰᠬᠠᠬᠤ᠂ ᠳᠠᠷᠢᠶᠠᠯᠠᠩ᠎ᠤᠨ ᠤᠯᠠᠨ ᠨᠡᠢ᠌ᠳᠡ ᠵᠢᠨ ᠦᠢ᠍ᠯᠡᠴᠢᠯᠡᠭᠡᠨ᠎ᠤ ᠰᠢᠰᠲᠸᠮ᠎ᠤᠨ ᠪᠦᠳᠦᠭᠡᠨ ᠪᠠᠢ᠌ᠭᠤᠯᠤᠯᠳᠠ ᠪᠤᠯᠤᠨ ᠤᠰᠤᠨ᠎ᠤ ᠠ᠋ᠬᠢ ᠪᠠᠶᠠᠯᠢᠭ᠎ᠤᠨ ᠠᠮᠤᠷ ᠳᠦᠪᠰᠢᠨ ᠵᠡᠷᠭᠡ ᠳᠡᠯ᠎ᠡ᠎ᠳᠤ ᠦᠵᠡᠬᠦᠯᠬᠦ ᠦᠢ᠍ᠯᠡᠳᠤᠯ᠎ᠨᠢ ᠤᠯᠠᠮ ᠵᠶ᠋ᠡᠷ ᠢᠯᠡᠳᠳᠡ ᠪᠤᠯᠵᠠᠢ᠃ ᠠᠵᠤ ᠠᠬᠤᠢ ᠨᠡᠢ᠌ᠭᠡᠮ᠎ᠤᠨ ᠬᠦᠭᠵᠢᠯᠳᠡ᠎ᠠᠴᠠ ᠬᠦᠮᠦᠨ᠎ᠤ ᠬᠦᠴᠦ᠎ᠪᠠᠷ ᠴᠠᠭ ᠠᠭᠤᠷ᠎ᠢ ᠨᠦᠯᠦᠭᠡᠯᠡᠬᠦ ᠠᠵᠢᠯ᠎ᠳᠤ ᠳᠤᠷᠠᠳᠤᠨ ᠭᠠᠷᠭ᠋ᠠᠭᠰᠠᠨ ᠰᠢᠨ᠎ᠠ ᠱᠠᠭ᠋ᠠᠷᠳᠠᠯᠭ᠎ᠠ᠎ᠳᠤ ᠵᠤᠬᠢᠴᠠᠭᠤᠯᠤᠨ᠂ ᠰᠢᠨᠵᠢᠯᠠᠬᠦ ᠤᠬᠠᠭ᠋ᠠᠨᠴᠢ᠎ᠪᠠᠷ ᠠᠵᠢᠯᠯᠠᠬᠤ᠂ ᠨᠠᠷᠢᠨ ᠤᠨᠤᠴᠢᠳᠠᠢ ᠠᠵᠢᠯᠯᠠᠬᠤ᠂ ᠠᠮᠤᠷ ᠳᠦᠪᠰᠢᠨ ᠠᠵᠢᠯᠯᠠᠬᠤ ᠵᠢ ᠠᠬᠢᠭᠤᠯᠵᠤ᠂ ᠬᠦᠮᠦᠨ᠎ᠤ ᠬᠦᠴᠦ᠎ᠪᠠᠷ ᠴᠠᠭ ᠠᠭᠤᠷ᠎ᠢ ᠨᠦᠯᠦᠭᠡᠯᠡᠬᠦ ᠠᠵᠢᠯ᠎ᠤᠨ ᠴᠢᠨᠠᠷ ᠪᠤᠯᠤᠨ ᠦᠷ᠎ᠡ ᠪᠦᠳᠦᠮᠵᠢ ᠵᠢ ᠪᠦᠬᠦ ᠳᠠᠯ᠎ᠠ᠎ᠪᠠᠷ ᠳᠡᠭᠡᠭᠰᠢᠯᠡᠬᠦᠯᠬᠦ ᠭᠡᠷᠡᠭᠳᠡᠢ᠃ ᠰᠠᠭᠤᠷᠢ ᠰᠤᠳᠤᠯᠭ᠋ᠠᠨ ᠪᠤᠯᠤᠨ ᠭᠡᠷᠡᠭᠯᠡᠭᠡᠨ᠎ᠤ ᠮᠡᠷᠭᠡᠵᠢᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠰᠢᠨ᠎ᠠ ᠵᠢ ᠠ᠋ᠬᠦᠳᠤᠨ ᠬᠦᠭᠵᠢᠬᠦᠯᠬᠦ ᠵᠢ ᠠᠬᠢᠭᠤᠯᠬᠤ ᠭᠡᠷᠡᠭᠳᠡᠢ᠃ ᠠᠮᠤᠷ ᠳᠦᠪᠰᠢᠨ᠎ᠤ ᠬᠢᠨᠠᠨ ᠬᠠᠮᠢᠶᠠᠷᠤᠯᠳᠠ ᠵᠢ ᠴᠢᠩᠭ᠋ᠠᠳᠬᠠᠨ᠂ ᠠ᠋ᠨᠳᠡᠯ ᠭᠡᠷᠡᠭ᠎ᠢ ᠠᠷᠭ᠋ᠠᠴᠠᠵᠤ ᠰᠢᠢ᠍ᠳᠪᠤᠷᠢᠯᠡᠬᠦ ᠴᠢᠳᠠᠪᠤᠷᠢ᠎ᠪᠠᠨ ᠳᠡᠭᠡᠭᠰᠢᠯᠡᠬᠦᠯᠵᠤ᠂ ᠬᠠᠷᠢᠭᠤᠴᠠᠯᠭ᠎ᠠ ᠠᠯᠳᠠᠭᠰᠠᠨ ᠭᠡᠷᠡᠭ ᠤᠴᠢᠷ ᠭᠠᠷᠭ᠋ᠠᠬᠤ ᠦᠭᠡᠢ ᠪᠡᠢ᠌ᠬᠤ ᠵᠢ ᠪᠠᠳᠤᠯᠠᠬᠤ ᠭᠡᠷᠡᠭᠳᠡᠢ᠃ ᠪᠡᠯᠡ ᠤᠷᠤᠭᠤᠯᠤᠯᠳᠠ ᠵᠢᠨ ᠳᠤᠭᠳᠠᠴᠠ ᠪᠠ ᠬᠠᠤᠯᠢ ᠳᠦᠷᠢᠮ᠎ᠢ ᠳᠤᠭᠳᠠᠭ᠋ᠠᠨ ᠳᠡᠬᠦᠯᠳᠡᠷᠵᠢᠬᠦᠯᠵᠤ᠂ ᠠ᠋ᠩᠨᠡᠭᠡ᠎ᠪᠠᠨ ᠰᠢᠯᠢᠳᠡᠭᠵᠢᠬᠦᠯᠦᠨ᠂ ᠬᠦᠮᠦᠨ᠎ᠤ ᠬᠦᠴᠦ᠎ᠪᠠᠷ ᠴᠠᠭ ᠠᠭᠤᠷ᠎ᠢ ᠨᠦᠯᠦᠭᠡᠯᠡᠬᠦ ᠠᠵᠢᠯ᠎ᠤᠨ ᠵᠤᠬᠢᠶᠠᠨ ᠪᠠᠢ᠌ᠭᠤᠯᠤᠯᠳᠠ ᠵᠢ ᠴᠢᠩᠭ᠋ᠠᠳᠬᠠᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠹᠷᠠᠨᠼᠢ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠯᠸᠳ᠋ᠸᠯᠢᠠᠠᠩ᠎ᠲᠠᠢ ᠠᠭᠤᠯᠵᠠᠪᠠ
ᠯᠢ ᠺᠸ ᠴᠢᠶᠠᠩ ᠸᠸᠨ᠋ᠸᠽᠦᠢ᠍ᠸᠯᠠ ᠵᠢᠨ ᠶᠡᠷᠦᠩᠭᠡᠢ᠌ᠯᠡᠭᠴᠢ ᠮᠠᠳᠦᠢ᠍ᠷᠦ᠋᠎ᠲᠠᠢ ᠠᠭᠤᠯᠵᠠᠪᠠ
ᠯᠢ ᠺᠸ ᠴᠢᠶᠠᠩ᠄ ᠵᠠᠬ᠎ᠠ ᠳᠡᠯᠭᠡᠬᠦᠷ᠎ᠲᠤ ᠳᠤᠰᠢᠶᠠᠬᠤ ᠵᠢ᠎ᠨᠢ ᠪᠦᠷᠢᠮᠦᠰᠤᠨ ᠳᠤᠰᠢᠶᠠᠨ ᠦᠭᠴᠤ ᠵᠠᠰᠠᠭ᠎ᠤᠨ ᠤᠷᠳᠤᠨ ᠬᠠᠮᠢᠶᠠᠷᠬᠤ ᠵᠢ᠎ᠨᠢ ᠰᠠᠢ᠌ᠳᠤᠷ ᠬᠠᠮᠢᠶᠠᠷᠬᠤ ᠭᠡᠷᠡᠭᠳᠡᠢ ᠭᠡᠪᠡ
ᠸᠠᠩ ᠶᠦᠩ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠪᠤᠶᠠᠨ᠎ᠤ ᠦᠢ᠍ᠯᠡᠰ᠎ᠤᠨ ᠰᠠᠢ᠌ᠰᠢᠶᠠᠯ ᠬᠦᠬᠢᠬᠦᠯᠦᠯ᠎ᠤᠨ ᠬᠤᠷᠠᠯ᠎ᠳᠤ ᠤᠷᠤᠯᠴᠠᠪᠠ
ᠵᠤᠤ ᠺᠸ ᡁᠢ ᠤᠤᠮᠸᠨ᠎ᠤ ᠴᠢᠭᠡᠴᠢ ᠵᠠᠰᠠᠭ᠎ᠤᠨ ᠳᠤᠰᠬᠠᠢ ᠳᠤᠰᠢᠶᠠᠯᠳᠠᠨ ᠵᠠᠩ ᠶᠦᠩ ᠴᠦᠨ᠎ᠲᠠᠢ ᠠᠭᠤᠯᠵᠠᠪᠠ
 
            