ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ ᠬᠢᠯᠢ ᠠᠯᠤᠰᠯᠠᠭᠰᠠᠨ ᠠ᠋ᠯᠸᠺᠲᠷᠤᠨ ᠬᠤᠳᠠᠯᠳᠤᠭ᠋ᠠᠨ᠎ᠤ ᠶᠡᠷᠦᠩᠬᠡᠢ᠌ᠯᠡᠭᠰᠡᠨ ᠳᠤᠷᠰᠢᠯᠳᠠ ᠵᠢᠨ ᠤᠷᠤᠨ᠎ᠢ ᠤᠯᠠᠮ ᠦᠷᠭᠡᠳᠭᠡᠬᠦ᠎ᠪᠠᠷ ᠪᠤᠯᠪᠠ
ᠨᠡᠶᠢᠲᠡᠯᠡᠭᠰᠡᠨ ᠴᠠᠭ᠄ 2018-11-08

           
      ᠶᠡᠷᠦᠩᠭᠡᠢ ᠰᠠᠢ᠌ᠳ ᠯᠢ ᠺᠸ ᠴᠢᠶᠠᠩ 7 ᠳ᠋ᠤᠭ᠋ᠠᠷ ᠳ᠋ᠤᠭ᠋ᠠᠷ ᠰᠠᠷ᠎ᠠ ᠵᠢᠨ 13᠎ᠤ ᠠ᠋ᠳᠤᠷ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ 《ᠬᠢᠯᠢ ᠠᠯᠤᠰᠯᠠᠭᠰᠠᠨ ᠠ᠋ᠯᠸᠺᠲᠷᠦᠨ ᠬᠤᠳᠠᠯᠳᠤᠭ᠋ᠠᠨ᠎ᠤ ᠬᠦᠭᠵᠢᠯᠳᠡ ᠵᠢ ᠳᠦᠷᠭᠡᠳᠭᠡᠬᠦ᠎ᠨᠢ ᠠᠷᠠᠳ ᠤᠯᠠᠨ᠎ᠤ ᠭᠡᠷᠡᠭᠯᠡᠭᠡᠨ᠎ᠤ ᠳᠡᠰ ᠳᠡᠪᠰᠢᠯᠳᠠ ᠪᠠ ᠤᠯᠤᠰ᠎ᠤᠨ ᠳᠤᠳᠤᠭ᠋ᠠᠳᠤ ᠵᠢᠨ ᠬᠦᠭᠵᠢᠯᠳᠡ ᠵᠢᠨ ᠭᠡᠷᠡᠭᠴᠡᠭᠡ ᠵᠢ ᠨᠡᠩ ᠰᠠᠢ᠌ᠨ ᠵᠶ᠋ᠡᠷ ᠬᠠᠩᠭ᠋ᠠᠬᠤ᠎ᠳᠤ ᠠᠰᠢᠭ᠎ᠲᠠᠢ᠎ᠪᠠᠷ ᠪᠠᠷᠠᠬᠤ ᠦᠭᠡᠢ᠂ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠳᠤ ᠭᠠᠷᠭ᠋ᠠᠬᠤ᠂ ᠭᠠᠳᠠᠭ᠋ᠠᠳᠤ᠎ᠠᠴᠠ ᠤᠷᠤᠭᠤᠯᠬᠤ ᠵᠢ ᠳᠤᠭᠳᠠᠪᠤᠷᠢᠵᠢᠭᠤᠯᠬᠤ᠎ᠳᠤ ᠠᠰᠢᠭ᠎ᠲᠠᠢ ᠶᠤᠮ》᠂ 《ᠠ᠋ᠨᠡᠬᠦ ᠭᠠᠳᠠᠭ᠋ᠠᠳᠤ ᠠᠷᠠᠯᠵᠢᠶᠠᠨ᠎ᠤ ᠰᠢᠨ᠎ᠠ ᠨᠡᠮᠡᠭᠳᠡᠯ᠎ᠤᠨ ᠴᠡᠭ᠎ᠢ ᠠᠳᠬᠤᠵᠤ᠂ ᠳᠤᠷᠰᠢᠯᠭ᠎ᠠ ᠰᠤᠷᠭ᠋ᠠᠮᠵᠢ᠎ᠪᠠᠨ ᠨᠡᠩ ᠰᠠᠢ᠌ᠨ ᠳ᠋ᠦᠩᠨᠡᠵᠤ᠂ ᠰᠠᠢ᠌ᠨ ᠠᠷᠭ᠎ᠠ ᠠᠪᠴᠠᠯ ᠵᠶ᠋ᠠᠨ ᠪᠦᠬᠦ ᠤᠯᠤᠰ᠎ᠲᠤ ᠳᠡᠯᠭᠡᠷᠡᠬᠦᠯᠬᠦ ᠭᠡᠷᠡᠭᠳᠡᠢ》 ᠭᠡᠵᠤ ᠭᠡᠯᠡᠪᠡ᠃
      ᠳᠤᠰ ᠠ᠋ᠳᠤᠷ᠎ᠤᠨ ᠬᠤᠷᠠᠯ ᠳᠡᠭᠡᠷ᠎ᠠ ᠬᠢᠯᠢ ᠠᠯᠤᠰᠯᠠᠭᠰᠠᠨ ᠠ᠋ᠯᠸᠺᠲᠷᠦᠨ ᠬᠤᠳᠠᠯᠳᠤᠭ᠋ᠠᠨ᠎ᠤ ᠬᠦᠭᠵᠢᠯᠳᠡ ᠵᠢ ᠠᠬᠢᠭᠤᠯᠬᠤ᠎ᠳᠤ᠎ᠪᠠᠨ ᠠ᠋ᠯᠸᠺᠲᠷᠤᠨ ᠬᠤᠳᠠᠯᠳᠤᠭ᠎ᠠ ᠵᠢ ᠬᠦᠭᠵᠢᠬᠦᠯᠬᠦ ᠰᠠᠭᠤᠷᠢ ᠨᠦᠬᠦᠴᠡᠯ ᠰᠠᠢ᠌ᠨ᠂ ᠭᠠᠳᠠᠭ᠋ᠠᠳᠤ᠎ᠳᠤ ᠭᠠᠷᠭ᠋ᠠᠵᠤ ᠭᠠᠳᠠᠭ᠋ᠠᠳᠤ᠎ᠠᠴᠠ ᠤᠷᠤᠭᠤᠯᠬᠤ ᠵᠢ ᠬᠦᠭᠵᠢᠬᠦᠯᠬᠦ ᠳᠠᠯᠳᠠ ᠬᠦᠴᠤᠨ᠎ᠲᠠᠢ ᠭᠠᠵᠠᠷ ᠤᠷᠤᠨ᠎ᠢ ᠰᠤᠩᠭᠤᠨ ᠬᠦᠭᠵᠢᠬᠦᠯᠬᠦ ᠵᠢᠨ ᠬᠠᠮᠳᠤ ᠳᠤᠮᠳᠠ ᠪᠠᠷᠠᠭᠤᠨ ᠪᠡᠶ᠎ᠡ ᠵᠢᠨ ᠤᠷᠤᠨ ᠪᠤᠯᠤᠨ ᠵᠡᠬᠦᠨ ᠬᠤᠢ᠌ᠳᠤ ᠤᠷᠤᠨ ᠳᠠᠰᠢ ᠭᠡᠯᠪᠡᠢ᠌ᠵᠤ᠂ ᠪᠡᠭᠡᠵᠢᠩ᠂ ᠬᠦᠬᠡᠬᠤᠳᠠ᠂ ᠮᠦᠭᠳᠡᠨ᠂ ᠴᠠᠩᠴᠦᠢ᠍ᠨ᠂ ᠬᠠᠷᠪᠢᠨ᠂ ᠨᠠᠨᠵᠢᠩ᠂ ᠨᠠᠨᠴᠠᠩ᠂ ᠦᠬᠠᠨ᠂ ᠴᠠᠩᠱ᠌ᠠ᠂ ᠨᠠᠨᠨᠢᠩ᠂ ᠬᠠᠢ᠌ᠺᠸᠤ᠂ ᠬᠦᠢ᠍ᠶᠠᠩ᠂ ᠺᠦᠨᠮᠢᠩ᠂ ᠰᠢ ᠠᠨ᠂ ᠯᠠᠨᠵᠸᠤ᠂ ᠰᠢᠶᠠᠮᠸᠨ᠂ ᠳᠠᠩᠱ᠌ᠠᠨ᠂ ᠡᠤ ᠰᠢ᠂ ᠸᠸᠢᠬᠠᠢ᠂ ᠵᠦᠬᠠᠢ᠂ ᠳ᠋ᠦᠩ ᠭᠤᠸᠠᠨ᠂ ᠢ ᠡᠣ ᠵᠡᠷᠭᠡ 22 ᠬᠤᠳᠠ᠎ᠳᠤ ᠰᠢᠨ᠎ᠠ᠎ᠪᠠᠷ ᠨᠢᠭᠡ ᠪᠦᠯᠦᠭ ᠬᠢᠯᠢ ᠠᠯᠤᠰᠯᠠᠭᠰᠠᠨ ᠠ᠋ᠯᠸᠺᠲᠷᠤᠨ ᠬᠤᠳᠠᠯᠳᠤᠭ᠋ᠠᠨ᠎ᠤ ᠶᠡᠷᠦᠩᠭᠡᠢ᠌ᠯᠡᠭᠰᠡᠨ ᠳᠤᠷᠰᠢᠯᠳᠠ ᠵᠢᠨ ᠳᠤᠭᠤᠷᠢᠭ ᠭᠠᠷᠭ᠋ᠠᠬᠤ᠎ᠪᠠᠷ ᠳᠤᠭᠳᠠᠪᠠ᠃
      ᠶᠡᠷᠦᠩᠭᠡᠢ ᠰᠠᠢ᠌ᠳ ᠯᠢ ᠺᠸ ᠴᠢᠶᠠᠩ 4 ᠵᠢᠯ ᠳᠠᠷᠠᠭ᠋ᠠᠯᠠᠨ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ》᠎ᠳᠤ᠎ᠪᠠᠨ ᠬᠢᠯᠢ ᠠᠯᠤᠰᠯᠠᠭᠰᠠᠨ ᠠ᠋ᠯᠸᠺᠲᠷᠤᠨ ᠬᠤᠳᠠᠯᠳᠤᠭ᠎ᠠ ᠵᠡᠷᠭᠡ ᠰᠢᠨ᠎ᠠ ᠭᠡᠯᠪᠡᠷᠢ ᠵᠢᠨ ᠠᠵᠤ ᠦᠢ᠍ᠯᠡᠰ᠎ᠢ ᠬᠦᠭᠵᠢᠬᠦᠯᠬᠦ ᠳᠤᠬᠠᠢ ᠴᠢᠬᠤᠯᠠᠴᠢᠯᠠᠭᠰᠠᠨ ᠪᠠᠢ᠌ᠨ᠎ᠠ᠃ ᠳᠡᠷᠡ᠄ 《ᠬᠢᠯᠢ ᠠᠯᠤᠰᠯᠠᠭᠰᠠᠨ ᠠ᠋ᠯᠸᠺᠲᠷᠤᠨ ᠬᠤᠳᠠᠯᠳᠤᠭ᠎ᠠ ᠵᠡᠷᠭᠡ ᠰᠢᠨ᠎ᠠ ᠠᠵᠤ ᠦᠢ᠍ᠯᠡᠰ᠎ᠤᠨ ᠰᠢᠨ᠎ᠠ ᠴᠢᠳᠠᠪᠬᠢ ᠵᠢ ᠳᠤᠤᠷ᠎ᠠ ᠦᠵᠡᠵᠤ ᠪᠤᠯᠬᠤ ᠦᠭᠡᠢ᠃ ᠳᠡᠳᠡᠭᠡᠷ᠎ᠨᠢ ᠭᠡᠳᠤᠢ᠌ᠪᠡᠷ ᠬᠦᠭᠵᠢᠯᠳᠡ ᠵᠢᠨ ᠠ᠋ᠬᠢᠨ᠎ᠤ ᠱᠠᠳᠤᠨ᠎ᠳᠤ ᠪᠠᠢ᠌ᠵᠤ ᠡᠵᠡᠯᠡᠬᠦ ᠬᠤᠪᠢ ᠵᠢᠨ ᠵᠢᠩ᠎ᠨᠢ ᠪᠠᠭ᠎ᠠ ᠴᠤ᠌ ᠬᠦᠭᠵᠢᠯᠳᠡ᠎ᠨᠢ ᠳᠦᠷᠭᠡᠨ ᠪᠦᠭᠡᠳ ᠤᠯᠠᠨ ᠳᠦᠮᠡᠨ᠎ᠤ ᠠᠮᠢᠳᠤᠷᠠᠯ᠎ᠳᠤ ᠳᠦᠬᠦᠮ ᠦᠵᠡᠬᠦᠯᠬᠦ᠎ᠪᠠᠷ ᠪᠠᠷᠠᠬᠤ ᠦᠭᠡᠢ᠂ ᠳᠤᠮᠳᠠᠳᠤ ᠤᠯᠤᠰ᠎ᠤᠨ ᠦᠢ᠍ᠯᠡᠳᠬᠦ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠬᠤ᠂ ᠠ᠋ᠳ᠋ ᠪᠠᠷᠠᠭ᠋ᠠᠨ᠎ᠤ ᠬᠦᠢ᠍ᠯᠭᠡᠭᠡᠨ᠎ᠢ ᠳᠠᠢ᠌ᠴᠢᠯᠠᠬᠤ᠂ ᠵᠤᠭᠤᠰ ᠦᠭᠬᠦ᠂ ᠳᠦᠷᠭᠡᠨ ᠬᠦᠷᠭᠡᠬᠦ ᠵᠡᠷᠭᠡ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠭᠵᠢᠯᠳᠡ ᠵᠢ ᠳᠦᠷᠭᠡᠳᠭᠡᠬᠦ᠂ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠳᠤ ᠭᠠᠷᠭ᠋ᠠᠬᠤ ᠪᠠ ᠭᠠᠳᠠᠭ᠋ᠠᠳᠤ᠎ᠠᠴᠠ ᠤᠷᠤᠭᠤᠯᠬᠤ ᠵᠢ ᠳᠠᠢ᠌ᠴᠢᠯᠠᠨ ᠬᠦᠭᠵᠢᠬᠦᠯᠬᠦ᠎ᠳᠤ ᠴᠢᠬᠤᠯᠠ ᠦᠢ᠍ᠯᠡᠳᠤᠯ ᠦᠵᠡᠬᠦᠯᠬᠦ ᠪᠤᠯᠤᠨ᠎ᠠ ᠭᠡᠵᠤ ᠴᠢᠬᠤᠯᠠᠴᠢᠯᠠᠪᠠ᠃
      ᠬᠤᠯᠪᠤᠭᠳᠠᠯ ᠪᠦᠬᠦᠢ ᠳᠤᠭ᠎ᠠ ᠪᠦᠷᠢᠳᠭᠡᠯ᠎ᠢ ᠦᠨᠳᠦᠰᠦᠯᠡᠪᠡᠯ᠂ 2015 ᠤᠨ᠎ᠠᠴᠠ ᠨᠠᠭ᠋ᠠᠰᠢ ᠳᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠵᠦᠪᠰᠢᠶᠡᠷᠡᠨ ᠪᠠᠢ᠌ᠭᠤᠯᠤᠭᠰᠠᠨ ᠬᠠᠩᠵᠸᠤ ᠵᠡᠷᠭᠡ 13 ᠭᠠᠵᠠᠷ᠎ᠤᠨ ᠬᠢᠯᠢ ᠠᠯᠤᠰᠯᠠᠭᠰᠠᠨ ᠠ᠋ᠯᠸᠺᠲᠷᠤᠨ ᠬᠤᠳᠠᠯᠳᠤᠭ᠋ᠠᠨ᠎ᠤ ᠶᠡᠷᠦᠩᠭᠡᠢ᠌ᠯᠡᠭᠰᠡᠨ ᠳᠤᠷᠰᠢᠯᠳᠠ ᠵᠢᠨ ᠤᠷᠤᠨ᠎ᠨᠢ ᠢᠳᠡᠪᠬᠢᠳᠡᠢ ᠦᠷ᠎ᠡ ᠪᠦᠳᠦᠮᠵᠢ ᠤᠯᠵᠤ᠂ ᠬᠢᠯᠢ ᠠᠯᠤᠰᠯᠠᠭᠰᠠᠨ ᠠ᠋ᠯᠸᠺᠲᠷᠤᠨ ᠬᠤᠳᠠᠯᠳᠤᠭ᠋ᠠᠨ᠎ᠤ ᠠᠷᠠᠯᠵᠢᠶᠠᠨ᠎ᠤ ᠳᠤᠭ᠎ᠠ ᠬᠤᠶᠠᠷ ᠵᠢᠯ ᠳᠠᠷᠠᠭ᠋ᠠᠯᠠᠨ ᠨᠢᠭᠡ ᠳᠠᠬᠢᠨ ᠢᠯᠡᠬᠦᠤ᠎ᠪᠠᠷ ᠨᠡᠮᠡᠭᠳᠡᠵᠡᠢ᠃
      ᠯᠢ ᠺᠸ ᠴᠢᠶᠠᠩ ᠪᠠᠰᠠ 《ᠬᠢᠯᠢ ᠠᠯᠤᠰᠯᠠᠭᠰᠠᠨ ᠬᠤᠳᠠᠯᠳᠤᠭ᠋ᠠᠨ᠎ᠤ ᠬᠦᠭᠵᠢᠯᠳᠡ ᠵᠢ ᠠᠬᠢᠭᠤᠯᠬᠤ᠎ᠳᠤ 〈ᠭᠠᠳᠠᠭᠰᠢ ᠬᠠᠷᠠᠬᠤ〉 ᠭᠡᠷᠡᠭᠳᠡᠢ》᠃ 《ᠤᠯᠤᠰ᠎ᠤᠨ ᠳᠤᠳᠤᠭ᠋ᠠᠳᠤ ᠵᠢᠨ ᠠᠷᠠᠳ ᠤᠯᠠᠨ᠎ᠤ ᠭᠠᠳᠠᠭ᠋ᠠᠳᠤ ᠵᠢᠨ ᠳᠠᠸᠠᠷ᠎ᠢ ᠬᠤᠳᠠᠯᠳᠤᠨ ᠠᠪᠬᠤ᠎ᠳᠤ ᠳᠦᠬᠦᠮ ᠦᠵᠡᠬᠦᠯᠬᠦ᠎ᠪᠠᠷ ᠪᠠᠷᠠᠬᠤ ᠦᠭᠡᠢ᠂ 〈ᠬᠤᠶᠠᠷ᠎ᠢ ᠠ᠋ᠬᠦᠳᠬᠦ〉 ᠪᠠ ᠵᠢᠵᠢᠭ ᠪᠠᠭ᠎ᠠ ᠠᠵᠤ ᠠᠬᠤᠢ᠌ᠯᠠᠯ᠎ᠤᠨ ᠦᠢ᠍ᠯᠡᠳᠬᠦᠨ᠎ᠢ ᠭᠠᠳᠠᠭ᠋ᠠᠳᠤ᠎ᠳᠤ ᠭᠠᠷᠭ᠋ᠠᠬᠤ ᠵᠢ ᠠᠬᠢᠭᠤᠯᠬᠤ ᠭᠡᠷᠡᠭᠳᠡᠢ》 ᠭᠡᠵᠤ ᠭᠡᠯᠡᠪᠡ᠃
      ᠲᠡᠷᠡ ᠪᠠᠰᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠵᠤᠬᠢᠴᠠᠭᠤᠯᠤᠭᠰᠠᠨ ᠳᠦᠷᠦ ᠵᠢᠨ ᠪᠤᠳᠤᠯᠭ᠎ᠠ᠎ᠪᠠᠨ ᠦᠢ᠍ᠯᠡᠳᠦᠯᠭᠡ ᠵᠢᠨ ᠳᠤᠮᠳᠠ ᠳᠡᠬᠦᠯᠳᠡᠷᠵᠢᠬᠦᠯᠵᠤ᠂ ᠬᠢᠯᠢ ᠠᠯᠤᠰᠯᠠᠭᠰᠠᠨ ᠠ᠋ᠯᠸᠺᠲᠷᠤᠨ ᠬᠤᠳᠠᠯᠳᠤᠭ᠋ᠠᠨ᠎ᠤ ᠠ᠋ᠷᠡᠬᠦᠯ ᠪᠦᠭᠡᠳ ᠳᠦᠷᠭᠡᠨ ᠬᠦᠭᠵᠢᠯᠳᠡ ᠵᠢ ᠳᠡᠮᠵᠢᠨ᠂ ᠭᠠᠳᠠᠭ᠋ᠠᠳᠤ ᠠᠷᠠᠯᠵᠢᠶᠠᠨ᠎ᠤ ᠰᠢᠨ᠎ᠠ ᠨᠡᠮᠡᠭᠳᠡᠯ᠎ᠢ ᠪᠤᠢ ᠪᠤᠯᠭ᠋ᠠᠵᠤ᠂ ᠮᠠᠨ᠎ᠤ ᠤᠯᠤᠰ᠎ᠤᠨ ᠭᠠᠳᠠᠭ᠋ᠠᠳᠤ᠎ᠳᠤ ᠭᠠᠷᠭ᠋ᠠᠬᠤ ᠳᠤᠮᠤ ᠤᠯᠤᠰ ᠪᠤᠯᠬᠤ ᠪᠠᠢ᠌ᠷᠢ ᠰᠠᠭᠤᠷᠢ ᠵᠢ ᠬᠠᠮᠠᠭ᠋ᠠᠠᠯᠬᠤ ᠭᠡᠷᠡᠭᠳᠡᠢ ᠭᠡᠵᠤ ᠱᠠᠭ᠋ᠠᠷᠳᠠᠪᠠ᠃
      ᠳᠤᠰ ᠠ᠋ᠳᠤᠷ᠎ᠤᠨ ᠬᠤᠷᠠᠯ᠎ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠬᠤᠳᠠ ᠵᠢᠨ ᠵᠠᠰᠠᠭ᠎ᠤᠨ ᠤᠷᠳᠤᠨ ᠭᠠᠳᠠᠭ᠋ᠠᠳᠤ ᠠᠷᠠᠯᠵᠢᠶᠠᠨ᠎ᠤ ᠬᠦᠷᠢᠶ᠎ᠠ ᠴᠠᠷᠠᠭ᠎ᠠ ᠵᠢᠨ 《ᠳᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠳᠡ ᠵᠢ ᠬᠦᠨᠵᠡᠭᠡᠢ᠌ᠷᠡᠬᠦᠯᠵᠤ᠂ ᠬᠢᠯᠢ ᠠᠯᠤᠰᠯᠠᠭᠰᠠᠨ ᠠ᠋ᠯᠸᠺᠲᠷᠤᠨ ᠬᠤᠳᠠᠯᠳᠤᠭ᠎ᠠ᠎ᠪᠠᠷ ᠰᠢᠪᠳᠤᠯᠤᠯᠳᠠ ᠪᠤᠯᠭ᠋ᠠᠨ᠂ ᠠ᠋ᠳ᠋ ᠪᠠᠷᠠᠭ᠋ᠠᠨ᠎ᠤ ᠬᠦᠢ᠍ᠯᠭᠡᠭᠡᠨ᠂ ᠬᠠᠳᠠᠭ᠋ᠠᠯᠠᠵᠤ ᠬᠦᠮᠦᠷᠭᠡᠯᠡᠬᠦ᠂ ᠪᠤᠭᠤᠮᠳᠠ ᠦᠩᠭᠡᠷᠡᠬᠦ ᠵᠡᠷᠭᠡ ᠳᠡᠯ᠎ᠡ ᠵᠢᠨ ᠶᠠᠪᠤᠴᠠ ᠵᠢ ᠤᠯᠠᠮ ᠵᠶ᠋ᠡᠷ ᠳᠦᠬᠦᠮᠴᠢᠯᠠᠵᠤ᠂ ᠬᠢᠨᠠᠨ ᠵᠦᠪᠰᠢᠶᠡᠷᠡᠬᠦ ᠵᠢ ᠴᠤᠮᠬᠠᠳᠬᠠᠬᠤ᠂ ᠪᠤᠭᠤᠮᠳᠠ ᠦᠩᠭᠡᠷᠡᠬᠦ ᠵᠢ ᠨᠢᠭᠡ ᠴᠤᠭᠴᠠᠵᠢᠭᠤᠯᠬᠤ᠂ ᠮᠡᠳᠡᠭᠡ ᠵᠠᠩᠬᠢ ᠵᠢ ᠬᠠᠮᠳᠤᠪᠠᠷ ᠠ᠋ᠳ᠋ᠯᠡᠬᠦ ᠵᠡᠷᠭᠡ᠎ᠳᠤ ᠵᠤᠬᠢᠴᠠᠭᠰᠠᠨ ᠳᠦᠷᠦ ᠵᠢᠨ ᠪᠤᠳᠤᠯᠭ᠎ᠠ ᠵᠢ ᠳᠡᠬᠦᠯᠳᠡᠷᠵᠢᠬᠦᠯᠦᠨ᠂ ᠠᠭᠤᠵᠢᠭᠤ ᠪᠠᠭᠳᠠᠭ᠋ᠠᠮᠵᠢ᠎ᠲᠠᠢ ᠦᠷ᠎ᠡ ᠪᠦᠳᠦᠮᠵᠢ᠎ᠲᠠᠢ ᠬᠢᠨᠠᠨ ᠬᠠᠮᠢᠶᠠᠷᠤᠯᠳᠠ ᠵᠢᠨ ᠰᠢᠨᠡᠴᠢᠯᠡᠯᠲᠡ ᠵᠢ ᠠᠬᠢᠭᠤᠯᠵᠤ᠂ ᠤᠯᠠᠨ ᠤᠯᠤᠰ᠎ᠤᠨ ᠠᠷᠠᠯᠵᠢᠶᠠᠨ᠎ᠤ ᠴᠢᠯᠦᠭᠡᠵᠢᠯᠳᠡ᠂ ᠳᠦᠬᠦᠮᠵᠢᠯᠳᠡ ᠵᠢᠨ ᠰᠢᠨᠡᠴᠢᠯᠡᠬᠦ ᠵᠢ ᠠᠬᠢᠭᠤᠯᠬᠤ ᠭᠡᠷᠡᠭᠳᠡᠢ ᠭᠡᠵᠤ ᠱᠠᠭ᠋ᠠᠷᠳᠠᠪᠠ᠃
      ᠯᠢ ᠺᠸ ᠴᠢᠶᠠᠩ᠎ᠠᠴᠠ ᠭᠠᠳᠠᠭ᠋ᠠᠳᠤ ᠵᠢᠨ ᠦᠷᠢᠰᠦᠯᠳᠦᠬᠦ ᠬᠦᠴᠦᠨ ᠵᠶ᠋ᠡᠷ ᠴᠢᠩᠭ᠎ᠠ ᠦᠢ᠍ᠯᠡᠳᠬᠦᠨ᠎ᠢ ᠤᠷᠤᠭᠤᠯᠤᠨ ᠠᠪᠴᠢᠷᠠᠬᠤ ᠭᠡᠮᠵᠢᠶ᠎ᠡ᠎ᠪᠠᠨ ᠨᠡᠮᠡᠭᠳᠡᠬᠦᠯᠦᠨ᠂ ᠠᠵᠤ ᠠᠬᠤᠢ᠌ᠯᠠᠯ᠎ᠤᠨ 《ᠭᠠᠳᠠᠭ᠋ᠠᠳᠤ ᠵᠢᠨ ᠦᠢ᠍ᠯᠡᠳᠬᠦᠨ᠎ᠤ ᠬᠦᠮᠦᠷᠭᠡ》 ᠪᠠᠢ᠌ᠭᠤᠯᠬᠤ ᠪᠠ ᠳᠡᠯᠡᠭᠡᠢ ᠵᠢᠨ ᠭᠡᠪᠴᠢᠶᠠᠨ᠎ᠤ ᠡᠵᠡᠩᠨᠡᠯᠳᠡ ᠪᠤᠷᠤᠯᠠᠭᠤᠯᠤᠯᠳᠠ ᠵᠢᠨ ᠳᠤᠤᠷ ᠰᠦᠯᠵᠢᠶ᠎ᠠ ᠪᠠᠢ᠌ᠭᠤᠯᠬᠤ ᠵᠢ ᠵᠤᠷᠢᠭᠵᠢᠭᠤᠯᠵᠤ᠂ ᠬᠢᠯᠢ ᠠᠯᠤᠰᠯᠠᠭᠰᠠᠨ ᠬᠤᠳᠠᠯᠳᠤᠭ᠋ᠠᠨ᠎ᠤ ᠨᠡᠷᠡᠳᠤ ᠳᠡᠮᠳᠡᠭ᠎ᠢ ᠠ᠋ᠬᠦᠳᠤᠨ᠂ ᠤᠯᠠᠨ ᠠ᠋ᠰᠢᠵᠢᠭ᠌ᠰᠡᠨ ᠵᠠᠬ᠎ᠠ ᠳᠡᠯᠭᠡᠬᠦᠷ᠎ᠢ ᠢᠳᠡᠪᠬᠢᠳᠡᠢ ᠨᠡᠭᠡᠭᠡᠨ᠂ ᠭᠠᠳᠠᠭ᠋ᠠᠳᠤ ᠠᠷᠠᠯᠵᠢᠶᠠᠨ᠎ᠤ ᠳᠤᠭᠳᠠᠭᠤᠨ ᠬᠦᠭᠵᠢᠯᠳᠡ ᠵᠢ ᠠᠬᠢᠭᠤᠯᠵᠤ᠂ ᠤᠯᠠᠨ ᠤᠯᠤᠰ᠎ᠤᠨ ᠵᠠᠬ᠎ᠠ ᠳᠡᠯᠭᠡᠬᠦᠷ᠎ᠤᠨ ᠦᠷᠢᠰᠦᠯᠳᠦᠭᠡᠨ᠎ᠤ ᠴᠢᠳᠠᠪᠤᠷᠢ ᠵᠢ ᠳᠡᠭᠡᠭᠰᠢᠯᠡᠬᠦᠯᠬᠦ ᠭᠡᠷᠡᠭᠳᠡᠢ ᠭᠡᠵᠤ ᠴᠢᠬᠤᠯᠠᠴᠢᠯᠠᠪᠠ᠃



      ᠯᠢ ᠺᠸ ᠴᠢᠶᠠᠩ ᠠ᠋ᠾᠸᠨᠡᠨ ᠮᠤᠵᠢ ᠵᠢᠨ ᠭᠠᠢ᠌ᠯᠢ ᠵᠢᠨ ᠬᠠᠮᠠᠭ᠋ᠠᠯᠠᠯᠳᠠ᠎ᠲᠠᠢ ᠠ᠋ᠳ᠋ ᠪᠠᠷᠠᠭ᠋ᠠᠨ᠎ᠤ ᠬᠦᠢ᠍ᠯᠭᠡᠭᠡᠨ᠎ᠤ ᠳᠦᠪ᠎ᠲᠤ ᠬᠦᠷᠴᠤ ᠳᠤᠬᠠᠢ ᠵᠢᠨ ᠭᠠᠵᠠᠷ᠎ᠤᠨ ᠬᠢᠯᠢ ᠠᠯᠤᠰᠯᠠᠭᠰᠠᠨ ᠠ᠋ᠯᠸᠺᠲᠷᠦᠨ ᠬᠤᠳᠠᠯᠳᠤᠭ᠋ᠠᠨ᠎ᠤ ᠳᠤᠬᠠᠢ᠌ᠯᠠᠭᠰᠠᠨ ᠠᠵᠢᠯ᠎ᠢ ᠰᠢᠨᠵᠢᠯᠠᠨ ᠪᠠᠢ᠌ᠴᠠᠭ᠋ᠠᠵᠤ ᠪᠠᠢ᠌ᠭ᠎ᠠ᠎ᠨᠢ

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠦᠷᠦ ᠵᠢᠨ ᠶᠠᠪᠤᠳᠠᠯ᠎ᠤᠨ ᠬᠤᠷᠢᠶᠠᠨ᠎ᠤ ᠦᠪᠦᠷ ᠮᠤᠩᠭᠤᠯ᠎ᠤᠨ ᠳ᠋ᠠ ᠠ᠋ᠾᠸᠢ ᠱᠠᠨ ᠠᠭᠤᠯᠠ ᠵᠡᠷᠭᠡ ᠤᠯᠤᠰ᠎ᠤᠨ ᠳᠡᠰ᠎ᠤᠨ 6 ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠳᠤᠬᠢᠷᠠᠭᠤᠯᠤᠯᠳᠠ ᠬᠢᠬᠦ ᠳᠤᠬᠠᠢ ᠮᠡᠳᠡᠭᠳᠡᠯ ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠳᠢᠩᠬᠢᠮ᠎ᠤᠨ ᠪᠢᠴᠢᠭ 〈2018〉 42 ᠨᠤᠮᠸᠷᠳᠤ
ᠸᠠᠩ ᠶᠦᠩ ᠪᠦᠬᠦ ᠤᠯᠤᠰ᠎ᠤᠨ ᠢᠳᠡᠭᠡᠨ᠎ᠤ ᠠᠮᠤᠷ ᠳᠦᠪᠰᠢᠨ᠎ᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠠ᠋ᠬᠢᠯᠡᠬᠦ ᠶᠤᠰᠤᠯᠠᠯ᠎ᠳᠤ ᠤᠷᠤᠯᠴᠠᠵᠤ ᠮᠤᠷᠠᠯ᠎ᠢ ᠠ᠋ᠷᠭᠢᠮᠯᠡᠨ ᠬᠠᠤᠯᠢ ᠵᠢ ᠰᠠᠬᠢᠵᠤ ᠨᠡᠢ᠌ᠭᠡᠮ᠎ᠢ ᠵᠠᠰᠠᠨ ᠢᠳᠡᠭᠡᠨ᠎ᠤ ᠠᠮᠤᠷ ᠳᠦᠪᠰᠢᠨ᠎ᠢ ᠪᠦᠬᠦ ᠳᠠᠯ᠎ᠠ᠎ᠪᠠᠷ ᠳᠡᠭᠡᠭᠰᠢᠯᠡᠬᠦᠯᠬᠦ ᠵᠢ ᠪᠠᠳᠤᠯᠠᠬᠤ ᠭᠡᠷᠡᠭᠳᠡᠢ ᠭᠡᠪᠡ
ᠯᠢᠦ ᠠ᠋ᠾᠸ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠵᠦᠪᠯᠡᠯ᠎ᠤᠨ ᠳᠡᠳ᠋ ᠳᠡᠷᠢᠬᠦᠯᠡᠭᠴᠢ ᠺᠠᠲ᠋ᠠᠢ᠌ᠨᠢᠩ᠎ᠲᠠᠢ ᠠᠭᠤᠯᠵᠠᠪᠠ
ᠯᠢ ᠺᠸ ᠴᠢᠶᠠᠩ᠄ ᠳᠤᠮᠳᠠᠳᠤ ᠠ᠋ᠸᠦᠢ᠍ᠷᠦᠫᠠ ᠵᠢᠨ ᠪᠡᠯᠡ ᠤᠷᠤᠭᠤᠯᠤᠯᠳᠠ ᠵᠢᠨ ᠵᠦᠪᠳᠡᠯᠴᠡᠭᠡᠷ ᠰᠢᠨ᠎ᠠ ᠱᠠᠳᠤᠨ᠎ᠳᠤ ᠤᠷᠤᠪᠠ
ᠯᠢ ᠺᠸ ᠴᠢᠶᠠᠩ ᠪᠤᠯᠤᠨ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠭᠡᠷᠡᠭ ᠠ᠋ᠷᠬᠢᠯᠡᠭᠴᠢᠳ᠎ᠤᠨ ᠬᠤᠷᠠᠯ᠎ᠤᠨ ᠳᠡᠷᠢᠬᠦᠯᠡᠭᠴᠢ ᠳᠦᠰᠺᠸ᠂ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠵᠦᠪᠯᠡᠯ᠎ᠤᠨ ᠳᠡᠷᠢᠬᠦᠯᠡᠭᠴᠢ ᠷᠦᠩᠺᠸ ᠬᠠᠮᠳᠤᠪᠠᠷ ᠬᠤᠷᠢᠳᠤᠭ᠋ᠠᠷ ᠤᠳᠠᠭ᠎ᠠ ᠵᠢᠨ ᠳᠤᠮᠳᠠᠳᠤ ᠤᠯᠤᠰ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠤᠳᠤᠷᠢᠳᠬᠤ ᠬᠦᠮᠦᠰ᠎ᠤᠨ ᠠᠭᠤᠯᠵᠠᠯᠳᠠ ᠵᠢ ᠠ᠋ᠷᠬᠢᠯᠡᠪᠡ
 
            