2018 ᠤᠨ᠎ᠤ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠨᠦᠬᠦᠷᠯᠡᠯ ᠱᠠᠩᠨᠠᠯ᠎ᠤᠨ ᠱᠠᠩᠨᠠᠯ ᠤᠯᠭᠤᠬᠤ ᠶᠤᠰᠤᠯᠠᠯ 9 ᠳ᠋ᠤᠭᠡᠷ ᠰᠠᠷ᠎ᠠ ᠵᠢᠨ 28᠎ᠤ ᠠ᠋ᠳᠤᠷ ᠠᠷᠠᠳ᠎ᠤᠨ ᠶᠡᠭᠡ ᠬᠤᠷᠠᠯ᠎ᠤᠨ ᠳᠢᠩᠬᠢᠮ᠎ᠳᠤ ᠶᠠᠪᠤᠭᠳᠠᠵᠤ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠯᠢᠦ ᠠ᠋ᠾᠸ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠨᠦᠬᠦᠷᠯᠡᠯ ᠱᠠᠩᠨᠠᠯ ᠤᠯᠤᠭᠰᠠᠨ ᠭᠠᠳᠠᠭ᠋ᠠᠳᠤ ᠤᠯᠤᠰ᠎ᠤᠨ ᠳᠤᠰᠬᠠᠢ ᠮᠡᠷᠭᠡᠵᠢᠯᠳᠡᠨ᠎ᠳᠤ ᠱᠠᠩᠨᠠᠯ ᠭᠠᠷᠳᠠᠭᠤᠯᠤᠭᠰᠠᠨ ᠪᠦᠭᠡᠳ ᠶᠠᠷᠢᠶ᠎ᠠ ᠳᠠᠯᠪᠢᠪᠠ᠃
ᠯᠢᠦ ᠠ᠋ᠾᠸ ᠳᠤᠮᠳᠠᠳᠤ ᠤᠯᠤᠰ᠎ᠤᠨ ᠵᠠᠰᠠᠭ᠎ᠤᠨ ᠤᠷᠳᠤᠨᠢ ᠳᠦᠯᠦᠭᠡᠯᠡᠨ ᠱᠠᠩᠨᠠᠯ ᠤᠯᠤᠭᠰᠠᠨ ᠳᠤᠰᠬᠠᠢ ᠮᠡᠷᠭᠡᠵᠢᠯᠳᠡᠨ᠎ᠳᠤ ᠬᠠᠯᠠᠭᠤᠨ ᠪᠠᠶᠠᠷ ᠬᠦᠷᠭᠡᠵᠤ ᠪᠠᠢ᠌ᠭ᠎ᠠ᠎ᠪᠠᠨ ᠢᠯᠡᠷᠭᠡᠢ᠌ᠯᠡᠵᠤ᠂ ᠳᠤᠮᠳᠠᠳᠤ ᠤᠯᠤᠰ᠎ᠲᠤ ᠠᠵᠢᠯᠯᠠᠵᠤ ᠪᠠᠢ᠌ᠭ᠎ᠠ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ ᠪᠤᠯᠤᠨ ᠭᠡᠷ ᠪᠦᠯᠢ ᠵᠢᠨ᠎ᠬᠢᠨ᠎ᠳᠤ ᠴᠢᠩ ᠰᠡᠳᠬᠢᠯ᠎ᠤᠨ ᠮᠠᠨᠳᠤᠴᠢᠯᠠᠯ ᠳᠠᠯᠠᠷᠬᠠᠯ ᠳᠡᠪᠰᠢᠬᠦᠯᠵᠡᠢ᠃ ᠳᠡᠷᠡ᠂ ᠳᠤᠮᠳᠠᠳᠤ ᠤᠯᠤᠰ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ᠎ᠤᠨ ᠳᠤᠷᠰᠢ᠎ᠳᠤ ᠭᠠᠳᠠᠭ᠋ᠠᠳᠤ ᠵᠢᠨ ᠳᠤᠩ ᠤᠯᠠᠨ ᠳᠤᠰᠬᠠᠢ ᠮᠡᠷᠭᠡᠵᠢᠯᠳᠡᠨ ᠳᠤᠮᠳᠠᠳᠤ ᠤᠯᠤᠰ᠎ᠲᠤ ᠢᠷᠡᠵᠤ ᠳᠤᠮᠳᠠᠳᠤ ᠵᠢᠨ ᠳᠤᠰᠬᠠᠢ ᠮᠡᠷᠭᠡᠵᠢᠯᠳᠡᠨ ᠪᠤᠯᠤᠨ ᠳᠤᠮᠳᠠᠳᠤ ᠤᠯᠤᠰ᠎ᠤᠨ ᠠᠷᠠᠳ ᠳᠦᠮᠠᠨ᠎ᠲᠠᠢ ᠬᠠᠮᠳᠤ᠎ᠪᠠᠷ ᠤᠳᠤᠬᠢᠴᠢᠯᠠᠭᠰᠠᠨ ᠪᠦᠳᠦᠭᠡᠨ ᠪᠠᠢ᠌ᠭᠤᠯᠤᠯᠳᠠ᠎ᠳᠤ ᠤᠷᠤᠯᠴᠠᠵᠤ᠂ ᠳᠡᠯᠡᠭᠡᠢ ᠳ᠋ᠡᠬᠢᠨ᠎ᠳᠤ ᠮᠡᠳᠡᠷᠡᠭᠳᠡᠬᠦ ᠴᠢᠬᠤᠯᠠ ᠶᠡᠭᠡ ᠦᠢ᠍ᠯᠡᠳᠤᠯ ᠦᠵᠡᠬᠦᠯᠪᠡ ᠭᠡᠵᠤ ᠵᠢᠭ᠋ᠠᠵᠤ ᠭᠠᠷᠭ᠋ᠠᠪᠠ᠃
ᠯᠢᠦ ᠠ᠋ᠾᠸ᠂ ᠳᠡᠷᠢᠬᠦᠯᠡᠭᠴᠢ ᠰᠢ ᠵᠢᠨ ᠫᠢᠩ᠎ᠤᠨ ᠴᠢᠬᠤᠯᠠᠴᠢᠯᠠᠭᠰᠠᠨ 《ᠬᠦᠭᠵᠢᠬᠦᠯᠬᠦ ᠪᠤᠯ ᠳᠡᠷᠢᠬᠦᠨ ᠴᠢᠬᠤᠯᠠ ᠶᠠᠪᠤᠳᠠᠯ᠂ ᠴᠢᠳᠠᠪᠤᠷᠢᠳᠠᠨ ᠪᠤᠯ ᠨᠢᠭᠡᠳᠦᠭᠡᠷ ᠠ᠋ᠬᠢ ᠪᠠᠶᠠᠯᠢᠭ᠂ ᠰᠢᠨ᠎ᠠ ᠵᠢ ᠠ᠋ᠬᠦᠳᠬᠦ ᠪᠤᠯ ᠨᠢᠭᠡᠳᠦᠭᠡᠷ ᠬᠦᠳᠡᠯᠭᠡᠬᠦ ᠬᠦᠴᠦᠨ ᠪᠤᠯᠬᠤ》 ᠵᠢ ᠠ᠋ᠷᠡᠰ ᠪᠠᠷᠢᠮᠳᠠᠯᠠᠨ᠎ᠠ᠃ ᠨᠡᠭᠡᠭᠡᠯᠳᠡ ᠬᠢᠭᠰᠡᠨ ᠳᠤᠮᠳᠠᠳᠤ ᠤᠯᠤᠰ᠎ᠤᠨ᠎ᠬᠢᠨ ᠨᠡᠩ ᠤᠯᠠᠨ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠤ ᠳᠤᠮᠳᠠᠳᠤ ᠤᠯᠤᠰ᠎ᠲᠤ ᠢᠷᠡᠵᠤ ᠰᠢᠨ᠎ᠠ ᠵᠢ ᠠ᠋ᠬᠦᠳᠤᠨ ᠦᠢ᠍ᠯᠡᠰ ᠪᠦᠳᠦᠭᠡᠬᠦ ᠵᠢ ᠪᠠᠶᠠᠷᠯᠠᠨ ᠤᠭᠳᠤᠨ᠎ᠠ᠂ ᠳᠤᠮᠳᠠᠳᠤ ᠤᠯᠤᠰ᠎ᠤᠨ ᠵᠠᠰᠠᠭ᠎ᠤᠨ ᠤᠷᠳᠤᠨ ᠦᠷᠬᠦᠯᠵᠢᠯᠡᠨ ᠪᠦᠬᠦ ᠪᠦᠮᠪᠦᠷᠴᠡᠭ᠎ᠤᠨ ᠴᠢᠳᠠᠪᠤᠷᠢᠲᠠᠨ ᠳᠤᠮᠳᠠᠳᠤ ᠤᠯᠤᠰ᠎ᠲᠤ ᠢᠷᠡᠵᠤ ᠦᠢ᠍ᠯᠡᠰ ᠪᠦᠳᠦᠭᠡᠨ ᠬᠦᠭᠵᠢᠭᠦᠯᠬᠦ᠎ᠳᠤ ᠰᠠᠢ᠌ᠨ ᠰᠠᠢ᠌ᠬᠠᠨ ᠤᠷᠴᠢᠨ ᠳᠤᠭᠤᠷᠢᠨ᠎ᠢ ᠪᠤᠢ ᠪᠤᠯᠭ᠋ᠠᠵᠤ ᠦᠭᠬᠦᠨ᠎ᠠ᠃ ᠪᠢᠳᠠ ᠨᠡᠩ ᠢᠳᠡᠪᠬᠢᠳᠡᠢ᠂ ᠨᠡᠩ ᠨᠡᠭᠡᠭᠡᠯᠳᠡ᠎ᠲᠠᠢ᠂ ᠨᠡᠩ ᠪᠦᠳᠦᠮᠵᠢ᠎ᠲᠠᠢ ᠴᠢᠳᠠᠪᠤᠷᠢᠳᠠᠨ ᠤᠷᠤᠭᠤᠯᠤᠨ ᠠᠪᠴᠢᠷᠠᠬᠤ ᠳᠦᠷᠦ ᠵᠢᠨ ᠪᠤᠳᠤᠯᠭ᠎ᠠ ᠵᠢ ᠭᠡᠷᠡᠭᠵᠢᠬᠦᠯᠦᠨ᠂ ᠭᠠᠳᠠᠭ᠋ᠠᠳᠤ ᠵᠢᠨ ᠴᠢᠳᠠᠪᠤᠷᠢᠳᠠᠨ᠎ᠢ ᠤᠷᠤᠭᠤᠯᠤᠨ ᠠᠪᠴᠢᠷᠠᠬᠤ ᠠᠷᠭ᠎ᠠ ᠭᠡᠯᠪᠡᠷᠢ ᠵᠢᠨ ᠰᠢᠨ᠎ᠠ ᠵᠢ ᠠ᠋ᠬᠦᠳᠴᠤ᠂ ᠭᠠᠳᠠᠭ᠋ᠠᠳᠤ ᠵᠢᠨ ᠬᠦᠮᠦᠨ᠎ᠤ ᠳᠤᠮᠳᠠᠳᠤ ᠤᠯᠤᠰ᠎ᠲᠤ ᠢᠷᠡᠵᠤ ᠠᠵᠢᠯᠯᠠᠬᠤ᠂ ᠠᠮᠢᠳᠤᠷᠠᠵᠤ ᠰᠠᠭᠤᠬᠤ ᠵᠡᠷᠭᠡ ᠬᠦᠢ᠍ᠴᠡᠳᠭᠡᠯ᠎ᠢ ᠤᠯᠠᠮ ᠵᠶ᠋ᠡᠷ ᠳᠦᠬᠦᠮᠴᠢᠯᠠᠨ᠂ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠢ ᠠ᠋ᠮᠬᠢ ᠵᠢᠷᠤᠮ᠎ᠲᠠᠢ᠎ᠪᠠᠷ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠳᠤ ᠤᠷᠤᠯᠴᠠᠭᠤᠯᠵᠤ᠂ ᠭᠠᠳᠠᠭ᠋ᠠᠳᠤ ᠵᠢᠨ ᠴᠢᠳᠠᠪᠤᠷᠢᠳᠠᠨ᠎ᠤ ᠮᠡᠳᠡᠯᠭᠡ ᠵᠢᠨ ᠦᠮᠴᠢᠯᠠᠯ᠎ᠤᠨ ᠠ᠋ᠷᠭᠡ ᠵᠢᠨ ᠠᠰᠢᠭ ᠤᠯᠵᠠ ᠵᠢ ᠬᠠᠤᠯᠢ ᠶᠤᠰᠤᠭ᠋ᠠᠷ ᠬᠠᠮᠠᠭ᠋ᠠᠯᠠᠨ᠂ ᠳᠤᠮᠳᠠᠳᠤ ᠤᠯᠤᠰ᠎ᠲᠤ ᠠᠵᠢᠯᠯᠠᠵᠤ ᠪᠠᠢ᠌ᠭ᠎ᠠ ᠭᠠᠳᠠᠭ᠋ᠠᠳᠤ ᠵᠢᠨ ᠨᠦᠬᠦᠳ᠎ᠲᠤ ᠤᠷᠤᠨ ᠰᠠᠭᠤᠴᠠ᠂ ᠦᠷ᠎ᠡ ᠭᠡᠤᠭᠡᠳ᠎ᠤᠨ ᠰᠤᠷᠭ᠋ᠠᠭᠤᠯᠢ᠎ᠳᠤ ᠤᠷᠤᠬᠤ᠂ ᠬᠠᠨᠢ ᠨᠦᠬᠦᠷ᠎ᠤᠨ ᠬᠢᠨᠢ ᠠᠵᠢᠯ ᠤᠯᠬᠤ᠂ ᠡᠮ ᠠ᠋ᠮᠨᠡᠯᠭᠡ ᠵᠢᠨ ᠦᠢ᠍ᠯᠡᠴᠢᠯᠡᠭᠡ ᠵᠡᠷᠭᠡ ᠳᠡᠯ᠎ᠡ᠎ᠪᠠᠷ ᠳᠦᠬᠦᠮ ᠦᠵᠡᠬᠦᠯᠦᠨ᠎ᠡ ᠭᠡᠵᠤ ᠢᠯᠡᠷᠭᠡᠢ᠌ᠯᠡᠪᠡ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠳᠡᠳ᠋ ᠳᠠᠷᠤᠭ᠎ᠠ᠂ ᠤᠯᠤᠰ᠎ᠤᠨ ᠭᠠᠳᠠᠭ᠋ᠠᠳᠤ ᠤᠯᠤᠰ᠎ᠤᠨ ᠳᠤᠰᠬᠠᠢ ᠮᠡᠷᠭᠡᠵᠢᠯᠳᠡᠨ᠎ᠤ ᠳᠤᠪᠴᠢᠶ᠎ᠠ ᠵᠢᠨ ᠳᠠᠷᠤᠭ᠎ᠠ ᠵᠠᠩ ᠵᠢᠶᠠᠨ ᠬᠦᠸᠸ᠎ᠠᠴᠠ ᠱᠠᠩᠨᠠᠯ ᠤᠯᠭᠤᠬᠤ ᠰᠢᠢ᠍ᠳᠪᠤᠷᠢ ᠵᠢ ᠨᠡᠢ᠌ᠳᠡᠯᠡᠪᠡ᠃ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠨᠦᠬᠦᠷᠯᠡᠯ ᠱᠠᠩᠨᠠᠯ ᠪᠤᠯ ᠳᠤᠮᠳᠠᠳᠤ ᠤᠯᠤᠰ᠎ᠤᠨ ᠤᠳᠤᠬᠢᠴᠢᠯᠠᠯᠳᠠ ᠵᠢᠨ ᠪᠦᠳᠦᠭᠡᠨ ᠪᠠᠢ᠌ᠭᠤᠯᠤᠯᠳᠠ᠎ᠳᠤ ᠯᠤᠳᠤ ᠶᠡᠭᠡ ᠬᠤᠪᠢ ᠨᠡᠮᠡᠷᠢ ᠦᠵᠡᠬᠦᠯᠦᠭᠰᠡᠨ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠢ ᠱᠠᠩᠨᠠᠨ ᠬᠦᠬᠢᠬᠦᠯᠬᠦ ᠬᠠᠮᠤᠭ᠎ᠤᠨ ᠳᠡᠭᠡᠳᠤ ᠱᠠᠩᠨᠠᠯ ᠪᠤᠯᠤᠨ᠎ᠠ᠃ ᠠ᠋ᠨᠡ ᠵᠢᠯ 21 ᠤᠯᠤᠰ᠎ᠤᠨ 50 ᠳᠤᠰᠬᠠᠢ ᠮᠡᠷᠭᠡᠵᠢᠯᠳᠡᠨ ᠳᠤᠰ ᠱᠠᠩᠨᠠᠯ᠎ᠢ ᠬᠦᠷᠳᠡᠵᠡᠢ᠃