ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠂ ᠠ᠋ᠾᠸᠨᠠᠨ ᠮᠤᠵᠢ᠂ ᠭᠤᠸᠠᠩᠰᠢ ᠵᠢᠨ ᠵᠤᠸᠠᠩ ᠦᠨᠳᠦᠰᠦᠳᠡᠨ᠎ᠤ ᠦᠪᠡᠷᠳᠡᠭᠡᠨ ᠵᠠᠰᠠᠬᠤ ᠤᠷᠤᠨ᠂ ᠰᠸᠴᠤᠸᠠᠨ ᠮᠤᠵᠢ᠂ ᠳᠦᠪᠡᠳ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠂ ᠠᠮᠢ ᠠᠬᠤᠢ ᠤᠷᠴᠢᠨ ᠳᠤᠭᠤᠷᠢᠨ᠎ᠤ ᠶᠠᠮᠤᠨ᠂ ᠣᠢ ᠰᠢᠭᠤᠢ ᠨᠤᠳᠤᠭ ᠪᠡᠯᠴᠢᠭᠡᠷ᠎ᠤᠨ ᠳᠤᠪᠴᠢᠶ᠎ᠠ᠄
《ᠠᠮᠢ ᠠᠬᠤᠢ ᠤᠷᠴᠢᠨ ᠳᠤᠭᠤᠷᠢᠨ᠎ᠤ ᠶᠠᠮᠤᠨ᠎ᠤ ᠦᠪᠦᠷ ᠮᠤᠩᠭᠤᠯ᠎ᠤᠨ ᠳ᠋ᠠ ᠠ᠋ᠾᠸᠢ ᠱᠠᠨ ᠠᠭᠤᠯᠠ ᠵᠡᠷᠭᠡ ᠤᠯᠤᠰ᠎ᠤᠨ ᠳᠡᠰ᠎ᠤᠨ 6 ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠳᠤᠬᠢᠷᠠᠭᠤᠯᠤᠯᠳᠠ ᠬᠢᠬᠦ ᠳᠤᠬᠠᠢ ᠭᠤᠶᠤᠴᠢᠯᠠᠯᠳᠠ》 (ᠠᠮᠢ ᠠᠬᠤᠢ ᠤᠷᠴᠢᠨ ᠳᠤᠭᠤᠷᠢᠨ 〈2018〉 59 ᠨᠤᠮᠸᠷ) ᠵᠢ ᠳᠤᠰᠴᠤ ᠠᠪᠤᠯ᠎ᠠ᠃ ᠳᠦᠷᠦ ᠵᠢᠨ ᠶᠠᠪᠤᠳᠠᠯ᠎ᠤᠨ ᠬᠤᠷᠢᠶ᠎ᠠ᠎ᠪᠠᠷ ᠵᠦᠪᠰᠢᠶᠡᠷᠡᠬᠦᠯᠦᠭᠡᠳ ᠦᠨᠦ ᠳᠤᠤᠷ᠎ᠠ ᠮᠠᠳᠤ ᠮᠡᠳᠡᠭᠳᠡᠶ᠎ᠡ᠄
ᠨᠢᠭᠡ᠂ ᠳᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠦᠪᠦᠷ ᠮᠤᠩᠭᠤᠯ᠎ᠤᠨ ᠳ᠋ᠠ ᠠ᠋ᠾᠸᠢ ᠱᠠᠨ ᠠᠭᠤᠯᠠ᠂ ᠠ᠋ᠾᠸᠨᠡᠨ ᠮᠤᠵᠢ ᠵᠢᠨ ᠳ᠋ᠠᠨ ᠵᠢᠶᠠᠩ ᠨᠤᠭᠤ ᠭᠠᠵᠠᠷ᠂ ᠭᠤᠸᠠᠩᠰᠢ ᠵᠢᠨ ᠵᠢᠦ ᠸᠠᠨ ᠱᠠᠨ ᠠᠭᠤᠯᠠ᠂ ᠰᠸᠴᠤᠸᠠᠨ ᠮᠤᠵᠢ ᠵᠢᠨ ᠬᠤᠸᠠ ᠠ᠋ᠸ ᠱᠠᠨ ᠠᠭᠤᠯᠠ᠂ ᠳᠦᠪᠡᠳ᠎ᠤᠨ ᠮᠠᠩ ᠺᠠᠩ ᠳ᠋ᠢᠶᠠᠨ᠎ᠤ ᠰᠢᠷᠭ᠎ᠠ ᠰᠠᠮᠵᠠ ᠪᠠ ᠳᠦᠪᠠᠳ᠎ᠤᠨ ᠴᠢᠶᠠᠩ ᠳᠠᠩ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠦᠷᠢᠶ᠎ᠡ ᠭᠡᠪᠴᠢᠶᠠᠨ᠎ᠳᠤ ᠳᠤᠬᠢᠷᠠᠭᠤᠯᠤᠯᠳᠠ ᠬᠢᠬᠦ ᠵᠢ ᠵᠦᠪᠰᠢᠶᠡᠷᠡᠪᠡ᠃ ᠳᠤᠬᠢᠷᠠᠭᠤᠯᠤᠯᠳᠠ ᠬᠢᠭᠰᠡᠨ᠎ᠤ ᠳᠠᠷᠠᠭ᠋ᠠᠬᠢ ᠬᠠᠮᠠᠭ᠋ᠠᠯᠠᠯᠳᠠ ᠵᠢᠨ ᠤᠷᠤᠨ᠎ᠤ ᠳᠠᠯᠠᠪᠠᠢ ᠪᠤᠯᠤᠨ ᠬᠦᠷᠢᠶ᠎ᠡ ᠭᠡᠪᠴᠢᠶ᠎ᠠ᠂ ᠴᠢᠳᠠᠪᠬᠢ ᠵᠢᠨ ᠬᠤᠪᠢᠶᠠᠷᠢ ᠳᠤᠭᠤᠷᠢᠭ ᠵᠡᠷᠭᠡ ᠵᠢ ᠠᠮᠢ ᠠᠬᠤᠢ ᠤᠷᠴᠢᠨ ᠳᠤᠭᠤᠷᠢᠨ᠎ᠤ ᠶᠠᠮᠤᠨ᠎ᠠᠴᠠ ᠨᠡᠢ᠌ᠳᠡᠯᠡᠨ᠎ᠡ᠃
ᠬᠤᠶᠠᠷ᠂ ᠬᠤᠯᠪᠤᠭᠳᠠᠯ ᠪᠦᠬᠦᠢ ᠭᠠᠵᠠᠷ ᠤᠷᠤᠨ᠎ᠨᠢ ᠵᠦᠪᠰᠢᠶᠡᠷᠡᠭᠰᠡᠨ ᠳᠤᠬᠢᠷᠠᠭᠤᠯᠤᠯᠳᠠ ᠵᠢᠨ ᠳᠦᠰᠦᠯ ᠶᠤᠰᠤᠭ᠋ᠠᠷ ᠵᠠᠭ᠋ᠠᠭ ᠱᠤᠭᠤᠮ᠎ᠢ ᠬᠠᠢ᠌ᠨ ᠭᠡᠮᠵᠢᠵᠤ᠂ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠭᠠᠵᠠᠷ ᠰᠢᠷᠤᠢ ᠵᠢᠨ ᠬᠠᠷᠢᠶᠠᠯᠠᠭᠳᠠᠬᠤ ᠠ᠋ᠷᠭᠡ ᠵᠢ ᠨᠠᠢ᠌ᠳᠠᠪᠤᠷᠢᠵᠢᠭᠤᠯᠵᠤ᠂ ᠲᠣᠭᠲᠠᠭ᠋ᠠᠭᠰᠠᠨ ᠬᠤᠭᠤᠴᠠᠭ᠋ᠠᠨ᠎ᠳᠤ᠎ᠪᠠᠨ ᠵᠠᠭ᠋ᠠᠭ ᠱᠤᠭᠤᠮ ᠵᠶ᠋ᠠᠨ ᠳᠤᠳᠤᠷᠬᠠᠢ᠌ᠯᠠᠬᠤ ᠵᠢᠨ ᠬᠠᠮᠳᠤ ᠵᠠᠷᠯᠠᠨ ᠨᠡᠢ᠌ᠳᠡᠯᠡᠬᠦ ᠭᠡᠷᠡᠭᠳᠡᠢ᠃
ᠭᠤᠷᠪᠠ᠂ ᠬᠤᠯᠪᠤᠭᠳᠠᠯ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ᠎ᠨᠢ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠳᠦᠷᠢᠮ》 ᠪᠤᠯᠤᠨ 《ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠳᠤᠬᠢᠷᠠᠭᠤᠯᠤᠯᠳᠠ ᠬᠢᠵᠤ ᠬᠠᠮᠢᠶᠠᠷᠬᠤ ᠳᠤᠬᠠᠢ ᠳᠤᠭᠳᠠᠭ᠋ᠠᠯ》 ᠵᠡᠷᠭᠡ ᠬᠤᠯᠪᠤᠭᠳᠠᠯ ᠪᠦᠬᠦᠢ ᠳᠤᠭᠳᠠᠭ᠋ᠠᠯ᠎ᠢ ᠴᠢᠩᠭ᠎ᠠ ᠨᠢᠮᠪᠠᠢ ᠭᠡᠷᠡᠭᠵᠢᠬᠦᠯᠵᠤ᠂ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠠᠵᠢᠯ᠎ᠤᠨ ᠤᠳᠤᠷᠢᠳᠤᠯᠭ᠎ᠠ᠂ ᠵᠤᠬᠢᠴᠠᠭᠤᠯᠤᠯ ᠪᠤᠯᠤᠨ ᠬᠢᠨᠠᠨ ᠬᠠᠮᠢᠶᠠᠷᠤᠯᠳᠠ᠎ᠪᠠᠨ ᠦᠨᠡᠨᠬᠦ ᠴᠢᠩᠭ᠋ᠠᠳᠬᠠᠨ᠂ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠠᠮᠢᠶᠠᠷᠤᠯᠳᠠ ᠬᠢᠭᠡᠳ ᠳᠤᠬᠠᠢ ᠵᠢᠨ ᠭᠠᠵᠠᠷ᠎ᠤᠨ ᠠᠵᠤ ᠠᠬᠤᠢ ᠨᠡᠢ᠌ᠭᠡᠮ᠎ᠤᠨ ᠬᠦᠭᠵᠢᠯᠳᠡ ᠵᠢᠴᠢ ᠰᠠᠭᠤᠭ᠋ᠠᠯᠢ ᠠᠷᠠᠳ᠎ᠤᠨ ᠦᠢ᠍ᠯᠡᠳᠪᠤᠷᠢᠯᠡᠯ ᠠᠮᠢᠳᠤᠷᠠᠯ᠎ᠤᠨ ᠬᠠᠷᠢᠴᠠᠭ᠎ᠠ ᠵᠢ ᠵᠤᠬᠢᠰᠳᠠᠢ ᠰᠢᠢ᠍ᠳᠪᠤᠷᠢᠯᠡᠵᠤ᠂ ᠡᠯ᠎ᠡ ᠵᠦᠢ᠍ᠯ᠎ᠤᠨ ᠬᠠᠮᠢᠶᠠᠷᠤᠯᠳᠠ ᠵᠢᠨ ᠠᠷᠭ᠎ᠠ ᠭᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠦᠨᠡᠨᠬᠦ ᠪᠠᠳᠤᠯᠠᠨ᠂ ᠦᠨᠳᠦᠷ ᠪᠠᠷᠢᠮᠵᠢᠶ᠎ᠠ ᠪᠦᠬᠦᠢ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠢ ᠪᠠᠢ᠌ᠭᠤᠯᠬᠤ ᠭᠡᠷᠡᠭᠳᠡᠢ᠃
ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠳᠢᠩᠬᠢᠮ
2018 ᠤᠨ᠎ᠤ 7 ᠳ᠋ᠤᠭ᠋ᠠᠷ ᠰᠠᠷ᠎ᠠ ᠵᠢᠨ 7᠎ᠤ ᠠ᠋ᠳᠤᠷ