ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠳᠢᠩᠬᠢᠮ᠎ᠤᠨ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦ᠂ ᠤᠷᠤᠨ ᠰᠠᠭᠤᠴᠠ ᠵᠢᠨ ᠪᠠᠳᠤᠯᠠᠪᠤᠷᠢ᠂ ᠤᠷᠤᠨ ᠰᠠᠭᠤᠴᠠ ᠵᠢᠨ ᠠᠷᠠᠯᠵᠢᠶ᠎ᠠ ᠵᠡᠷᠭᠡ ᠵᠢᠨ ᠮᠡᠳᠡᠭᠡ ᠵᠠᠩᠬᠢ ᠵᠢᠨ ᠬᠠᠷᠭᠤᠭᠤᠯᠬᠤ ᠠᠵᠢᠯ᠎ᠤᠨ ᠳᠤᠬᠠᠢ ᠮᠡᠳᠡᠭᠳᠡᠯ
ᠨᠡᠶᠢᠲᠡᠯᠡᠭᠰᠡᠨ ᠴᠠᠭ᠄ 2017-05-22

               
      2017 ᠤᠨ᠎ᠤ 3 ᠳ᠋ᠤᠭ᠋ᠠᠷ ᠰᠠᠷ᠎ᠠ ᠵᠢᠨ 6᠎ᠤ ᠠ᠋ᠳᠤᠷ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠂ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠳᠢᠩᠬᠢᠮ᠎ᠠᠴᠠ ᠨᠡᠢ᠌ᠭᠡᠮ᠎ᠤᠨ ᠠᠪᠤᠷᠠᠨ ᠳᠤᠰᠠᠯᠯᠠᠯᠲᠠ ᠵᠢᠨ ᠭᠡᠷ ᠪᠦᠯᠢ ᠵᠢᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦ᠂ ᠤᠷᠤᠨ ᠰᠠᠭᠤᠴᠠ ᠵᠢᠨ ᠪᠠᠳᠤᠯᠠᠪᠤᠷᠢ᠂ ᠤᠷᠤᠨ ᠰᠠᠭᠤᠴᠠ ᠵᠢᠨ ᠠᠷᠠᠯᠵᠢᠶ᠎ᠠ ᠵᠡᠷᠭᠡ ᠵᠢᠨ ᠮᠡᠳᠡᠭᠡ ᠵᠠᠩᠬᠢ ᠵᠢᠨ ᠬᠠᠷᠭᠤᠭᠤᠯᠬᠤ ᠠᠵᠢᠯ᠎ᠢ ᠰᠠᠢ᠌ᠳᠤᠷ ᠬᠢᠬᠦ ᠳᠤᠬᠠᠢ ᠮᠡᠳᠡᠭᠳᠡᠯ ᠪᠠᠭᠤᠯᠭ᠋ᠠᠵᠠᠢ᠃ ᠳᠦᠬᠦᠮᠴᠢᠯᠡᠪᠡᠯ ᠳᠤᠤᠷ᠎ᠠ ᠮᠠᠳᠤ᠄
      ᠨᠢᠭᠡ᠂ ᠶᠡᠷᠦᠩᠭᠡᠢ ᠱᠠᠭ᠋ᠠᠷᠳᠠᠯᠭ᠎ᠠ
     《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠠᠷᠭ᠎ᠠ》 ᠵᠢ ᠳᠤᠤᠱᠯᠠᠭᠤᠯᠬᠤ᠎ᠳᠤ ᠰᠠᠯᠠᠭ᠎ᠠ ᠮᠦᠴᠢᠷ ᠵᠣᠬᠢᠴᠠᠯᠳᠤᠨ᠂ ᠰᠠᠯᠠᠭ᠎ᠠ ᠮᠦᠴᠢᠷ ᠠᠯᠤᠰᠯᠠᠬᠰᠠᠨ᠂ ᠤᠯᠠᠨ ᠳᠠᠪᠬᠤᠷᠭ᠎ᠠ ᠵᠢᠨ᠂ ᠮᠡᠳᠡᠭᠡ ᠵᠠᠩᠬᠢ ᠵᠢ ᠬᠠᠮᠳᠤᠪᠠᠷ ᠠᠰᠢᠭᠯᠠᠭᠰᠠᠨ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦ᠂ ᠤᠷᠤᠨ ᠰᠠᠭᠤᠴᠠ ᠵᠢᠨ ᠪᠠᠳᠤᠠᠯᠪᠤᠷᠢ᠂ ᠤᠷᠤᠨ ᠰᠠᠭᠤᠴᠠ ᠵᠢᠨ ᠠᠷᠠᠯᠵᠢᠶ᠎ᠠ ᠵᠡᠷᠭᠡ ᠵᠢᠨ ᠮᠡᠳᠡᠭᠡ ᠵᠠᠩᠬᠢ ᠵᠢᠨ ᠬᠠᠷᠭᠤᠭᠤᠯᠬᠤ ᠳᠤᠭᠳᠠᠴᠠ ᠵᠢ ᠠᠯᠬᠤᠮ ᠠᠯᠬᠤᠮ ᠵᠶ᠋ᠠᠷ ᠪᠠᠢ᠌ᠭᠤᠯᠵᠤ᠂ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠠᠵᠢᠯ᠎ᠤᠨ ᠰᠢᠨᠵᠢᠯᠡᠬᠦ ᠤᠬᠠᠭ᠋ᠠᠨᠴᠢ ᠴᠢᠨᠠᠷ ᠪᠤᠯᠤᠨ ᠤᠨᠤᠪᠴᠢᠳᠤ ᠴᠢᠨᠠᠷ ᠵᠶ᠋ᠠᠨ ᠳᠡᠭᠡᠭᠰᠢᠯᠡᠭᠦᠯᠬᠦ ᠬᠡᠷᠡᠭᠲᠠᠢ᠃ ᠠᠯᠬᠤᠮ ᠠᠯᠬᠤᠮ ᠵᠶ᠋ᠡᠷ ᠤᠷᠤᠭᠰᠢᠯᠠᠬᠤ ᠵᠠᠷᠴᠢᠮ ᠵᠶ᠋ᠠᠨ ᠪᠠᠷᠢᠮᠳᠠᠯᠠᠨ᠂ ᠬᠤᠰᠢᠭᠤ ᠰᠢᠶᠠᠨ (ᠬᠤᠳᠠ ᠳᠤᠭᠤᠷᠢᠭ) ᠵᠶ᠋ᠡᠷ ᠨᠢᠭᠡᠴᠢ ᠪᠤᠯᠭ᠋ᠠᠭᠰᠠᠨ ᠤᠷᠤᠨ ᠰᠠᠭᠤᠴᠠ ᠵᠢᠨ ᠪᠠᠳᠤᠯᠠᠪᠤᠷᠢ᠂ ᠤᠷᠤᠨ ᠰᠠᠭᠤᠴᠠ ᠵᠢᠨ ᠠᠷᠠᠯᠵᠢᠶ᠎ᠠ ᠵᠡᠷᠭᠡ ᠮᠡᠳᠡᠭᠡ ᠵᠠᠩᠬᠢ ᠵᠢᠨ ᠬᠠᠷᠭᠤᠭᠤᠯᠬᠤ ᠠᠵᠢᠯ ᠪᠡ ᠠᠢ᠌ᠮᠠᠭ ᠬᠤᠳᠠ᠎ᠪᠠᠷ ᠨᠢᠭᠡᠴᠢ ᠪᠤᠯᠭ᠋ᠠᠭᠰᠠᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦ ᠵᠢᠨ ᠮᠡᠳᠡᠭᠡ ᠵᠠᠩᠬᠢ ᠵᠢᠨ ᠬᠠᠷᠭᠤᠭᠤᠯᠬᠤ ᠠᠵᠢᠯ ᠵᠶ᠋ᠠᠨ ᠦᠷᠨᠢᠭᠦᠯᠵᠤ᠂ ᠨᠦᠬᠦᠴᠡᠯ ᠪᠣᠯᠤᠯᠴᠠᠭ᠎ᠠ᠎ᠲᠠᠢ ᠠᠢ᠌ᠮᠠᠭ ᠬᠤᠳᠠ᠎ᠨᠢ ᠬᠠᠷᠭᠤᠭᠤᠯᠬᠤ ᠠᠵᠢᠯ᠎ᠤᠨ ᠵᠡᠷᠭᠡ ᠳᠡᠰ ᠵᠶ᠋ᠠᠨ ᠵᠤᠬᠢᠬᠤ ᠭᠡᠮᠵᠢᠶ᠎ᠡ᠎ᠪᠠᠷ ᠳᠡᠭᠡᠭᠰᠢᠯᠡᠬᠦᠯᠵᠤ ᠪᠤᠯᠤᠨ᠎ᠠ᠃ ᠳᠤᠤᠷ ᠰᠦᠯᠵᠢᠶ᠎ᠡ᠎ᠪᠠᠷ ᠪᠠᠢ᠌ᠴᠠᠭ᠋ᠠᠨ ᠯᠠᠪᠯᠠᠬᠤ᠎ᠪᠠᠷ ᠭᠤᠤᠯ ᠠᠷᠭ᠎ᠠ ᠭᠡᠮᠵᠢᠶ᠎ᠡ᠎ᠪᠠᠨ ᠪᠤᠯᠭ᠋ᠠᠨ᠂ ᠨᠦᠬᠦᠴᠡᠯ ᠪᠣᠯᠤᠯᠴᠠᠭ᠎ᠠ ᠦᠭᠡᠢ ᠭᠠᠵᠠᠷ ᠤᠷᠤᠨ᠎ᠨᠢ ᠬᠦᠮᠦᠨ᠎ᠤ ᠬᠦᠴᠤ᠎ᠪᠠᠷ ᠬᠠᠷᠭᠤᠭᠤᠯᠵᠤ᠂ ᠠᠯᠭᠤᠷ ᠠᠭ᠋ᠠᠵᠢᠮ ᠵᠶ᠋ᠡᠷ ᠮᠡᠳᠡᠭᠡ ᠵᠠᠩᠬᠢᠵᠢᠯᠳᠠ᠂ ᠳᠤᠤᠷ ᠰᠦᠯᠵᠢᠶᠡᠵᠢᠯᠳᠡ᠎ᠳᠤ ᠰᠢᠯᠵᠢᠬᠦ ᠭᠡᠷᠡᠭᠳᠡᠢ᠃ ᠬᠠᠷᠭᠤᠭᠤᠯᠤᠭᠰᠠᠨ ᠮᠡᠳᠡᠭᠡ ᠵᠠᠩᠬᠢ᠎ᠪᠠᠨ ᠵᠦᠪᠭᠡᠨ ᠵᠠᠰᠠᠭ᠎ᠤᠨ ᠤᠷᠳᠤᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠨᠡᠢ᠌ᠭᠡᠮ᠎ᠤᠨ ᠠᠪᠤᠷᠠᠨ ᠳᠤᠰᠠᠯᠠᠯᠲᠠ᠂ ᠤᠷᠤᠨ ᠰᠠᠭᠤᠴᠠ ᠵᠢᠨ ᠪᠠᠳᠤᠯᠠᠪᠤᠷᠢ ᠵᠡᠷᠭᠡ ᠠᠷᠠᠳ᠎ᠤᠨ ᠠᠮᠢᠳᠤᠷᠠᠯ᠎ᠤᠨ ᠪᠠᠳᠤᠯᠠᠪᠤᠷᠢ ᠵᠢᠨ ᠠᠵᠢᠯ᠎ᠳᠤ ᠭᠡᠷᠡᠭᠯᠡᠬᠦ᠎ᠠᠴᠠ ᠪᠢᠰᠢ ᠬᠠᠷᠢᠨ ᠳᠤᠷ᠎ᠠ ᠳᠠᠪᠠ᠎ᠪᠠᠷ ᠵᠶ᠋ᠡᠨ ᠦᠷᠭᠡᠳᠭᠡᠨ ᠭᠡᠷᠡᠭᠯᠡᠵᠤ ᠪᠤᠯᠬᠤ ᠦᠭᠡᠢ᠃
      ᠬᠤᠶᠠᠷ᠂ ᠬᠠᠷᠭᠤᠭᠤᠯᠬᠤ ᠠᠭᠤᠯᠭ᠎ᠠ
      ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠰᠠᠯᠠᠭ᠎ᠠ ᠮᠦᠴᠢᠷ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦᠨ᠎ᠤ ᠬᠠᠮᠢᠶᠠᠷᠤᠯᠳᠠ ᠵᠢᠨ ᠳᠦᠪ᠎ᠠᠴᠠ ᠬᠤᠯᠪᠤᠭᠳᠠᠯ ᠪᠦᠬᠦᠢ ᠮᠡᠳᠡᠭᠡ ᠵᠠᠩᠬᠢ ᠵᠢ ᠬᠠᠩᠭ᠋ᠠᠨ᠎ᠠ᠃
     (ᠨᠢᠭᠡ) ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦ ᠵᠢᠨ ᠮᠡᠳᠡᠭᠡ ᠵᠠᠩᠬᠢ
     1. ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦᠨ᠎ᠤ ᠦᠨᠳᠦᠰᠤᠨ ᠮᠡᠳᠡᠭᠡ ᠵᠠᠩᠬᠢ᠎ᠳᠤ ᠭᠤᠤᠯᠳᠠᠭᠤ ᠤᠪᠤᠭ ᠨᠡᠷ᠎ᠠ᠂ ᠦᠨᠡᠮᠯᠡᠯ᠎ᠤᠨ ᠳᠦᠷᠦᠯ ᠵᠦᠢ᠍ᠯ᠂ ᠦᠨᠡᠮᠯᠡᠯ᠎ᠤᠨ ᠨᠤᠮᠸᠷ᠂ ᠬᠤᠪᠢ ᠬᠦᠮᠦᠨ᠎ᠤ ᠳᠠᠩᠰᠠ ᠲᠡᠮᠲᠡᠭᠯᠡᠯ᠂ ᠬᠤᠪᠢ ᠬᠦᠮᠦᠨ᠎ᠤ ᠳᠠᠩᠰᠠᠨ᠎ᠳᠠᠬᠢ ᠦᠯᠡᠳᠡᠭᠰᠡᠨ ᠵᠤᠭᠤᠰ ᠮᠦᠩᠬᠦ᠂ ᠬᠤᠪᠢ ᠬᠦᠮᠦᠨ᠎ᠤ ᠳᠠᠩᠰᠠᠨ ᠨᠤᠮᠸᠷ᠂ ᠳᠠᠩᠰᠠ ᠲᠡᠮᠲᠡᠭᠯᠡᠯ ᠭᠠᠷᠭ᠋ᠠᠭᠰᠠᠨ ᠠ᠋ᠳᠤᠷ ᠬᠤᠭᠤᠴᠠᠭ᠎ᠠ᠂ ᠬᠤᠪᠢ ᠬᠦᠮᠦᠨ᠎ᠤ ᠰᠠᠷ᠎ᠠ ᠪᠦᠷᠢ ᠵᠢᠨ ᠬᠤᠷᠢᠶᠠᠵᠤ ᠬᠠᠳᠠᠭ᠋ᠠᠯᠠᠭᠰᠠᠨ ᠵᠤᠭᠤᠰ᠎ᠤᠨ ᠳᠤᠭ᠎ᠠ ᠭᠡᠮᠵᠢᠶ᠎ᠡ ᠵᠢ ᠪᠠᠭᠳᠠᠭ᠋ᠠᠨ᠎ᠠ᠃
     2. ᠤᠷᠤᠨ ᠰᠠᠭᠤᠴᠠ ᠵᠢᠨ ᠨᠠᠢ᠌ᠳᠠ ᠵᠢᠨ ᠬᠤᠷᠠᠮᠳᠤᠯᠭ᠎ᠠ ᠵᠢᠨ ᠮᠦᠩᠬᠦ ᠵᠢ ᠭᠠᠷᠭ᠋ᠠᠨ ᠠᠪᠤᠭᠰᠠᠨ ᠨᠠᠷᠢᠨ ᠳᠠᠩᠰᠠᠨ᠎ᠳᠤ ᠭᠤᠤᠯᠳᠠᠭᠤ ᠤᠪᠤᠭ ᠨᠡᠷ᠎ᠠ᠂ ᠦᠨᠡᠮᠯᠡᠯ᠎ᠤᠨ ᠳᠦᠷᠦᠯ ᠵᠦᠢ᠍ᠯ᠂ ᠦᠨᠡᠮᠯᠡᠯ᠎ᠤᠨ ᠨᠤᠮᠸᠷ᠂ ᠬᠤᠪᠢ ᠬᠦᠮᠦᠨ᠎ᠤ ᠳᠠᠩᠰᠠ ᠲᠡᠮᠲᠡᠭᠯᠡᠯ᠂ ᠭᠠᠷᠭ᠋ᠠᠵᠤ ᠠᠪᠤᠭᠰᠠᠨ ᠳᠠᠩᠰᠠ ᠲᠡᠮᠲᠡᠭᠯᠡᠯ᠂ ᠭᠠᠷᠭ᠋ᠠᠵᠤ ᠠᠪᠤᠭᠰᠠᠨ ᠵᠤᠭᠤᠰᠤᠨ ᠳᠤᠭ᠎ᠠ᠂ ᠭᠠᠷᠭ᠋ᠠᠵᠤ ᠠᠪᠤᠭᠰᠠᠨ ᠠ᠋ᠳᠤᠷ ᠬᠤᠭᠤᠴᠠᠭ᠎ᠠ᠂ ᠭᠠᠷᠭ᠋ᠠᠵᠤ ᠠᠪᠤᠭᠰᠠᠨ ᠤᠴᠢᠷ ᠰᠢᠯᠳᠠᠭ᠋ᠠᠨ ᠵᠡᠷᠭᠡ ᠵᠢ ᠪᠠᠭᠳᠠᠭ᠋ᠠᠨ᠎ᠠ᠃
     3. ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦ ᠵᠢᠨ ᠵᠢᠭᠡᠯᠡᠯᠭᠡ ᠵᠢᠨ ᠨᠠᠷᠢᠨ ᠳᠠᠩᠰᠠ᠎ᠳᠤ ᠭᠤᠤᠯᠳᠠᠭᠤ ᠤᠪᠤᠭ ᠨᠡᠷ᠎ᠠ᠂ ᠦᠨᠡᠮᠯᠡᠯ᠎ᠤᠨ ᠳᠦᠷᠦᠯ ᠵᠦᠢ᠍ᠯ᠂ ᠦᠨᠡᠮᠯᠡᠯ᠎ᠤᠨ ᠨᠤᠮᠸᠷ᠂ ᠵᠢᠭᠡᠯᠡᠯᠭᠡ ᠲᠠᠯᠪᠢᠭᠰᠠᠨ ᠳᠤᠭ᠎ᠠ ᠭᠡᠮᠵᠢᠶ᠎ᠡ᠂ ᠵᠢᠭᠡᠯᠡᠯᠭᠡ ᠳᠠᠯᠪᠢᠭᠰᠠᠨ ᠠ᠋ᠳᠤᠷ ᠬᠤᠭᠤᠴᠠᠭ᠎ᠠ᠂ ᠵᠢᠭᠡᠯᠡᠯᠭᠡ ᠵᠢᠨ ᠬᠤᠭᠤᠴᠠᠭ᠎ᠠ᠂ ᠠ᠋ᠭᠡ ᠮᠦᠩᠬᠦ ᠵᠢᠨ ᠬᠤᠷᠢᠶᠠᠵᠤ ᠠᠪᠴᠢᠷᠠᠭᠰᠠᠨ ᠶᠡᠷᠦᠩᠭᠡᠢ ᠳᠤᠭ᠎ᠠ᠂ ᠬᠦᠤ ᠮᠦᠩᠬᠦ ᠬᠤᠷᠢᠶᠠᠬᠰᠠᠨ ᠶᠡᠷᠦᠩᠭᠡᠢ ᠳᠤᠭ᠎ᠠ᠂ ᠵᠢᠭᠡᠯᠡᠯᠭᠡ ᠵᠢᠨ ᠪᠠᠢ᠌ᠳᠠᠯ ᠵᠡᠷᠭᠡ ᠵᠢ ᠪᠠᠭᠳᠠᠭ᠋ᠠᠨ᠎ᠠ᠃
     (ᠬᠤᠶᠠᠷ) ᠤᠷᠤᠨ ᠰᠠᠭᠤᠴᠠ ᠵᠢᠨ ᠪᠠᠳᠤᠯᠠᠪᠤᠷᠢ ᠵᠢᠨ ᠮᠡᠳᠡᠭᠡ ᠵᠠᠩᠬᠢ
     1. ᠬᠤᠳᠠ ᠪᠠᠯᠭ᠋ᠠᠰᠤᠨ᠎ᠤ ᠤᠷᠤᠨ ᠰᠠᠭᠤᠴᠠ ᠵᠢᠨ ᠪᠠᠳᠤᠯᠠᠪᠤᠷᠢ ᠬᠦᠷᠳᠡᠬᠦ ᠮᠡᠳᠡᠭᠡ ᠵᠠᠩᠬᠢ᠎ᠳᠤ ᠭᠤᠤᠯᠳᠠᠭᠤ ᠤᠪᠤᠭ ᠨᠡᠷ᠎ᠡ᠂ ᠪᠡᠶ᠎ᠡ ᠵᠢᠨ ᠦᠨᠡᠮᠯᠡᠯ᠎ᠤᠨ ᠨᠤᠮᠸᠷ᠂ ᠠᠵᠢᠯᠯᠠᠵᠤ ᠪᠠᠢ᠌ᠭ᠎ᠠ ᠨᠢᠭᠡᠴᠢ᠂ ᠪᠠᠳᠤᠯᠠᠪᠤᠷᠢ ᠵᠢᠨ ᠤᠷᠤᠨ ᠰᠠᠭᠤᠴᠠ ᠵᠢᠨ ᠳᠦᠷᠦᠯ ᠵᠦᠢ᠍ᠯ᠂ ᠤᠷᠤᠨ ᠰᠠᠭᠤᠴᠠ ᠵᠢᠨ ᠪᠠᠢ᠌ᠷᠢᠰᠢᠭᠰᠠᠨ ᠭᠠᠵᠠᠷ ᠣᠷᠣᠨ᠂ ᠪᠠᠳᠤᠯᠠᠪᠤᠷᠢ ᠵᠢᠨ ᠤᠷᠤᠨ ᠰᠠᠭᠤᠴᠠ ᠵᠢᠨ ᠳᠠᠯᠠᠪᠠᠢ᠂ ᠬᠤᠳᠠᠯᠳᠤᠨ ᠠᠪᠤᠭᠰᠠᠨ ᠪᠤᠶᠤ ᠳᠦᠷᠢᠶᠡᠰᠦᠯᠡᠭᠰᠡᠨ ᠴᠠᠭ ᠬᠤᠭᠤᠴᠠᠭ᠎ᠠ᠂ ᠬᠤᠳᠠᠯᠳᠤᠨ ᠠᠪᠤᠭᠰᠠᠨ ᠪᠤᠶᠤ ᠳᠦᠷᠢᠶᠡᠰᠦᠯᠡᠭᠰᠡᠨ ᠦᠨ᠎ᠡ ᠬᠠᠩᠰᠢ᠂ ᠲᠦᠷᠢᠶᠡᠰᠤᠯᠡᠭᠰᠡᠨ ᠨᠦᠬᠦᠪᠤᠷᠢ ᠵᠤᠭᠤᠰᠤᠨ ᠳᠤᠭ᠎ᠠ᠂ ᠠᠪᠴᠤ ᠰᠠᠭᠤᠭᠰᠠᠨ ᠴᠠᠭ ᠬᠤᠭᠤᠴᠠᠭ᠎ᠠ ᠵᠡᠷᠭᠡ ᠪᠠᠭᠳᠠᠨ᠎ᠠ᠃
     2. ᠬᠦᠳᠡᠭᠡ ᠳᠤᠰᠬᠤᠨ᠎ᠤ ᠨᠤᠷᠠᠬᠤ ᠠᠶᠤᠯᠳᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠬᠤᠯᠪᠤᠭᠳᠠᠯ ᠪᠦᠬᠦᠢ ᠮᠡᠳᠡᠭᠡ ᠵᠠᠩᠬᠢ᠎ᠳᠤ ᠭᠤᠤᠯᠳᠠᠭᠤ ᠤᠪᠤᠭ ᠨᠡᠷ᠎ᠠ᠂ ᠦᠨᠡᠮᠯᠡᠯ᠎ᠤᠨ ᠳᠦᠷᠦᠯ ᠵᠦᠢ᠍ᠯ᠂ ᠦᠨᠡᠮᠯᠡᠯ᠎ᠤᠨ ᠨᠤᠮᠸᠷ᠂ ᠰᠢᠨᠡᠳᠬᠡᠨ ᠵᠠᠰᠠᠬᠤ ᠨᠤᠷᠠᠬᠤ ᠠᠶᠤᠯᠳᠠᠢ ᠭᠡᠷ ᠪᠠᠢ᠌ᠰᠢᠩ᠎ᠤᠨ ᠳᠠᠯᠠᠪᠠᠢ᠂ ᠨᠦᠬᠦᠪᠦᠷᠢ ᠮᠦᠩᠬᠦ ᠵᠡᠷᠭᠡ ᠪᠠᠭᠳᠠᠨ᠎ᠠ᠃
     (ᠭᠤᠷᠪᠠ) ᠤᠷᠤᠨ ᠰᠠᠭᠤᠴᠠ ᠵᠢᠨ ᠠᠷᠠᠯᠵᠢᠶᠠᠨ᠎ᠤ ᠮᠡᠳᠡᠭᠡ ᠵᠠᠩᠬᠢ
      ᠤᠷᠤᠨ ᠰᠠᠭᠤᠴᠠ ᠵᠢᠨ ᠠᠷᠠᠯᠵᠢᠶᠠᠨ᠎ᠤ ᠬᠤᠯᠪᠤᠭᠳᠠᠯ ᠪᠦᠬᠦᠢ ᠮᠡᠳᠡᠭᠡ ᠵᠠᠩᠬᠢ᠎ᠳᠤ ᠭᠤᠤᠯᠳᠠᠭᠤ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠷᠢᠯᠳᠦᠬᠦᠨ᠎ᠤ ᠤᠷᠤᠨ ᠰᠠᠭᠤᠴᠠ ᠵᠢᠨ ᠠᠷᠠᠯᠵᠢᠶᠠᠨ ᠶᠠᠪᠤᠴᠠ᠎ᠳᠠᠬᠢ ᠤᠪᠤᠭ ᠨᠡᠷ᠎ᠠ᠂ ᠪᠡᠶ᠎ᠡ ᠵᠢᠨ ᠭᠠᠷᠤᠯ (ᠬᠤᠳᠠᠯᠳᠤᠨ ᠠᠪᠤᠭᠰᠠᠨ ᠪᠤᠶᠤ ᠬᠤᠳᠠᠯᠳᠤᠵᠤ ᠭᠠᠷᠭ᠋ᠠᠭᠰᠠᠨ)᠂ ᠦᠨᠡᠮᠯᠡᠯ᠎ᠤᠨ ᠳᠦᠷᠦᠯ ᠵᠦᠢ᠍ᠯ᠂ ᠦᠨᠡᠮᠯᠡᠯ᠎ᠤᠨ ᠨᠤᠮᠸᠷ᠂ ᠤᠷᠤᠨ ᠰᠠᠭᠤᠴᠠ ᠵᠢᠨ ᠠᠷᠠᠯᠵᠢᠶ᠎ᠠ ᠬᠢᠭᠰᠡᠨ ᠭᠠᠵᠠᠷ ᠤᠷᠤᠨ᠂ ᠳᠠᠯᠠᠪᠠᠢ᠂ ᠵᠤᠭᠤᠰ ᠮᠦᠩᠬᠦ᠂ ᠴᠠᠭ ᠬᠤᠭᠤᠴᠠᠭ᠎ᠠ ᠵᠡᠷᠭᠡ ᠵᠢ ᠪᠠᠭᠳᠠᠭ᠋ᠠᠨ᠎ᠠ᠃
     (ᠳᠦᠷᠪᠡ) ᠤᠷᠤᠭ᠎ᠤᠨ ᠮᠡᠳᠡᠭᠡ ᠵᠠᠩᠬᠢ
      ᠤᠷᠤᠭ᠎ᠤᠨ ᠬᠤᠯᠪᠤᠭᠳᠠᠯ ᠪᠦᠬᠦᠢ ᠮᠡᠳᠡᠭᠡ ᠵᠠᠩᠬᠢ᠎ᠳᠤ ᠭᠤᠤᠯᠳᠠᠭᠤ ᠳᠠᠩᠰᠠᠯᠠᠵᠤ ᠤᠷᠤᠭᠯᠠᠭᠰᠠᠨ ᠭᠠᠵᠠᠷ᠂ ᠳᠠᠩᠰᠠᠯᠠᠭᠰᠠᠨ ᠴᠠᠭ ᠬᠤᠭᠤᠴᠠᠭ᠎ᠠ᠂ ᠠ᠋ᠷᠡᠭᠳᠡᠢ ᠠ᠋ᠮᠡᠭᠳᠡᠢ ᠬᠤᠶᠠᠷ ᠳᠠᠯ᠎ᠠ ᠵᠢᠨ ᠤᠪᠤᠭ ᠨᠡᠷ᠎ᠠ᠂ ᠠ᠋ᠷᠭᠡᠳᠤ ᠠᠷᠠᠳ᠎ᠤᠨ ᠪᠡᠶ᠎ᠡ ᠵᠢᠨ ᠦᠨᠡᠮᠯᠡᠯ᠎ᠤᠨ ᠨᠤᠮᠸᠷ᠂ ᠦᠨᠳᠦᠰᠦᠳᠡᠨ᠂ ᠤᠯᠤᠰ᠎ᠤᠨ ᠬᠠᠷᠢᠶ᠎ᠠ᠂ ᠳᠤᠬᠠᠢ᠌ᠯᠠᠭᠰᠠᠨ ᠠᠵᠢᠯ᠎ᠤᠨ ᠳᠦᠷᠦᠯ ᠵᠦᠢ᠍ᠯ ᠵᠡᠷᠭᠡ ᠵᠢ ᠪᠠᠭᠳᠠᠭ᠋ᠠᠨ᠎ᠠ᠃
      ᠭᠤᠷᠪᠠ᠂ ᠬᠠᠷᠭᠤᠭᠤᠯᠬᠤ ᠠᠷᠭ᠎ᠠ ᠭᠡᠯᠪᠡᠷᠢ
      ᠮᠡᠳᠡᠭᠡ ᠵᠠᠩᠬᠢ ᠵᠢ ᠬᠠᠷᠭᠤᠭᠤᠯᠬᠤ᠎ᠳᠤ᠎ᠪᠠᠨ ᠳᠤᠤᠷ ᠰᠦᠯᠵᠢᠶ᠎ᠡ᠎ᠪᠠᠷ ᠰᠤᠯᠢᠯᠴᠠᠬᠤ ᠠᠷᠭ᠎ᠠ᠎ᠪᠠᠷ ᠭᠤᠤᠯ ᠪᠤᠯᠭ᠋ᠠᠨ᠎ᠠ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ ᠪᠠ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠰᠠᠯᠠᠭ᠎ᠠ ᠮᠦᠴᠢᠷ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦᠨ᠎ᠤ ᠬᠠᠮᠢᠶᠠᠷᠤᠯᠳᠠ ᠵᠢᠨ ᠳᠦᠪ᠎ᠤᠨ᠎ᠬᠢᠨ ᠵᠠᠰᠠᠭ᠎ᠤᠨ ᠤᠷᠳᠤᠨ᠎ᠤ ᠮᠡᠳᠡᠭᠡ ᠵᠠᠩᠬᠢᠵᠢᠯᠳᠠ ᠵᠢᠨ ᠰᠠᠭᠤᠷᠢ ᠳᠦᠬᠦᠭᠡᠷᠦᠮᠵᠢ ᠵᠢ ᠬᠦᠢ᠍ᠴᠡᠳ ᠠᠰᠢᠭᠯᠠᠨ᠂ ᠠᠮᠤᠷ ᠳᠦᠪᠰᠢᠨ᠎ᠢ ᠪᠠᠳᠤᠯᠠᠬᠤ ᠤᠷᠢᠳᠠᠯ ᠳᠤᠤᠷ᠎ᠠ ᠳᠤᠤᠷ ᠰᠦᠯᠵᠢᠶᠡᠨ᠎ᠤ ᠳᠦᠷᠦᠯ ᠵᠦᠢ᠍ᠯ ᠪᠤᠯᠤᠨ ᠦᠷᠭᠡᠨ ᠪᠦᠰᠡᠲᠤ ᠰᠦᠯᠵᠢᠶ᠎ᠡ ᠵᠢᠴᠢ ᠪᠤᠰᠤᠳ ᠵᠦᠭᠡᠯᠡᠨ ᠳᠤᠨᠤᠭᠯᠠᠯ᠎ᠢ ᠵᠦᠪᠳᠡᠯᠴᠡᠨ ᠳᠦᠬᠦᠷᠵᠢᠬᠦᠯᠬᠦ ᠵᠢᠨ ᠬᠠᠮᠳᠤ ᠳᠠᠷᠤᠢ ᠳᠦᠷᠭᠡᠨ ᠨᠠᠢ᠌ᠳᠠᠪᠤᠷᠢᠵᠢᠭᠤᠯᠬᠤ ᠵᠢ ᠪᠠᠳᠤᠯᠠᠬᠤ ᠭᠡᠷᠡᠭᠳᠡᠢ᠃
      ᠳᠤᠤᠷ ᠰᠦᠯᠵᠢᠶ᠎ᠠ᠎ᠪᠠᠷ ᠰᠤᠯᠢᠯᠴᠠᠬᠤ ᠨᠦᠬᠦᠴᠡᠯ ᠪᠣᠯᠤᠯᠴᠠᠭ᠎ᠠ ᠦᠭᠡᠢ ᠭᠠᠵᠠᠷ ᠤᠷᠤᠨ᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠳᠤᠮᠳᠠ᠎ᠨᠢ ᠵᠠᠭᠤᠴᠢ ᠪᠣᠯᠵᠤ᠂ ᠠ᠋ᠯᠸᠺᠲᠷᠤᠨ ᠬᠦᠰᠦᠨᠦᠭᠳᠤ ᠵᠢᠨ ᠭᠡᠯᠪᠡᠷᠢ᠎ᠪᠠᠷ ᠬᠠᠷᠭᠤᠭᠤᠯᠬᠤ ᠴᠢᠬᠤᠯᠠ᠎ᠲᠠᠢ ᠮᠡᠳᠡᠭᠡ ᠵᠠᠩᠬᠢ ᠵᠢᠨ ᠳᠤᠭ᠎ᠠ ᠮᠠᠭ᠋ᠠᠳ᠎ᠢ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠰᠠᠯᠠᠭ᠎ᠠ ᠮᠦᠴᠢᠷ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦᠨ᠎ᠤ ᠬᠠᠮᠢᠶᠠᠷᠤᠯᠳᠠ ᠵᠢᠨ ᠳᠦᠪ᠎ᠲᠤ ᠢᠯᠡᠭᠡᠨ ᠮᠡᠳᠡᠬᠦᠯᠵᠤ ᠪᠤᠯᠤᠨ᠎ᠠ᠃ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠰᠠᠯᠠᠭ᠎ᠠ ᠮᠦᠴᠢᠷ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦᠨ᠎ᠤ ᠬᠠᠮᠢᠶᠠᠷᠤᠯᠳᠠ ᠵᠢᠨ ᠳᠦᠪ᠎ᠨᠢ ᠬᠠᠷᠭᠤᠭᠤᠯᠵᠤ ᠪᠠᠷᠠᠭᠰᠠᠨ᠎ᠤ ᠳᠠᠷᠠᠭ᠎ᠠ ᠮᠦᠨ ᠳᠤᠭᠳᠠᠭᠰᠠᠨ ᠭᠡᠯᠪᠡᠷᠢ᠂ ᠳᠤᠭᠳᠠᠭᠰᠠᠨ ᠬᠤᠭᠤᠴᠠᠭ᠋ᠠᠨ᠎ᠳᠤ᠎ᠪᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠬᠠᠷᠢᠭᠤ ᠳᠤᠰᠬᠠᠨ᠎ᠠ᠃
      ᠳᠦᠷᠪᠡ᠂ ᠬᠠᠷᠭᠤᠭᠤᠯᠬᠤ ᠶᠠᠪᠤᠴᠠ
     (ᠨᠢᠭᠡ) ᠠ᠋ᠷᠭᠡ ᠤᠯᠭᠤᠵᠤ ᠬᠠᠷᠭᠤᠭᠤᠯᠬᠤ᠃ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠬᠦᠮᠦᠰ᠎ᠤᠨ ᠬᠤᠯᠪᠤᠭᠳᠠᠯ ᠪᠦᠬᠦᠢ ᠮᠡᠳᠡᠭᠡ ᠵᠠᠩᠬᠢ ᠵᠢ ᠬᠠᠷᠭᠤᠭᠤᠯᠬᠤ᠎ᠳᠤ᠎ᠪᠠᠨ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠷᠢᠯᠳᠦᠬᠦᠨ ᠪᠦᠬᠦᠨ ᠵᠶ᠋ᠠᠷ ᠵᠦᠪᠰᠢᠶᠡᠷᠡᠭᠦᠯᠤᠨ᠎ᠡ᠃ ᠠ᠋ᠷᠭᠡ ᠵᠢ ᠤᠯᠭᠤᠭᠰᠠᠨ᠎ᠤ ᠳᠠᠷᠠᠭ᠎ᠠ ᠰᠠᠶᠢ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠰᠠᠯᠠᠭ᠎ᠠ ᠮᠦᠴᠢᠷ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦᠨ᠎ᠤ ᠬᠠᠮᠢᠶᠠᠷᠤᠯᠳᠠ ᠵᠢᠨ ᠳᠦᠪ᠎ᠲᠤ ᠬᠠᠷᠭᠤᠭᠤᠯᠬᠤ ᠭᠡᠷᠡᠭᠴᠡᠭᠡ ᠱᠠᠭ᠋ᠠᠷᠳᠠᠯᠭ᠎ᠠ᠎ᠪᠠᠨ ᠳᠤᠷᠠᠳᠤᠨ᠎ᠠ᠃ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠬᠠᠤᠯᠢ ᠶᠤᠰᠤ᠎ᠪᠠᠷ ᠪᠠᠢ᠌ᠭᠤᠯᠤᠭᠰᠠᠨ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠪᠠᠢ᠌ᠭᠤᠯᠤᠮᠵᠢ᠎ᠳᠤ ᠨᠠᠢ᠌ᠳᠠᠨ ᠬᠠᠷᠭᠤᠭᠤᠯᠠᠭᠤᠯᠤᠨ᠎ᠠ᠃
     (ᠬᠤᠶᠠᠷ) ᠮᠡᠳᠡᠭᠡ ᠵᠠᠩᠬᠢ ᠬᠠᠩᠭ᠋ᠠᠬᠤ᠃ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠬᠦᠮᠦᠰ᠎ᠢ ᠨᠣᠲᠠᠯᠠᠨ ᠳᠤᠭᠳᠠᠭ᠋ᠠᠬᠤ ᠠᠵᠢᠯ᠎ᠤᠨ ᠭᠡᠷᠡᠭᠴᠡᠭᠡ ᠵᠢ ᠦᠨᠳᠦᠰᠦᠯᠡᠨ᠂ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠰᠠᠯᠠᠭ᠎ᠠ ᠮᠦᠴᠢᠷ᠂ ᠤᠷᠤᠨ ᠰᠠᠭᠤᠴᠠ ᠵᠢᠨ ᠨᠠᠢ᠌ᠳᠠ ᠵᠢᠨ ᠬᠤᠷᠠᠮᠳᠤᠯᠭ᠎ᠠ ᠵᠢᠨ ᠮᠦᠩᠬᠦᠨ᠎ᠤ ᠬᠠᠮᠢᠶᠠᠷᠤᠯᠳᠠ ᠵᠢᠨ ᠳᠦᠪ᠎ᠲᠤ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠬᠦ ᠪᠦᠷᠢᠯᠳᠦᠬᠦᠨ᠎ᠤ ᠤᠪᠤᠭ ᠨᠡᠷ᠎ᠠ᠂ ᠦᠨᠡᠮᠯᠡᠯ᠎ᠤᠨ ᠳᠦᠷᠦᠯ ᠵᠦᠢ᠍ᠯ᠂ ᠦᠨᠡᠮᠯᠡᠯ᠎ᠤᠨ ᠨᠤᠮᠸᠷ᠂ ᠭᠤᠶᠤᠴᠢᠯᠠᠭᠰᠠᠨ ᠰᠢᠯᠳᠠᠭ᠋ᠠᠨ᠂ ᠪᠠᠢ᠌ᠴᠠᠭ᠋ᠠᠨ ᠯᠠᠪᠯᠠᠭᠰᠠᠨ ᠠᠭᠤᠯᠭ᠎ᠠ᠂ ᠪᠠᠢ᠌ᠴᠠᠭ᠋ᠠᠨ ᠯᠠᠪᠯᠠᠭᠰᠠᠨ ᠴᠠᠭ ᠬᠤᠭᠤᠴᠠᠭ᠎ᠠ ᠵᠡᠷᠭᠡ ᠳᠤᠭ᠎ᠠ ᠪᠠᠷᠢᠮᠳᠠ ᠵᠢ ᠬᠠᠩᠭ᠋ᠠᠬᠤ ᠭᠡᠷᠭᠳᠡᠢ᠃
     (ᠭᠤᠷᠪᠠ) ᠮᠡᠳᠡᠭᠡ ᠵᠠᠩᠬᠢ ᠵᠢ ᠬᠠᠷᠢᠭᠤ ᠳᠤᠰᠬᠠᠬᠤ᠃ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠰᠠᠯᠠᠭ᠎ᠠ ᠮᠦᠴᠢᠷ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦᠨ᠎ᠤ ᠬᠠᠮᠢᠶᠠᠷᠤᠯᠳᠠ ᠵᠢᠨ ᠳᠦᠪ᠎ᠨᠢ ᠰᠠᠯᠠᠭ᠎ᠠ ᠮᠦᠴᠢᠷ᠎ᠤᠨ ᠬᠤᠭᠤᠷᠤᠨᠳᠤᠬᠢ ᠪᠣᠯᠵᠣᠭᠰᠠᠨ ᠴᠠᠭ ᠬᠤᠭᠤᠴᠠᠭ᠋ᠠᠨ᠎ᠳᠠᠭᠠᠨ ᠮᠡᠳᠡᠭᠡ ᠵᠠᠩᠬᠢ ᠵᠢ ᠬᠠᠷᠢᠭᠤ ᠳᠤᠰᠬᠠᠬᠤ ᠮᠦᠷᠳᠡᠭᠡᠨ ᠳᠤᠭ᠎ᠠ ᠮᠠᠭ᠋ᠠᠳ᠎ᠤᠨ ᠦᠨᠡᠨ ᠪᠤᠳᠠᠳᠤ ᠴᠢᠨᠠᠷ᠂ ᠴᠠᠭ ᠬᠤᠭᠤᠴᠠᠭ᠋ᠠᠲᠤ ᠴᠢᠨᠠᠷ ᠪᠤᠯᠤᠨ ᠪᠦᠷᠢᠨ ᠪᠦᠲᠤᠨ ᠴᠢᠨᠠᠷ᠎ᠢ ᠪᠠᠳᠤᠯᠠᠬᠤ ᠭᠡᠷᠡᠭᠳᠡᠢ᠃
      ᠳᠠᠪᠤ᠂ ᠪᠠᠳᠤᠯᠠᠪᠤᠷᠢ ᠵᠢᠨ ᠠᠷᠭ᠎ᠠ ᠭᠡᠮᠵᠢᠶ᠎ᠡ
     (ᠨᠢᠭᠡ) ᠵᠤᠬᠢᠶᠠᠨ ᠪᠠᠢ᠌ᠭᠤᠯᠤᠯᠳᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠭᠡᠷᠡᠭᠳᠡᠢ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠂ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠰᠠᠯᠠᠭ᠎ᠠ ᠮᠦᠴᠢᠷ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦᠨ᠎ᠤ ᠬᠠᠮᠢᠶᠠᠷᠤᠯᠳᠠ ᠵᠢᠨ ᠳᠦᠪ᠎ᠨᠢ ᠳᠤᠬᠠᠢ ᠵᠢᠨ ᠭᠠᠵᠠᠷ᠎ᠤᠨ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠤᠳᠤᠷᠢᠳᠤᠯᠭ᠎ᠠ ᠳᠤᠤᠷ᠎ᠠ᠂ ᠰᠠᠯᠠᠭ᠎ᠠ ᠮᠦᠴᠢᠷ ᠠᠯᠤᠰᠯᠠᠭᠰᠠᠨ ᠮᠡᠳᠡᠭᠡ ᠵᠠᠩᠬᠢ ᠵᠢ ᠪᠠᠢ᠌ᠴᠠᠭ᠋ᠠᠨ ᠯᠠᠪᠯᠠᠬᠤ ᠳᠤᠭᠳᠠᠴᠠ ᠵᠢᠨ ᠪᠠᠢ᠌ᠭᠤᠯᠤᠯᠳᠠ᠎ᠪᠠᠨ ᠳᠦᠷᠭᠡᠳᠭᠡᠬᠦ ᠭᠡᠷᠡᠭᠳᠡᠢ᠃ ᠠᠢ᠌ᠮᠠᠭ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ᠂ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠳᠤᠪᠴᠢᠶ᠎ᠠ (ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠵᠦᠪᠯᠡᠯ᠂ ᠭᠡᠷ ᠬᠦᠷᠦᠩᠭᠡ ᠵᠢᠨ ᠬᠠᠮᠢᠶᠠᠷᠤᠯᠳᠠ ᠵᠢᠨ ᠳᠤᠪᠴᠢᠶ᠎ᠠ)᠎ᠨᠢ 4 ᠳ᠋ᠤᠭᠡᠷ ᠰᠠᠷ᠎ᠠ ᠵᠢᠨ ᠰᠡᠬᠦᠯᠴᠢ᠎ᠠᠴᠠ ᠠ᠋ᠮᠤᠨ᠎ᠠ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦ᠂ ᠤᠷᠤᠨ ᠰᠠᠭᠤᠴᠠ ᠵᠢᠨ ᠪᠠᠳᠤᠯᠠᠪᠤᠷᠢ᠂ ᠤᠷᠤᠨ ᠰᠠᠭᠤᠴᠠ ᠵᠢᠨ ᠠᠷᠠᠯᠵᠢᠶ᠎ᠠ ᠵᠡᠷᠭᠡ ᠮᠡᠳᠡᠭᠡ ᠵᠠᠩᠬᠢ ᠵᠢᠨ ᠪᠤᠳᠠᠳᠠᠢ ᠬᠠᠷᠭᠤᠭᠤᠯᠬᠤ ᠠᠷᠭ᠎ᠠ ᠠᠪᠴᠠᠯ ᠵᠶ᠋ᠠᠨ ᠳᠤᠭᠳᠠᠭ᠋ᠠᠨ᠂ ᠬᠠᠷᠭᠤᠭᠤᠯᠬᠤ ᠶᠠᠪᠤᠴᠠ᠂ ᠬᠠᠷᠭᠤᠭᠤᠯᠬᠤ ᠴᠠᠭ ᠬᠤᠭᠤᠴᠠᠭ᠎ᠠ᠂ ᠬᠠᠷᠭᠤᠭᠤᠯᠬᠤ ᠤᠳᠠᠭ᠎ᠠ ᠪᠤᠯᠤᠨ ᠦᠷ᠎ᠠ ᠳ᠋ᠦᠩ᠎ᠤᠨ ᠭᠡᠷᠡᠭᠯᠡᠬᠦ ᠠᠷᠭ᠎ᠠ ᠭᠡᠯᠪᠡᠷᠢ᠎ᠪᠠᠨ ᠳᠦᠷᠢᠮᠵᠢᠬᠦᠯᠦᠨ᠂ ᠮᠡᠳᠡᠭᠡ ᠵᠠᠩᠬᠢ ᠵᠢᠨ ᠬᠠᠷᠭᠤᠭᠤᠯᠬᠤ ᠠᠵᠢᠯ ᠦᠨᠡᠨᠬᠦ ᠪᠣᠳᠠᠳᠠᠢ ᠦᠷ᠎ᠡ ᠠᠰᠢᠭ ᠤᠯᠬᠤ ᠵᠢ ᠪᠠᠳᠤᠯᠠᠬᠤ ᠭᠡᠷᠡᠭᠳᠡᠢ᠃
     (ᠬᠤᠶᠠᠷ) ᠰᠠᠯᠠᠭ᠎ᠠ ᠮᠦᠴᠢᠷ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠭᠡᠷᠡᠭᠳᠡᠢ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠂ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠰᠠᠯᠠᠭ᠎ᠠ ᠮᠦᠴᠢᠷ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦᠨ᠎ᠤ ᠬᠠᠮᠢᠶᠠᠷᠤᠯᠳᠠ ᠵᠢᠨ ᠳᠦᠪ᠎ᠨᠢ ᠠᠵᠢᠯ᠎ᠤᠨ ᠭᠡᠷᠡᠭᠴᠡᠭᠡ᠎ᠪᠠᠨ ᠦᠨᠳᠦᠰᠦᠯᠡᠨ ᠵᠤᠬᠢᠬᠤ ᠬᠡᠮᠵᠢᠶᠡᠨ᠎ᠤ ᠵᠦᠭᠡᠯᠡᠨ ᠳᠤᠨᠤᠭᠯᠠᠯ᠎ᠢ ᠳᠦᠬᠦᠷᠵᠢᠬᠦᠯᠦᠨ ᠭᠡᠷᠡᠭᠯᠡᠵᠤ᠂ ᠳᠤᠭ᠎ᠠ ᠪᠠᠷᠢᠮᠳᠠ ᠰᠤᠯᠢᠯᠴᠠᠬᠤ ᠠᠵᠢᠯ ᠵᠶ᠋ᠠᠨ ᠯᠠᠪᠳᠠᠭᠤᠨ ᠪᠠᠳᠤᠳᠠᠢ᠂ ᠴᠠᠭ ᠳᠠᠷᠤᠢ᠎ᠳᠤ᠎ᠨᠢ ᠵᠠᠯᠭ᠋ᠠᠭ᠎ᠠ ᠦᠷᠭᠦᠯᠵᠢᠯᠡᠭᠰᠡᠨ᠂ ᠠᠮᠤᠷ ᠳᠦᠪᠰᠢᠨ᠎ᠢ ᠦᠨᠡᠨᠬᠦ ᠪᠠᠲᠤᠯᠠᠭᠰᠠᠨ ᠪᠠᠢ᠌ᠬᠤ ᠭᠡᠷᠡᠭᠳᠡᠢ᠃
     (ᠭᠤᠷᠪᠠ) ᠬᠠᠷᠢᠭᠤᠴᠠᠯᠭ᠎ᠠ ᠨᠡᠭᠡᠮᠵᠢᠯᠡᠬᠦ ᠵᠢ ᠴᠢᠩᠭ᠋ᠠᠳᠬᠠᠬᠤ ᠭᠡᠷᠡᠭᠳᠡᠢ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠂ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠰᠠᠯᠠᠭ᠎ᠠ ᠮᠦᠴᠢᠷ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦᠨ᠎ᠤ ᠬᠠᠮᠢᠶᠠᠷᠤᠯᠳᠠ ᠵᠢᠨ ᠳᠦᠪ᠎ᠨᠢ ᠣᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦ᠂ ᠤᠷᠤᠨ ᠰᠠᠭᠤᠴᠠ ᠵᠢᠨ ᠪᠠᠳᠤᠯᠠᠪᠤᠷᠢ᠂ ᠤᠷᠤᠨ ᠰᠠᠭᠤᠴᠠ ᠵᠢᠨ ᠠᠷᠠᠯᠵᠢᠶᠠᠨ᠎ᠤ ᠮᠡᠳᠡᠭᠡ ᠵᠠᠩᠬᠢ ᠵᠢ ᠪᠠᠢ᠌ᠴᠠᠭ᠋ᠠᠨ ᠯᠠᠪᠯᠠᠬᠤ ᠠᠵᠢᠯ᠎ᠳᠤ ᠬᠢᠨᠠᠯᠳᠠ ᠳᠠᠯᠪᠢᠨ ᠬᠠᠮᠢᠶᠠᠷᠬᠤ᠎ᠪᠠᠨ ᠴᠢᠩᠭ᠋ᠠᠳᠬᠠᠵᠤ᠂ ᠮᠡᠳᠡᠭᠡ ᠵᠠᠩᠬᠢ ᠵᠢ ᠪᠠᠢ᠌ᠴᠠᠭ᠋ᠠᠨ ᠯᠠᠪᠯᠠᠭᠰᠠᠨ ᠪᠠ ᠭᠡᠷᠡᠭᠯᠡᠭᠰᠡᠨ ᠪᠠᠢ᠌ᠳᠠᠯ ᠵᠶ᠋ᠠᠨ ᠬᠤᠭᠤᠴᠠᠭ᠎ᠠ᠎ᠲᠠᠢ᠎ᠪᠠᠷ ᠪᠠᠢ᠌ᠴᠠᠭ᠋ᠠᠬᠤ ᠭᠡᠷᠡᠭᠳᠡᠢ᠃
      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠳᠢᠩᠬᠢᠮ
     2017 ᠤᠨ᠎ᠤ 3 ᠳ᠋ᠤᠭ᠋ᠠᠷ ᠰᠠᠷ᠎ᠠ ᠵᠢᠨ 6᠎ᠤ ᠠ᠋ᠳᠤᠷ

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭ᠊ ᠵᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠠᠪᠤᠷᠠᠨ ᠳᠤᠰᠠᠯᠠᠯᠳᠠ ᠬᠢᠭᠡᠳ ᠶᠠᠳᠠᠭᠤ ᠵᠢ ᠳᠡᠳᠬᠦᠬᠦ ᠳᠦᠷᠦ ᠵᠢᠨ ᠪᠤᠳᠤᠯᠭ᠎ᠠ ᠵᠢ ᠠᠪᠴᠠᠯᠳᠤᠭᠤᠯᠬᠤ ᠳᠤᠬᠠᠢ ᠳᠦᠰᠦᠯ
ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠠᠴᠠ 2016 ᠤᠨ᠎ᠤ ᠪᠦᠭᠦ ᠤᠷᠤᠨ᠎ᠤ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠪᠠᠷᠢᠮᠵᠢᠶ᠎ᠠ᠎ᠲᠠᠢ ᠬᠣᠯᠪᠣᠭᠳᠠᠬᠤ ᠤᠴᠢᠷ ᠶᠠᠪᠤᠳᠠᠯ᠎ᠤᠨ ᠲᠤᠬᠠᠢ ᠮᠡᠳᠡᠭᠳᠡᠯ᠎ᠢ ᠬᠡᠪᠯᠡᠨ ᠳᠠᠷᠬᠠᠭ᠋ᠠᠪᠠ
ᠳᠤᠮᠳᠠᠲᠤ ᠤᠯᠤᠰ᠎ᠤᠨ ᠡᠪ ᠬᠠᠮᠲᠦ ᠨᠠᠮ᠎ᠤᠨ ᠠᠷᠢᠭᠤᠨ ᠴᠢᠭᠡᠴᠢ᠎ᠪᠠᠷ ᠪᠡᠶ᠎ᠡ᠎ᠪᠠᠨ ᠴᠢᠩᠭ᠎ᠠ ᠱᠠᠭ᠋ᠠᠷᠳᠠᠬᠤ ᠲᠦᠷᠢᠮ
ᠤᠨᠴᠠᠯᠠᠨ ᠬᠠᠷᠠᠭ᠋ᠠᠯᠵᠠᠬᠤ ᠠ᠋ᠲᠡᠭᠡᠳ᠎ᠲᠤ ᠤᠷᠤᠨ ᠰᠠᠭᠤᠴᠠ ᠵᠢᠨ ᠬᠠᠷᠭ᠋ᠠᠯᠵᠠᠯ ᠬᠦᠷᠲᠡᠭᠡᠬᠦ ᠠᠷᠭ᠎ᠠ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠴᠡᠷᠢᠭ᠎ᠢ ᠠᠰᠠᠷᠠᠨ ᠬᠠᠷᠠᠭ᠋ᠠᠯᠵᠠᠬᠤ ᠠᠷᠭ᠎ᠠ
 
            